ᠪᠣᠷᠣᠲᠣᠬᠣᠢ᠎ᠶ᠋ᠢᠨ ᠡᠬᠡ ᠭᠠᠵᠠᠷ ᠪᠠᠶᠠᠷ ᠪᠠᠶᠠᠰᠤᠯ᠎ᠢᠶᠡᠷ ᠪᠢᠯᠬᠠᠨ᠎ᠠ
2025-10-03 11:13:31
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 30 ᠎ᠤ᠋ ᠤᠷᠤᠢ᠂ ᠪᠠᠶᠠᠨᠨᠠᠭᠤᠷ ᠬᠤᠳᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠪᠠᠷᠠᠭᠤᠨ ᠵᠠᠬ᠎ᠠ ᠳᠡᠯᠭᠡᠭᠦᠷ᠎ᠤᠨ ᠠᠮᠲᠠᠲᠤ ᠢᠳᠡᠭᠡᠨ᠎ᠦ ᠭᠠᠵᠠᠷ ᠲᠤ᠌ ᠤᠯᠠᠨ ᠬᠥᠮᠦᠨ ᠴᠤᠭ᠍ᠯᠠᠷᠠᠵᠤ ᠠᠮᠳᠠᠳᠤ ᠢᠳᠡᠬᠡᠨ ᠵᠤᠭᠤᠭᠯᠠᠵᠤ ᠰᠠᠭᠤᠨ᠎ᠠ᠃ ᠪᠠᠶᠠᠷ ᠳᠤᠷᠠᠰᠭᠠᠯ᠎ᠤᠨ ᠡᠳᠦᠷ ᠪᠣᠯᠬᠤ ᠪᠦᠷᠢ ᠡᠨᠡ ᠬᠦ᠌ ᠠᠮᠲᠠᠲᠤ ᠢᠳᠡᠭᠡᠨ᠎ᠦ ᠬᠣᠲᠠ ᠨᠢ ᠵᠢᠭᠤᠯᠴᠢᠯᠠᠭᠰᠠᠳ᠎ᠤᠨ ᠵᠠᠪᠠᠯ ᠤᠴᠢᠳᠠᠭ ᠭᠠᠵᠠᠷ᠎ᠤᠨ ᠨᠢᠭᠡ ᠪᠣᠯᠤᠨ᠎ᠠ᠃

《ᠤᠯᠤᠰ᠎ᠤᠨ ᠪᠠᠶᠠᠷ᠎ᠤᠨ ᠠᠮᠠᠷᠠᠯᠲᠠ ᠬᠦᠷᠴᠦ᠍ ᠢᠷᠡᠬᠦ᠌᠎ᠳᠤ ᠵᠤᠴᠢᠳ ᠢᠯᠡᠳᠲᠡ ᠨᠡᠮᠡᠭ᠌ᠳᠡᠵᠡᠢ᠃ ᠮᠠᠨ᠎ᠤ ᠡᠨᠳᠡᠬᠢ ᠬᠣᠨᠢᠨ ᠮᠢᠬᠠᠨ᠎ᠤ ᠱᠣᠷᠣᠯᠠᠭ ᠪᠠ ᠥᠨᠳᠡᠭᠡ ᠲᠡᠢ ᠪᠣᠤᠪᠤ ᠪᠣᠯ ᠵᠢᠭᠤᠯᠴᠢᠯᠠᠭᠰᠠᠳ᠎ᠤᠨ ᠬᠠᠮᠤᠭ᠎ᠡᠴᠡ ᠳᠤᠷᠠᠲᠠᠶ ᠢᠳᠡᠭᠡᠨ ᠪᠠᠢᠵᠤ᠂ ᠳᠤᠮᠳᠠᠴᠢ᠎ᠪᠠᠷ ᠡᠳᠦᠷ ᠪᠦᠷᠢ 1000 ᠭᠠᠷᠤᠶ ᠬᠣᠨᠢᠨ ᠮᠢᠬᠠᠨ᠎ᠤ ᠱᠣᠷᠣᠯᠠᠭ ᠪᠠ 500 ᠭᠠᠷᠤᠶ ᠥᠨᠳᠡᠭᠡ ᠲᠡᠢ ᠪᠣᠭᠣᠷᠰᠣᠭ ᠬᠤᠳᠠᠯᠳᠤᠳᠠᠭ》 ᠭᠡᠵᠦ᠍ ᠠᠮᠲᠠᠲᠤ ᠢᠳᠡᠭᠡᠨ᠎ᠦ ᠬᠤᠳᠠ᠎ᠳᠤ ᠱᠢᠷᠠᠭ᠍ᠰᠠᠨ ᠢᠳᠡᠭᠡᠨ ᠡᠵᠡᠩᠨᠡᠵᠦ᠍ ᠪᠠᠢᠭ᠎ᠠ ᠦ᠋ ᠷᠦᠢ ᠬᠡᠯᠡᠨ᠎ᠡ᠃

《ᠤᠷᠠᠳ᠎ᠤᠨ ᠡᠮᠦᠨᠡᠲᠦ ᠬᠣᠱᠢᠭᠤᠨ᠎ᠳᠤ ᠵᠢᠭᠤᠯᠴᠢᠯᠠᠬᠤ ᠪᠡᠷ ᠢᠷᠡᠬᠦ ᠪᠣᠯᠭᠠᠨ ᠵᠠᠪᠠᠯ ᠡᠨᠳᠡ ᠢᠷᠡᠵᠦ᠍ ᠦᠨᠳᠡᠭᠡ ᠲᠡᠢ ᠪᠤᠤᠪᠤ ᠵᠢ ᠨᠢ ᠢᠳᠡᠳᠡᠭ᠃ 5 ᠵᠢᠯ᠎ᠦᠨ ᠡᠮᠦᠨ᠎ᠡ ᠨᠠᠢᠵᠠ ᠮᠢᠨᠢ ᠨᠠᠳᠠ᠎ᠳᠤ ᠡᠨᠡ ᠭᠠᠵᠠᠷ᠎ᠢ ᠲᠠᠨᠢᠯᠴᠠᠭᠤᠯᠤᠭ᠍ᠰᠠᠨ᠎ᠡᠴᠡ ᠰᠡᠭᠦᠯᠡᠷ ᠪᠢ ᠡᠨᠳᠡ ᠬᠡᠲᠦ ᠤᠳᠠᠭ᠎ᠠ ᠢᠷᠡᠵᠡᠢ᠂ ᠠᠮᠲᠠ ᠨᠢ ᠦᠨᠡᠬᠡᠷ ᠰᠠᠢᠬᠠᠨ》 ᠭᠡᠵᠦ᠍ ᠬᠥᠬᠡᠬᠣᠲᠠ᠎ᠡᠴᠡ ᠢᠷᠡᠭ᠌ᠰᠡᠨ ᠵᠢᠭᠤᠯᠴᠢᠯᠠᠭᠴᠢ ᠸᠠᠩ ᠴᠢᠩ ᠬᠡᠯᠡᠨ᠎ᠡ᠃

9 ᠰᠠᠷ᠎ᠠ᠎ᠶ᠋ᠢᠨ 29 ᠤ᠋ ᠡᠳᠦᠷ᠂ ᠤᠷᠠᠳ᠎ᠤᠨ ᠡᠮᠦᠨᠡᠲᠦ ᠬᠣᠱᠢᠭᠤᠨ ᠡᠴᠡ ᠡᠷᠬᠢᠯᠡᠭ᠌ᠰᠡᠨ 《ᠠᠶᠠᠯᠭᠤᠲᠤ ᠵᠢᠭᠤᠯᠴᠢᠯᠠᠯ ᠦᠪᠦᠷ ᠮᠤᠩᠭᠤᠯ ᠠᠷᠠᠳ ᠤᠯᠠᠨ ᠬᠠᠮᠳᠦ ᠪᠡᠷ ᠪᠠᠶᠠᠰᠬᠤ》 ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 76 ᠵᠢᠯ᠎ᠦᠨ ᠤᠢ᠎ᠶ᠋ᠢ ᠪᠡᠯᠭᠡᠯᠡᠬᠦ᠌ ᠤᠯᠠᠨ ᠲᠦᠮᠡᠨ᠎ᠦ ᠤᠷᠠᠨ ᠰᠠᠢᠬᠠᠨ᠎ᠤ ᠲᠣᠭ᠍ᠯᠠᠯᠲᠠ᠎ᠨᠢ ᠤᠯᠠᠨ ᠲᠦᠮᠡᠨ ᠪᠣᠯᠤᠨ ᠬᠦᠷᠰᠢ ᠵᠡᠷᠭᠡᠯᠡᠳᠡᠭᠡ ᠬᠤᠳᠠ᠎ᠶ᠋ᠢᠨ ᠵᠢᠭᠤᠯᠴᠢᠯᠠᠭᠰᠠᠳ᠎ᠤᠨ ᠰᠣᠨᠢᠷᠬᠠᠯ᠎ᠢ ᠲᠠᠲᠠᠪᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠲᠣᠭ᠍ᠯᠠᠭ᠍ᠴᠢᠳ ᠥᠩᠭᠡ ᠢᠯᠭᠠᠷᠠᠬᠰᠠᠨ ᠬᠤᠪᠴᠠᠰᠤ ᠵᠠᠰᠠᠯ᠎ᠢᠶᠡᠷ ᠭᠤᠶᠤᠯᠠᠵᠤ᠂ ᠤᠶᠠᠨ ᠵᠦᠭᠡᠯᠡᠨ ᠪᠥᠵᠢᠭ᠎ᠦᠨ ᠲᠤᠭᠯᠠᠯᠲᠠ ᠪᠡᠷ᠎ᠢᠶᠡᠨ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠴᠤᠭ ᠵᠤᠷᠢᠭ ᠪᠠᠳᠠᠷᠠᠩᠭᠤᠶ ᠥᠭᠡᠳᠡᠯᠡᠨ ᠳᠠᠪᠱᠢᠭ᠎ᠠ ᠣᠶᠤᠨ ᠰᠠᠨᠠᠭᠠᠨ᠎ᠤ ᠳᠦᠷᠰᠦ ᠪᠠᠢᠳᠠᠯ᠎ᠢ ᠬᠠᠷᠠᠭᠤᠯᠵᠤ᠂ ᠢᠷᠠᠭᠤ ᠰᠠᠢᠬᠠᠨ ᠳᠠᠭᠤᠤ ᠬᠦᠭᠵᠢᠮ᠎ᠢᠶᠡᠷ᠎ᠢᠶᠡᠨ ᠡᠬᠡ ᠤᠯᠤᠰ᠎ᠲᠠᠭᠠᠨ ᠴᠢᠩ ᠦᠨᠡᠨᠴᠢ ᠬᠠᠢᠷ᠎ᠠ ᠰᠡᠳᠭᠢᠯᠭᠡ᠎ᠪᠡᠨ ᠲᠡᠪᠰᠢᠬᠦᠯᠪᠡ᠃ 

ᠰᠣᠶᠣᠯ᠎ᠤᠨ ᠦᠪᠡᠳᠡᠭ᠌ᠰᠢ ᠨᠠᠢᠷ᠂ ᠠᠮᠢ ᠠᠬᠤᠶ᠎ᠶ᠋ᠢᠨ ᠭᠠᠢᠬᠠᠮᠱᠢᠭ᠍ᠲᠤ ᠦᠵᠡᠮᠵᠢ ᠪᠠ ᠠᠷᠠᠳ᠎ᠤᠨ ᠵᠠᠩ ᠦᠢᠯᠡ᠎ᠶ᠋ᠢᠨ ᠲᠤᠬᠠᠢ ᠪᠠᠶᠠᠴᠢᠯᠠᠨ ᠤᠢᠯᠠᠭᠠᠯᠲᠠ ᠨᠢ ᠡᠨᠡ ᠬᠦ᠌ ᠠᠮᠠᠷᠠᠯᠲᠠ᠎ᠶ᠋ᠢ ᠥᠪᠡᠷᠮᠢᠴᠡ ᠤᠨᠴᠠᠭᠠᠢ ᠤᠳᠬ᠎ᠠ ᠠᠭᠤᠯᠭ᠎ᠠ ᠲᠠᠢ ᠪᠣᠯᠭᠠᠪᠠ᠃ 《ᠬᠤᠤᠰ ᠪᠠᠶᠠᠷ》 ᠤ᠋ᠨ ᠬᠤᠭᠤᠴᠠᠭᠠᠨ᠎ᠳᠤ᠂ ᠪᠠᠶᠠᠨᠨᠠᠭᠤᠷ ᠬᠣᠲᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠤᠷᠠᠨ ᠰᠠᠢᠬᠠᠨ᠎ᠤ ᠲᠣᠭ᠍ᠯᠠᠯᠲᠠ᠂ ᠵᠢᠭᠤᠯᠴᠢᠯᠠᠯ᠎ᠤᠨ ᠬᠡᠷᠡᠭ᠌ᠯᠡᠭᠡ᠂ ᠣᠯᠠᠨ ᠲᠦᠮᠡᠨᠴᠢ ᠰᠣᠶᠣᠯ᠂ ᠰᠣᠶᠣᠯ᠎ᠤᠨ ᠦᠵᠡᠰᠭᠦᠯᠡᠩ᠂ ᠰᠣᠶᠣᠯ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠡᠷᠭᠡ 6 ᠶᠡᠬᠡ ᠭᠤᠤᠯ ᠰᠡᠳᠦᠪᠲᠦ ᠵᠠᠭᠤ ᠱᠢᠬᠠᠮ ᠰᠢᠷᠢᠰ ᠠᠵᠢᠯᠯᠠᠭ᠎ᠠ᠎ᠶ᠋ᠢ ᠵᠠᠯᠭᠠᠭ᠎ᠠ᠎ᠪᠠᠷ ᠥᠷᠨᠢᠭᠦᠯᠪᠡ᠃

2025 ᠣᠨ᠎ᠤ 《ᠤᠯᠤᠰ᠎ᠤᠨ ᠪᠠᠶᠠᠷ᠎ᠢ ᠪᠠᠶᠠᠷᠯᠠᠨ ᠤᠭ᠍ᠲᠤᠵᠤ·ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠢ ᠪᠠᠶᠠᠷᠯᠠᠨ ᠪᠡᠯᠭᠡᠯᠡᠶ᠎ᠡ》 ᠪᠥᠬᠥ᠌ ᠬᠣᠲᠠ᠎ᠶ᠋ᠢᠨ ᠠᠭᠤᠳᠠᠮ ᠲᠠᠯᠠᠪᠠᠶ᠎ᠶ᠋ᠢᠨ ᠦᠨᠳᠦᠰᠦᠲᠡᠨ᠎ᠦ ᠪᠥᠵᠢᠭ᠎ᠦᠨ ᠦᠵᠡᠭᠦᠯᠭᠡ᠎ᠶᠢᠨ ᠳᠤᠭᠯᠠᠯᠳᠠ ᠯᠢᠨ᠎ᠾᠧ ᠲᠣᠭᠣᠷᠢᠭ᠎ᠲᠤ ᠶᠠᠪᠤᠭ᠍ᠳᠠᠪᠠ᠃ ᠪᠥᠬᠥ᠌ ᠬᠣᠲᠠ᠎ᠶ᠋ᠢᠨ ᠡᠯ᠎ᠡ ᠬᠣᠱᠢᠭᠤ ᠱᠢᠶᠠᠨ ᠲᠣᠭᠣᠷᠢᠭ ᠡᠴᠡ ᠬᠦᠷᠦᠯᠴᠡᠨ ᠢᠷᠡᠭ᠌ᠰᠡᠨ ᠪᠥᠵᠢᠭ᠎ᠦᠨ ᠠᠩᠭᠢ ᠨᠢᠭᠡ ᠳᠤᠤᠷ᠎ᠠ ᠴᠤᠭ᠍ᠯᠠᠷᠠᠵᠤ᠂ ᠣᠷᠭᠢᠯᠤᠮ᠎ᠠ ᠬᠠᠯᠠᠭᠤᠨ ᠰᠡᠳᠭᠢᠯᠭᠡ ᠪᠠ ᠭᠤᠢᠳᠠ ᠰᠠᠢᠬᠠᠨ ᠪᠥᠵᠢᠭ᠎ᠢᠶᠡᠷ᠎ᠢᠶᠡᠨ ᠲᠤᠬᠠᠶ᠎ᠶ᠋ᠢᠨ ᠲᠠᠯᠠᠪᠠᠶ᠎ᠶ᠋ᠢᠨ ᠦᠵᠡᠭ᠌ᠴᠢᠳ᠎ᠲᠦ ᠨᠢᠭᠡ ᠤᠳᠠᠭᠠᠨ᠎ᠤ ᠰᠣᠶᠣᠯ᠎ᠤᠨ ᠦᠪᠡᠳᠡᠭ᠌ᠰᠢ ᠨᠠᠢᠷ᠎ᠢ ᠡᠷᠬᠦᠭᠰᠡᠨ᠎ᠢᠶᠡᠷ ᠪᠠᠷᠠᠬᠤ ᠥᠬᠡᠶ᠂ ᠨᠠᠮ᠂ ᠡᠬᠡ ᠤᠯᠤᠰ᠂ ᠨᠤᠲᠤᠭ ᠤᠰᠤᠨ᠎ᠳᠠᠭᠠᠨ ᠬᠢᠵᠠᠭᠠᠯᠠᠰᠢ ᠥᠬᠡᠶ ᠬᠠᠢᠷ᠎ᠠ ᠲᠠᠢ ᠪᠠᠢᠬᠤ ᠰᠡᠳᠬᠢᠯᠬᠡ ᠵᠢ ᠢᠯᠡᠷᠡᠬᠦᠯᠪᠡ᠃

ᠬᠣᠲᠠ᠎ᠶ᠋ᠢᠨ ᠠᠷᠠᠳ ᠸᠠᠩ ᠯᠢ᠄ 《ᠪᠥᠵᠢᠭ᠎ᠤᠨ ᠳᠤᠭᠯᠠᠯᠳᠠ ᠦᠨᠡᠬᠡᠷ ᠭᠤᠶᠤ! ᠪᠢᠳᠡᠨ᠎ᠳᠦ ᠪᠠᠶᠠᠨᠨᠠᠭᠤᠷ᠎ᠤᠨ ᠣᠷᠣᠨ ᠨᠤᠲᠤᠭ᠎ᠤᠨ ᠣᠨᠴᠠᠯᠢᠭ ᠪᠠ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠵᠦ ᠪᠠᠢᠭ᠎ᠠ ᠪᠠᠢᠳᠠᠯ᠎ᠢ ᠮᠡᠳᠡᠷᠡᠭᠦᠯᠵᠡᠢ!》 ᠭᠡᠵᠦ ᠰᠡᠳᠭᠢᠯ ᠳᠣᠭ᠍ᠳᠣᠯᠤᠨ ᠬᠡᠯᠡᠪᠡ᠃

ᠬᠠᠩᠭᠢᠨ ᠬᠣᠢᠲᠤ ᠬᠣᠱᠢᠭᠤᠨ᠎ᠤ ᠤᠯᠤᠰ᠎ᠤᠨ ᠪᠠᠶᠠᠷ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠬᠥᠷ ᠬᠥᠭ᠌ᠵᠢᠶᠡᠨ ᠲᠡᠶ ᠶᠠᠪᠤᠭ᠍ᠳᠠᠵᠤ᠂ ᠬᠣᠲᠠ᠎ᠶ᠋ᠢᠨ ᠠᠷᠠᠳ ᠪᠠ ᠵᠢᠭᠤᠯᠴᠢᠯᠠᠭᠰᠡᠳ᠎ᠲᠤ ᠰᠣᠶᠣᠯ᠂ ᠠᠮᠲᠠᠲᠤ ᠢᠳᠡᠭᠡᠨ᠂ ᠵᠢᠭᠤᠯᠴᠢᠯᠠᠯ᠎ᠢ ᠨᠢᠭᠡ ᠴᠣᠭ᠍ᠴᠠᠵᠢᠭᠤᠯᠤᠭ᠍ᠰᠠᠨ ᠪᠠᠶᠠᠷ᠎ᠤᠨ ᠡᠳᠦᠷ᠎ᠦᠨ ᠦᠪᠡᠳᠡᠭ᠌ᠰᠢ ᠳᠠᠢᠯᠠᠯᠭ᠎ᠠ ᠬᠦᠷᠳᠡᠭᠡᠪᠡ᠃ ᠠᠵᠢᠯᠯᠠᠭ᠎ᠠ᠎ᠳᠡᠬᠢ ᠥᠪᠡᠷᠮᠢᠴᠡ ᠤᠨᠴᠠᠯᠢᠬ᠍ᠳᠤ ᠪᠡᠶᠡᠴᠢᠯᠡᠨ ᠣᠢᠯᠠᠭᠠᠬᠤ ᠲᠣᠭᠣᠷᠢᠭ ᠨᠢ ᠬᠥᠮᠦᠰ᠎ᠦᠨ ᠪᠠᠬᠠᠷᠬᠠᠯ᠎ᠢ ᠲᠠᠲᠠᠵᠤ᠂ 《ᠪᠣᠳᠠᠰ᠎ᠤᠨ ᠪᠤᠰᠤ ᠰᠣᠶᠣᠯ᠎ᠤᠨ ᠥᠪ᠎ᠦᠨ ᠪᠤᠳᠠᠰ᠎ᠤᠨ ᠦᠵᠡᠭᠦᠯᠭᠡ ᠤᠯᠤᠰ᠎ᠤᠨ ᠪᠠᠶᠠᠷ᠎ᠤᠨ ᠦᠨᠦᠷ ᠠᠮᠲᠠ᠎ᠶ᠋ᠢ ᠭᠠᠢᠬᠠᠭᠤᠯᠬᠤ》 ᠠᠵᠢᠯᠯᠠᠭ᠎ᠠ ᠨᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭ ᠦᠶ᠎ᠡ᠎ᠶ᠋ᠢᠨ ᠴᠤᠭ ᠵᠢᠪᠬᠤᠭ᠎ᠠ᠎ᠶ᠋ᠢ ᠪᠠᠳᠠᠷᠠᠭᠤᠯᠪᠠ᠃ᠠᠮᠲᠠᠲᠤ ᠢᠳᠡᠭᠡᠨ᠎ᠦ ᠵᠠᠬ᠎ᠠ ᠳᠡᠯᠭᠡᠭᠦᠷ᠎ᠲᠦ᠂ ᠡᠯ᠎ᠡ ᠪᠠᠯᠭᠠᠰᠤᠨ᠎ᠤ ᠣᠨᠴᠠᠯᠢᠭ᠍ᠲᠤ ᠠᠮᠲᠠᠲᠤ ᠢᠳᠡᠭᠡᠨ᠎ᠢ ᠳᠡᠯᠭᠡᠵᠦ᠂ ᠵᠢᠭᠤᠯᠴᠢᠯᠠᠭᠰᠡᠳ ᠡᠯ᠎ᠡ ᠵᠦᠢᠯ᠎ᠤᠨ ᠪᠠᠷᠠᠭ᠎ᠠ᠎ᠶ᠋ᠢᠨ ᠳᠡᠯᠭᠡᠭᠦᠷ᠎ᠦᠨ ᠡᠮᠦᠨᠡᠭᠦᠷ ᠰᠦᠯᠵᠢᠯᠳᠦᠨ᠂ ᠠᠮᠳᠠᠳᠤ ᠢᠳᠡᠭᠡᠨ᠎ᠡᠴᠡ ᠠᠮᠲᠠᠯᠠᠨ᠎ᠠ᠃ 《ᠱᠠᠮᠪᠠ᠎ᠶᠢᠨ ᠠᠮᠳᠠᠳᠤ ᠢᠳᠡᠭᠡᠨ》 ᠣᠨᠴᠠᠯᠢᠭ᠍ᠲᠤ ᠪᠦᠲᠦᠭᠡᠭ᠌ᠳᠡᠬᠦᠨ᠎ᠦ ᠳᠡᠯᠭᠡᠨ ᠪᠣᠷᠣᠯᠠᠭᠤᠯᠭ᠎ᠠ᠎ᠨᠢ ᠨᠠᠩ ᠴᠤ᠌ ᠣᠯᠠᠨ ᠤ᠋ ᠰᠤᠨᠢᠷᠬᠠᠯ᠎ᠢ ᠳᠠᠳᠠᠵᠤ᠂ ᠬᠦᠮᠦᠰ ᠠᠮᠳᠠᠳᠤ ᠢᠳᠡᠭᠡᠨ ᠡᠴᠡ ᠬᠤᠳᠠᠯᠳᠤᠨ ᠠᠪᠴᠠᠭᠠᠨ᠎ᠠ᠃

《ᠡᠳᠡᠭᠡᠷ ᠠᠵᠢᠯᠯᠠᠭ᠎ᠠ ᠦᠨᠡᠬᠡᠷ ᠰᠤᠨᠢᠷᠬᠠᠯᠳᠠᠢ! ᠲᠣᠭ᠍ᠯᠠᠯᠲᠠ ᠦᠵᠡᠵᠦ᠍᠂ ᠠᠮᠲᠠᠲᠤ ᠢᠳᠡᠭᠡᠨ ᠠᠮᠳᠠᠷᠬᠠᠵᠤ ᠳᠡᠢᠯᠬᠦ ᠮᠥᠷᠲᠡᠭᠡᠨ ᠪᠠᠰᠠ ᠤᠮᠠᠷᠠᠲᠤ ᠬᠢᠯᠢ᠎ᠶ᠋ᠢᠨ ᠰᠣᠶᠣᠯ᠎ᠢ ᠣᠢᠯᠠᠭᠠᠵᠤ ᠪᠤᠯᠤᠨ᠎ᠠ᠂ ᠭᠡᠷ᠎ᠦᠨ ᠬᠥᠮᠦᠰ᠎ᠢᠶᠡᠨ ᠳᠠᠭᠠᠭᠤᠯᠵᠤ ᠢᠷᠡᠬᠡᠳ ᠮᠠᠰᠢ ᠪᠠᠶᠠᠷ ᠲᠠᠶ ᠪᠠᠢᠨ᠎ᠠ》 ᠭᠡᠵᠦ ᠢᠷᠭᠠᠢ ᠡᠴᠡ ᠢᠷᠡᠭ᠌ᠰᠡᠨ ᠵᠢᠭᠤᠯᠴᠢᠨ ᠮᠠ ᠯᠦᠩ ᠪᠠᠶᠠᠷᠯᠠᠨ ᠬᠡᠯᠡᠪᠡ᠃

ᠤᠯᠤᠰ᠎ᠤᠨ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠬᠤᠭᠤᠴᠠᠭᠠᠨ᠎ᠳᠤ᠂ ᠪᠠᠶᠠᠨᠨᠠᠭᠤᠷ ᠬᠣᠲᠠ ᠪᠣᠷᠣᠭ᠍ᠵᠢᠭᠤᠨ ᠪᠣᠷᠣᠲᠣᠬᠣᠶ᠎ᠶ᠋ᠢᠨ ᠦᠨᠦᠷ ᠠᠮᠲᠠ᠎ᠪᠠᠷ ᠠᠷᠠᠳ᠎ᠤᠨ ᠠᠮᠢᠳᠤᠷᠠᠯ᠎ᠤᠨ ᠪᠠᠶᠠᠨ ᠴᠢᠨᠡᠭᠡᠯᠢᠭ᠎ᠢ ᠢᠯᠡᠷᠡᠭᠦᠯᠵᠦ᠍᠂ ᠰᠡᠳᠬᠢᠯ ᠬᠦᠳᠡᠯᠭᠡᠮ᠎ᠡ ᠬᠠᠲᠤᠨ ᠭᠤᠤᠯ᠎ᠤᠨ ᠥᠯᠢᠭᠡᠷ᠎ᠢᠶᠡᠷ ᠲᠡᠦᠬᠡ᠎ᠶ᠋ᠢᠨ ᠠᠭᠤᠯᠤᠭ᠍ᠳᠠᠬᠤᠨ᠎ᠢ ᠲᠣᠭᠠᠴᠢᠵᠤ᠂ ᠥᠪᠡᠷᠮᠢᠴᠡ ᠵᠣᠯ ᠵᠢᠷᠭᠠᠯ᠎ᠤᠨ ᠬᠠᠭᠤᠳᠠᠰᠤ᠎ᠶ᠋ᠢ ᠪᠢᠴᠢᠭ᠌ᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号