ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ ᠤᠷᠤᠭ᠍ᠰᠢᠯᠠᠨ ᠳᠠᠪᠱᠢᠬᠤ ᠬᠦᠴᠦᠨ᠎ᠢ ᠬᠥᠭ᠌ᠵᠢᠭᠡᠨ᠎ᠡ
2025-10-31 11:36:53
ᠵᠣᠬᠢᠶᠠᠭ᠍ᠴᠢ᠄
​ ᠰᠥᠩ ᠱᠤᠸᠠᠩ ᠪᠠᠢ ᠳ᠋ᠠᠨ ᠭᠣᠸ᠋ ᠮᠢᠨ ᠨᠠ ᠪᠠᠶᠠᠰᠬᠤᠯᠠᠩ ᠰᠢᠦᠸᠠᠢ ᠯᠠᠢ ᠬᠤᠤ ᠪᠢᠶᠣᠣ
ᠣᠩᠱᠢᠭ᠍ᠰᠠᠨ ᠣᠳᠠᠭ᠎ᠠ᠄
★★★☆☆

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠤᠬᠠᠭᠤᠯᠤᠨ ᠲᠠᠢᠯᠪᠦᠷᠢᠯᠠᠯᠲᠠ ᠥᠪᠥᠷ ᠮᠣᠩᠭᠣᠯ᠎ᠳᠤ ᠴᠢᠩᠭ᠎ᠠ ᠲᠤᠰᠭᠠᠯ ᠭᠠᠷᠪᠠ


10 ᠰᠠᠷ᠎ᠠ᠎ᠶ᠋ᠢᠨ 30 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠣᠷᠣᠨ᠎ᠳᠤ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠯᠲᠠ᠎ᠶ᠋ᠢ ᠰᠣᠨᠣᠰᠤᠭ᠍ᠰᠠᠨ᠎ᠤ ᠲᠠᠷᠠᠭ᠎ᠠ᠂ ᠥᠷᠭᠡᠨ ᠤᠯᠠᠨ ᠺᠠᠳ᠋ᠷ ᠤᠯᠠᠨ ᠲᠦᠮᠡᠨ᠂ ᠨᠠᠮ᠎ᠤᠨ ᠲᠥᠪ ᠬᠤᠷᠢᠶ᠎ᠠ ᠵᠢᠨ ᠱᠠᠭᠠᠷᠳᠠᠯᠭ᠎ᠠ ᠶᠣᠰᠣᠭᠠᠷ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ᠎ᠤᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢᠶᠠᠷ᠂ ᠪᠦᠬᠦᠳᠠ ᠬᠤᠷᠠᠯ᠎ᠡᠴᠡ ᠵᠢᠷᠤᠭ᠍ᠯᠠᠭ᠍ᠰᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠯᠠᠪᠳᠠᠭᠤᠨ ᠪᠠᠲᠤᠲᠠᠢ ᠪᠡᠷ ᠬᠤᠪᠢᠷᠠᠭᠤᠯᠤᠨ᠎ᠠ ᠭᠡᠵᠦ᠍ ᠢᠯᠡᠳᠭᠡᠵᠡᠭᠡᠪᠡ᠃

《ᠤᠬᠠᠭᠤᠯᠤᠨ ᠲᠠᠢᠯᠪᠤᠷᠢᠯᠠᠯᠲᠠ ᠵᠢᠨ ᠠᠭᠤᠯᠭ᠎ᠠ᠎ᠶ᠋ᠢᠨ ᠵᠣᠭ᠍ᠰᠣᠴᠠ ᠠᠯᠤᠰ ᠬᠡᠳᠤ ᠵᠢᠨ᠂ ᠭᠣᠣᠯ ᠰᠡᠳᠦᠪ ᠲᠣᠳᠣᠷᠬᠠᠢ᠂ ᠱᠢᠰᠲᠸᠮ ᠪᠦᠷᠢᠨ ᠪᠦᠲᠦᠨ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠤᠢ᠍ᠢᠯᠠᠭᠠᠨ ᠡᠵᠡᠮᠱᠢᠬᠦ᠌᠎ᠳᠦ ᠴᠢᠬᠤᠯᠠ ᠵᠢᠯᠣᠭᠣᠳᠭᠤ ᠦᠢᠯᠡᠳᠦᠯ᠎ᠲᠡᠶ ᠪᠤᠯᠵᠠᠢ》᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠤᠯᠤᠨ ᠲᠤᠭ᠎ᠠ ᠪᠠᠷᠢᠮᠳᠠ ᠵᠢᠨ ᠬᠠᠮᠢᠶᠠᠷᠤᠯᠲᠠ ᠵᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠰᠣ᠌ ᠬᠠᠶ ᠂ ᠪᠥᠬᠥ᠌ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠤᠯᠤᠨ ᠲᠤᠭ᠎ᠠ ᠪᠠᠷᠢᠮᠳᠠ ᠵᠢᠨ ᠬᠠᠮᠢᠶᠠᠷᠤᠯᠲᠠ ᠵᠢᠨ ᠱᠢᠰᠲ᠋ᠧᠮ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠰᠠᠢᠲᠤᠷ ᠤᠬᠠᠭᠤᠯᠵᠤ ᠰᠠᠢᠲᠤᠷ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠲᠣᠭᠠᠴᠢᠯᠠᠭᠰᠠᠨ ᠥᠪᠥᠷ ᠮᠣᠩᠭᠣᠯ᠂ ᠲᠣᠭᠠᠴᠢᠯᠠᠭ᠍ᠰᠠᠨ ᠠᠵᠤ ᠠᠬᠤᠶ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠵᠤ᠂ ᠪᠤᠳᠤᠯᠲᠠ ᠵᠢᠨ ᠬᠦᠴᠦᠨ᠎ᠦ ᠲᠣᠭ᠎ᠠ ᠪᠠᠷᠢᠮᠲᠠ᠎ᠶ᠋ᠢᠨ ᠰᠠᠭᠤᠷᠢ ᠲᠥᠬᠥᠭᠡᠷᠦᠮᠵᠢ᠂ ᠵᠣᠬᠢᠶᠠᠮᠠᠯ ᠤᠶᠤᠨ ᠴᠢᠳᠠᠪᠦᠷᠢ᠂ ᠲᠣᠭᠠᠴᠢᠯᠠᠭ᠍ᠰᠠᠨ ᠤᠯᠠᠨ ᠨᠡᠢᠲᠡ᠎ᠶ᠋ᠢᠨ ᠦᠢᠯᠡᠴᠢᠯᠡᠭᠡ᠂ ᠰᠦᠯᠵᠢᠶ᠎ᠡ ᠪᠣᠯᠤᠨ ᠲᠣᠭ᠎ᠠ ᠪᠠᠷᠢᠮᠲᠠ᠎ᠶ᠋ᠢᠨ ᠠᠮᠤᠷ ᠲᠦᠪᠱᠢᠨ᠎ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠵᠡᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠤ ᠨᠢᠭᠡ ᠪᠦᠯᠦᠭ ᠨᠡᠪᠴᠢᠯᠲᠡ᠎ᠶ᠋ᠢᠨ ᠴᠢᠨᠠᠷ᠂ ᠬᠦᠲᠦᠯᠦᠯᠨ ᠲᠠᠭᠠᠭᠤᠯᠬᠤ ᠴᠢᠨᠠᠷ᠂ ᠳᠠᠢᠴᠢᠯᠠᠬᠤ ᠴᠢᠨᠠᠷ᠎ᠢᠶᠠᠷ ᠴᠢᠩᠭ᠎ᠠ ᠴᠢᠬᠤᠯᠠ ᠶᠡᠬᠡ ᠲᠥᠷᠥᠯ ᠵᠦᠢᠯ᠎ᠢ ᠤᠬᠠᠭᠠᠯᠠᠨ ᠲᠦᠯᠦᠪᠯᠡᠵᠦ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠪᠡᠶᠡᠯᠡᠭᠦᠯᠬᠦ᠌》᠂《ᠨᠢᠭᠡ ᠬᠦᠰᠦᠨᠦᠭ᠌ᠲᠦ᠍᠎ᠪᠡᠷ ᠨᠡᠪᠲᠡᠷᠡᠭᠦᠯᠬᠦ᠌》᠂ 《ᠮᠡᠳᠡᠭᠡ ᠵᠠᠩᠭᠢ᠎ᠶ᠋ᠢᠨ ᠱᠢᠰᠲ᠋ᠧᠮ᠎ᠢ ᠨᠡᠢᠳᠭᠡᠬᠦ》 ᠪᠤᠭᠤᠮᠲᠠ ᠰᠢᠪᠲᠤᠯᠬᠤ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠥᠭᠡᠷᠡᠴᠢᠯᠡᠯᠲᠡ᠎ᠶ᠋ᠢᠨ ᠠᠷᠭ᠎ᠠ᠂ ᠱᠢᠨ᠎ᠡ᠎ᠶ᠋ᠢ ᠡᠭᠦᠳᠬᠦ ᠠᠷᠭ᠎ᠠ ᠬᠡᠮᠵᠢᠶ᠎ᠡ ᠪᠡᠷ ᠲᠦᠭ᠌ᠵᠢᠷᠡᠯ ᠪᠤᠭᠤᠮᠢ ᠬᠦᠴᠢᠷ ᠠᠰᠠᠭᠤᠳᠠᠯ᠎ᠢ ᠱᠢᠢᠳᠪᠦᠷᠢᠯᠡᠵᠦ᠂ ᠯᠢᠩ ᠬᠠᠩ ᠪᠤᠳᠤᠯᠲᠠ ᠵᠢᠨ ᠬᠦᠴᠦᠨ᠎ᠦ ᠲᠥᠷᠥᠯ ᠵᠦᠶ᠋ᠯ᠎ᠤᠨ ᠠᠷᠠᠯᠵᠢᠶᠠᠴᠢᠨ ᠤᠷᠢᠬᠤ ᠵᠢ ᠠᠳᠭᠤᠵᠤ᠂ ᠴᠢᠬᠤᠯᠠ ᠶᠡᠬᠡ ᠲᠥᠷᠥᠯ ᠵᠦᠢᠯ᠎ᠢ ᠬᠢᠨᠠᠨ ᠵᠥᠪᠱᠢᠶᠡᠷᠡᠬᠦ᠌᠎ᠶ᠋ᠢ ᠱᠢᠯᠢᠳᠡᠭ᠌ᠵᠢᠭᠦᠯᠬᠦ᠌᠎ᠶ᠋ᠢ ᠠᠳᠭᠤᠵᠤ᠂ ᠣᠷᠣᠨ ᠪᠦᠰᠡ᠎ᠶ᠋ᠢᠨ ᠲᠣᠭᠠᠴᠢᠯᠠᠭ᠍ᠰᠠᠨ ᠬᠠᠮᠲᠤᠷᠠᠯᠴᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠵᠢ ᠠᠳᠬᠤᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ ᠡᠴᠡ ᠵᠢᠷᠤᠭᠯᠠᠭᠰᠠᠨ ᠱᠢᠨ᠎ᠡ ᠵᠢᠷᠤᠭ ᠲᠥᠰᠦᠪ᠎ᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠤᠯᠤᠨ ᠲᠤᠭ᠎ᠠ ᠪᠠᠷᠢᠮᠳᠠ ᠵᠢᠨ ᠬᠠᠮᠢᠶᠠᠷᠤᠯᠲᠠ ᠵᠢᠨ  ᠬᠦᠴᠦᠨ ᠴᠢᠳᠠᠯ᠎ᠢᠶᠠᠨ ᠡᠷᠭᠦᠨ᠎ᠡ ᠭᠡᠵᠦ ᠲᠠᠨᠢᠯᠴᠠᠭᠤᠯᠪᠠ᠃

ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠳᠡᠳ᠋ ᠵᠠᠬᠢᠷᠤᠯ ᠳᠦ ᠹᠸᠩ ᠯᠢᠶᠠᠨ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠭᠰᠠᠨ ᠠᠭᠤᠯᠭ᠎ᠠ ᠨᠢ ᠪᠦᠬᠦ ᠲᠠᠯ᠎ᠠ᠎ᠶᠢᠨ᠂ ᠲᠠᠢᠯᠤᠮᠵᠢ ᠨᠢ ᠲᠤᠳᠤᠷᠬᠠᠢ ᠪᠠᠢᠵᠤ᠂ ᠰᠣᠨᠣᠰᠤᠭᠠᠳ  《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠶᠡᠷᠦ ᠪᠤᠰᠤ᠎ᠶᠢᠨ ᠠᠮᠵᠢᠯᠲᠠ᠎ᠳᠤ ᠣᠮᠣᠭᠰᠢᠭᠰᠠᠨ᠎ᠵᠢᠡᠷ ᠪᠠᠷᠠᠬᠤ ᠦᠭᠡᠢ᠂ ᠪᠠᠰᠠ《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠤ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠢᠲᠡᠭᠡᠯ ᠲᠡᠭᠦᠯᠳᠡᠷ ᠪᠤᠯᠪᠠ᠃ ᠨᠢᠭᠡᠨ ᠰᠤᠷᠭᠠᠨ ᠬᠥᠮᠦᠵᠢᠯ᠎ᠦᠨ ᠠᠵᠢᠯᠲᠠᠨ ᠪᠣᠯᠤᠭᠰᠠᠨ᠎ᠤ ᠬᠤᠪᠢ᠎ᠳᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠨᠢᠭᠡ ᠴᠣᠭᠴᠠᠵᠢᠭᠤᠯᠤᠨ ᠠᠬᠢᠭᠤᠯᠬᠤ ᠵᠡᠷᠭᠡ ᠪᠠᠢᠷᠢᠯᠠᠭᠤᠯᠤᠯᠲᠠ᠎ᠶᠢ ᠠᠩᠬᠠᠷᠤᠭᠰᠠᠭᠠᠷ ᠢᠷᠡᠪᠠ᠂ ᠬᠣᠢᠰᠢᠳᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ ᠳᠤᠮᠳᠠ᠂ ᠲᠤᠰᠬᠠᠢ ᠮᠡᠷᠭᠡᠵᠢᠯ ᠪᠠ ᠰᠢᠨᠵᠢᠯᠡᠭᠡᠨ᠎ᠦ ᠰᠠᠯᠠᠭ᠎ᠠ᠎ᠶᠢ ᠬᠥᠳᠡᠯᠦᠩᠭᠦᠢ᠎ᠪᠡᠷ ᠲᠣᠬᠢᠷᠠᠭᠤᠯᠤᠨ ᠰᠢᠯᠢᠳᠡᠭᠵᠢᠭᠦᠯᠬᠦ᠎ᠶᠢ ᠨᠠᠩ ᠴᠢᠬᠤᠯᠠᠴᠢᠯᠠᠵᠤ᠂ ᠴᠢᠳᠠᠪᠤᠷᠢᠲᠠᠨ ᠬᠥᠮᠥᠵᠢᠭᠦᠯᠬᠦ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ᠎ᠶᠢ ᠴᠢᠩᠭᠠᠳᠬᠠᠵᠤ᠂ ᠴᠢᠳᠠᠪᠤᠷᠢᠲᠠᠨ ᠬᠥᠮᠥᠵᠢᠭᠦᠯᠬᠦ ᠠᠵᠤ ᠦᠢᠯᠡᠰ᠎ᠦᠨ ᠲᠣᠬᠢᠷᠠᠮᠵᠢᠲᠠᠢ ᠬᠡᠮᠵᠢᠶ᠎ᠡ᠎ᠶᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠳᠡᠮᠵᠢᠯᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠡᠮᠵᠢᠯᠭᠡ ᠬᠠᠩᠭᠠᠵᠤ᠂ ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠶᠡᠬᠡ ᠳᠡᠭᠡᠳᠦ ᠰᠤᠷᠭᠠᠭᠤᠯᠢ᠎ᠶᠢᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

《ᠤᠬᠠᠭᠤᠯᠤᠨ ᠲᠠᠢᠯᠪᠤᠷᠢᠯᠠᠯᠲᠠ ᠵᠢᠨ ᠰᠢᠰᠲᠧᠮ ᠨᠢ ᠪᠦᠬᠦ ᠲᠠᠯ᠎ᠠ᠎ᠶᠢᠨ᠂ ᠭᠣᠣᠯᠳᠠᠯᠭ᠎ᠠ ᠨᠢ ᠲᠣᠪᠣᠢᠮ᠎ᠠ ᠪᠠᠢᠵᠤ᠂ ᠤᠨᠤᠯ᠎ᠤᠨ ᠥᠨᠳᠥᠷᠴᠡ ᠲᠠᠢ ᠪᠥᠭᠡᠳ ᠪᠠᠰᠠ ᠪᠣᠳᠠᠲᠠᠢ᠎ᠲᠠᠢ ᠣᠶ᠋ᠢᠷᠠᠳᠴᠤ᠂ ᠨᠠᠮ᠎ᠠ ᠵᠢ ᠪᠦᠬᠦᠲᠠ ᠬᠤᠷᠠᠯ᠎ᠤᠨ ᠵᠣᠷᠢᠭ᠋ ᠰᠠᠨᠠᠭ᠎ᠠ᠎ᠳᠤ ᠨᠡᠩ ᠪᠦᠬᠦ ᠲᠠᠯ᠎ᠠ᠎ᠶᠢᠨ ᠣᠢᠯᠠᠭᠠᠯᠲᠠ᠎ᠲᠠᠢ ᠪᠤᠯᠭᠠᠵᠠᠢ》᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠠᠰᠫᠢᠷᠠᠨᠲ ᠰᠢᠩ ᠰᠢᠨ ᠢᠦᠢ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠭᠣᠣᠯ ᠠᠭᠤᠯᠭ᠎ᠠ᠎ᠶᠢ ᠡᠵᠡᠮᠳᠡᠨ᠂ ᠬᠠᠮᠲᠤ ᠰᠤᠷᠤᠭᠴᠢᠳ ᠲᠠᠭᠠᠨ ᠢᠳᠡᠪᠬᠢᠲᠡᠢ᠎ᠪᠡᠷ ᠤᠬᠠᠭᠤᠯᠤᠨ ᠲᠠᠢᠯᠪᠤᠷᠢᠯᠠᠵᠤ᠂ ᠬᠠᠮᠲᠤ ᠰᠤᠷᠤᠭᠴᠢᠳ ᠲᠠᠢ ᠪᠠᠨ ᠬᠠᠮᠲᠤ ᠤᠬᠠᠮᠰᠠᠷ᠎ᠡᠴᠡ᠎ᠪᠠᠨ ᠬᠤᠪᠢ ᠬᠥᠮᠥᠨ᠎ᠦ ᠦᠰᠦᠨ ᠪᠣᠶ᠋ᠢᠵᠢᠯᠲᠠ᠎ᠪᠠᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠠᠭᠤᠰᠤᠯᠴᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃

ᠬᠢᠩᠭᠠᠨ ᠠᠢᠮᠠᠭ᠎ᠤᠨ ᠨᠠᠮ᠎ᠤᠨ ᠬᠤᠷᠢᠶ᠎ᠠ᠎ᠶᠢᠨ ᠯᠸᠺᠲ᠋ᠤᠷ᠎ᠤᠨ ᠪᠦᠯᠬᠦᠮ᠎ᠦᠨ ᠺᠠᠳ᠋ᠷ ᠴᠧᠨ ᠱᠤᠸᠠᠢ ᠹᠠᠩ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠭ᠎ᠠ ᠡᠯᠪᠡᠭ᠂ ᠭᠦᠨᠵᠡᠭᠡᠢ ᠨᠡᠪᠲᠡᠷᠬᠡᠢ ᠪᠠᠢᠵᠤ᠂ ᠪᠢᠳᠡᠨ᠎ᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠣᠢᠯᠠᠭᠠᠯᠲᠠ ᠪᠠ ᠡᠵᠡᠮᠱᠢᠯ᠎ᠢᠶᠡᠨ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠳᠦ ᠲᠤᠰᠠᠯᠠᠮᠵᠢ ᠪᠤᠯᠵᠠᠢ᠃ ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠢᠩᠭᠠᠨ ᠠᠢᠮᠠᠭ᠎ᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠵᠣᠬᠢᠶᠠᠨ ᠪᠠᠢᠭᠤᠯᠤᠨ ᠥᠷᠨᠢᠭᠦᠯᠵᠦ᠍᠂ ᠡᠯ᠎ᠡ ᠱᠠᠲᠤᠨ᠎ᠤ ᠣᠨᠣᠯ᠎ᠤᠨ ᠤᠬᠠᠭᠤᠯᠤᠨ ᠲᠠᠢᠯᠪᠤᠷᠢᠯᠠᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠦᠨᠳᠦᠰᠦᠨ ᠱᠠᠲᠤᠨ᠎ᠤ ᠬᠥᠭ᠌ᠵᠢᠯᠲᠡ᠎ᠶ᠋ᠢᠨ ᠦᠶ᠋ᠯᠡᠳᠦᠯᠭᠡ᠎ᠶ᠋ᠢᠨ ᠳᠤᠮᠳᠠᠬᠢ ᠠᠮᠢᠳᠤᠯᠢᠭ ᠵᠢᠱ᠌ᠢᠶ᠎ᠡ᠂ ᠣᠯᠠᠨ ᠲᠦᠮᠡᠨ᠎ᠦ ᠳᠡᠷᠭᠡᠳᠡᠬᠢ ᠠᠮᠢᠳᠤᠯᠢᠭ ᠥᠯᠢᠭᠡᠷ᠎ᠲᠡᠶ ᠤᠶᠠᠯᠳᠤᠭᠤᠯᠤᠨ᠂ ᠲᠥᠬᠥᠮ ᠣᠢᠯᠠᠭᠠᠮᠵᠢᠲᠠᠶ ᠦᠭᠡ᠎ᠪᠡᠷ ᠨᠠᠮ᠎ᠤᠨ ᠲᠥᠪ ᠬᠤᠷᠢᠶ᠎ᠠ᠎ᠶᠢᠨ ᠵᠣᠷᠢᠭ ᠰᠠᠨᠠᠭ᠎ᠠ᠎ᠶ᠋ᠢ ᠭᠦᠨᠵᠡᠭᠡᠶ ᠪᠥᠭᠡᠳ ᠣᠢᠯᠠᠭᠠᠮᠵᠢᠲᠠᠶ ᠶᠠᠷᠢᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠩᠭᠠᠨ ᠠᠢᠮᠠᠭ᠎ᠤᠨ ᠡᠬᠡ ᠭᠠᠵᠠᠷ᠎ᠲᠤ ᠦᠨᠳᠦᠰᠦᠯᠡᠭᠦᠯᠦᠨ ᠴᠡᠴᠡᠭ᠌ᠯᠡᠭᠦᠯᠵᠦ᠍ ᠵᠢᠮᠢᠰᠯᠡᠭᠦᠯᠬᠦ᠌᠎ᠶ᠋ᠢ ᠠᠬᠢᠭᠤᠯᠤᠨ᠎ᠠ》 ᠭᠡᠪᠡ᠃

ᠱᠢᠯᠢ᠎ᠶ᠋ᠢᠨ ᠭᠣᠣᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠵᠢᠨ ᠯᠢᠶᠠᠩ᠄ 《ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠤᠨᠤᠯ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠬᠤᠷᠠᠯ ᠡᠴᠡ ᠳᠤᠷᠠᠳᠤᠭ᠍ᠰᠠᠨ 〈ᠠᠷᠪᠠᠨ ᠲᠠᠪᠤᠳᠤᠭᠠᠷ ᠲᠠᠪᠤᠨ ᠵᠢᠯ〉ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠥᠭ᠌ᠵᠢᠯᠲᠡ᠎ᠶ᠋ᠢᠨ ᠬᠠᠷᠠᠯᠲᠠ ᠪᠣᠯᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠣᠨᠣᠪᠴᠢᠲᠠᠢ ᠡᠵᠡᠮᠳᠡᠬᠦ᠌᠎ᠪᠡᠷ ᠪᠠᠷᠠᠬᠤ ᠦᠭᠡᠢ᠂ ᠨᠡᠩ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠵᠤ᠂ ᠡᠭᠦᠨ᠎ᠦ ᠤᠴᠢᠷ ᠱᠢᠯᠲᠠᠭᠠᠨ᠎ᠢ ᠮᠡᠳᠡᠬᠦ᠌ ᠬᠡᠷᠡᠭ᠌ᠲᠡᠢ᠃ ᠰᠤᠷᠤᠯᠴᠠᠨ ᠮᠡᠳᠡᠬᠦ ᠨᠡᠪᠲᠡᠷᠡᠲᠡᠯ᠎ᠡ ᠣᠢᠯᠠᠭᠠᠭ᠍ᠰᠠᠨ ᠰᠠᠭᠤᠷᠢᠨ ᠳᠡᠭᠡᠷ᠎ᠡ ᠨᠠᠷᠢᠨ ᠨᠢᠮᠪᠠᠶ ᠬᠢᠴᠢᠶᠡᠯ ᠪᠡᠯᠡᠳᠭᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠴᠢᠶᠡᠯ᠎ᠦᠨ ᠲᠠᠩᠬᠢᠮ᠎ᠳᠤ ᠣᠷᠣᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠠᠢᠮᠠᠭ᠎ᠤᠨ ᠨᠠᠮ᠎ᠤᠨ ᠬᠤᠷᠢᠶ᠎ᠠ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠪᠢ 〈ᠣᠨᠣᠯ + ᠨᠡᠢᠲᠡᠯᠢᠭ ᠬᠡᠷᠡᠭ᠎ᠦᠨ ᠵᠢᠱ᠌ᠢᠶ᠎ᠡ + ᠨᠠᠷᠢᠯᠢᠭ ᠣᠨᠣᠪᠴᠢᠲᠠᠶ ᠲᠣᠭ᠎ᠠ ᠪᠠᠷᠢᠮᠲᠠ〉ᠶ᠋ᠢᠨ ᠲᠠᠢᠯᠪᠤᠷᠢᠯᠠᠨ ᠵᠢᠭᠠᠬᠤ ᠠᠷᠭ᠎ᠠ ᠬᠡᠯᠪᠡᠷᠢ᠎ᠪᠡᠷ᠂ ᠬᠤᠪᠢᠶᠠᠷᠢᠯᠠᠭ᠍ᠰᠠᠨ᠂ ᠬᠠᠨᠳᠤᠯᠭᠠᠴᠢᠯᠠᠭᠰᠠᠨ᠂ ᠬᠤᠷᠰᠢᠯᠴᠠᠭᠰᠠᠨ ᠤᠬᠠᠭᠤᠯᠤᠨ ᠲᠠᠢᠯᠪᠤᠷᠢᠯᠠᠯᠲᠠ ᠥᠷᠨᠢᠭᠦᠯᠦᠨ᠎ᠡ》 ᠭᠡᠵᠦ ᠢᠯᠡᠳᠬᠡᠪᠡ᠃

《ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ ᠨᠢ ᠪᠢᠳᠡᠨ᠎ᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠵᠥᠪ ᠣᠨᠣᠪᠴᠢᠲᠠᠶ ᠭᠦᠨᠵᠡᠭᠡᠶ ᠰᠤᠷᠤᠯᠴᠠᠵᠤ᠂ ᠪᠥᠬᠥᠳᠡ ᠬᠤᠷᠠᠯ ᠡᠴᠡ ᠵᠢᠷᠤᠭ᠍ᠯᠠᠭ᠍ᠰᠠᠨ ᠬᠥᠭ᠌ᠵᠢᠯᠲᠡ᠎ᠶ᠋ᠢᠨ ᠱᠢᠨ᠎ᠡ ᠠᠯᠤᠰ᠎ᠤᠨ ᠲᠥᠰᠦᠪ᠎ᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠱᠢᠨ᠎ᠡ ᠦᠶ᠋ᠯᠡᠳᠦᠯᠭᠡ ᠪᠣᠯᠭᠠᠨ ᠤᠨᠳᠤᠤᠰᠢᠭᠤᠯᠬᠤ᠎ᠳᠤ ᠠᠱᠢᠭ᠍ᠲᠠᠶ ᠶᠤᠮ》᠃ ᠪᠠᠶᠠᠨᠨᠠᠭᠤᠷ ᠬᠤᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠵᠢᠶᠠ ᠫᠸᠢ ᠱᠢᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠣᠯᠤᠨ ᠠᠵᠤ ᠦᠢᠯᠡᠰ᠎ᠦᠨ ᠱᠢᠨ᠎ᠡ ᠵᠢ ᠡᠭᠦᠳᠬᠦ᠎ᠶ᠋ᠢᠨ ᠭᠦᠨᠵᠡᠭᠡᠢ ᠠᠭᠤᠰᠤᠯᠴᠠᠯ᠎ᠢ ᠲᠦᠷᠭᠡᠳᠭᠡᠨ ᠠᠬᠢᠭᠤᠯᠵᠤ᠂ ᠠᠮᠢ ᠠᠬᠤᠢ᠎ᠶ᠋ᠢᠨ ᠲᠠᠷᠢᠶᠠᠯᠠᠩ ᠮᠠᠯ ᠠᠵᠤ ᠠᠬᠤᠢ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠵᠡᠷᠭᠡ ᠳᠠᠪᠠᠭᠤᠯᠢᠭ ᠤᠨᠴᠠᠯᠢᠬ᠍ᠳᠤ ᠠᠵᠤ ᠦᠢᠯᠡᠰ ᠪᠣᠯᠤᠨ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠨᠡᠢᠯᠡᠮᠡᠯ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠴᠢᠬᠤᠯᠠ ᠶᠡᠬᠡ ᠲᠦᠷᠦᠯ ᠵᠦᠢᠯ᠂ ᠱᠢᠨ᠎ᠡ᠎ᠶ᠋ᠢ ᠡᠭᠦᠳᠬᠦ᠌ ᠲᠠᠪᠴᠠᠩ᠂ ᠱᠢᠨ᠎ᠡ᠎ᠶ᠋ᠢ ᠡᠭᠦᠳᠬᠦ᠌ ᠴᠢᠳᠠᠪᠤᠷᠢᠲᠠᠨ ᠵᠡᠷᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠬᠢ ᠪᠠᠶᠠᠯᠢᠭ᠎ᠤᠨ ᠡᠯᠧᠮᠧᠨ᠋ᠲ᠎ᠢ ᠨᠢᠭᠡ ᠴᠤᠬ᠍ᠴᠠᠵᠢᠭᠤᠯᠤᠨ ᠪᠠᠢᠷᠢᠱᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠣᠨᠴᠠᠯᠢᠭ᠎ᠲᠠᠶ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠪᠣᠢᠵᠢᠭᠤᠯᠤᠨ ᠬᠥᠭ᠌ᠵᠢᠭᠦᠯᠬᠦ᠌ ᠬᠡᠷᠡᠭ᠌ᠲᠡᠢ ᠭᠡᠵᠦ᠍ ᠢᠯᠡᠳᠭᠡᠪᠡ᠃

30 ᠤ᠋ ᠦᠳᠡ᠎ᠶᠢᠨ ᠬᠣᠢᠨ᠎ᠠ᠂ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠮᠸᠩ ᠼᠤᠤ ᠠᠮᠢ ᠠᠬᠤᠢ ᠣᠷᠴᠢᠨ ᠲᠣᠭᠣᠷᠢᠨ (ᠪᠦᠯᠦᠭᠯᠡᠯ) ᠤ᠋ ᠬᠤᠪᠢᠴᠠᠭᠠᠲᠦ ᠬᠢᠵᠠᠭᠠᠷᠲᠤ ᠺᠣᠮᠫᠠᠨᠢ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠲᠦ ᠬᠦᠷᠴᠦ ᠤᠬᠠᠭᠤᠯᠤᠨ ᠲᠠᠢᠯᠪᠤᠷᠢᠯᠠᠪᠠ᠃ 《ᠪᠦᠬᠦᠳᠡ ᠬᠤᠷᠠᠯ᠎ᠡᠴᠡ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠭᠦᠯᠬᠦ᠎ᠶᠢ ᠲᠦᠷᠭᠡᠳᠬᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠥᠲᠥᠯᠥᠨ ᠳᠠᠭᠠᠭᠤᠯᠤᠨ᠎ᠠ ᠭᠡᠵᠦ ᠴᠢᠬᠤᠯᠠᠴᠢᠯᠠᠪᠠ᠃ ᠡᠪᠡᠰᠦᠨ᠎ᠦ ᠦᠢᠯᠡᠰ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠭᠰᠠᠨ᠎ᠤ ᠬᠤᠪᠢ᠎ᠳᠤ ᠪᠢ ᠲᠤᠢᠯ᠎ᠢᠶᠠᠷ ᠤᠷᠮᠠᠰᠢᠨ ᠵᠣᠷᠢᠭ᠍ᠵᠢᠵᠤ ᠪᠠᠢᠨ᠎ᠠ᠂ ᠪᠢᠳᠡ ᠲᠠᠯ᠎ᠠ ᠨᠤᠲᠤᠭ᠎ᠤᠨ ᠠᠮᠢ ᠠᠬᠤᠢ᠎ᠶᠢ ᠰᠡᠷᠭᠦᠭᠡᠬᠦ ᠪᠠ ᠮᠠᠯ ᠠᠵᠤ ᠠᠬᠤᠢ᠎ᠶᠢᠨ ᠬᠥᠭᠵᠢᠯᠲᠡ᠎ᠶᠢᠨ ᠬᠦᠴᠢᠷᠳᠡᠯ᠂ ᠲᠦᠭᠵᠢᠷᠡᠯ᠎ᠦᠨ ᠴᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠰᠠᠢᠨ ᠡᠭᠦᠯᠳᠡᠷ᠎ᠢ ᠰᠣᠩᠭᠣᠨ ᠪᠣᠢᠵᠢᠭᠤᠯᠬᠤ᠂ ᠦᠷᠡᠵᠢᠭᠦᠯᠦᠨ ᠪᠣᠢᠵᠢᠭᠤᠯᠬᠤ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠲᠦᠷᠭᠡᠳᠬᠡᠵᠦ᠂ ᠡᠪᠡᠰᠦᠨ᠎ᠤ ᠡᠭᠦᠯᠳᠡᠷ᠎ᠢ〈ᠪᠠᠢᠬᠤ〉ᠡᠴᠡ〈ᠰᠢᠯᠢᠳᠡᠭ〉ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠵᠤ᠂ ᠡᠬᠡ ᠤᠯᠤᠰ᠎ᠤᠨ ᠤᠮᠠᠷᠠᠲᠤ ᠬᠢᠯᠢ᠎ᠶᠢᠨ ᠲᠦᠮᠡᠨ ᠭᠠᠵᠠᠷ᠎ᠤᠨ ᠠᠮᠢ ᠠᠬᠤᠢ ᠵᠢᠨ ᠤᠷᠳᠦ ᠴᠠᠭᠠᠨ ᠬᠡᠷᠡᠮ᠎ᠢ ᠴᠣᠭᠴᠠᠯᠠᠬᠤ᠎ᠳᠤ ᠬᠤᠪᠢ ᠨᠡᠮᠡᠷᠢ᠎ᠪᠡᠨ ᠦᠵᠡᠭᠦᠯᠤᠨ᠎ᠡ》 ᠭᠡᠵᠦ ᠮᠸᠩ ᠼᠤᠤ ᠠᠮᠢ ᠠᠬᠤᠢ ᠤᠷᠴᠢᠨ ᠲᠤᠭᠤᠷᠢᠨ᠎ᠤ ᠬᠤᠪᠢᠴᠠᠭᠠᠲᠦ ᠬᠢᠵᠠᠭᠠᠷᠲᠦ ᠺᠤᠮᠫᠠᠨᠢ ᠵᠢᠨ ᠰᠢᠯᠢᠳᠡᠭ ᠡᠭᠦᠯᠳᠡᠷ᠎ᠦᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠵᠤᠤ ᠸᠧᠢ ᠢᠯᠡᠳᠬᠡᠪᠡ᠃

《ᠰᠤᠷᠲᠠᠯ ᠤᠬᠠᠭᠤᠯᠭ᠎ᠠ᠎ᠶᠢᠨ ᠺᠠᠳ᠋ᠷ ᠪᠣᠯᠤᠭᠰᠠᠨ᠎ᠤ ᠬᠤᠪᠢ᠎ᠳᠤ᠂ ᠪᠢᠳᠡ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠭᠦᠨᠵᠡᠭᠡᠢ ᠰᠢᠰᠲᠧᠮ᠎ᠲᠠᠢ ᠰᠤᠷᠤᠯᠴᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ ᠪᠠ ᠭᠣᠣᠯ ᠠᠭᠤᠯᠭ᠎ᠠ᠎ᠶᠢ ᠴᠢᠷᠮᠠᠢᠨ ᠡᠵᠡᠮᠰᠢᠵᠦ᠂ ᠦᠨᠳᠦᠰᠦᠨ ᠱᠠᠲᠤᠨ᠎ᠳᠤ ᠬᠠᠨᠳᠤᠭᠤᠯᠤᠭᠰᠠᠨ ᠦᠢᠯᠡᠴᠢᠯᠡᠭᠦᠯᠬᠦ᠂ ᠤᠯᠠᠨ ᠲᠦᠮᠡᠨᠴᠢᠯᠡᠬᠦ᠂ ᠬᠤᠷᠰᠢᠯᠴᠠᠬᠤ ᠤᠬᠠᠭᠤᠯᠤᠨ ᠲᠠᠢᠯᠪᠤᠷᠯᠠᠯᠲᠠ ᠵᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠂ ᠤᠯᠠᠨ ᠲᠦᠮᠡᠨ᠎ᠦ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠲᠠᠢ ᠨᠢᠭᠡᠳᠬᠡᠬᠦ᠎ᠶᠢ ᠨᠡᠩ ᠰᠠᠢᠲᠤᠷ ᠠᠬᠢᠭᠤᠯᠤᠨ᠎ᠠ》 ᠭᠡᠵᠦ ᠬᠥᠬᠡᠬᠣᠲᠠ᠎ᠶᠢᠨ ᠰᠢᠨ᠎ᠡ ᠬᠤᠳᠠ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠎ᠳ᠋ᠤᠸᠠᠨ ᠰᠢᠶᠣᠣ ᠮᠢᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号