ᠴᠣ ᠱᠢᠨ᠎ᠡ ᠪᠡᠷ ᠰᠤᠯᠢᠬᠳᠠᠬᠰᠠᠨ ᠬᠥᠳᠡᠭᠡ ᠲᠣᠰᠭᠣᠨ ᠡᠳᠦᠷ ᠡᠴᠡ ᠡᠳᠦᠷ ᠦᠬᠡᠳᠡᠯᠡᠨ ᠴᠡᠴᠡᠭ᠌ᠯᠡᠨᠡ; ᠲᠦᠷᠭᠡᠨ ᠬᠥᠭ᠌ᠵᠢᠯᠳᠠ ᠵᠢᠨ ᠵᠠᠮ᠎ᠢᠶᠡᠷ ᠵᠠᠮᠨᠠᠭᠰᠠᠨ ᠵᠢᠵᠢᠭ ᠪᠠᠯᠭᠠᠰᠤ ᠵᠣᠯ ᠵᠢᠷᠭᠠᠯ᠎ᠢᠶᠠᠷ ᠪᠢᠯᠬᠠᠨ᠎ᠠ; ᠥᠨᠳᠥᠷ ᠪᠦᠲᠦᠮᠵᠢᠲᠡᠶ ᠳᠥᠭᠥᠮ ᠲᠦᠷᠬᠡᠨ ᠵᠠᠮ ᠬᠠᠷᠢᠯᠴᠠᠭ᠎ᠠ ᠬᠣᠲᠠ ᠬᠥᠳᠡᠭᠡ ᠵᠢ ᠰᠠᠭᠠᠳ ᠥᠬᠡᠶ ᠨᠡᠪᠲᠡᠷᠡᠬᠦᠯᠪᠠ ᠁ ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ ᠥᠪᠥᠷ ᠮᠣᠩᠭᠣᠯ ᠵᠢᠡᠷ ᠠᠶᠠᠯᠠᠨ ᠵᠢᠭᠤᠯᠴᠢᠯᠠᠬᠤ᠎ᠳᠦ ᠡᠯ᠎ᠡ ᠭᠠᠵᠠᠷ᠎ᠤᠨ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠭ᠎ᠠ ᠬᠥᠭ᠌ᠵᠢᠯᠲᠡ ᠬᠤᠪᠢᠷᠠᠯᠲᠠ᠎ᠨᠢ ᠡᠷᠬᠡ ᠦᠬᠡᠢ ᠬᠥᠮᠦᠰ᠎ᠢ ᠪᠠᠶᠠᠷᠯᠠᠭᠤᠯᠤᠨ ᠲᠤᠭᠳᠤᠯᠤᠭᠤᠯᠤᠨᠠ᠃
ᠨᠤᠲᠤᠭ᠎ᠤᠨ ᠳᠦᠷᠰᠦ ᠪᠠᠢᠳᠠᠯ ᠰᠢᠨᠡᠳᠦᠨ ᠬᠤᠪᠢᠷᠠᠵᠤ᠂ ᠵᠢᠯ᠎ᠡᠴᠡ ᠵᠢᠯ ᠬᠦᠭᠵᠢᠨ ᠪᠠᠳᠠᠷᠠᠨ᠎ᠠ᠃ ᠨᠠᠮᠤᠷ᠎ᠤᠨ ᠬᠤᠷᠢᠶᠠᠯᠲᠠ᠎ᠶ᠋ᠢᠨ ᠲᠠᠷᠢᠶᠠᠨ ᠳ᠋ᠤ ᠤᠶᠤᠨᠴᠢᠯᠠᠬ᠍ᠰᠠᠨ ᠲᠠᠷᠢᠶᠠᠯᠠᠩ᠎ᠤᠨ ᠮᠠᠱᠢᠨ ᠨᠠᠭᠠᠰᠢ ᠴᠠᠭᠠᠰᠢ ᠰᠦᠯᠵᠢᠯᠳᠦᠵᠦ᠍᠂ ᠤᠯᠠᠮᠵᠢᠯᠠᠯᠲᠤ ᠲᠠᠷᠢᠶᠠᠯᠠᠩ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠦᠷ᠎ᠡ ᠠᠱᠢᠭ᠎ᠢ ᠨᠡᠮᠡᠭ᠌ᠳᠡᠭᠦᠯᠤᠨ᠂ ᠱᠢᠨ᠎ᠡ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ; ᠬᠤᠷᠱᠢᠶ᠎ᠠ᠎ᠶ᠋ᠢᠨ ᠦᠢᠯᠡᠳᠪᠦᠷᠢᠯᠡᠯ᠎ᠦᠨ ᠱᠤᠭᠤᠮ ᠡᠮᠬᠢ ᠴᠡᠭ᠌ᠴᠡ ᠲᠡᠶ᠂ ᠲᠦᠷᠭᠡᠨ ᠬᠤᠷᠳᠤᠴᠠ ᠪᠠᠷ ᠠᠵᠢᠯᠯᠠᠵᠤ᠂ ᠲᠠᠷᠢᠶᠠᠯᠠᠩ᠎ᠤᠨ ᠲᠤᠰᠠᠯᠠᠬᠤ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠦᠢᠯᠡᠰ 《ᠲᠦᠷᠭᠡᠨ᠎ᠦ ᠵᠠᠮ》 ᠳ᠋ᠦ᠍ ᠣᠷᠣᠪᠠ; ᠲᠠᠷᠢᠶᠠᠴᠢᠨ ᠠᠢᠯ᠎ᠳᠡᠬᠢ ᠵᠢᠭᠤᠯᠴᠢᠯᠠᠯ᠎ᠳᠤ ᠵᠢᠭᠤᠯᠴᠢᠯᠠᠭᠰᠡᠳ ᠲᠠᠰᠤᠷᠠᠯᠲᠠ ᠦᠭᠡᠢ ᠴᠤᠪᠤᠷᠠᠵᠤ᠂ ᠬᠥᠷ ᠬᠥᠭ᠌ᠵᠢᠶᠡᠨ ᠵᠢᠡᠷ ᠪᠢᠯᠬᠠᠵᠤ᠂ ᠥᠩᠭᠡᠷᠡᠭ᠌ᠰᠡᠨ᠎ᠤ ᠬᠣᠴᠣᠷᠤᠩᠭᠤᠶ ᠪᠠᠢᠭ᠍ᠰᠠᠨ ᠵᠢᠵᠢᠭ ᠬᠣᠲᠠ ᠨᠢ ᠴᠦ᠍ ᠬᠥᠮᠦᠰ᠎ᠤᠨ ᠬᠦᠰᠡᠯᠠᠩ᠎ᠤᠨ ᠤᠷᠤᠨ ᠪᠣᠯᠵᠠᠶ; ᠬᠣᠲᠠ᠎ᠶ᠋ᠢ ᠱᠢᠨᠡᠳᠬᠡᠬᠦ᠎ᠶ᠋ᠢ ᠦᠷᠭᠦᠯᠵᠢᠯᠡᠨ ᠠᠬᠢᠭᠤᠯᠵᠤ᠂ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ᠎ᠢ ᠲᠦᠷᠭᠡᠨ ᠨᠠᠢᠳᠠᠪᠤᠷᠢᠵᠢᠭᠤᠯᠵᠤ᠂ ᠣᠯᠠᠨ ᠨᠡᠢᠲᠡ᠎ᠶ᠋ᠢᠨ ᠦᠶ᠋ᠯᠡᠴᠢᠯᠡᠭᠡ ᠡᠳᠦᠷ ᠢᠷᠡᠬᠦᠶ᠎ᠡ ᠨᠠᠷᠢᠯᠢᠭ ᠪᠣᠯᠵᠣ᠂ ᠴᠢᠨᠠᠷ ᠰᠠᠢᠲᠠᠶ ᠠᠮᠢᠳᠤᠷᠠᠯ ᠨᠢᠳᠦᠨ᠎ᠳᠦ ᠦᠵᠡᠭᠳᠡᠵᠦ ᠭᠠᠷ ᠲᠦ᠍ ᠪᠠᠷᠢᠭᠳᠠᠨ᠎ᠠ ᠁ ᠬᠥᠮᠦᠰ᠎ᠦᠨ ᠣᠷᠣᠱᠢᠨ ᠰᠠᠭᠤᠬᠤ ᠣᠷᠴᠢᠨ ᠨᠥᠬᠥᠴᠡᠯ᠎ᠦᠨ 《ᠦᠨᠭᠭᠡ ᠵᠢᠰᠦ》 ᠭᠤᠸᠠᠯᠢᠭᠵᠢᠭᠰᠠᠨ ᠡᠴᠡ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠣᠳᠠᠲᠤ ᠬᠦᠴᠦᠨ ᠴᠢᠩᠭᠠᠷᠠᠬᠰᠠᠨ ᠬᠦᠷᠲᠡᠯ᠎ᠡ᠂ ᠳᠠᠬᠢᠭᠠᠳ ᠬᠣᠲᠠ ᠬᠥᠳᠡᠭᠡ᠎ᠶ᠋ᠢᠨ ᠵᠠᠰᠠᠯᠲᠠ᠎ᠶ᠋ᠢᠨ ᠦᠷ᠎ᠡ ᠪᠦᠲᠦᠮᠵᠢ ᠢᠯᠡᠷᠬᠡᠢ ᠲᠡᠭᠡᠭᠰᠢᠯᠡᠭᠰᠡᠨ᠌ ᠬᠦᠷᠲᠡᠯᠡᠬᠢ ᠡᠯ᠎ᠡ ᠲᠠᠯ᠎ᠠ ᠵᠢᠨ ᠬᠤᠪᠢᠷᠠᠯᠲᠠ ᠨᠢ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠭᠡᠷᠡᠴᠢ ᠮᠥᠨ᠂ ᠨᠠᠩ ᠴᠤ᠌ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠷᠡᠮᠡᠬᠡᠢᠯᠡᠨ ᠤᠷᠤᠭ᠍ᠰᠢᠯᠠᠭ᠎ᠠ ᠬᠠᠮᠤᠭ᠎ᠤᠨ ᠰᠡᠳᠭᠢᠯ ᠬᠥᠳᠡᠯᠭᠡᠮ᠎ᠡ ᠲᠠᠢᠯᠪᠤᠷᠢᠯᠠᠯᠳᠠ ᠮᠥᠨ᠃
ᠱᠢᠨ᠎ᠡ ᠬᠤᠪᠢᠷᠠᠯᠲᠠ ᠡᠴᠡ ᠱᠢᠨ᠎ᠡ ᠬᠥᠭ᠌ᠵᠢᠯᠲᠡ ᠬᠠᠷᠠᠬᠳᠠᠨ᠎ᠠ᠂ ᠱᠢᠨ᠎ᠡ ᠳᠦᠷᠰᠦ ᠪᠠᠢᠳᠠᠯ ᠡᠴᠡ ᠱᠢᠨ᠎ᠡ ᠠᠮᠢᠵᠢᠷᠠᠯ᠎ᠤᠨ ᠬᠦᠴᠦᠨ ᠤᠨᠳᠤᠷᠤᠨ᠎ᠠ᠃ ᠰᠠᠭᠤᠷᠢ ᠨᠥᠬᠥᠴᠡᠯ ᠰᠠᠢᠵᠢᠷᠠᠯᠠ᠂ ᠨᠡᠩ ᠴᠤ᠌ ᠡᠬᠢ ᠪᠠᠶᠠᠯᠢᠭ᠎ᠤᠨ ᠳᠠᠪᠠᠭᠤᠯᠢᠭ᠎ᠢᠶᠠᠨ ᠬᠥᠭ᠌ᠵᠢᠯᠲᠡ᠎ᠶ᠋ᠢᠨ ᠢᠯᠠᠯᠲᠠ ᠵᠢᠨ ᠰᠦᠷ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠢ᠃ ᠬᠠᠳᠤᠨ ᠭᠣᠣᠯ᠎ᠤᠨ ᠬᠥᠪᠡᠭᠡᠨ᠎ᠳᠦ ᠲᠤᠲᠤᠷᠭᠠᠨ ᠲᠦᠷᠦᠭᠦᠦ ᠠᠯᠳᠠᠷᠠᠨ᠂ ᠨᠠᠢ᠍ᠮᠠᠯᠵᠢ ᠰᠠᠭᠰᠤ ᠲᠦᠭᠦᠷᠭᠡᠵᠦ᠂ ᠲᠤᠲᠤᠷᠭ᠎ᠠ ᠨᠠᠢ᠍ᠮᠠᠯᠵᠢ ᠵᠢᠨ ᠡᠯᠪᠡᠭ ᠬᠤᠷᠢᠶᠠᠯᠲᠠ ᠨᠢ ᠬᠤᠵᠢᠷᠯᠢᠭ ᠭᠠᠵᠠᠷ᠎ᠢ 《ᠵᠢᠭᠠᠰᠤ ᠠᠮᠤ ᠵᠢᠨ ᠰᠠᠩ》 ᠪᠤᠯᠭᠠᠵᠠᠢ; ᠮᠤᠨᠠ ᠠᠭᠤᠯᠠ᠎ᠶ᠋ᠢᠨ ᠬᠣᠷᠮᠣᠶ᠎ᠳᠤ ᠨᠡᠷᠠᠰᠦ ᠵᠢᠮᠢᠰ᠎ᠤᠨ ᠤᠷᠭᠤᠴᠠ ᠬᠦᠮᠦᠰ᠎ᠤᠨ ᠨᠢᠳᠦ ᠵᠢ ᠬᠤᠵᠢᠷᠯᠠᠨ᠂ ᠪᠠᠮᠪᠠᠷ ᠵᠢᠮᠢᠰ ᠡᠯᠪᠡᠭ ᠬᠤᠷᠢᠶᠠᠯᠲᠠ ᠤᠯᠵᠤ᠂ ᠲᠤᠭᠠᠴᠢᠯᠠᠯᠳᠠ ᠤᠶᠤᠨᠴᠢᠯᠠᠯᠳᠠ ᠪᠡᠷ ᠬᠦᠴᠦᠨ ᠤᠯᠭᠤᠵᠤ ᠪᠠᠢᠭᠠᠳ 《ᠡᠮᠦᠨᠡᠲᠦ ᠣᠷᠣᠨ᠎ᠤ ᠵᠢᠮᠢᠰ᠎ᠢ ᠤᠮᠠᠷᠠᠲᠤ ᠣᠷᠣᠨ᠎ᠳᠦ ᠲᠠᠷᠢᠭᠠᠳ》 ᠡᠯᠪᠡᠭ ᠲᠡᠯᠪᠡᠭ ᠬᠤᠷᠢᠶᠠᠯᠲᠠ ᠤᠯᠵᠠᠢ; ᠱᠢᠭᠤᠳ ᠨᠡᠪᠲᠡᠷᠡᠭᠦᠯᠭᠡ᠎ᠵᠢᠨ ᠦᠷᠦᠭᠡᠨ᠎ᠳᠦ ᠱᠢᠨ᠎ᠡ ᠲᠠᠷᠢᠶᠠᠴᠢᠨ ᠪᠠᠷᠠᠭ᠎ᠠ ᠪᠣᠷᠣᠯᠠᠭᠤᠯᠬᠤ ᠵᠠᠮ᠎ᠢᠶᠠᠨ ᠥᠷᠭᠡᠳᠭᠡᠵᠦ᠍᠂ 《ᠲᠠᠯ᠎ᠠ ᠨᠤᠲᠤᠭ ᠲᠣᠰᠭᠣᠨᠤ᠋ ᠰᠢᠭᠤᠳ ᠨᠡᠪᠳᠡᠷᠡᠭᠦᠯᠭᠡ》 ᠨᠢ ᠤᠮᠠᠷᠠᠲᠤ ᠬᠢᠯᠢ᠎ᠶ᠋ᠢᠨ ᠰᠢᠯᠢᠳᠡᠭ ᠪᠦᠳᠦᠭᠡᠭᠳᠡᠬᠦᠨ᠎ᠢ ᠲᠠᠯ᠎ᠠ ᠨᠤᠲᠤᠭ᠎ᠡᠴᠡ ᠪᠦᠬᠦ᠌ ᠤᠯᠤᠰ᠎ᠲᠤ ᠬᠦᠷᠭᠡᠨ᠎ᠡ ᠁ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ 《ᠲᠦᠯᠬᠢᠭᠦᠷ》 ᠢ᠋ ᠣᠨᠣᠪᠴᠢᠲᠠᠢ ᠡᠷᠢᠯᠬᠢᠯᠡᠵᠦ᠍᠂ ᠬᠤᠳᠠ᠎ᠶ᠋ᠢ ᠱᠢᠨᠡᠳᠬᠡᠬᠦ 《ᠬᠥᠳᠡᠯᠭᠡᠭᠦᠷ》᠎ᠢ᠋ ᠬᠦᠭᠵᠢᠭᠡᠨ᠂ ᠬᠥᠭ᠌ᠵᠢᠯᠲᠡ ᠲᠦᠷᠬᠡᠨ ᠪᠤᠯᠵᠤ᠂ ᠠᠮᠢᠳᠤᠷᠠᠯ ᠰᠠᠢᠵᠢᠷᠠᠬᠤ ᠣᠷᠣᠨ ᠵᠠᠢ ᠪᠠᠰᠠ ᠦᠷᠭᠡᠨ ᠪᠠᠢᠨ᠎ᠠ᠃ ᠲᠤᠬᠠᠢ᠎ᠶ᠋ᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠤᠨᠴᠠᠯᠢᠬ᠍ᠳᠤ ᠠᠵᠤ ᠦᠢᠯᠡᠰ᠎ᠢ ᠪᠤᠵᠠᠭᠠᠢᠷᠠᠭᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠬᠥᠭ᠌ᠵᠢᠯᠲᠡ᠎ᠶ᠋ᠢᠨ ᠵᠠᠮ᠎ᠢᠶᠡᠨ ᠥᠷᠭᠡᠳᠭᠡᠪᠡᠯ 《ᠠᠵᠠ ᠵᠢᠷᠭᠠᠯ᠎ᠤᠨ ᠴᠡᠴᠡᠭᠡᠰ》 ᠭᠠᠵᠠᠷ ᠪᠣᠯᠭᠠᠨ᠎ᠳᠤ ᠳᠡᠯᠭᠡᠷᠡᠵᠦ᠍᠂ 《ᠪᠠᠶᠠᠵᠢᠯ᠎ᠤᠨ ᠦᠷ᠎ᠡ ᠵᠢᠮᠢᠰ》 ᠮᠥᠴᠢᠷ ᠪᠦᠬᠦᠨ᠎ᠳᠦ ᠲᠡᠬᠦᠵᠢᠩᠨᠡᠬᠦ ᠶᠤᠮ᠃
ᠴᠠᠭ ᠬᠤᠭᠤᠴᠠᠭ᠎ᠠ ᠬᠥᠮᠦᠨ᠎ᠢ ᠬᠦᠯᠢᠶᠡᠬᠦ ᠦᠭᠡᠢ᠂ ᠴᠢᠷᠮᠠᠢᠯᠭ᠎ᠠ ᠬᠦᠮᠦᠨ᠎ᠢ ᠭᠤᠮᠤᠳᠠᠭᠠᠬᠤ ᠦᠭᠡᠢ᠃ ᠣᠷᠴᠢᠨ ᠲᠣᠭᠣᠷᠢᠨ ᠨᠡᠩ ᠰᠠᠢ᠌ᠵᠢᠷᠠᠵᠤ᠂ ᠠᠵᠤ ᠦᠢᠯᠡᠰ ᠨᠡᠩ ᠬᠦᠴᠦᠷᠬᠡᠭᠵᠢᠵᠤ᠂ ᠣᠷᠣᠯᠭ᠎ᠠ ᠨᠡᠩ ᠥᠨᠳᠥᠷ ᠪᠤᠯᠵᠤ᠂ ᠠᠮᠢᠳᠤᠷᠠᠯ ᠨᠡᠩ ᠰᠠᠢ᠌ᠨ ᠪᠤᠯᠵᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠠᠵᠢᠯ ᠬᠢᠵᠦ᠍ ᠦᠢᠯᠡᠰ ᠪᠤᠰᠭᠠᠬᠤ᠂ ᠠᠵᠢᠯᠴᠢ ᠬᠥᠳᠡᠯᠮᠦᠷᠢᠴᠢ᠎ᠪᠡᠷ ᠪᠠᠶᠠᠵᠢᠬᠤ ᠢᠲᠡᠭᠡᠯ ᠵᠣᠷᠢᠭ ᠨᠡᠩ ᠲᠡᠭᠦᠯᠳᠡᠷ ᠪᠣᠯᠵᠠᠢ᠃ ᠤᠯᠠᠨ᠎ᠢᠶᠠᠷ᠎ᠢᠶᠠᠨ ᠬᠦᠴᠢᠷ ᠪᠡᠷᠬᠡ ᠵᠢ ᠬᠠᠮᠳᠤ ᠪᠡᠷ ᠲᠤᠭᠤᠯᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ 《ᠦᠩᠬᠡ ᠵᠢᠰᠤ》 ᠪᠠᠨ ᠭᠤᠸᠠᠯᠢᠬᠵᠢᠭᠤᠯᠵᠤ᠂ 《ᠳᠣᠲᠣᠷ ᠲᠠᠮᠢᠷ》 ᠵᠢᠡᠨ ᠴᠢᠩᠭᠠᠷᠠᠭᠤᠯᠵᠤ᠂ 《ᠰᠠᠭᠤᠷᠢ》 ᠪᠠᠨ ᠪᠡᠬᠢᠵᠢᠭᠦᠯᠵᠦ᠍᠂ ᠬᠤᠳᠠ᠎ᠶ᠋ᠢᠨ ᠪᠦᠳᠦᠭᠡᠨ ᠪᠠᠢᠭᠤᠯᠤᠯᠲᠠ ᠪᠣᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠡᠷᠭᠡ᠎ᠪᠡᠷ ᠠᠬᠢᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠪᠡᠯ ᠤᠮᠠᠷᠠᠲᠤ ᠬᠢᠯᠢ᠎ᠶ᠋ᠢᠨ ᠬᠥᠭ᠌ᠵᠢᠯᠲᠡ ᠯᠠᠪᠲᠠᠢ ᠡᠳᠦᠷ ᠢᠷᠡᠬᠦᠶ᠎ᠡ ᠰᠠᠢᠵᠢᠷᠠᠵᠤ᠂ ᠠᠷᠠᠳ ᠤᠯᠠᠨ᠎ᠤ ᠠᠮᠢᠳᠤᠷᠠᠯ ᠯᠠᠪᠲᠠᠢ ᠡᠳᠦᠷ᠎ᠡᠴᠡ ᠡᠳᠦᠷ ᠲᠡᠭᠵᠢᠷᠡᠬᠦ ᠪᠤᠯᠤᠨ᠎ᠠ᠃