ᠥᠪᠥᠷ ᠮᠣᠩᠭᠤᠯ᠎ᠤᠨ ᠪᠸᠢ ᠹᠠᠩ ᠴᠠᠬᠢᠯᠭᠠᠨ ᠬᠦᠷᠭᠡᠬᠦ᠌ ᠬᠦᠴᠦᠳᠡᠯ ᠥᠭᠡᠷᠡᠴᠢᠯᠡᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠤᠶᠤᠨᠴᠢᠯᠠᠭ᠍ᠰᠠᠨ ᠦᠢᠯᠡᠳᠪᠦᠷᠢ᠎ᠵᠢᠨ ᠲᠠᠰᠤᠭ᠎ᠲᠤ᠌ ᠠᠦ᠋ᠲ᠋ᠣ᠋ ᠮᠤᠷᠤᠢᠯᠲᠠ᠎ᠶ᠋ᠢᠨ ᠮᠠᠱᠢᠨ ᠮᠢᠯᠢᠮᠧᠲᠷ᠎ᠤᠨ ᠲᠠᠰ᠎ᠤᠨ ᠨᠠᠷᠢᠯᠢᠭ᠎ᠤᠨ ᠬᠡᠮᠵᠢᠶ᠎ᠡ᠎ᠪᠠᠷ ᠲᠡᠮᠦᠷᠯᠢᠭ ᠬᠠᠪᠲᠠᠰᠤ᠎ᠶ᠋ᠢᠨ ᠮᠠᠲ᠋ᠧᠷᠢᠶᠠᠯ ᠬᠢᠬᠦ᠎ᠳᠤ ᠠᠵᠤ ᠦᠢᠯᠡᠳᠪᠦᠷᠢ ᠶᠢᠨ ᠮᠠᠱᠢᠨ ᠬᠥᠮᠦᠨ ᠥᠨᠳᠥᠷ ᠪᠦᠲᠦᠮᠵᠢᠲᠡᠢ ᠠᠵᠢᠯᠯᠠᠵᠤ ᠪᠠᠢᠭ᠎ᠠ ᠨᠢ ᠤᠯᠠᠮᠵᠢᠯᠠᠯᠲᠤ ᠬᠥᠮᠦᠨ᠎ᠦ᠌ ᠬᠦᠴᠦ ᠪᠡᠷ ᠠᠵᠢᠯᠯᠠᠬᠤ ᠲᠠᠢ ᠢᠯᠡ ᠲᠣᠳᠣ ᠬᠠᠷᠢᠴᠠᠭᠤᠯᠤᠯ ᠪᠤᠯᠵᠠᠢ᠃ 《ᠪᠢᠳᠡ ᠤᠤᠯ ᠳ᠋ᠠᠭᠠᠨ ᠡᠳᠦᠷ ᠲᠸ᠋ 30 ᠭᠠᠷᠤᠢ ᠬᠤᠪᠢ ᠦᠢᠯᠡᠳᠪᠦᠷᠢᠯᠡᠵᠦ ᠪᠠᠢᠭᠰᠠᠨ ᠡᠴᠡ ᠪᠠᠨ ᠤᠳᠤ 100 ᠭᠠᠷᠤᠢ ᠬᠤᠪᠢ ᠦᠢᠯᠡᠳᠪᠦᠷᠢᠯᠡᠬᠦ ᠪᠤᠯᠵᠤ᠂ ᠦᠢᠯᠡᠳᠪᠦᠷᠢᠯᠡᠯ᠎ᠤᠨ ᠦᠷ᠎ᠡ ᠪᠦᠲᠦᠮᠵᠢ ᠶᠡᠭᠡ᠎ᠪᠠᠷ ᠳᠡᠭᠡᠭ᠌ᠰᠢᠯᠡᠵᠡᠢ》ᠭᠡᠵᠦ ᠪᠸᠢ ᠹᠠᠩ ᠡᠨᠧᠷᠭᠢ᠎ᠶᠢᠨ ᠪᠦᠯᠦᠭ᠌ᠯᠡᠯᠦ᠋ᠨ ᠪᠠᠢᠩᠭᠤ᠎ᠶᠢᠨ ᠶᠡᠷᠦᠩᠬᠡᠢ ᠳᠠᠭᠠᠭᠠᠮᠠᠯ ᠮᠠ ᠰᠢᠩ ᠪᠦᠸᠧ ᠲᠠᠨᠢᠯᠴᠠᠭᠤᠯᠤᠨ᠎ᠠ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠴᠢᠳᠠᠪᠤᠷᠢ ᠣᠯᠭᠤᠬᠤ᠎ᠨᠢ ᠦᠢᠯᠡᠳᠪᠦᠷᠢᠯᠡᠯ ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠭ᠌ᠰᠡᠨ᠎ᠢᠶᠠᠷ ᠪᠠᠷᠠᠬᠤ ᠥᠬᠡᠶ ᠦᠢᠯᠡᠳᠬᠦᠨ᠎ᠤ ᠱᠢᠨ᠎ᠡ᠎ᠶ᠋ᠢ ᠡᠭᠦᠳᠬᠦ᠌ ᠳ᠋ᠤ ᠬᠦᠴᠦᠨ ᠤᠯᠭᠤᠵᠠᠢ᠃ ᠲᠤᠰ ᠺᠣᠮᠫᠠᠨᠢ ᠣᠳᠣ ᠭᠤᠷᠪᠠᠨ ᠶᠡᠭᠡ ᠲᠥᠷᠥᠯ ᠵᠠᠭᠤ ᠭᠠᠷᠤᠶ ᠵᠦᠢᠯ᠎ᠤᠨ ᠦᠢᠯᠡᠳᠬᠦᠨ ᠲᠠᠢ ᠪᠠᠢᠵᠤ᠂ ᠤᠷᠢᠳᠴᠢᠯᠠᠨ ᠰᠠᠪᠠᠯᠠᠭ᠍ᠰᠠᠨ ᠬᠡᠯᠪᠡᠷᠢ᠎ᠶ᠋ᠢᠨ ᠬᠦᠴᠦᠳᠡᠯ ᠥᠭᠡᠷᠡᠴᠢᠯᠡᠬᠦ᠌ ᠥᠷᠲᠡᠭᠡ᠂ ᠡᠨᠧᠷᠭᠢ ᠠᠷᠪᠢᠯᠠᠬᠤ ᠲᠥᠷᠥᠯ ᠤᠨ ᠬᠦᠴᠦᠳᠡᠯ ᠥᠭᠡᠷᠡᠴᠢᠯᠡᠭ᠌ᠴᠢ᠂ ᠥᠨᠳᠥᠷ ᠳᠤᠤᠷ᠎ᠠ ᠬᠦᠴᠦᠳᠡᠯᠲᠦ ᠨᠡᠭᠡᠭᠡᠯᠭᠡ᠎ᠶ᠋ᠢᠨ ᠠᠪᠳᠠᠷ᠎ᠠ᠂ ᠴᠠᠬᠢᠯᠭᠠᠨ ᠲᠦᠭᠡᠭᠡᠬᠦ᠌ ᠬᠤᠷᠭᠤ ᠵᠡᠷᠭᠡ ᠲᠥᠬᠦᠭᠡᠷᠦᠮᠵᠢ ᠪᠦᠷᠢᠨ ᠪᠠᠢᠨ᠎ᠠ᠃ ᠣᠲᠣᠬᠠᠨ ᠳ᠋ᠤ ᠠᠵᠤ ᠠᠬᠤᠢᠯᠠᠯ ᠤᠨ ᠦᠢᠯᠡᠳᠬᠦᠨ᠎ᠤ ᠪᠠᠯᠠ ᠣᠷᠣᠭᠤᠯᠤᠯᠲᠠ᠎ᠶ᠋ᠢᠨ ᠨᠣᠷᠮ᠎ᠠ 90% ᠳ᠋ᠤ᠌ ᠬᠦᠷᠴᠦ᠍᠂ ᠵᠢᠯ ᠤᠨ ᠪᠣᠷᠣᠯᠠᠭᠤᠯᠤᠯᠲᠠ᠎ᠶ᠋ᠢᠨ ᠬᠡᠮᠵᠢᠶ᠎ᠡ 1.2 ᠳ᠋ᠦᠩᠱᠢᠭᠤᠷ ᠲᠥᠭᠦᠷᠢᠭ᠎ᠢ ᠳᠠᠪᠠᠵᠤ᠂ ᠪᠥᠬᠦ᠌ ᠱᠤᠭᠤᠮ᠎ᠢᠶᠠᠷ ᠠᠱᠢᠭ᠍ᠯᠠᠯᠲᠠ᠎ᠳᠤ ᠤᠷᠤᠭᠰᠠᠨ᠎ᠤ ᠳᠠᠷᠠᠭ᠎ᠠ ᠵᠢᠱ᠌ᠢᠯᠲᠡ᠎ᠪᠠᠷ ᠵᠠᠬ᠎ᠠ ᠳᠡᠯᠭᠡᠭᠦᠷ᠎ᠤᠨ ᠪᠣᠷᠣᠯᠠᠭᠤᠯᠤᠯᠲᠠ᠎ᠶ᠋ᠢᠨ ᠬᠡᠮᠵᠢᠶ᠎ᠡ 3.8 ᠳ᠋ᠦᠩᠱᠢᠭᠤᠷ ᠲᠥᠭᠦᠷᠢᠭ᠎ᠲᠤ ᠬᠦᠷᠬᠦ᠌ ᠪᠣᠯᠤᠨ᠎ᠠ᠃ ᠠᠵᠤ ᠠᠬᠤᠢᠯᠠᠯ᠎ᠤᠨ ᠦᠢᠯᠡᠳᠪᠦᠷᠢᠯᠡᠨ ᠭᠠᠷᠭᠠᠭ᠍ᠰᠠᠨ ᠪᠥᠬᠦ᠌ ᠤᠯᠤᠰ᠎ᠤᠨ ᠠᠩᠬᠠᠳᠠᠭ᠍ᠴᠢ ᠥᠨᠳᠥᠷ ᠬᠦᠴᠦᠳᠡᠯᠲᠦ ᠨᠢᠭᠡ ᠴᠣᠭ᠍ᠴᠠᠲᠤ ᠴᠠᠬᠢᠯᠭᠠᠨ ᠴᠡᠨᠡᠭ᠌ᠯᠡᠬᠦ᠌ ᠪᠠᠭᠠᠨ᠎ᠠ᠎ᠨᠢ ᠨᠠᠩ ᠴᠤ᠌ ᠪᠣᠬᠢᠷᠲᠤᠯ ᠥᠬᠡᠶ ᠣᠶᠤᠨᠴᠢ ᠡᠭᠦᠳᠦᠯᠲᠡ᠎ᠶ᠋ᠢᠨ ᠱᠢᠨ᠎ᠡ ᠬᠡᠪ ᠳᠠᠭᠤᠷᠢᠶᠠᠯ ᠪᠤᠯᠤᠭᠰᠠᠨ ᠪᠠᠢᠨ᠎ᠠ᠃ 《ᠤᠯᠠᠮᠵᠢᠯᠠᠯᠲᠤ ᠴᠠᠬᠢᠯᠭᠠᠨ ᠴᠡᠨᠡᠭ᠌ᠯᠡᠬᠦ᠌ ᠪᠠᠭᠠᠨ᠎ᠠ᠎ᠲᠠᠢ ᠬᠠᠷᠢᠴᠠᠭᠤᠯᠪᠠᠯ ᠡᠨᠡ ᠬᠦ᠌ ᠪᠦᠲᠦᠭᠡᠭ᠌ᠳᠡᠬᠦᠨ᠎ᠳᠤ ᠥᠨᠳᠥᠷ ᠳᠠᠷᠤᠯᠲᠠ᠎ᠪᠠᠷ ᠱᠢᠭᠤᠳ ᠣᠷᠣᠭᠤᠯᠬᠤ᠂ ᠪᠢᠴᠢᠯ ᠭᠡᠷᠡᠯ ᠬᠠᠳᠠᠭᠠᠯᠠᠬᠤ ᠮᠡᠷᠭᠡᠵᠢᠯ᠎ᠢ ᠬᠡᠷᠡᠭ᠌ᠯᠡᠵᠦ᠍᠂ ᠳᠤᠮᠳᠠᠬᠢ ᠱᠤᠭᠤᠮ᠎ᠤᠨ ᠬᠤᠷᠣᠭ᠍ᠳᠠᠯ᠎ᠢ ᠪᠠᠭᠠᠰᠭᠠᠵᠤ᠂ ᠡᠨᠧᠷᠭᠢ᠎ᠶ᠋ᠢᠨ ᠬᠤᠷᠣᠭ᠍ᠳᠠᠯ ᠪᠠ ᠪᠥᠲᠥᠭᠡᠨ ᠪᠠᠢᠭᠤᠯᠤᠯᠲᠠ᠎ᠶ᠋ᠢᠨ ᠥᠪᠡᠷ᠎ᠤᠨ ᠥᠷᠲᠡᠭ ᠢ ᠴᠥᠮ 30% ᠪᠠᠷ ᠠᠷᠪᠢᠯᠠᠨ᠎ᠠ 》 ᠭᠡᠵᠤ ᠮᠠ ᠱᠢᠩ ᠪᠥᠸᠧᠲᠠᠨᠢᠯᠴᠠᠭᠤᠯᠪᠠ᠃
ᠡᠨᠡ ᠵᠢᠯ ᠬᠠᠷᠠᠴᠢᠨ ᠬᠤᠱᠢᠭᠤ ᠤᠯᠠᠭᠠᠨᠬᠠᠳᠠ ᠬᠤᠲᠠ᠎ᠶ᠋ᠢᠨ 《ᠠᠵᠤ ᠦᠢᠯᠡᠳᠪᠦᠷᠢ᠎ᠶ᠋ᠢᠨ ᠳᠠᠬᠢᠨ᠎ᠢᠶᠠᠷ ᠨᠡᠮᠡᠭ᠌ᠳᠡᠭᠦᠯᠬᠦ᠌》ᠠᠵᠢᠯᠯᠠᠭ᠎ᠠ ᠵᠢᠭᠦᠨᠵᠡᠭᠡᠶ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠤ ᠦᠢᠯᠡᠳᠪᠦᠷᠢ᠎ᠶ᠋ᠢᠨ 《1234》 ᠠᠵᠢᠯ᠎ᠤᠨ ᠰᠡᠳᠭᠢᠮᠵᠢ᠎ᠶ᠋ᠢ ᠳᠡᠭᠡᠭ᠌ᠰᠢᠯᠡᠭᠦᠯᠬᠦ᠌᠎ᠲᠠᠢ ᠨᠢᠭ᠍ᠲᠠ ᠤᠶᠠᠯᠳᠤᠭᠤᠯᠤᠨ ᠶᠡᠷᠦᠩᠬᠡᠶ ᠪᠠᠯᠠ ᠣᠷᠣᠭᠤᠯᠤᠯᠲᠠ᠎ᠨᠢ 185 ᠳ᠋ᠦᠩᠱᠢᠭᠤᠷ ᠲᠥᠭᠦᠷᠢᠭ᠎ᠤᠨ 22 ᠠᠵᠤ ᠦᠢᠯᠡᠳᠪᠦᠷᠢ᠎ᠶ᠋ᠢᠨ ᠭᠤᠤᠯᠳᠠᠯᠭ᠎ᠠ᠎ᠲᠠᠢ ᠲᠥᠷᠥᠯ ᠵᠦᠢᠯ᠎ᠢᠶᠠᠷ ᠭᠠᠷᠳᠠᠴᠠ ᠪᠣᠯᠭᠠᠵᠤ᠂ ᠨᠠᠷᠢᠯᠢᠭ ᠣᠨᠣᠪᠴᠢᠲᠠᠶ ᠳᠣᠭᠢᠷᠠᠭᠤᠯᠬᠤ᠂ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠂ ᠱᠢᠨ᠎ᠡ᠎ᠶ᠋ᠢ ᠡᠭᠦᠳᠬᠦ᠌᠎ᠪᠠᠷ ᠬᠦᠳᠡᠯᠭᠡᠭᠴᠢ ᠬᠦᠴᠦᠨ ᠣᠯᠭᠤᠬᠤ ᠪᠠ ᠣᠷᠣᠨ ᠵᠠᠶ ᠶ᠋ᠢ ᠱᠢᠯᠢᠳᠡᠭ᠌ᠵᠢᠭᠦᠯᠬᠦ᠌᠎ᠪᠠᠷ ᠳᠠᠮᠵᠢᠨ ᠠᠵᠤ ᠦᠢᠯᠡᠳᠪᠦᠷᠢ᠎ᠶ᠋ᠢᠨ ᠠᠵᠤ ᠠᠬᠤᠶ᠎ᠶ᠋ᠢᠨ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠤᠭ᠎ᠠ ᠬᠡᠮᠵᠢᠶ᠎ᠡ᠎ᠶ᠋ᠢ ᠵᠦᠶ ᠵᠣᠬᠢᠰᠲᠠᠶ ᠨᠡᠮᠡᠭ᠌ᠳᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠪᠠ᠃
ᠬᠦᠴᠦᠨ᠎ᠢᠶᠠᠨ ᠲᠥᠪᠯᠡᠷᠡᠭᠦᠯᠦᠨ ᠨᠠᠷᠢᠯᠢᠭ ᠣᠨᠣᠪᠴᠢᠲᠠᠶᠲᠣᠬᠢᠷᠠᠭᠤᠯᠵᠤ᠂ 《 ᠠᠵᠤ ᠠᠬᠤᠶ ᠶ᠋ᠢᠨ ᠠᠵᠢᠯᠯᠠᠭᠠᠨ ᠤ ᠬᠢᠨᠠᠨ ᠬᠡᠮᠵᠢᠯᠲᠡ+ᠭᠤᠤᠯ ᠡᠯᠸᠮᠸᠨ᠋ᠲ᠎ᠢ ᠬᠠᠮᠵᠢᠯᠴᠠᠨ ᠪᠠᠲᠤᠯᠠᠬᠤ》 ᠬᠤᠤᠰ ᠡᠭᠡᠯᠵᠢ᠎ᠶ᠋ᠢᠨ ᠲᠣᠬᠢᠷᠠᠭᠤᠯᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ 《ᠨᠢᠭᠡ ᠬᠡᠯᠬᠢᠶ᠎ᠡ ᠨᠢᠭᠡ ᠪᠣᠳᠣᠯᠭ᠎ᠠ 》 ᠶ᠋ᠢᠨ ᠬᠥᠳᠡᠯᠦᠩᠭᠦᠶ ᠬᠠᠮᠢᠶᠠᠷᠤᠯᠲᠠ᠎ᠶ᠋ᠢ ᠬᠡᠷᠡᠭ᠌ᠵᠢᠭᠦᠯᠪᠡ; ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠶ᠋ᠢ ᠲᠦᠷᠭᠡᠳᠭᠡᠵᠦ᠍᠂ 《ᠠᠷᠠᠯᠵᠢᠶᠠᠴᠢᠨ ᠤᠷᠢᠬᠤ — ᠨᠠᠢᠳᠠᠪᠤᠷᠢᠵᠢᠭᠤᠯᠬᠤ — ᠠᠱᠢᠭ᠍ᠯᠠᠯᠲᠠ᠎ᠳᠤ ᠣᠷᠣᠭᠤᠯᠬᠤ》 ᠪᠥᠬᠦ᠌ ᠬᠡᠯᠬᠢᠶᠡᠨ᠎ᠤ ᠪᠥᠬᠦ᠌ ᠦᠶᠡᠯᠡᠯ᠎ᠤᠨ ᠬᠤᠭᠤᠴᠠᠭᠠᠨ᠎ᠤ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ ᠴᠢᠶᠠᠨ ᠱᠢᠨ ᠬᠤᠭᠤᠯᠠᠶ ᠶ᠋ᠢᠨ ᠵᠢᠯ᠎ᠳᠤ 10 ᠲᠦᠮᠡᠨ ᠲᠣᠨ ᠬᠤᠭᠤᠯᠠᠶ᠎ᠶ᠋ᠢᠨ ᠮᠠᠲ᠋ᠧᠷᠢᠶᠠᠯ ᠦᠢᠯᠡᠳᠪᠦᠷᠢᠯᠡᠬᠦ᠂ ᠱᠢᠨ ᠪᠦᠦ ᠠᠭᠤᠷᠬᠠᠶ᠎ᠶ᠋ᠢᠨ ᠦᠢᠯᠡᠰ᠎ᠤᠨ ᠠᠭᠤᠷᠬᠠᠢ᠎ᠶ᠋ᠢ ᠬᠠᠢᠨ ᠱᠢᠨᠵᠢᠬᠦ᠌ ᠵᠡᠷᠭᠡ 19 ᠠᠵᠤ ᠦᠢᠯᠡᠳᠪᠦᠷᠢ᠎ᠶ᠋ᠢᠨ ᠭᠤᠤᠯᠳᠠᠯᠭ᠎ᠠ᠎ᠲᠠᠢ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠶ᠋ᠢᠨ ᠠᠬᠢᠴᠠ ᠶ᠋ᠢ ᠲᠦᠷᠭᠡᠳᠭᠡᠪᠡ; ᠱᠢᠨ᠎ᠡ᠎ᠶ᠋ᠢ ᠡᠭᠦᠳᠬᠦ᠌ ᠬᠥᠳᠡᠯᠭᠡᠭᠦᠷ᠎ᠢ ᠬᠥᠭ᠌ᠵᠢᠭᠡᠵᠦ᠂ ᠵᠢᠯ᠎ᠤᠨ ᠳᠣᠲᠣᠷ᠎ᠠ ᠴᠢ ᠢ ᠦᠷ᠎ᠡ᠎ᠶ᠋ᠢᠨ ᠦᠢᠯᠡᠰ ᠵᠡᠷᠭᠡ ᠲᠤᠰᠭᠠᠢᠵᠢᠬᠰᠠᠨ ᠨᠠᠷᠢᠯᠢᠭᠵᠢᠬᠰᠠᠨ ᠣᠨᠴᠠᠯᠢᠬᠳᠤ ᠱᠢᠨ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ 4 ᠳᠤᠮᠳᠠ ᠵᠢᠵᠢᠭ ᠠᠵᠤ ᠠᠬᠤᠢᠯᠠᠯ᠎ᠢ ᠪᠤᠢᠵᠢᠭᠤᠯᠵᠤ ᠂ 6 ᠵᠦᠢᠯ᠎ᠤᠨ ᠭᠤᠣᠯ ᠮᠡᠷᠭᠡᠵᠢᠯ᠎ᠤᠨ ᠱᠢᠨ᠎ᠡ ᠱᠢᠪᠲᠤᠯᠤᠯᠲᠠ᠎ᠲᠠᠢ ᠪᠣᠯᠬᠤ᠎ᠶ᠋ᠢ ᠠᠬᠢᠭᠤᠯᠪᠠ; ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢ ᠬᠢᠨᠠᠨ ᠲᠣᠭ᠍ᠲᠠᠭᠠᠬᠤ ᠠᠵᠠ ᠲᠣᠬᠢᠶᠠᠯ᠎ᠢ ᠠᠱᠢᠭ᠍ᠯᠠᠨ ᠪᠣᠬᠢᠷᠲᠤᠯ ᠦᠭᠡᠢ᠂ ᠨᠡᠭᠦᠷᠡᠰᠦᠲᠥ᠋ᠷᠥᠭ᠌ᠴᠢ ᠦᠭᠡᠢ᠂ ᠡᠨᠧᠷᠭᠢ ᠠᠷᠪᠢᠯᠠᠬᠤ ᠬᠡᠯᠪᠡᠷᠢ᠎ᠶ᠋ᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠢᠭᠤᠯᠤᠯᠲᠠ᠎ᠶ᠋ᠢ ᠠᠯᠬᠤᠮ ᠠᠯᠬᠤᠮ᠎ᠢᠶᠠᠷ ᠠᠬᠢᠭᠤᠯᠵᠠᠢ᠃
ᠡᠳᠡᠭᠡᠷ ᠠᠷᠭ᠎ᠠ ᠬᠡᠮᠵᠢᠶ᠎ᠡ ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠳᠠᠭᠠᠯᠳᠤᠨ ᠬᠠᠷᠠᠴᠢᠨ ᠬᠤᠱᠢᠭᠤᠨ ᠤ᠋ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠨᠡᠮᠡᠭ᠌ᠳᠡᠯᠦ᠋ᠨ ᠬᠠᠨᠳᠤᠱᠢ ᠮᠠᠰᠢ ᠰᠠᠢᠨ ᠪᠤᠯᠪᠠ᠃
ᠱᠢᠶᠤᠤ ᠨᠢᠦ ᠴᠢᠶᠦ᠋ᠨ ᠪᠠᠯᠭᠠᠰᠤᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠬᠦᠷᠢᠶᠡᠯᠡᠩ ᠲᠣᠭᠤᠷᠢᠭ᠎ᠲᠤ ᠪᠠᠢᠭ᠎ᠠ ᠥᠪᠥᠷ ᠮᠣᠩᠭᠤᠯ᠎ᠤᠨ ᠵᠢᠦ ᠮᠦ᠍ ᠾᠧ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠶ᠋ᠢᠨ ᠤᠶᠤᠨᠴᠢᠯᠠᠭ᠍ᠰᠠᠨ ᠨᠡᠪᠴᠢᠭᠦᠯᠬᠦ᠌ ᠲᠥᠪ᠎ᠲᠤ ᠠᠵᠢᠯᠴᠢᠳ ᠶᠠᠭ ᠠᠦ᠋ᠲ᠋ᠣᠴᠢᠯᠠᠭ᠍ᠰᠠᠨ ᠥᠨᠳᠡᠭᠡ ᠢᠯᠭᠠᠬᠤ ᠮᠠᠱᠢᠨ ᠵᠢᠡᠷ ᠦᠷ᠎ᠡ ᠵᠢᠨ ᠦᠨᠳᠡᠭᠡ ᠵᠢ ᠰᠤᠩᠭᠤᠨ᠎ᠠ᠃ 《ᠠᠦ᠋ᠲ᠋ᠣᠴᠢᠯᠠᠭ᠍ᠰᠠᠨ ᠥᠨᠳᠡᠭᠡ ᠢᠯᠭᠠᠬᠤ ᠮᠠᠱᠢᠨ᠎ᠤ ᠬᠤᠷᠳᠤᠴᠠ ᠲᠦᠷᠭᠡᠨ᠂ ᠨᠠᠷᠢᠯᠢᠭ᠎ᠤᠨ ᠬᠡᠮᠵᠢᠶ᠎ᠡ ᠥᠨᠳᠥᠷ ᠪᠠᠢᠵᠤ᠂ ᠨᠡᠪᠴᠢᠬᠦᠯᠦᠯᠳᠡ᠎ᠶ᠋ᠢᠨ ᠨᠤᠷᠮ᠎ᠠ᠎ᠶ᠋ᠢ 15% ᠪᠠᠷ ᠳᠡᠭᠡᠭ᠌ᠰᠢᠯᠡᠭᠦᠯᠪᠡ᠂ ᠪᠢᠳᠡ ᠡᠳᠦᠷ ᠪᠦᠷᠢ 15 ᠲᠦᠮᠡᠨ ᠥᠨᠳᠡᠭᠡ ᠱᠢᠯᠢᠨ ᠰᠣᠩᠭᠤᠵᠤ ᠳᠡᠢᠯᠦᠨ᠎ᠡ》 ᠭᠡᠵᠦ ᠠᠵᠢᠯᠲᠠᠨ ᠵᠠᠩ ᠯᠢ ᠮᠢᠨ ᠬᠡᠯᠡᠨ᠎ᠡ᠃
ᠡᠭᠦᠨ᠎ᠡᠴᠡ ᠭᠠᠳᠠᠨ᠎ᠠ ᠥᠪᠥᠷ ᠮᠣᠩᠭᠤᠯ᠎ᠤᠨ ᠵᠢᠦ ᠮᠦ᠍ ᠾᠧ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠲᠡᠵᠢᠭᠡᠨ ᠦᠷᠡᠵᠢᠭᠦᠯᠬᠦ᠌ ᠦᠵᠦᠭᠦᠷᠯᠢᠭ ᠪᠠ ᠦᠢᠯᠡᠳᠪᠦᠷᠢᠯᠡᠯ᠎ᠤᠨ ᠦᠵᠦᠭᠦᠷᠯᠢᠭ᠎ᠲᠤ ᠵᠡᠷᠭᠡ᠎ᠪᠠᠷ ᠬᠦᠴᠦᠯᠡᠪᠡ᠃ ᠲᠡᠵᠢᠭᠡᠨ ᠦᠷᠡᠵᠢᠭᠦᠯᠬᠦ᠌ ᠲᠠᠯ᠎ᠠ ᠪᠡᠷ ᠣᠶᠤᠨᠴᠢ ᠲᠡᠵᠢᠭᠡᠨ ᠦᠷᠡᠵᠢᠭᠦᠯᠬᠦ᠌ ᠪᠠᠷᠠᠭᠠᠨ ᠤ ᠰᠦᠯᠵᠢᠶ᠎ᠡ᠎ᠶ᠋ᠢᠨ ᠱᠢᠰᠲ᠋ᠧᠮ ᠢ ᠣᠷᠣᠭᠤᠯᠤᠨ ᠠᠪᠴᠢᠷᠠᠵᠤ᠂ ᠱᠢᠪᠲᠦᠷ᠎ᠤᠨ ᠬᠡᠢ᠎ᠶ᠋ᠢᠨ ᠥᠳᠭᠡᠴᠡ᠂ ᠳᠤᠯᠠᠭᠠᠨ ᠴᠢᠭᠢᠭ᠎ᠤᠨ ᠬᠡᠮᠵᠢᠶ᠎ᠡ ᠵᠡᠷᠭᠡ 12 ᠵᠦᠢᠯ᠎ᠤᠨ ᠭᠦᠢᠴᠡᠳᠭᠡᠯ ᠲᠤᠭ᠎ᠠ᠎ᠶ᠋ᠢ ᠴᠠᠭ ᠲᠤᠬᠠᠶ᠎ᠳᠤᠨᠢ ᠬᠢᠨᠠᠨ ᠡᠵᠡᠮᠳᠡᠵᠦ᠍᠂ ᠨᠤᠭᠤᠰᠤᠨ᠎ᠤ ᠡᠭᠦᠷ᠎ᠤᠨ ᠬᠢᠵᠢᠭ ᠡᠪᠡᠳᠴᠢᠨ᠎ᠤ ᠡᠭᠦᠰᠭᠦ ᠨᠣᠷᠮ᠎ᠠ᠎ᠶ᠋ᠢ 30% ᠪᠠᠷ ᠪᠠᠭᠤᠷᠠᠭᠤᠯᠪᠠ; ᠦᠢᠯᠡᠳᠪᠦᠷᠢᠯᠡᠯ᠎ᠤᠨ ᠲᠠᠯ᠎ᠠ ᠪᠡᠷ ᠮᠧᠬᠠᠨᠢᠭ᠍ᠴᠢᠯᠠᠭ᠍ᠰᠠᠨ ᠲᠥᠬᠦᠭᠡᠷᠦᠮᠵᠢ᠎ᠶ᠋ᠢ ᠠᠱᠢᠭ᠍ᠯᠠᠨ ᠴᠠᠭ ᠪᠦᠷᠢ ᠲᠦᠮᠡ ᠭᠠᠷᠤᠢ ᠮᠢᠬᠠᠨ ᠤ ᠨᠤᠭᠤᠰᠤ᠎ᠶ᠋ᠢ ᠱᠢᠢᠳᠪᠦᠷᠢᠯᠡᠬᠦ᠌᠎ᠶ᠋ᠢ ᠪᠡᠶᠡᠯᠡᠭᠦᠯᠬᠦ᠌᠎ᠶ᠋ᠢᠨ ᠬᠠᠮᠲᠤ ᠠᠦ᠋ᠲ᠋ᠣ᠋ ᠱᠠᠲᠤ ᠬᠤᠪᠢᠶᠠᠭ᠍ᠰᠠᠨ ᠵᠢᠩᠯᠡᠭᠦᠷ᠎ᠢᠶᠠᠷ ᠳᠠᠮᠵᠢᠭᠤᠯᠤᠨ ᠢᠯᠭᠠᠨ ᠰᠠᠯᠭᠠᠵᠤ᠂ ᠨᠤᠭᠤᠰᠤᠨ᠎ᠤ ᠪᠡᠲᠡᠭᠡ᠂ ᠨᠤᠭᠤᠰᠤᠨ᠎ᠤ ᠬᠡᠯᠡ ᠵᠡᠷᠭᠡ ᠲᠤᠰᠠᠯᠠᠬᠤ ᠦᠢᠯᠡᠳᠬᠦᠨ᠎ᠤ ᠳᠡᠰ ᠬᠤᠪᠢᠶᠠᠭ᠍ᠰᠠᠨ ᠨᠠᠷᠢᠯᠢᠭ᠎ᠤᠨ ᠬᠡᠮᠵᠢᠶ᠎ᠡ 99.8% ᠳ᠋ᠤ᠌ ᠬᠦᠷᠴᠡᠶ᠃
《ᠺᠣᠮᠫᠠᠨᠢ᠎ᠶ᠋ᠢᠨ ᠶᠡᠷᠦᠩᠬᠡᠶ ᠪᠡᠯᠡ ᠣᠷᠣᠭᠤᠯᠤᠯᠲᠠ 1.53 ᠳ᠋ᠦᠩᠱᠢᠭᠤᠷ ᠲᠥᠭᠦᠷᠢᠭ᠎ᠲᠤ ᠬᠦᠷᠴᠡᠢ᠃ ᠤᠳᠤᠬᠠᠨ ᠳ᠋ᠤ ᠵᠢᠯ᠎ᠳᠤ 45 ᠲᠦᠮᠡᠨ ᠲᠣᠨ ᠮᠠᠯ ᠵᠢᠭᠦᠷᠲᠡᠨ᠎ᠤ ᠲᠡᠵᠢᠭᠡᠯ ᠪᠣᠷᠳᠤᠭ᠎ᠠ ᠡᠳ᠋ᠱᠢᠭᠦᠯᠬᠦ᠌ ᠲᠥᠷᠥᠯ ᠵᠦᠢᠯ ᠶᠠᠭ ᠡᠮᠬᠢ ᠵᠢᠷᠤᠮ᠎ᠲᠠᠢ ᠶᠠᠪᠤᠭ᠍ᠳᠠᠵᠤ ᠪᠠᠢᠨ᠎ᠠ᠂ ᠵᠢᠱ᠌ᠢᠯᠲᠡ᠎ᠪᠠᠷ ᠡᠨᠡ ᠵᠢᠯ᠎ᠤᠨ 12 ᠰᠠᠷ᠎ᠠ᠎ᠳᠤ ᠲᠤᠷᠱᠢᠨ ᠦᠢᠯᠡᠳᠪᠦᠷᠢᠯᠡᠬᠦ᠌ ᠪᠣᠯᠤᠨ᠎ᠠ᠃ ᠲᠥᠷᠥᠯ ᠵᠦᠢᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠺᠣᠮᠫᠠᠨᠢᠡᠴᠠ 〈ᠺᠣᠮᠫᠠᠨᠢ + ᠲᠠᠷᠢᠶᠠᠴᠢᠨ ᠡᠷᠦᠬᠡ + ᠰᠠᠭᠤᠷᠢᠨ 〉 ᠦ ᠵᠠᠭ᠍ᠪᠤᠷ᠎ᠢᠶᠠᠷ ᠳᠠᠮᠵᠢᠨ ᠵᠢᠯ ᠪᠦᠷᠢ 2000 ᠡᠷᠦᠬᠡ ᠲᠠᠷᠢᠮᠠᠯ᠎ᠤᠨ ᠡᠷᠦᠬᠡ᠎ᠶ᠋ᠢ ᠱᠢᠭᠤᠳ ᠳᠠᠢᠴᠢᠯᠠᠵᠤ ᠪᠣᠯᠤᠨ᠎ᠠ 》 ᠭᠡᠵᠦ ᠲᠤᠰ ᠺᠤᠮᠫᠠᠨᠢ᠎ᠶ᠋ᠢᠨ ᠡᠳ᠋᠎ᠦᠨ ᠶᠠᠪᠤᠳᠠᠯ᠎ᠤᠨ ᠳᠠᠭᠠᠭᠠᠮᠠᠯ ᠯᠢ ᠳ᠋ᠦᠩ ᠴᠠᠨ ᠲᠠᠨᠢᠯᠴᠠᠭᠤᠯᠪᠠ᠃
ᠡᠨᠡ ᠵᠢᠯ᠎ᠤᠨ 1 — 7 ᠰᠠᠷ᠎ᠠ᠎ᠳᠤ᠂ ᠬᠠᠷᠠᠴᠢᠨ ᠬᠤᠱᠢᠭᠤ ᠠᠵᠤ ᠦᠢᠯᠡᠳᠪᠦᠷᠢ᠎ᠶ᠋ᠢᠨ ᠦᠢᠯᠡᠳᠬᠦᠨ ᠤ ᠦᠷᠳᠡᠭ 258.4 ᠳ᠋ᠦᠩᠱᠢᠭᠤᠷ ᠲᠥᠭᠦᠷᠢᠭ᠎ᠢ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠠᠴᠠ 18%᠎ᠪᠠᠷ ᠨᠡᠮᠡᠭ᠌ᠳᠡᠨ᠂ ᠠᠵᠤ ᠦᠢᠯᠡᠳᠪᠦᠷᠢ ᠶ᠋ᠢᠨ ᠨᠡᠮᠡᠭ᠌ᠳᠡᠯ ᠦᠷᠲᠡᠭ᠎ᠤᠨ ᠨᠡᠮᠡᠭᠳᠡᠭᠰᠡᠨ ᠬᠤᠷᠳᠤᠴᠠ 21.7% ᠳ᠋ᠤ ᠬᠦᠷᠴᠦ᠂ ᠤᠯᠠᠭᠠᠨᠬᠠᠳᠠ ᠬᠤᠲᠠ᠎ᠶ᠋ᠢᠨ ᠡᠮᠦᠨ᠎ᠡ ᠡᠩᠨᠡᠭᠡᠨ᠎ᠳᠤ ᠵᠢᠭ᠍ᠰᠠᠭᠠᠭ᠍ᠳᠠᠪᠠ; ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠨᠡᠮᠡᠭᠳᠡᠯ ᠦᠷᠳᠡᠭ ᠨᠢ 39.4 ᠳ᠋ᠦᠩᠱᠢᠭᠤᠷ ᠲᠥᠭᠦᠷᠢᠭ᠎ᠲᠤ ᠬᠦᠷᠴᠦ᠍ ᠂ ᠪᠦᠬᠦ᠌ ᠬᠤᠲᠠ᠎ᠳᠤ ᠲᠦᠷᠦᠬᠦᠯᠡᠪᠡ᠃
《 ᠪᠢᠳᠡ ᠪᠥᠬᠦ᠌ ᠬᠦᠴᠦᠨ᠎ᠢᠶᠠᠷ᠎ᠢᠶᠠᠨ ᠴᠢᠷᠮᠠᠢᠵᠤ ᠂ 〈ᠠᠷᠪᠠᠨ ᠲᠠᠪᠤᠳᠤᠭᠠᠷ ᠲᠠᠪᠤᠨ ᠵᠢᠯ 〉 ᠤ᠋ᠨ ᠬᠤᠭᠤᠴᠠᠭᠠᠨ᠎ᠳᠤ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ 20 ᠂ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠶᠡᠷᠦᠩᠬᠡᠶ ᠥᠷᠲᠡᠭ᠎ᠢ 800 ᠳ᠋ᠦᠩᠱᠢᠭᠤᠷ ᠲᠥᠭᠦᠷᠢᠭ ᠪᠡᠶᠡᠯᠡᠭᠦᠯᠵᠦ᠍᠂ ᠪᠥᠬᠦ᠌ ᠬᠤᠱᠢᠭᠤᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠬᠦ᠌᠎ᠪᠠᠷ ᠴᠢᠷᠮᠠᠢᠨ᠎ᠠ》 ᠭᠡᠵᠦ ᠬᠠᠷᠠᠴᠢᠨ ᠬᠤᠱᠢᠭᠤᠨ᠎ᠤ ᠠᠷᠠᠳ᠎ᠤᠨ ᠵᠠᠰᠠᠭ᠎ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠹᠸᠢ ᠢᠲᠡᠭᠡᠯ ᠲᠡᠭᠦᠯᠳᠡᠷ ᠢᠯᠡᠳᠭᠡᠪᠡ᠃