ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠤᠨ᠎ᠠ
2025-10-30 09:30:49
ᠵᠣᠬᠢᠶᠠᠭ᠍ᠴᠢ᠄
ᠯᠢᠦ ᠱᠢᠶᠠᠩ ᠫᠢᠩ ᠵᠢᠶᠠ ᠲᠢᠩ ᠲᠢᠩ
ᠣᠩᠱᠢᠭ᠍ᠰᠠᠨ ᠣᠳᠠᠭ᠎ᠠ᠄
★★★☆☆

ᠴᠡᠪᠡᠷ ᠲᠡᠭ᠌ᠰᠢ ᠦᠢᠯᠡᠳᠪᠦᠷᠢ᠎ᠶ᠋ᠢᠨ ᠲᠠᠰᠤᠭ ᠲᠦ᠍ ᠠᠦ᠋ᠲ᠋ᠣᠴᠢᠯᠠᠭ᠍ᠰᠠᠨ ᠲᠥᠬᠥᠭᠡᠷᠦᠮᠵᠢ ᠬᠦᠷᠴᠢᠭᠢᠨᠡᠨ ᠠᠵᠢᠯᠯᠠᠵᠤ᠂ ᠮᠡᠷᠭᠡᠵᠢᠯᠲᠡᠨ ᠳᠡᠯᠭᠡᠴᠠᠡ ᠳᠡᠭᠡᠷᠡᠬᠢ ᠲᠤᠬᠠᠢ᠎ᠶ᠋ᠢᠨ ᠴᠠᠭ᠎ᠤᠨ ᠦᠢᠯᠡᠳᠪᠦᠷᠢᠯᠡᠯ᠎ᠦᠨ ᠲᠣᠭ᠎ᠠ ᠪᠠᠷᠢᠮᠲᠠ᠎ᠶ᠋ᠢ ᠨᠢᠮᠪᠠᠢ ᠠᠵᠢᠭ᠍ᠯᠠᠨ᠎ᠠ᠃ ᠡᠨᠳᠡᠬᠢ ᠪᠣᠯ ᠪᠤᠭᠤᠲᠤ᠎ᠶ᠋ᠢᠨ ᠼᠢ ᠱᠢᠨ ᠡᠯᠧᠺᠲ᠋ᠷᠣᠨ ᠬᠢᠵᠠᠭᠠᠷᠲᠤ ᠺᠣᠮᠫᠠᠨᠢ᠎ᠶ᠋ᠢᠨ ᠲᠤᠷᠱᠢᠨ ᠦᠢᠯᠡᠳᠪᠦᠷᠢᠯᠡᠬᠦ᠌ ᠲᠤᠬᠠᠢ᠎ᠶ᠋ᠢᠨ ᠲᠠᠯᠠᠪᠠᠢ ᠪᠣᠯᠤᠨ᠎ᠠ᠂ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠮᠥᠬᠥᠯᠢᠭ᠌ᠲᠦ ᠴᠡᠴᠡᠷᠡᠬᠦ᠌᠎ᠶ᠋ᠢ ᠰᠡᠷᠭᠡᠢᠯᠡᠬᠦ᠌ ᠪᠢᠴᠢᠯ ᠴᠠᠬᠢᠯᠭᠠᠨ ᠮᠠᠱᠢᠨ᠎ᠤ ᠠᠦ᠋ᠲ᠋ᠣᠴᠢᠯᠠᠭ᠍ᠰᠠᠨ ᠤᠯᠠᠨ ᠲᠣᠭᠣᠷᠢᠯᠲᠠ᠎ᠶ᠋ᠢᠨ ᠵᠠᠮ᠎ᠤᠨ ᠣᠶᠤᠨᠴᠢ ᠦᠢᠯᠡᠳᠪᠦᠷᠢᠯᠡᠯ᠎ᠦᠨ ᠱᠤᠭᠤᠮ ᠶᠠᠭ ᠲᠣᠭ᠍ᠲᠠᠭᠤᠨ᠎ᠢᠶᠠᠷ ᠠᠵᠢᠯᠯᠠᠵᠤ ᠪᠠᠢᠨ᠎ᠠ᠃

《ᠡᠨᠡ ᠬᠦ᠌ ᠦᠢᠯᠡᠳᠪᠦᠷᠢᠯᠡᠯ᠎ᠦᠨ ᠱᠤᠭᠤᠮ᠎ᠤᠨ ᠨᠠᠷᠢᠯᠢᠭ᠍ᠴᠠ ᠵᠢᠨ ᠡᠵᠡᠮᠳᠡᠯ ᠨᠢ ᠮᠢᠺᠷᠣᠨ ᠳᠡᠰ᠎ᠲᠤ ᠬᠦᠷᠴᠦ᠍ ᠲᠠᠢᠯᠤᠨ᠎ᠠ》᠃ 10 ᠰᠠᠷ᠎ᠠ᠎ᠶ᠋ᠢᠨ 14 ᠎ᠤ᠋ ᠡᠳᠦᠷ᠂ ᠲᠣᠰ ᠺᠣᠮᠫᠠᠨᠢ᠎ᠶ᠋ᠢᠨ ᠲᠥᠷᠥᠯ ᠵᠦᠶ᠋ᠯ᠎ᠦᠨ ᠮᠡᠷᠭᠡᠵᠢᠯ᠎ᠦᠨ ᠶᠡᠷᠦᠩᠬᠡᠶ ᠬᠢᠨᠠᠭ᠍ᠴᠢ ᠲᠣᠨᠣᠭ ᠲᠥᠬᠥᠭᠡᠷᠦᠮᠵᠢ᠎ᠶ᠋ᠢᠨ ᠪᠣᠯᠵᠣᠯᠲᠤ ᠲᠣᠭᠠᠨ᠎ᠤ ᠬᠠᠪᠲᠠᠰᠤ᠎ᠶ᠋ᠢ ᠵᠢᠭᠠᠵᠤ᠂ ᠡᠢᠮᠦᠷᠬᠦᠤ ᠮᠥᠬᠥᠯᠢᠭ᠌ᠲᠦ ᠴᠡᠴᠡᠷᠡᠬᠦ᠌᠎ᠶ᠋ᠢ ᠰᠡᠷᠭᠡᠢᠯᠡᠬᠦ᠌ ᠪᠢᠴᠢᠯ ᠴᠠᠬᠢᠯᠭᠠᠨ ᠮᠠᠱᠢᠨ᠎ᠤ ᠨᠢᠭᠡᠴᠢ ᠦᠨ᠎ᠡ ᠨᠢ ᠡᠩ᠎ᠦᠨ ᠪᠢᠴᠢᠯ ᠴᠠᠬᠢᠯᠭᠠᠨ ᠮᠠᠱᠢᠨ᠎ᠤ 10 ᠳᠠᠬᠢᠨ ᠪᠣᠯᠤᠨ᠎ᠠ᠂ ᠭᠡᠪᠡᠴᠦ᠍ ᠴᠡᠴᠡᠷᠡᠬᠦ᠌᠎ᠶ᠋ᠢ ᠰᠡᠷᠭᠡᠢᠯᠡᠬᠦ᠌ ᠭᠠᠷᠮᠠᠭᠠᠶ ᠴᠢᠳᠠᠮᠵᠢ᠎ᠳᠠᠭᠠᠨ ᠲᠦᠱᠢᠭ᠌ᠯᠡᠨ᠂ ᠠᠯᠮᠤᠷᠠᠳ᠂ ᠬᠤᠸᠠ ᠸᠧᠶ ᠵᠡᠷᠭᠡ ᠨᠠᠷᠠᠲᠤ ᠭᠠᠷ ᠤᠲᠠᠰᠤᠨ᠎ᠤ ᠲᠦᠷᠦᠯ ᠲᠡᠮᠳᠡᠭ ᠤ᠋ᠨ 《ᠪᠤᠯᠢᠶᠠᠯᠳᠤᠨ ᠠᠪᠬᠤ ᠪᠠᠷᠠᠭ᠎ᠠ》 ᠪᠣᠯᠵᠣ᠂ ᠵᠠᠬᠢᠶᠠᠯᠠᠭ᠎ᠠ᠎ᠶ᠋ᠢᠨ ᠬᠠᠭᠤᠳᠠᠰᠤ᠎ᠶ᠋ᠢ ᠵᠢᠯ᠎ᠦᠨ ᠡᠴᠦᠰ ᠪᠣᠯᠲᠠᠯ᠎ᠠ ᠵᠢᠭ᠍ᠰᠠᠭᠠᠵᠠᠶ ᠭᠡᠵᠦ᠍ ᠲᠠᠨᠢᠯᠴᠠᠭᠤᠯᠤᠯ᠎ᠠ᠃

ᠨᠠᠩ ᠠᠩᠬᠠᠷᠤᠭᠤᠱᠢᠲᠠᠶ᠎ᠨᠢ ᠲᠥᠷᠥᠯ ᠵᠦᠶ᠋ᠯ ᠳ᠋ᠤ ᠢᠷᠡᠭᠡᠳᠦᠶ᠎ᠶ᠋ᠢᠨ ᠳᠠᠯᠳᠠ ᠬᠦᠴᠦᠨ ᠲᠠᠢ᠄ ᠦᠯᠡᠳᠡᠭ᠌ᠰᠡᠨ 2 ᠵᠤᠷᠪᠤᠰ ᠠᠦ᠋ᠲ᠋ᠣᠴᠢᠯᠠᠭ᠍ᠰᠠᠨ ᠦᠶ᠋ᠯᠡᠳᠪᠦᠷᠢᠯᠡᠯ᠎ᠦᠨ ᠱᠤᠭᠤᠮ᠎ᠢ ᠵᠢᠱ᠌ᠢᠯᠲᠡ᠎ᠪᠡᠷ ᠵᠢᠯ᠎ᠦᠨ ᠡᠴᠦᠰ᠎ᠲᠦ ᠪᠦᠬᠦᠨ᠎ᠢ ᠪᠠᠷᠢᠯᠭ᠎ᠠ ᠳᠠᠭᠤᠰᠭᠠᠵᠤ ᠠᠱᠢᠭ᠍ᠯᠠᠯᠲᠠ᠎ᠳᠤ ᠣᠷᠣᠭᠤᠯᠤᠨ᠎ᠠ᠃ ᠲᠡᠷᠨ ᠦᠶ᠎ᠡ᠎ᠳᠦ ᠪᠢᠴᠢᠯ ᠴᠠᠬᠢᠯᠭᠠᠨ ᠮᠠᠱᠢᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠨᠢ ᠪᠥᠬᠥ᠌ ᠳᠡᠯᠡᠬᠡᠶ᠎ᠶ᠋ᠢᠨ ᠵᠠᠬ᠎ᠠ ᠳᠡᠯᠭᠡᠭᠦᠷ᠎ᠦᠨ 50% ᠶ᠋ᠢ ᠡᠵᠡᠯᠡᠵᠦ᠍᠂ ᠪᠥᠬᠥ᠌ ᠳᠡᠯᠡᠬᠡᠶ᠎ᠳᠦ ᠲᠦᠷᠦᠭᠦᠯᠡᠵᠦ᠍᠂ ᠵᠢᠱ᠌ᠢᠯᠲᠡ᠎ᠪᠡᠷ ᠵᠢᠯ᠎ᠦᠨ ᠦᠶ᠋ᠯᠡᠳᠬᠦᠨ᠎ᠦ ᠥᠷᠲᠡᠭ᠎ᠨᠢ 4 ᠳ᠋ᠦᠩᠱᠢᠭᠤᠷ ᠲᠥᠭᠥᠷᠢᠭ᠎ᠲᠦ ᠬᠥᠷᠬᠥ᠌ ᠪᠣᠯᠤᠨ᠎ᠠ᠃ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠠᠵᠤ ᠦᠶ᠋ᠯᠡᠰ᠎ᠦᠨ ᠪᠠᠢᠷᠢᠱᠢᠭᠤᠯᠤᠯᠲᠠ᠎ᠳᠤ᠂ ᠡᠨᠡ ᠬᠦ᠌ ᠣᠶᠤᠨᠴᠢ ᠦᠶ᠋ᠯᠡᠳᠪᠦᠷᠢᠯᠡᠯ᠎ᠦᠨ ᠱᠤᠭᠤᠮ᠎ᠤᠨ ᠲᠤᠷᠱᠢᠨ ᠦᠶ᠋ᠯᠡᠳᠪᠦᠷᠢᠯᠡᠭᠰᠡᠨ᠎ᠨᠢ ᠲᠠᠩ ᠭᠠᠭ᠍ᠴᠠ ᠲᠥᠷᠥᠯ ᠵᠦᠶ᠋ᠯ᠎ᠦᠨ ᠱᠢᠪᠲᠤᠯᠤᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠳᠡᠭᠡᠳᠦ ᠲᠠᠰ᠎ᠤᠨ ᠡᠯᠧᠺᠲ᠋ᠷᠣᠨ ᠲᠣᠨᠣᠭ᠍ᠯᠠᠯ ᠤ᠋ᠨ ᠬᠦᠷᠢᠶ᠎ᠠ ᠴᠠᠷᠠᠭᠠᠨ᠎ᠳᠦ 《0 ᠎ᠡᠴᠠ 1 ᠬᠥᠷᠬᠥ᠌》 ᠵᠠᠩᠭᠢᠯᠠᠭ᠎ᠠ᠎ᠶ᠋ᠢᠨ ᠳᠠᠪᠠᠯᠲᠠ᠎ᠶ᠋ᠢ ᠪᠡᠶᠡᠯᠡᠭᠦᠯᠦᠭ᠌ᠰᠡᠨ᠎ᠢ ᠬᠠᠷᠠᠭᠤᠯᠵᠤ ᠪᠠᠢᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ᠂ ᠱᠢᠨ᠎ᠡ᠎ᠶ᠋ᠢ ᠡᠭᠦᠳᠬᠦ᠌ ᠪᠣᠯ ᠨᠢᠭᠡᠳᠦᠭᠡᠷ ᠬᠥᠳᠡᠯᠭᠡᠭ᠌ᠦ ᠬᠦᠴᠦᠨ ᠮᠥᠨ᠃ ᠤᠢ᠍ᠢᠷ᠎ᠠ᠎ᠶ᠋ᠢᠨ ᠬᠣᠶᠠᠷ ᠵᠢᠯ ᠳ᠋ᠤ᠂ ᠬᠣᠪᠣᠷ ᠱᠢᠷᠣᠢ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠎ᠤᠨ ᠬᠢᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠪᠠᠷ ᠭᠣᠣᠯ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠢ ᠭᠦᠨᠵᠡᠭᠡᠢ ᠠᠭᠤᠰᠤᠯᠴᠠᠭᠤᠯᠬᠤ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌᠂ ᠳᠡᠭᠡᠳᠦ ᠱᠢᠨ᠎ᠡ ᠮᠡᠷᠭᠡᠵᠢᠯ᠎ᠢ ᠪᠣᠢᠵᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ᠂ ᠳᠡᠭᠡᠳᠦ ᠲᠡᠰ᠎ᠤᠨ ᠴᠢᠳᠠᠪᠤᠷᠢᠲᠠᠨ᠎ᠢ ᠤᠷᠤᠭᠤᠯᠤᠨ ᠠᠪᠴᠢᠷᠠᠬᠤ ᠬᠦᠮᠦᠵᠢᠬᠦᠯᠬᠦ ᠵᠡᠷᠭᠡ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠬᠤ᠎ᠪᠠᠷ ᠳᠠᠮᠵᠢᠨ᠂ 《ᠠᠵᠢᠯ ᠬᠦᠯᠢᠶᠡᠨ ᠡᠭᠦᠷᠭᠡ ᠲᠠᠭᠠᠭᠠᠴᠢᠯᠠᠬᠤ》 ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠢ ᠪᠣᠭᠣᠮᠲᠠ ᠱᠢᠪᠲᠤᠯᠬᠤ ᠠᠷᠭ᠎ᠠ ᠵᠠᠮ᠎ᠢ ᠪᠠᠢᠭᠤᠯᠵᠤ᠂ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠵᠢᠭ᠍ᠰᠠᠭᠠᠯ᠎ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠢ᠋ ᠦᠨᠡᠨ ᠬᠦ᠌ ᠴᠢᠨᠠᠷ ᠰᠠᠢᠲᠠᠢ ᠬᠥᠭ᠌ᠵᠢᠯᠲᠡ᠎ᠶ᠋ᠢᠨ 《ᠬᠠᠮᠤᠭ᠎ᠤᠨ ᠶᠡᠬᠡ ᠨᠡᠮᠡᠭ᠌ᠳᠡᠯ》 ᠪᠤᠯᠭᠠᠵᠠᠢ᠃

ᠣᠢᠷ᠎ᠠ᠎ᠳᠤ᠂ 《AI ᠤᠰᠤᠲᠥ᠋ᠷᠥᠭ᠌ᠴᠢ᠎ᠶ᠋ᠢ ᠬᠠᠳᠠᠭᠠᠯᠠᠵᠤ ᠵᠥᠭᠡᠭᠡᠪᠦᠷᠢᠯᠡᠬᠦ᠌ ᠲᠣᠨᠣᠭ ᠲᠥᠬᠥᠭᠡᠷᠦᠮᠵᠢ᠎ᠳᠦ ᠰᠠᠭᠤᠷᠢᠯᠠᠨ ᠤᠰᠤᠲᠥ᠋ᠷᠥᠭ᠌ᠴᠢ ᠬᠡᠪᠡᠷᠡᠭ ᠢ᠋ ᠡᠰᠡᠷᠭᠦᠴᠡᠬᠦ᠌ ᠬᠣᠪᠣᠷ ᠱᠢᠷᠣᠶ᠎ᠶ᠋ᠢᠨ ᠪᠢᠴᠢᠯ ᠬᠠᠢᠯᠤᠰᠢ᠎ᠶ᠋ᠢᠨ ᠱᠢᠨ᠎ᠡ ᠮᠠᠲ᠋ᠧᠷᠢᠶᠠᠯ᠎ᠢ ᠨᠡᠭᠡᠭᠡᠨ ᠬᠥᠭ᠌ᠵᠢᠭᠦᠯᠬᠦ᠌ ᠪᠠ ᠵᠢᠱ᠌ᠢᠶ᠎ᠡ ᠦᠵᠡᠭᠦᠯᠦᠨ ᠬᠡᠷᠡᠭ᠌ᠯᠡᠬᠦ᠌》 ᠲᠥᠷᠥᠯ ᠵᠦᠶ᠋ᠯ᠎ᠢ ᠰᠤᠳᠤᠯᠤᠨ ᠨᠡᠭᠡᠭᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠬᠦ᠌᠎ᠶ᠋ᠢᠨ ᠲᠥᠯᠥᠭᠡ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠠᠴᠠ ᠲᠥᠷᠥᠯ ᠵᠦᠶ᠋ᠯ᠎ᠢ ᠬᠡᠷᠡᠭ᠌ᠵᠢᠭᠦᠯᠬᠦ᠌ ᠨᠢᠭᠡᠴᠢ ᠪᠣᠯᠬᠤ ᠯᠦ᠍ ᠴᠧᠩ ᠲᠤᠷᠱᠢᠯᠲᠠ᠎ᠶ᠋ᠢᠨ ᠲᠠᠰᠤᠭ᠎ᠲᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠥ᠎ᠶ᠋ᠢ 500 ᠲᠦᠮᠡᠨ ᠲᠥᠭᠥᠷᠢᠭ ᠪᠠᠭᠤᠯᠭᠠᠪᠠ᠃

ᠤᠰᠤᠲᠥ᠋ᠷᠥᠭ᠌ᠴᠢ᠎ᠡᠨᠧᠷᠭᠢ ᠨᠢ ᠢᠷᠡᠭᠡᠳᠦᠢ᠎ᠶ᠋ᠢᠨ ᠴᠡᠪᠡᠷ ᠡᠨᠧᠷᠭᠢ᠎ᠶ᠋ᠢᠨ ᠱᠢᠰᠲᠸᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠠᠮᠤᠷ ᠲᠦᠪᠱᠢᠨ ᠥᠨᠳᠥᠷ ᠪᠦᠲᠦᠮᠵᠢᠲᠡᠢ ᠬᠠᠳᠠᠭᠠᠯᠠᠵᠤ ᠵᠥᠭᠡᠭᠡᠪᠦᠷᠢᠯᠡᠬᠦ᠌ ᠪᠣᠯ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠣᠣᠯ ᠪᠣᠭᠣᠮᠢ᠎ᠶ᠋ᠢᠨ ᠨᠢᠭᠡ ᠪᠣᠯᠤᠨ᠎ᠠ᠃ ᠤᠯᠠᠮᠵᠢᠯᠠᠯᠲᠤ ᠪᠣᠯᠣᠳ ᠮᠠᠲ᠋ᠧᠷᠢᠶᠠᠯ᠎ᠨᠢ ᠥᠨᠳᠥᠷ ᠳᠠᠷᠤᠯᠲᠠᠲᠤ ᠤᠰᠤᠲᠥ᠋ᠷᠥᠭ᠌ᠴᠢᠳᠦ ᠣᠷᠴᠢᠨ ᠲᠣᠭᠣᠷᠢᠨ᠎ᠳᠤ ᠠᠮᠠᠷᠬᠠᠨ《ᠤᠰᠤᠲᠥ᠋ᠷᠥᠭ᠌ᠴᠢ ᠬᠡᠪᠡᠷᠡᠭ》 ᠦᠵᠡᠭ᠌ᠳᠡᠯ ᠡᠭᠦᠰᠴᠦ᠍᠂ ᠬᠡᠪᠱᠢᠮᠡᠭᠡᠶ ᠴᠢᠨᠠᠷ᠎ᠢ ᠪᠠᠭᠤᠷᠠᠭᠤᠯᠤᠨ᠂ ᠬᠡᠪᠡᠷᠡᠭ ᠴᠢᠨᠠᠷ᠎ᠲᠠᠢ ᠲᠠᠰᠤᠷᠠᠵᠤ᠂ ᠤᠰᠤᠲᠥ᠋ᠷᠥᠭ᠌ᠴᠢ᠎ᠶ᠋ᠢ ᠬᠠᠳᠠᠭᠠᠯᠠᠵᠤ ᠵᠥᠭᠡᠭᠡᠪᠦᠷᠢᠯᠡᠬᠦ᠌ ᠲᠣᠨᠣᠭ᠍ᠯᠠᠯ᠎ᠤᠨ ᠠᠮᠤᠷ ᠲᠦᠪᠱᠢᠨ ᠴᠢᠨᠠᠷ ᠪᠠ ᠨᠠᠢᠳᠠᠪᠤᠷᠢᠲᠤ ᠴᠢᠨᠠᠷ᠎ᠢ ᠬᠦᠨᠳᠦ ᠨᠣᠴᠢᠲᠠᠶ ᠰᠦᠷᠳᠡᠭᠦᠯᠳᠡᠭ᠃

ᠯᠸ᠋ ᠴᠧᠩ ᠲᠤᠷᠱᠢᠯᠲᠠ᠎ᠶ᠋ᠢᠨ ᠲᠠᠰᠤᠭ᠎ᠨᠢ ᠡᠨᠡ ᠬᠦ᠌ ᠠᠵᠢᠯ ᠲᠥᠷᠥᠯ᠎ᠦᠨ 《ᠪᠣᠭᠣᠮᠢ》 ᠶ᠋ᠢᠨ ᠨᠡᠢᠲᠡᠯᠢᠭ ᠴᠢᠨᠠᠷᠲᠠᠶ ᠬᠦᠴᠢᠷ ᠠᠰᠠᠭᠤᠳᠠᠯ᠎ᠳᠤ ᠱᠢᠭᠤᠳ ᠬᠠᠨᠳᠤᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ ᠬᠢᠭᠡᠳ ᠬᠣᠪᠣᠷ ᠱᠢᠷᠣᠶ᠎ᠶ᠋ᠢᠨ ᠪᠢᠴᠢᠯ ᠬᠠᠢᠯᠤᠰᠢ᠎ᠶ᠋ᠢᠨ ᠮᠠᠲ᠋ᠧᠷᠢᠶᠠᠯ᠎ᠤᠨ ᠵᠢᠷᠤᠭ ᠲᠥᠯᠥᠪᠯᠡᠭᠡ᠎ᠶ᠋ᠢ ᠪᠦᠲᠦᠭᠡᠯᠴᠢ᠎ᠪᠡᠷ ᠭᠦᠨᠵᠡᠭᠡᠶ ᠠᠭᠤᠰᠤᠯᠴᠠᠭᠤᠯᠵᠤ᠂ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠲᠡᠶ ᠤᠰᠤᠲᠥ᠋ᠷᠥᠭ᠌ᠴᠢ ᠬᠡᠪᠡᠷᠡᠭ ᠢ᠋ ᠡᠰᠡᠷᠭᠦᠴᠡᠬᠦ᠌ ᠤᠰᠤᠲᠥ᠋ᠷᠥᠭ᠌ᠴᠢ ᠵᠥᠭᠡᠭᠡᠪᠦᠷᠢᠯᠡᠬᠦ᠌ ᠬᠣᠭᠣᠯᠠᠶ ᠱᠤᠭᠤᠮ᠎ᠤᠨ ᠪᠣᠯᠣᠳ ᠱᠢᠨ᠎ᠡ ᠮᠠᠲ᠋ᠧᠷᠢᠶᠠᠯ᠎ᠢ ᠨᠡᠭᠡᠭᠡᠨ ᠬᠥᠭ᠌ᠵᠢᠭᠦᠯᠬᠦ᠌᠎ᠪᠡᠷ ᠴᠢᠷᠮᠠᠢᠵᠤ᠂ ᠤᠯᠤᠰ᠎ᠤᠨ ᠳᠣᠲᠣᠭᠠᠳᠤ᠎ᠶ᠋ᠢᠨ ᠳᠡᠭᠡᠳᠦ ᠲᠠᠰ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠲᠣᠨᠣᠭ᠍ᠯᠠᠯ᠎ᠤᠨ ᠪᠣᠯᠣᠳ ᠬᠡᠷᠡᠭ᠌ᠯᠡᠬᠦ᠌ ᠮᠡᠷᠭᠡᠵᠢᠯ᠎ᠦᠨ ᠬᠣᠭᠣᠰᠣᠨ᠎ᠢ ᠨᠥᠬᠥᠪᠥᠷᠢᠯᠡᠪᠡ᠃

《ᠪᠢᠳᠡ ᠶᠠᠪᠤᠴᠠ᠎ᠶ᠋ᠢᠨ ᠬᠠᠮᠢᠶᠠᠷᠤᠯᠲᠠ ᠵᠢ ᠴᠢᠩᠭᠠᠳᠭᠠᠬᠤ᠂ ᠲᠥᠷᠥᠯ ᠵᠦᠶ᠋ᠯ᠎ᠢ ᠮᠥᠷᠳᠡᠨ ᠦᠶ᠋ᠯᠡᠴᠢᠯᠡᠬᠦ᠌ ᠲᠣᠭ᠍ᠲᠠᠴᠠ᠎ᠶ᠋ᠢ ᠪᠠᠢᠭᠤᠯᠵᠤ᠂ ᠪᠠᠯᠠ ᠮᠥᠩᠭᠥ᠎ᠶ᠋ᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ᠎ᠪᠡᠷ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠵᠤ᠂ ᠲᠥᠷᠥᠯ ᠵᠦᠶ᠋ᠯ᠎ᠢ ᠬᠤᠭᠤᠴᠠᠭ᠎ᠠ ᠶᠣᠰᠣᠭᠠᠷ ᠴᠢᠨᠠᠷ ᠰᠠᠢᠲᠠᠶ ᠪᠡᠶᠡᠯᠡᠭᠦᠯᠬᠦ᠌᠎ᠶ᠋ᠢ ᠪᠠᠲᠤᠯᠠᠨ᠎ᠠ》ᠭᠡᠵᠦ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠭᠡᠯᠡᠨ᠎ᠠ᠃

ᠠᠵᠤ ᠠᠬᠤᠢᠯᠠᠯ ᠪᠣᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠮᠥᠨ᠂ ᠠᠵᠤ ᠠᠬᠤᠢᠯᠠᠯ᠎ᠤᠨ ᠮᠡᠷᠭᠡᠵᠢᠯ᠎ᠦᠨ ᠲᠦᠭ᠌ᠵᠢᠷᠡᠯ᠂ ᠬᠦᠴᠢᠷᠳᠡᠯ ᠂ ᠡᠪᠡᠷᠱᠢᠶᠡᠯ ᠪᠣᠯ ᠳᠠᠷᠤᠢ ᠱᠢᠨ᠎ᠡ᠎ᠶ᠋ᠢ ᠡᠭᠦᠳᠬᠦ᠌ ᠴᠡᠭ ᠮᠥᠨ᠃ ᠲᠦᠷᠦᠭᠦᠬᠡᠨ᠂ ᠠᠨ᠎ᠲᠠᠶ ᠤᠮᠠᠷᠠᠲᠤ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ 《ᠤᠶᠤᠨᠲᠤ ᠮᠠᠱᠢᠨ ᠬᠥᠮᠦᠨ᠎ᠦ ᠦᠶ᠋ᠯᠡᠴᠢᠯᠡᠭᠡᠨ᠎ᠦ ᠴᠠᠬᠢᠯᠭᠠᠨ ᠮᠠᠱᠢᠨ᠎ᠤ ᠣᠨᠴᠠᠭᠠᠶ ᠬᠡᠯᠪᠡᠷᠢ᠎ᠶ᠋ᠢᠨ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠪᠡᠶ᠎ᠡ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠰᠤᠳᠤᠯᠭᠠᠨ》 ᠤ᠋ ᠲᠥᠷᠥᠯ ᠵᠦᠶ᠋ᠯ᠎ᠨᠢ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠢ ᠡᠭᠦᠳᠦᠨ ᠪᠠᠢᠭᠤᠯᠬᠤ 300 ᠲᠦᠮᠡᠨ ᠲᠥᠭᠥᠷᠢᠭ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠠᠯᠠ ᠮᠥᠩᠭᠥ᠎ᠶ᠋ᠢᠨ ᠳᠡᠮᠵᠢᠯᠭᠡ᠎ᠶ᠋ᠢ ᠤᠯᠪᠠ᠃ 《ᠥᠪᠡᠷᠲᠡᠭᠡᠨ ᠵᠠᠰᠠᠬᠤ ᠣᠷᠣᠨ᠂ ᠪᠤᠭᠤᠲᠤ ᠬᠣᠲᠠ᠎ᠶ᠋ᠢᠨ ᠡᠯ᠎ᠡ ᠲᠥᠷᠥᠯ᠎ᠦᠨ ᠲᠥᠷᠥ᠎ᠶ᠋ᠢᠨ ᠪᠣᠳᠣᠯᠭ᠎ᠠ᠎ᠶ᠋ᠢᠨ ᠳᠠᠪᠬᠤᠴᠠᠯ ᠨᠢ ᠠᠵᠤ ᠠᠬᠤᠢᠯᠠᠯ᠎ᠤᠨ ᠮᠡᠷᠭᠡᠵᠢᠯ᠎ᠦᠨ ᠲᠠᠯ᠎ᠠ᠎ᠪᠠᠷ ᠲᠠᠰᠤᠷᠠᠯᠲᠠ ᠥᠬᠡᠶ ᠱᠢᠨ᠎ᠡ ᠱᠢᠪᠲᠤᠯᠤᠯᠲᠠ ᠭᠠᠷᠭᠠᠬᠤ᠎ᠳᠤ ᠬᠦᠴᠦᠨ ᠨᠡᠮᠡᠷᠢᠯᠡᠪᠡ》 ᠭᠡᠵᠦ᠍ ᠠᠵᠤ ᠠᠬᠤᠢᠯᠠᠯ᠎ᠤᠨ ᠬᠠᠷᠢᠭᠤᠴᠠᠯᠭᠠᠲᠠᠨ ᠯᠢ ᠵᠢᠶᠦ᠋ᠨ ᠹᠧᠩ ᠬᠡᠯᠡᠯ᠎ᠠ᠃

ᠣᠢᠷ᠎ᠠ᠎ᠶ᠋ᠢᠨ ᠵᠢᠯ᠎ᠳᠦ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤ᠋ᠨ ᠬᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠪᠣᠢᠵᠢᠭᠤᠯᠵᠤ ᠮᠠᠭᠠᠳᠯᠠᠨ ᠲᠣᠭ᠍ᠲᠠᠭᠠᠬᠤ ᠱᠢᠰᠲ᠋ᠧᠮ᠎ᠢ ᠲᠡᠭᠦᠯᠳᠡᠷᠵᠢᠭᠦᠯᠬᠦ᠌᠎ᠡᠴᠡ ᠭᠠᠷᠳᠠᠵᠤ᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ — ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ — ᠲᠦᠭᠰᠢᠭᠦᠷᠢᠲᠦ ᠪᠠᠢᠳᠠᠯ ᠡᠴᠡ ᠮᠤᠯᠳᠤᠷᠠᠬᠰᠠᠨ ᠠᠵᠤ ᠠᠬᠤᠢᠯᠠᠯ — ᠪᠠᠢᠭᠤᠯᠤᠬᠳᠠᠭᠠᠳ 10 ᠵᠢᠯ ᠪᠤᠯᠤᠭ᠎ᠠ ᠦᠭᠡᠢ ᠵᠠᠬ᠎ᠠ ᠲᠡᠯᠭᠡᠭᠦᠷ ᠲᠸ᠋ ᠭᠠᠷᠤᠭ᠎ᠠ ᠦᠭᠡᠢ ᠠᠵᠤ ᠠᠬᠤᠢᠯᠠᠯ》 ᠢ᠋ ᠪᠣᠢᠵᠢᠭᠤᠯᠬᠤ ᠱᠠᠲᠤᠯᠢᠭ ᠠᠷᠭ᠎ᠠ ᠵᠠᠮ᠎ᠢ ᠪᠠᠢᠭᠤᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠲᠥᠪ᠂ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠂ ᠠᠺᠠᠳᠧᠮᠢᠴᠢ᠎ᠶ᠋ᠢᠨ ᠠᠵᠢᠯᠯᠠᠬᠤ ᠥᠷᠲᠡᠭᠡ ᠵᠡᠷᠭᠡ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠣᠢᠵᠢᠭᠤᠯᠬᠤ ᠳᠠᠯᠳᠠ ᠬᠦᠴᠦᠨ᠎ᠢ ᠭᠦᠨᠵᠡᠭᠡᠶ ᠠᠭᠤᠳᠠᠯᠪᠠ; ᠥᠪᠡᠷᠲᠡᠭᠡᠨ ᠵᠠᠰᠠᠬᠤ ᠣᠷᠣᠨ᠎ᠳᠤ ᠲᠦᠷᠦᠭᠦᠯᠡᠨ《ᠱᠢᠨ᠎ᠡ᠎ᠶ᠋ᠢ ᠡᠭᠦᠳᠦᠭ᠌ᠰᠡᠨ ᠬᠤᠪᠢ ᠬᠤᠷᠠᠮᠳᠤᠭᠤᠯᠬᠤ ᠲᠦᠷᠢᠮ》ᠤ᠋ᠨ ᠦᠶ᠋ᠯᠡᠴᠢᠯᠡᠭᠡᠨ᠎ᠦ ᠲᠠᠪᠴᠠᠩ ᠭᠠᠷᠭᠠᠵᠤ᠂ ᠠᠵᠤ ᠠᠬᠤᠢᠯᠠᠯ᠎ᠳᠤ ᠱᠢᠨ᠎ᠡ᠎ᠶ᠋ᠢ ᠡᠭᠦᠳᠦᠭ᠌ᠰᠡᠨ ᠬᠤᠪᠢ ᠬᠤᠷᠠᠮᠳᠤᠭᠤᠯᠬᠤ ᠵᠢᠭᠡᠯᠡᠯᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠴᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠶ᠋ᠢᠨ ᠪᠠᠢᠴᠠᠭᠠᠯᠲᠠ᠂ ᠤᠷᠢᠨ ᠡᠯᠰᠡᠬᠦ᠎ᠳᠦ ᠱᠢᠨᠵᠢᠯᠡᠬᠦ᠌ ᠤᠬᠠᠭᠠᠨ ᠰᠤᠳᠤᠯᠭᠠᠨ᠎ᠤ ᠬᠦᠴᠦᠨ ᠨᠡᠮᠡᠷᠢᠯᠡᠬᠦ᠌ ᠵᠡᠷᠭᠡ ᠣᠨᠴᠠᠯᠢᠭ᠍ᠲᠤ  ᠲᠥᠷᠥᠯ ᠲᠡᠮᠳᠡᠭ᠌᠎ᠤᠨ ᠦᠶ᠋ᠯᠡᠴᠢᠯᠡᠭᠡ ᠬᠠᠩᠭᠠᠪᠠ; ᠮᠥᠩᠭᠥᠨ ᠭᠦᠶ᠋ᠯᠭᠡᠭᠡᠨ᠎ᠦ ᠳᠡᠮᠵᠢᠯᠭᠡ᠂ ᠦᠶ᠋ᠯᠡᠴᠢᠯᠡᠭᠡ᠎ᠵᠢ ᠰᠢᠯᠢᠳᠡᠭᠵᠢᠭᠦᠯᠬᠦ ᠪᠡᠷ ᠳᠡᠮᠵᠢᠨ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠬᠦᠴᠦᠨ ᠤᠯᠭᠤᠵᠦ ᠦᠷ᠎ᠡ ᠠᠱᠢᠭ᠎ᠢ ᠨᠡᠮᠡᠭᠳᠡᠬᠦᠯᠪᠡ; 《ᠴᠢᠳᠠᠪᠤᠷᠢᠲᠠᠨ᠎ᠢ ᠴᠤᠭ᠍ᠯᠠᠭᠤᠯᠬᠤ᠂ ᠲᠣᠭᠣᠷᠢᠭ ᠪᠠᠢᠭᠤᠯᠬᠤ᠂ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠂ ᠠᠮᠢ ᠠᠬᠤᠶ᠎ᠶ᠋ᠢ ᠱᠢᠯᠢᠳᠡᠭ᠌ᠵᠢᠭᠦᠯᠬᠦ᠌》 ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠷᠭ᠎ᠠ ᠪᠣᠳᠣᠯᠭ᠎ᠠ ᠶᠣᠰᠣᠭᠠᠷ᠂ ᠲᠤᠱᠢᠶᠠᠯ ᠬᠠᠪᠰᠤᠷᠭᠠᠬᠤ᠂ ᠤᠶᠠᠨ ᠴᠢᠨᠠᠷᠲᠠᠶ᠎ᠪᠠᠷ ᠣᠷᠣᠭᠤᠯᠤᠨ ᠠᠪᠴᠢᠷᠠᠬᠤ ᠵᠡᠷᠭᠡ ᠬᠡᠯᠪᠡᠷᠢ᠎ᠪᠡᠷ ᠳᠠᠮᠵᠢᠨ᠂ ᠯᠢ ᠸᠧᠶ᠂ ᠵᠢᠶᠠᠩ ᠴᠧᠩ ᠪᠦᠦ᠂ ᠸᠠᠩ ᠢ ᠳ᠋ᠸ᠂ ᠵᠠᠩ ᠬᠣᠩ ᠵᠢᠶᠧ᠂ ᠬᠠᠨ ᠱᠦ᠍ ᠮᠢᠨ ᠵᠡᠷᠭᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠣᠷᠣᠢᠯᠠᠭ᠍ᠰᠠᠨ ᠠᠺᠠᠳᠧᠮᠢᠴᠢ ᠲᠤᠰᠭᠠᠶ ᠮᠡᠷᠭᠡᠵᠢᠯᠲᠡᠨ ᠵᠢᠴᠢ ᠪᠦᠯᠬᠦᠮ ᠨᠡᠢᠲᠡ᠎ᠶ᠋ᠢ ᠲᠡᠳᠡᠨ ᠠᠪᠴᠢᠷᠠᠵᠤ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ ᠥᠷᠨᠢᠭᠦᠯᠪᠡ᠃

ᠱᠢᠨ᠎ᠡ᠎ᠶ᠋ᠢ ᠡᠭᠦᠳᠦᠨ ᠪᠣᠢᠵᠢᠭᠤᠯᠬᠤ᠂ ᠦᠶ᠋ᠯᠡᠴᠢᠯᠡᠭᠡ ᠪᠠ ᠴᠢᠳᠠᠪᠤᠷᠢᠲᠠᠨ ᠤᠷᠢᠬᠤ ᠠᠯᠢ ᠣᠯᠠᠨ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ ᠡᠴᠡ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠠᠵᠤ ᠠᠬᠤᠢᠯᠠᠯ᠎ᠤᠨ ᠮᠡᠷᠭᠡᠵᠢᠯ᠎ᠦᠨ ᠱᠢᠪᠲᠤᠯᠤᠯᠲᠠ ᠬᠢᠭᠡᠳ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ ᠢᠯᠡᠳᠲᠡ ᠳᠡᠭᠡᠭ᠌ᠰᠢᠯᠡᠵᠦ᠍᠂ ᠣᠯᠠᠨ ᠵᠦᠶ᠋ᠯ᠎ᠦᠨ ᠦᠷ᠎ᠡ ᠪᠦᠲᠦᠭᠡᠯ ᠴᠣᠯᠭᠣᠷᠠᠨ ᠭᠠᠷᠪᠠ᠃ ᠴᠠᠩ ᠠᠨ ᠲᠣᠭ᠍ᠲᠠᠮᠠᠯ ᠰᠣᠷᠢᠨᠵᠢᠨ᠎ᠤ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠪᠡᠶ᠎ᠡ᠎ᠪᠡᠨ ᠳᠠᠭᠠᠭᠠᠭ᠍ᠰᠠᠨ ᠢᠵᠢ ᠪᠦᠷᠢᠨ 《ᠬᠠᠭᠠᠰᠯᠠᠭ᠍ᠰᠠᠨ ᠬᠡᠯᠪᠡᠷᠢ᠎ᠶ᠋ᠢᠨ ᠣᠩᠭᠣᠴᠠᠨ᠎ᠳᠤ ᠬᠡᠷᠡᠭ᠌ᠯᠡᠬᠦ᠌ ᠲᠣᠭ᠍ᠲᠠᠮᠠᠯ ᠰᠣᠷᠢᠨᠵᠢᠨ ᠲᠡᠩᠭᠡᠯᠢᠭ᠌ᠲᠦ ᠴᠠᠬᠢᠯᠭᠠᠨ ᠭᠠᠷᠭᠠᠬᠤ ᠮᠠᠱᠢᠨ》 ᠳᠤᠮᠳᠠᠳᠤ ᠤᠯᠤᠰ᠎ᠤᠨ ᠣᠩᠭᠣᠴᠠᠨ᠎ᠤ ᠲᠠᠰ᠎ᠤᠨ ᠬᠣᠷᠢᠶ᠎ᠠ᠎ᠶ᠋ᠢᠨ ᠭᠡᠷᠡᠴᠢᠯᠡᠯ᠎ᠢ ᠤᠯᠪᠠ᠃ ᠵᠢᠶᠠᠩ ᠱᠢᠨ ᠪᠢᠴᠢᠯ ᠴᠠᠬᠢᠯᠭᠠᠨ ᠮᠠᠱᠢᠨ᠎ᠤ 《ᠪᠢᠴᠢᠯ ᠲᠠᠭᠤᠨ ᠴᠠᠭᠠᠷᠢᠭ᠎ᠤᠨ ᠮᠣᠲ᠋ᠣᠷ᠎ᠤᠨ ᠵᠢᠷᠤᠭ ᠲᠥᠯᠥᠪᠯᠡᠭᠡ᠎ᠶ᠋ᠢ ᠰᠤᠳᠤᠯᠤᠨ ᠨᠡᠭᠡᠭᠡᠬᠦ᠌ ᠲᠥᠷᠥᠯ ᠵᠦᠶ᠋ᠯ》 ᠨᠢ ᠭᠠᠳᠠᠭᠠᠳᠤ᠎ᠶ᠋ᠢᠨ ᠪᠢᠴᠢᠯ ᠬᠡᠯᠪᠡᠷᠢ᠎ᠶ᠋ᠢᠨ ᠺᠠᠮᠧᠷᠠ᠎ᠶ᠋ᠢᠨ ᠠᠦ᠋ᠲ᠋ᠣ᠋ ᠲᠥᠪᠯᠡᠷᠡᠯ᠎ᠦᠨ ᠮᠣᠲ᠋ᠣᠷ᠎ᠤᠨ ᠬᠦᠷᠢᠶᠡᠨ᠎ᠳᠡᠬᠢ ᠭᠠᠭ᠍ᠴᠠᠭᠠᠷ ᠡᠵᠡᠮᠱᠢᠯ᠎ᠢ ᠡᠪᠳᠡᠪᠡ᠃ ᠤᠮᠠᠷᠠᠲᠤ ᠣᠷᠣᠨ᠎ᠤ 《ᠠᠭᠤᠷᠬᠠᠶ᠎ᠳᠤ ᠬᠡᠷᠡᠭᠯᠡᠬᠦ ᠵᠢᠯᠣᠭᠣᠴᠢ ᠥᠬᠡᠶ ᠵᠢᠴᠢ ᠠᠦ᠋ᠲ᠋ᠣ᠋ ᠲᠡᠭᠡᠭᠡᠪᠦᠷᠢ᠎ᠶ᠋ᠢᠨ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ》 ᠨᠢ ᠭᠠᠳᠠᠭᠠᠳᠤ᠎ᠠᠴᠠ ᠣᠷᠣᠭᠤᠯᠤᠭ᠍ᠰᠠᠨ ᠠᠳᠠᠯᠢ ᠲᠥᠷᠥᠯ᠎ᠦᠨ ᠦᠶ᠋ᠯᠡᠳᠬᠦᠨ᠎ᠦ ᠮᠡᠷᠭᠡᠵᠢᠯ ᠪᠠ ᠦᠨ᠎ᠡ ᠬᠠᠩᠰᠢ᠎ᠶ᠋ᠢᠨ ᠬᠤᠤᠰ ᠭᠠᠬᠴᠠᠭᠠᠷ ᠡᠵᠡᠮᠰᠢᠯ᠎ᠢ ᠡᠪᠳᠡᠪᠡ᠃ ᠶᠢᠩ ᠰᠧ ᠲᠧ ᠬᠣᠪᠣᠷ ᠰᠣᠷᠢᠨᠵᠢᠨ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠵᠢᠨ ᠮᠧᠩ ᠬᠣᠶ ᠰᠣᠷᠢᠨᠵᠢᠨ ᠵᠡᠷᠭᠡ ᠠᠵᠤ ᠠᠬᠤᠢᠯᠠᠯ᠎ᠤᠨ ᠦᠶ᠋ᠯᠡᠳᠬᠦᠨ᠎ᠨᠢ ᠨᠢᠭᠡᠨᠲᠡ ᠠᠯᠮᠤᠷᠠᠳ᠂ ᠬᠤᠸᠠ ᠸᠧᠶ ᠂ ᠰᠠᠨ ᠱᠢᠩ ᠵᠡᠷᠭᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠡᠭᠡᠳᠦ ᠲᠠᠰ᠎ᠤᠨ ᠦᠢᠯᠡᠴᠢᠯᠡᠬᠦ ᠡᠳᠡᠭᠡᠳ᠎ᠲᠦ ᠬᠠᠩᠭᠠᠬᠤ ᠪᠣᠯᠪᠠ᠃

ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠬᠢ ᠪᠠᠶᠠᠯᠢᠭ ᠪᠠ ᠱᠢᠨ᠎ᠡ᠎ᠶ᠋ᠢ ᠡᠭᠦᠳᠬᠦ᠌ ᠡᠯᠧᠮᠧᠨ᠋ᠲ᠎ᠤᠨ ᠬᠤᠷᠠᠮᠳᠤᠯ᠂ ᠣᠷᠣᠨ ᠪᠦᠰᠡ᠎ᠶ᠋ᠢᠨ ᠠᠵᠤ ᠦᠢᠯᠡᠰ᠎ᠦᠨ ᠭᠣᠣᠯᠯᠠᠬᠤ ᠦᠷᠢᠰᠦᠯᠳᠦᠬᠦ᠌ ᠬᠦᠴᠦᠨ ᠢᠯᠡᠳᠲᠡ ᠳᠡᠭᠡᠭ᠌ᠰᠢᠯᠡᠵᠦ᠍᠂ ᠳᠡᠭᠡᠳᠦ ᠲᠡᠰ᠎ᠤᠨ᠂ ᠣᠶᠤᠨᠴᠢ᠂ ᠪᠣᠬᠢᠷᠲᠤᠯ ᠦᠭᠡᠢ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ ᠶᠠᠭ ᠲᠦᠷᠭᠡᠨ ᠪᠦᠷᠢᠯᠳᠦᠵᠦ᠍ ᠪᠠᠢᠨ᠎ᠠ᠃ ᠣᠳᠣᠬᠠᠨ ᠪᠣᠯᠲᠠᠯ᠎ᠠ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠲᠠᠪᠴᠠᠩ ᠨᠡᠢᠲᠡ 200 ᠭᠠᠷᠤᠶ ᠪᠣᠯᠵᠣ᠂ ᠣᠢᠷ᠎ᠠ᠎ᠶ᠋ᠢᠨ 5 ᠵᠢᠯ᠎ᠳᠦ 53 % ᠎ᠪᠠᠷ ᠨᠡᠮᠡᠭ᠌ᠳᠡᠵᠦ᠍᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ 400 ᠎ᠶ᠋ᠢ ᠳᠠᠪᠠᠵᠤ᠂ ᠣᠢᠷ᠎ᠠ᠎ᠶ᠋ᠢᠨ 5 ᠵᠢᠯ᠎ᠳᠦ 62 % ᠎ᠵᠢᠡᠷ ᠨᠡᠮᠡᠭ᠌ᠳᠡᠪᠡ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠡᠢᠲᠡᠯᠡᠭ᠌ᠰᠡᠨ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠠᠩᠨᠠᠯ᠎ᠤᠨ ᠨᠡᠷᠡᠰ᠎ᠦᠨ ᠳᠣᠲᠣᠷ᠎ᠠ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ 12 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ ᠨᠢ ᠱᠢᠷᠢᠰ ᠱᠠᠩᠨᠠᠯ ᠭᠥᠷᠳᠡᠪᠡ᠂ ᠡᠭᠦᠨ᠎ᠳᠦ ᠨᠢᠭᠡᠳᠦᠭᠡᠷ ᠳᠡᠰ᠎ᠤᠨ ᠱᠠᠩᠨᠠᠯ 4᠂ ᠬᠣᠶᠠᠳᠤᠭᠠᠷ ᠳᠡᠰ᠎ᠤᠨ ᠱᠠᠩᠨᠠᠯ 8 ᠪᠣᠶ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ ᠪᠣᠯᠤᠨ ᠬᠦᠲᠦᠯᠦᠨ ᠳᠠᠭᠠᠭᠤᠯᠬᠤ ᠦᠢᠯᠡᠳᠦᠯ ᠶᠠᠭ ᠲᠠᠰᠤᠷᠠᠯᠲᠠ ᠦᠭᠡᠢ ᠲᠤᠪᠤᠢ᠌ᠮ᠎ᠠ ᠢᠯᠡᠷᠡᠵᠦ᠍᠂ 300 ᠭᠠᠷᠤᠢ ᠵᠦᠢᠯ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠣᠨᠳᠣᠣᠱᠢᠭᠤᠯᠬᠤ᠎ᠶ᠋ᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号