ᠤᠯᠤᠰ ᠭᠡᠷ ᠤ᠋ᠨ ᠬᠠᠢᠷ᠎ᠠ ᠰᠡᠳᠬᠢᠯᠭᠡ ᠵᠢ ᠬᠠᠮᠲᠤ᠎ᠪᠠᠷ ᠤᠶᠠᠩᠭᠠᠯᠠᠶ᠎ᠠ
2025-10-06 12:18:47
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ ᠤᠯᠤᠰ ᠤ᠋ᠨ ᠪᠠᠶᠠᠷ ᠨᠠᠢ᠍ᠮᠠᠨ ᠰᠠᠷ᠎ᠠ ᠵᠢᠨ ᠲᠡᠷᠭᠡᠯ ᠪᠠᠶᠠᠷ ᠤ᠋ᠨ ᠠᠮᠠᠷᠠᠯᠲᠠ᠎ᠵᠢᠨ ᠬᠤᠭᠤᠴᠠᠭᠠᠨ ᠳ᠋ᠤ 《ᠤᠯᠤᠰ ᠭᠡᠷ》ᠭᠡᠬᠦ᠌ ᠦᠭᠡ ᠨᠢ ᠨᠡᠷ᠎ᠡ ᠨᠢᠳᠡᠷ᠎ᠲᠡᠬᠡᠨ ᠨᠡᠢᠴᠡᠭᠰᠡᠨ ᠭᠣᠣᠯ ᠰᠡᠳᠦᠪ ᠪᠣᠯᠵᠠᠶ᠃ ᠥᠪᠥᠷ ᠮᠣᠩᠭᠣᠯ᠎ᠤᠨ ᠡᠯ᠎ᠡ ᠭᠠᠵᠠᠷ ᠎ᠢ ᠬᠠᠷᠠᠬᠤᠶ᠎ᠠ᠂ ᠤᠯᠤᠰ᠎ᠤᠨ ᠪᠠᠶᠠᠷ᠎ᠤᠨ ᠭᠣᠣᠯ ᠰᠡᠳᠦᠪᠲᠦ ᠴᠡᠴᠡᠭ᠎ᠦᠨ ᠲᠠᠪᠴᠠᠩ ᠳᠡᠯᠭᠡᠭ᠌ᠳᠡᠵᠦ᠍᠂ ᠥᠩᠭᠡᠲᠦ ᠳ᠋ᠧᠩ᠎ᠦᠨ ᠦᠵᠡᠬᠦᠯᠭᠡ ᠬᠤᠳᠠ᠎ᠶ᠋ᠢᠨ ᠰᠥᠨᠢ᠎ᠶ᠋ᠢᠨ ᠣᠭ᠍ᠲᠠᠷᠭᠤᠢ᠎ᠶ᠋ᠢ ᠭᠡᠢᠭᠦᠯᠵᠦ᠍᠂ ᠢᠯᠠ ᠲᠤᠳᠤ 《 ᠳᠤᠮᠳᠠᠳᠤ ᠤᠯᠤᠰ᠎ᠤᠨ ᠤᠯᠠᠭᠠᠨ 》 ᠵᠡᠭᠡᠯᠢ ᠭᠤᠳᠤᠮᠵᠢ᠎ᠵᠢ ᠪᠦᠷᠬᠦᠵᠦ ᠂ 《ᠲᠦᠷᠦᠭ᠌ᠰᠡᠨ ᠡᠳᠦᠷ᠎ᠦᠨ ᠪᠠᠶᠠᠷ ᠬᠦᠷᠭᠡᠶ᠎ᠡ 》 ᠂ 《 ᠡᠬᠡ ᠤᠯᠤᠰ᠎ᠲᠠᠭᠠᠨ ᠭᠦᠨ ᠬᠠᠢᠷ᠎ᠠ᠎ᠪᠠᠨ ᠢᠯᠡᠳᠭᠡᠶ᠎ᠡ》 ᠭᠡᠬᠦ᠌ ᠦᠭᠡ ᠨᠤᠬᠦᠳ ᠨᠢ ᠨᠠᠢᠵᠠ᠎ᠶ᠋ᠢᠨ ᠲᠣᠭᠣᠷᠢᠭ᠎ᠤ᠋ᠨ ᠬᠠᠯᠠᠮᠰᠢᠯ ᠪᠤᠯᠤᠬᠰᠠᠭᠠᠷ ᠪᠤᠢ ᠁ ᠬᠥᠮᠦᠰ ᠡᠯ᠎ᠡ ᠵᠦᠢᠯ᠎ᠦᠨ ᠬᠡᠯᠪᠡᠷᠢ᠎ᠪᠡᠷ ᠡᠬᠡ ᠤᠯᠤᠰ᠎ᠵᠢᠨᠨ ᠬᠠᠢᠷᠠᠯᠠᠬᠤ ᠰᠡᠳᠬᠢᠯᠭᠡ ᠪᠠ ᠬᠦᠰᠡᠯ ᠵᠥᠩᠨᠡᠯ ᠵᠢᠡᠨ ᠢᠯᠡᠳᠭᠡᠵᠦ᠍᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ᠎ᠦᠨ ᠰᠡᠳᠭᠢᠯ᠎ᠳᠦ ᠦᠨᠳᠦᠰᠦᠯᠡᠭ᠌ᠰᠡᠨ ᠤᠯᠤᠰ ᠵᠢᠡᠨ ᠬᠠᠢᠷᠠᠯᠠᠬᠤ ᠬᠠᠢᠷ᠎ᠠ ᠰᠡᠳᠭᠢᠯᠭᠡ ᠤᠯᠠᠮ ᠭᠦᠨ ᠵᠤᠵᠠᠭᠠᠨ ᠪᠤᠯᠵᠤ ᠪᠠᠢᠨ᠎ᠠ᠃

《ᠬᠤᠶᠠᠷ ᠪᠠᠶᠠᠷ》 ᠢ᠋ ᠬᠠᠮᠲᠤ ᠎ᠪᠠᠷ ᠪᠡᠯᠭᠡᠯᠡᠵᠦ᠍᠂ ᠲᠦᠮᠡᠨ ᠤᠯᠠᠨ ᠵᠢᠡᠷ ᠵᠢᠡᠨ ᠰᠡᠳᠭᠢᠯ ᠨᠢᠭᠡᠳᠦᠨ᠎ᠠ᠃ ᠲᠡᠷᠭᠡᠯ ᠰᠠᠷᠠᠨ᠎ᠮᠠᠯᠳᠡᠯᠵᠡᠭᠰᠡᠨ ᠨᠠᠢ᠍ᠮᠠᠨ ᠰᠠᠷ᠎ᠠ ᠎ᠶ᠋ᠢᠨ ᠲᠡᠷᠭᠡᠯ ᠪᠠᠶᠠᠷ ᠎ᠵᠢᠡᠷ ᠭᠡᠷ᠎ᠦᠨ ᠬᠥᠮᠦᠰ᠂ ᠲᠥᠷᠥᠯ ᠰᠠᠳᠤᠨ ᠲᠠᠢ ᠪᠡᠨ ᠤᠯᠤᠰ ᠣᠷᠣᠨ᠎ᠤ ᠬᠤᠪᠢᠷᠠᠯᠲᠠ᠂ ᠭᠡᠷ ᠪᠦᠯᠢ᠎ᠶ᠋ᠢᠨ ᠬᠤᠪᠢᠷᠠᠯᠲᠠ᠎ᠶ᠋ᠢᠨ ᠲᠤᠬᠠᠶ ᠶᠠᠷᠢᠵᠦ᠂  ᠭᠡᠷ ᠬᠣᠲᠠᠯᠠᠭᠠᠷ ᠎ᠢᠶᠠᠨ ᠴᠤᠭ᠍ᠯᠠᠷᠠᠬᠤ ᠳᠤᠮᠳᠠ ᠲᠡᠮᠡᠴᠡᠯ᠎ᠦᠨ ᠬᠦᠴᠢᠷ ᠵᠣᠪᠠᠭᠤᠷᠢ᠎ᠶ᠋ᠢ ᠡᠷᠭᠢᠴᠡᠭᠦᠯᠵᠦ᠍᠂ ᠣᠯᠤᠯᠲᠠ ᠲᠦᠷᠦᠭᠳᠡᠯ ᠪᠠᠶᠠᠷ ᠪᠠᠬᠠᠳᠤᠯ ᠵᠢᠨᠨ ᠬᠤᠪᠢᠶᠠᠯᠴᠠᠨ᠎ᠠ᠃ ᠠᠮᠲᠠᠲᠤ ᠢᠳᠡᠭᠡᠨ᠂ ᠤᠯᠠᠨ ᠶᠠᠨᠭᠵᠤ ᠵᠢᠨ ᠶᠧᠪᠡᠩ᠂ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ ᠨᠢ ᠪᠣᠳᠠᠰ᠎ᠤᠨ ᠠᠮᠢᠳᠤᠷᠠᠯ᠎ᠤᠨ ᠡᠯᠪᠡᠭ ᠪᠠᠶᠠᠯᠢᠭ᠎ᠢ ᠭᠡᠷᠡᠴᠢᠯᠡᠭᠰᠡᠨ ᠪᠦᠭᠡᠳ ᠪᠠᠰᠠ ᠪᠢᠳᠡᠨ᠎ᠦ ᠵᠢᠷᠭᠠᠯᠲᠤ ᠠᠮᠢᠳᠤᠷᠠᠯ ᠎ᠤᠨ ᠬᠦᠰᠡᠯ ᠡᠷᠡᠮᠡᠯᠵᠡᠯ᠎ᠢ ᠬᠠᠷᠠᠭᠤᠯᠵᠤ ᠪᠠᠢᠨ᠎ᠠ᠃ ᠤᠯᠤᠰ᠎ᠤᠨ ᠪᠠᠶᠠᠷ᠎ᠤᠨ ᠦᠪᠡᠳᠡᠭᠰᠢ ᠴᠤᠬᠯᠠᠭᠠᠨ ᠬᠢᠭᠡᠳ ᠡᠯᠢᠭᠡ ᠪᠦᠳᠦᠨ ᠬᠡᠷ ᠪᠦᠯᠢ ᠵᠢᠨ ᠬᠢᠨ ᠡᠯᠪᠡᠭ ᠬᠤᠷᠢᠶᠠᠯᠲᠠ᠎ᠶ᠋ᠢᠨ ᠴᠠᠭ ᠦᠶ᠎ᠡ᠎ᠳᠦ ᠲᠣᠬᠢᠶᠠᠯᠳᠤᠵᠤ᠂ ᠬᠠᠩᠭᠢᠨᠠᠮ᠎ᠠ ᠰᠠᠢᠬᠠᠨ ᠤᠯᠤᠰ᠎ᠤᠨ ᠰᠦᠯᠳᠡ ᠳᠠᠭᠤᠤ ᠪᠣᠯᠤᠨ ᠲᠦᠭ ᠲᠦᠮᠡᠨ ᠬᠡᠷ ᠪᠦᠯᠢ ᠵᠢᠨ ᠡᠯᠢᠭᠡ ᠪᠦᠳᠦᠨ ᠬᠤᠷᠠᠨ ᠴᠤᠭ᠍ᠯᠠᠷᠠᠬᠤ ᠪᠠᠶᠠᠷᠲᠤ ᠲᠠᠭᠤᠨ᠎ᠤ ᠳᠤᠮᠳᠠ ᠤᠯᠤᠰ ᠪᠤᠯᠤᠨ ᠬᠡᠷ ᠰᠠᠯᠵᠤ ᠪᠣᠯᠤᠰᠢ ᠥᠬᠡᠶ᠂ ᠤᠯᠤᠰ ᠬᠦᠴᠤᠷᠭᠡᠭ ᠪᠤᠯ ᠭᠡᠷ ᠨᠠᠩ ᠰᠠᠢᠨ ᠰᠠᠢᠬᠠᠨ ᠭᠡᠳᠡᠭ ᠎ᠢ ᠪᠢᠳᠡ ᠨᠠᠩ ᠭᠦᠨᠵᠡᠭᠡᠶ ᠣᠢᠯᠠᠭᠠᠯ᠎ᠠ᠃

ᠡᠯ᠎ᠡ ᠠᠭᠤᠳᠠᠮ ᠲᠠᠯᠠᠪᠠᠢ᠎ᠳ᠋ᠡᠬᠢ ᠤᠯᠤᠰ᠎ᠤᠨ ᠲᠤᠭ᠎ᠯᠤᠭ᠎ᠠ ᠬᠠᠮᠳᠤ ᠵᠢᠨ ᠰᠡᠬᠦᠳᠡᠷ ᠲᠠᠳᠠᠬᠤ ᠡᠴᠡ ᠦᠵᠡᠮᠵᠢ᠎ᠶ᠋ᠢᠨ ᠣᠷᠣᠨ᠎ᠤ 《ᠳᠤᠮᠳᠠᠳᠤ ᠤᠯᠤᠰ᠎ᠤᠨ ᠤᠯᠠᠭᠠᠨ》ᠬᠤᠪᠴᠠᠰᠤ ᠵᠠᠰᠠᠯ ᠬᠦᠷᠲᠡᠯ᠎ᠡ᠂ ᠠᠵᠤ ᠠᠬᠤᠢᠯᠠᠯ ᠎ᠤᠨ ᠨᠡᠢᠭᠡᠮ ᠎ᠦᠨ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠦᠭ᠌ᠰᠡᠨ ᠲᠣᠬᠣᠨᠢᠭᠤᠯᠬᠤ ᠠᠵᠢᠯᠯᠠᠭ᠎ᠠ᠎ᠡᠴᠡ ᠬᠤᠳᠠ᠎ᠶ᠋ᠢᠨ ᠠᠷᠠᠳ᠎ᠤᠨ ᠰᠠᠢ᠌ᠨ ᠳᠤᠷ᠎ᠠ᠎ᠡᠴᠡ᠎ᠪᠠᠨ ᠣᠷᠣᠯᠴᠠᠭ᠍ᠰᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ ᠬᠦᠷᠲᠡᠯ᠎ᠡ᠂ ᠤᠮᠠᠷᠠᠲᠤ ᠬᠢᠯᠢ᠎ᠶ᠋ᠢᠨ ᠡᠬᠡ ᠭᠠᠵᠠᠷ ᠳᠡᠭᠡᠷᠡᠬᠢ ᠡᠢᠮᠦᠷᠬᠦᠤ ᠦᠵᠡᠭ᠌ᠳᠡᠯ ᠨᠢᠭᠡᠪᠦᠷᠢ ᠨᠢ 《ᠭᠡᠷ ᠪᠦᠯᠢ ᠪᠣᠯ ᠬᠠᠮᠤᠭ᠎ᠤᠨ ᠪᠠᠭ᠎ᠠ ᠤᠯᠤᠰ᠂ ᠤᠯᠤᠰ ᠪᠣᠯ ᠲᠦᠭ ᠲᠦᠮᠡᠨ ᠭᠡᠷ ᠪᠦᠯᠢ》 ᠭᠡᠳᠡᠭ  ᠢ᠋ ᠢᠯᠡᠷᠡᠭᠦᠯᠵᠠᠢ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠎ᠶ᠋ᠢᠨ ᠰᠡᠭᠦᠯ ᠬᠤᠷᠢᠶᠠᠬᠤ ᠵᠢᠯ ᠪᠠᠢᠵᠦ᠂ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠠ᠂ ᠡᠳᠦᠷ᠎ᠡᠴᠡ ᠡᠳᠦᠷ ᠱᠢᠨᠡᠳᠴᠦ᠍ ᠪᠠᠢᠭ᠎ᠠ ᠥᠪᠥᠷ ᠮᠣᠩᠭᠣᠯ ᠪᠣᠳᠠᠲᠤ ᠠᠮᠵᠢᠯᠲᠠ᠎ᠪᠠᠷ᠎ᠢᠶᠠᠨ ᠴᠢᠨᠠᠷ ᠰᠠᠢᠲᠠᠶ ᠬᠥᠭ᠌ᠵᠢᠯᠲᠡ ᠎ᠶ᠋ᠢᠨ ᠱᠢᠨ᠎ᠡ ᠦᠨᠳᠦᠷᠴᠡ᠎ᠶ᠋ᠢ ᠲᠣᠳᠣᠷᠬᠠᠢᠯᠠᠵᠤ᠂ ᠠᠵᠤ ᠠᠬᠤᠶ᠎ᠶ᠋ᠢᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠳᠠᠪᠱᠢᠯᠲᠠ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢᠨ ᠪᠠᠶᠠᠯᠢᠭ ᠦᠷ᠎ᠡ ᠪᠦᠲᠦᠭᠡᠯ ᠎ᠢ ᠶᠠᠭ ᠰᠠᠢᠬᠠᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ ᠪᠣᠯᠭᠠᠨ ᠬᠤᠪᠢᠷᠠᠭᠤᠯᠵᠤ ᠪᠠᠢᠨ᠎ᠠ᠃ ᠱᠢᠨ᠎ᠡ ᠠᠶᠠᠨ᠎ᠢᠶᠠᠨ ᠲᠠᠬᠢᠨ ᠡᠬᠢᠯᠡᠭᠦᠯᠵᠦ᠍᠂ ᠲᠡᠮᠡᠴᠡᠯ᠎ᠦᠨ ᠳᠤᠮᠳᠠ ᠤᠷᠤᠭ᠍ᠰᠢᠯᠠᠬᠤ᠎ᠳᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ ᠡᠭᠡ ᠤᠯᠤᠰ᠎ᠤᠨ᠎ᠢᠶᠠᠨ ᠬᠠᠢᠷ᠎ᠠ ᠰᠡᠳᠭᠢᠯᠭᠡ᠎ᠶ᠋ᠢ ᠰᠡᠳᠭᠢᠯ᠎ᠳᠡᠭᠡᠨ ᠱᠢᠩᠭᠡᠭᠡᠵᠦ᠍᠂ ᠠᠵᠢᠯᠯᠠᠭ᠎ᠠ᠎ᠳᠠᠭᠠᠨ ᠱᠢᠩᠭᠡᠭᠡᠵᠦ᠍᠂ ᠬᠤᠪᠢ ᠬᠥᠮᠦᠨ᠎ᠦ ᠲᠡᠮᠡᠴᠡᠯ᠂ ᠭᠡᠷ ᠪᠦᠯᠢ᠎ᠶ᠋ᠢᠨ ᠵᠣᠯ ᠵᠢᠷᠭᠠᠯ᠎ᠢ ᠨᠡᠢᠭᠡᠮ ᠎ᠦᠨ ᠬᠥᠭ᠌ᠵᠢᠯᠲᠡ ᠎ᠶ᠋ᠢᠨ ᠤᠷᠤᠰᠭᠠᠯ ᠎ᠳᠤ ᠨᠢᠭᠡᠳᠭᠡᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ᠂ ᠢᠵᠢᠯ ᠴᠢᠭ᠌ᠯᠡᠯ ᠎ᠢᠶᠡᠷ ᠤᠷᠤᠭ᠍ᠰᠢᠯᠠᠵᠤ᠂ ᠮᠠᠨ᠎ᠤ ᠭᠡᠷ ᠪᠦᠯᠢ ᠪᠤᠯᠤᠨ ᠤᠯᠤᠰ ᠣᠷᠣᠨ᠎ᠢᠶᠠᠨ ᠶᠠᠪᠤᠬᠤ ᠲᠤᠳᠤᠮ ᠦᠭᠡᠳᠡᠯᠡᠨ ᠲᠠᠪᠰᠢᠭᠤᠯᠬᠤ ᠬᠡᠷᠡᠭ᠌ᠲᠡᠢ᠃

ᠲᠡᠷᠭᠡᠯ ᠰᠠᠷᠠᠨ ᠢ᠋ ᠬᠠᠮᠲᠤ᠎ᠪᠠᠷ ᠰᠣᠨᠢᠷᠬᠠᠵᠤ᠂ ᠤᠯᠤᠰ ᠭᠡᠷ ᠤ᠋ᠨ ᠬᠠᠢᠷ᠎ᠠ ᠰᠡᠳᠬᠢᠯᠭᠡ ᠵᠢ ᠬᠠᠮᠲᠤ᠎ᠪᠠᠷ ᠤᠶᠠᠨᠭᠭᠠᠯᠠᠨ᠎ᠠ᠃ ᠤᠯᠤᠰ ᠬᠡᠷ᠎ᠢᠶᠡᠨ ᠬᠠᠢᠷᠠᠯᠠᠬᠤ ᠴᠢᠩ ᠦᠨᠡᠨᠴᠢ ᠰᠡᠳᠭᠢᠯ᠎ᠢ ᠡᠪᠦᠷᠯᠡᠨ᠂ ᠬᠡᠷ ᠬᠣᠲᠠᠯᠠᠭᠠᠷ᠎ᠢᠶᠠᠨ ᠬᠤᠷᠠᠨ ᠴᠤᠭ᠍ᠯᠠᠷᠠᠬᠤ ᠳᠤᠮᠳᠠ ᠭᠦᠨ ᠵᠤᠵᠠᠭᠠᠨ ᠬᠠᠢᠷ᠎ᠠ ᠰᠡᠳᠭᠢᠯᠭᠡ᠎ᠪᠡᠨ ᠳᠠᠮᠵᠢᠭᠤᠯᠵᠤ᠂ ᠤᠯᠤᠰ ᠬᠡᠷ ᠎ᠤ᠋ᠨ ᠲᠦᠱᠢᠭ᠌ᠯᠡᠯᠴᠡᠯ ᠲᠤᠮᠳᠠ ᠡᠬᠡ ᠤᠯᠤᠰ᠎ᠤᠨ᠎ᠢᠶᠠᠨ ᠬᠥᠭ᠌ᠵᠢᠯ ᠴᠡᠴᠡᠭ᠌ᠯᠡᠯ ᠪᠠᠶᠠᠨ ᠬᠦᠴᠦᠷᠬᠡᠭ ᠎ᠢ  ᠮᠡᠳᠡᠷᠡᠵᠦ᠍᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠬᠰᠢᠯᠡᠨ᠂ ᠴᠦᠬᠦᠷᠡᠰᠢ ᠦᠭᠡᠢ ᠲᠠᠮᠠᠴᠡᠵᠤ᠂ ᠤᠮᠠᠷᠠᠲᠤ ᠬᠢᠯᠢ᠎ᠶ᠋ᠢᠨ ᠬᠥᠪᠡᠭᠦᠳ ᠥᠬᠢᠳ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠬᠠᠮᠤᠭ᠎ᠤᠨ ᠰᠠᠢᠬᠠᠨ ᠳᠦᠷᠢ ᠲᠥᠷᠬᠦ᠌᠂ ᠤᠮᠤᠭ ᠵᠣᠷᠢᠭ ᠪᠠᠳᠠᠷᠠᠩᠭᠤᠢ᠎ᠪᠠᠷ ᠰᠠᠢ᠌ᠨ ᠰᠠᠢᠬᠠᠨ ᠢᠷᠡᠭᠡᠳᠦᠢ ᠲᠡᠢᠰᠢ ᠤᠷᠤᠭ᠍ᠰᠢᠯᠠᠰᠤᠭᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号