ᠠᠮᠠᠷᠠᠯᠲᠠ᠎ᠶ᠋ᠢᠨ ᠬᠤᠭᠤᠴᠠᠭᠠᠨ᠎ᠳᠦ᠂ ᠤᠯᠠᠩᠬᠢ ᠬᠦᠮᠦᠰ ᠭᠡᠷ᠎ᠦᠨ ᠬᠥᠮᠦᠰ᠎ᠲᠠᠢ ᠪᠡᠨ ᠬᠠᠮᠳᠦ ᠦᠵᠡᠮᠵᠢ᠎ᠶ᠋ᠢᠨ ᠤᠷᠤᠨ᠎ᠢᠶᠠᠷ ᠲᠣᠭᠣᠷᠢᠵᠤ ᠪᠠᠢᠬᠤ᠎ᠳᠦ ᠪᠠᠰᠠ ᠨᠢᠭᠡ ᠪᠦᠯᠦᠭ ᠬᠥᠮᠦᠰ ᠠᠵᠢᠯ᠎ᠤᠨ ᠪᠠᠢᠷᠢ ᠨᠢ ᠣᠨᠴᠠᠭᠠᠢ ᠡᠴᠡ ᠪᠤᠯᠵᠤ᠂ ᠠᠵᠢᠯ᠎ᠤᠨ ᠪᠠᠢᠷᠢ ᠪᠠᠨ ᠪᠠᠳᠤ ᠰᠠᠬᠢᠵᠦ ᠪᠠᠢᠬᠤ ᠪᠡᠷ ᠪᠠᠷᠠᠬᠤ ᠦᠭᠡᠢ ᠨᠡᠩ ᠶᠠᠭᠠᠷᠠᠤ ᠪᠣᠯᠵᠠᠢ᠃ ᠲᠠᠳᠠ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠱᠢᠷᠭᠠᠭᠤ ᠬᠥᠳᠡᠯᠮᠦᠷᠢ ᠪᠠ ᠲᠠᠭᠤᠨ ᠥᠬᠡᠶ ᠬᠦᠴᠦ᠍ ᠬᠥᠳᠡᠯᠮᠦᠷᠢ᠎ᠪᠡᠷ᠎ᠢᠶᠡᠨ ᠪᠠᠶᠠᠷ᠎ᠤᠨ ᠡᠳᠦᠷ ᠲᠦ᠍ ᠥᠩᠭᠡ ᠪᠤᠳᠤᠭ ᠨᠡᠮᠡᠷᠢᠯᠡᠵᠦ ᠪᠠᠢᠨ᠎ᠠ᠃
ᠪᠠᠶᠠᠷ᠎ᠤᠨ ᠡᠳᠦᠷ᠎ᠦᠨ ᠪᠠᠲᠤ ᠰᠠᠬᠢᠯᠲᠠ ᠨᠢ ᠲᠡᠮᠡᠴᠡᠭ᠌ᠰᠡᠳ᠎ᠦᠨ ᠭᠤᠢᠳᠠ ᠳᠦᠷᠬᠦ ᠵᠢ ᠲᠡᠮᠳᠡᠭ᠌ᠯᠡᠵᠦ᠍ ᠪᠠᠢᠨ᠎ᠠ᠃ ᠪᠤᠭᠤᠲᠤ ᠡᠴᠡ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠢᠷᠭᠠᠢ ᠡᠴᠡ ᠪᠠᠶᠠᠨᠬᠤᠳᠠ ᠬᠦᠷᠬᠦ ᠰᠠᠯᠪᠤᠷᠢ ᠱᠤᠭᠤᠮ᠎ᠤᠨ ᠪᠠᠷᠠᠭᠤᠨ ᠪᠡᠯ ᠦᠷᠳᠡᠭᠡ᠎ᠶ᠋ᠢᠨ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠠᠵᠢᠯᠴᠢᠳ ᠪᠦᠬᠦ᠌ ᠬᠦᠴᠦᠨ᠎ᠢᠶᠡᠷ᠎ᠢᠶᠡᠨ ᠠᠵᠢᠯᠯᠠᠵᠦ ᠪᠤᠢ; ᠮᠠᠨᠳᠤᠯ ᠬᠢᠯᠢ ᠵᠢᠨ ᠪᠣᠭᠣᠮᠲᠠ᠎ᠶ᠋ᠢᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ᠎ᠲᠦ ᠲᠥᠷᠥᠯ ᠵᠦᠶ᠋ᠯ ᠡᠮᠬᠢ ᠵᠢᠷᠤᠮ᠎ᠲᠠᠶ ᠠᠬᠢᠵᠤ᠂ ᠪᠠᠷᠢᠯᠭ᠎ᠠ᠎ᠶ᠋ᠢᠨ ᠠᠵᠢᠯᠲᠠᠳ ᠭᠠᠯ ᠬᠠᠯᠠᠭᠤᠨ ᠰᠡᠳᠭᠢᠯᠭᠡ ᠪᠡᠷ ᠠᠵᠢᠯᠯᠠᠵᠤ ᠪᠤᠢ; ᠦᠬᠠᠶ᠎ᠶ᠋ᠢᠨ ᠬᠠᠢᠨᠠᠨ ᠲᠤᠭᠤᠷᠢᠭ᠎ᠤᠨ 500 ᠺᠢᠯᠦᠸᠤᠯᠲ᠎ᠤᠨ ᠬᠦᠴᠦᠳᠡᠯ ᠬᠤᠪᠢᠰᠭᠠᠬᠤ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠢᠨᠵᠧᠨᠧᠷᠢᠩ ᠦᠨ ᠠᠵᠢᠯᠲᠠᠳ ᠠᠵᠢᠯ᠎ᠤᠨ ᠪᠠᠢᠷᠢ ᠪᠠᠨ ᠰᠠᠬᠢᠵᠤ᠂ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ ᠪᠠᠴᠢᠮ ᠶᠠᠭᠠᠷᠠᠯᠲᠠᠶ ᠶᠠᠪᠤᠭ᠍ᠳᠠᠵᠤ ᠪᠠᠢᠨ᠎ᠠ ᠁ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠶ᠋ᠢᠨ ᠢᠨᠵᠧᠨᠧᠷᠢᠩ᠎ᠦᠨ ᠠᠬᠢᠴᠠ᠎ᠶ᠋ᠢ ᠪᠠᠲᠤᠯᠠᠬᠤ᠎ᠶ᠋ᠢᠨ ᠲᠥᠯᠥᠭᠡ᠂ ᠪᠥᠲᠥᠭᠡᠨ ᠪᠠᠢᠭᠤᠯᠤᠭ᠍ᠴᠢᠳ ᠴᠠᠭ ᠮᠥᠴᠡ᠎ᠲᠡᠶ ᠤᠷᠤᠯᠳᠤᠨ ᠱᠢᠷᠭᠠᠭᠤ ᠠᠵᠢᠯᠯᠠᠵᠤ᠂ ᠭᠠᠵᠠᠷ ᠪᠣᠯᠭᠠᠨ᠎ᠳᠤ ᠥᠪᠡᠷ ᠦᠨ ᠬᠠᠷᠢᠭᠤᠴᠠᠯᠭ᠎ᠠ ᠪᠠ ᠡᠭᠦᠷᠭᠡᠯᠡᠯ᠎ᠢᠶᠡᠨ ᠢᠯᠡᠷᠡᠭᠦᠯᠵᠦ᠍ ᠪᠠᠢᠨ᠎ᠠ᠃ ᠡᠭᠦᠨ ᠤ᠋ ᠵᠡᠷᠭᠡ ᠪᠡᠷ ᠠᠵᠢᠯ᠎ᠤᠨ ᠪᠠᠢᠷᠢ ᠪᠠᠨ ᠪᠠᠲᠤ ᠰᠠᠬᠢᠵᠤ᠂ ᠨᠡᠢᠭᠡᠮ᠎ᠦᠨ ᠠᠵᠢᠯᠯᠠᠭ᠎ᠠ᠎ᠨᠢ ᠪᠠᠲᠤᠯᠠᠵᠤ ᠪᠠᠢᠭ᠎ᠠ ᠲᠡᠳᠡᠭᠡᠷ 《ᠬᠥᠱᠢᠭᠡ᠎ᠶ᠋ᠢᠨ ᠠᠷᠤ᠎ᠳᠠᠬᠢ ᠪᠠᠭᠠᠲᠤᠷ》 ᠢ᠋ ᠴᠤ᠌ ᠬᠦᠨᠳᠦᠳᠭᠡᠬᠦ ᠶᠤᠰᠤᠳᠠᠢ ᠶᠤᠮ᠂ ᠵᠠᠮ ᠬᠠᠷᠢᠯᠴᠠᠭᠠᠨ ᠤ ᠴᠠᠭ᠍ᠳᠠᠭ᠎ᠠ ᠨᠠᠷ ᠬᠥᠮᠦᠨ ᠣᠯᠠᠨ ᠵᠠᠮ᠎ᠤᠨ ᠬᠡᠰᠡᠭ᠎ᠲᠦ ᠲᠦᠭᠵᠢᠷᠡᠯ᠎ᠢ ᠠᠷᠢᠯᠭᠠᠨ ᠵᠠᠮ ᠬᠠᠷᠢᠯᠴᠠᠭ᠎ᠠ ᠵᠢ ᠰᠠᠭᠠᠳ ᠥᠬᠡᠶ ᠨᠡᠪᠲᠡᠷᠡᠭᠦᠯᠵᠦ᠍᠂ ᠡᠮᠴᠢ ᠰᠤᠪᠢᠯᠠᠭ᠍ᠴᠢᠳ ᠠᠵᠢᠯ᠎ᠤᠨ ᠪᠠᠢᠷᠢ᠎ᠪᠠᠨ ᠪᠠᠲᠤ ᠰᠠᠬᠢᠵᠤ ᠦᠬᠦᠯ᠎ᠡᠴᠡ ᠠᠪᠤᠷᠠᠨ ᠱᠢᠷᠬᠠᠲᠤᠭ᠍ᠰᠠᠳ ᠢ ᠲᠡᠩᠬᠡᠷᠡᠭᠦᠯᠵᠦ᠍᠂ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠳ ᠬᠣᠲᠠ᠎ᠶ᠋ᠢᠨ ᠵᠠᠮ ᠤᠨ ᠠᠷᠢᠭᠤᠨ ᠴᠡᠪᠡᠷ ᠲᠡᠷᠢ ᠲᠡᠭ᠌ᠰᠢ ᠪᠠᠢᠬᠤ᠎ᠶ᠋ᠢ ᠰᠡᠳᠭᠢᠯ ᠳᠡᠯᠪᠢᠵᠦ ᠰᠠᠬᠢᠨ ᠬᠠᠮᠠᠭᠠᠯᠠᠨ᠎ᠠ ᠁ ᠪᠢᠳᠡ ᠪᠠᠶᠠᠷ᠎ᠤᠨ ᠡᠳᠦᠷ᠎ᠢᠶᠡᠨ ᠤᠳᠬ᠎ᠠ ᠠᠭᠤᠯᠭ᠎ᠠ ᠲᠠᠢ ᠪᠡᠷ ᠦᠩᠭᠡᠷᠡᠭᠡᠵᠦ ᠪᠠᠢᠬᠤ ᠦᠶᠡᠰ᠂ ᠲᠠᠳᠠ ᠬᠥᠳᠡᠯᠮᠦᠷᠢ᠎ᠪᠡᠷ᠎ᠢᠶᠡᠨ ᠲᠦᠭ ᠲᠦᠮᠡᠨ ᠡᠷᠦᠬᠡ ᠵᠢ ᠰᠠᠬᠢᠨ ᠬᠠᠮᠠᠭᠠᠯᠠᠵᠤ᠂ 《ᠶᠠᠳᠠᠷᠠᠯ ᠵᠦᠳᠡᠷᠡᠯ᠎ᠦᠨ ᠵᠢᠭᠠᠯᠲᠠ ᠲᠣᠭ᠎ᠠ》 ᠪᠡᠷ᠎ᠢᠶᠡᠨ ᠪᠢᠳᠡᠨ ᠤ᠋ 《ᠵᠣᠯ ᠵᠢᠷᠭᠠᠯ᠎ᠤᠨ ᠵᠢᠭᠠᠯᠲᠠ ᠲᠣᠭ᠎ᠠ》 ᠵᠢ ᠳᠡᠭᠡᠭ᠌ᠰᠢᠯᠡᠭᠦᠯᠦᠨ ᠥᠭ᠌ᠴᠦ ᠪᠠᠢᠭ᠎ᠠ ᠶᠤᠮ᠃
ᠠᠵᠢᠯ᠎ᠤᠨ ᠪᠠᠢᠷᠢᠨ ᠳ᠋ᠠᠬᠢ ᠪᠠᠳᠤ ᠰᠠᠬᠢᠶ᠎ᠡ ᠬᠦᠮᠦᠰ᠎ᠤᠨ ᠰᠡᠳᠭᠢᠯ᠎ᠢ ᠬᠠᠮᠤᠭ ᠡᠴᠡ ᠢᠯᠡᠬᠦᠦ ᠬᠥᠳᠡᠯᠭᠡᠨ᠎ᠡ᠃ ᠪᠠᠲᠤ ᠰᠠᠬᠢᠶ᠎ᠡ ᠵᠢᠨ ᠠᠷᠤ᠎ᠳᠤ 《ᠪᠠᠭ᠎ᠠ ᠭᠡᠷ ᠢᠶᠡᠨ ᠦᠷᠡᠭ᠌ᠳᠡᠭᠦᠯᠵᠦ᠍ ᠤᠯᠠᠨ᠎ᠤ ᠲᠥᠯᠥᠭᠡ ᠵᠢᠳᠬᠦᠬᠦ᠌》ᠡᠬᠡ ᠣᠷᠣᠨᠴᠢ ᠬᠠᠢᠷ᠎ᠠ ᠰᠡᠳᠭᠢᠯᠭᠡ ᠪᠤᠢ᠂ ᠨᠡᠩ ᠴᠤ᠌ 《ᠠᠮᠵᠢᠯᠲᠠ ᠤᠯᠬᠤ᠎ᠳᠤ ᠯᠠᠪᠲᠠᠢ ᠪᠢ ᠪᠠᠢᠬᠤ》 ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢᠯᠭ᠎ᠠ ᠪᠤᠢ᠃ ᠡᠨᠡ ᠪᠠᠲᠤ ᠰᠠᠬᠢᠶ᠎ᠡ᠂ ᠬᠡᠳᠦᠢᠪᠡᠷ ᠲᠩᠷᠢ ᠭᠠᠵᠠᠷ ᠢ ᠳᠣᠩᠰᠣᠯᠭᠠᠮ᠎ᠠ ᠲᠠᠩᠭᠠᠷᠢᠭ ᠦᠭᠡᠢ ᠴᠤ᠌ ᠦᠭᠡ ᠳᠠᠭᠤᠨ ᠦᠭᠡᠢ ᠬᠠᠮᠤᠭ᠎ᠤᠨ ᠪᠤᠷᠤᠭᠵᠢᠭᠤᠨ ᠠᠵᠢᠯᠯᠠᠭ᠎ᠠ ᠪᠤᠢ᠃ ᠲᠣᠭ᠎ᠠ ᠲᠣᠮᠰᠢ ᠦᠭᠡᠢ ᠤᠯᠠᠨ ᠡᠢᠮᠦᠷᠬᠦ ᠪᠠᠲᠤ ᠰᠠᠬᠢᠶ᠎ᠡ ᠪᠠᠢᠭ᠍ᠰᠠᠨ ᠡᠴᠡ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ ᠠᠭᠠᠵᠢᠮ ᠢᠶᠠᠷ ᠪᠡᠶᠡᠯᠡᠭ᠌ᠳᠡᠳᠡᠭ᠃ ᠪᠢᠳᠡ ᠬᠥᠮᠦᠨ ᠪᠣᠯᠭᠠᠨ ᠡᠨᠡᠬᠦ᠌ ᠪᠠᠲᠤ ᠰᠠᠬᠢᠶ᠎ᠡ ᠡᠴᠡ ᠬᠦᠴᠦᠨ ᠴᠢᠳᠠᠯ ᠣᠯᠵᠤ ᠥᠪᠡᠷ ᠥᠪᠡᠷ ᠦᠨ ᠠᠵᠢᠯ᠎ᠤᠨ ᠪᠠᠢᠷᠢ ᠳᠡᠭᠡᠷ᠎ᠡ ᠪᠡᠨ ᠲᠤᠰᠢᠶᠠᠯ ᠬᠠᠷᠢᠭᠤᠴᠠᠯᠭ᠎ᠠ᠎ᠪᠠᠨ ᠴᠢᠷᠮᠠᠢᠨ ᠭᠦᠢᠴᠡᠳᠭᠡᠵᠦ᠍᠂ ᠡᠳᠦᠷ ᠲᠤᠳᠤᠮ᠎ᠤᠨ ᠠᠮᠢᠳᠤᠷᠠᠯ ᠳᠤᠮᠳᠠ᠎ᠪᠠᠨ ᠬᠠᠢᠷ᠎ᠠ ᠬᠠᠯᠠᠮᠵᠢ᠎ᠶ᠋ᠢ ᠳᠠᠮᠵᠢᠭᠤᠯᠪᠠᠯ ᠵᠤᠬᠢᠨ᠎ᠠ᠂ ᠡᠨᠡ ᠪᠣᠯ ᠲᠡᠮᠡᠴᠡᠭ᠌ᠴᠢ᠎ᠳᠦ ᠳᠡᠪᠱᠢᠭᠦᠯᠵᠦ᠍ ᠪᠠᠢᠭ᠎ᠠ ᠬᠠᠮᠤᠭ᠎ᠤᠨ ᠰᠠᠢ᠌ᠨ ᠬᠦᠨᠳᠦᠳᠭᠡᠯ᠂ ᠮᠥᠨ ᠴᠦ᠍ ᠡᠬᠡ ᠤᠯᠤᠰ᠎ᠲᠠᠭᠠᠨ ᠳᠡᠪᠱᠢᠭᠦᠯᠵᠦ᠍ ᠪᠠᠢᠭ᠎ᠠ ᠬᠠᠮᠤᠭ᠎ᠤᠨ ᠰᠠᠢ᠌ᠨ ᠵᠥᠩᠨᠡᠯ ᠪᠣᠯᠬᠤ ᠶᠤᠮ᠃