9 ᠰᠠᠷ᠎ᠠ᠎ᠶ᠋ᠢᠨ 28᠎ᠤ ᠡᠳᠦᠷ᠂ ᠤᠯᠠᠭᠠᠨᠬᠠᠳᠠ ᠬᠤᠲᠠ᠎ᠶ᠋ᠢᠨ ᠶᠤᠸᠠᠨ ᠪᠦᠦ ᠱᠠᠨ᠎ᠤ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠤᠨ ᠮᠦ᠍ ᠹᠠᠨ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠤᠮᠫᠠᠨᠢ᠎ᠵᠢᠨ 《ᠶᠡᠬᠡ ᠤᠰᠤᠲᠥ᠋ᠷᠥᠭ᠌ᠴᠢ ᠱᠢᠲᠠᠭᠠᠬᠤ ᠮᠠᠱᠢᠨ᠎ᠤ ᠲᠤᠷᠱᠢᠯᠲᠠ᠎ᠶ᠋ᠢᠨ ᠲᠥᠪ》 ᠲᠤ᠌ ᠪᠥᠬᠦ᠌ ᠲᠡᠯᠡᠬᠡᠢ ᠵᠢᠨ ᠠᠩᠬᠠᠳᠠᠭ᠍ᠴᠢ ᠤᠰᠤᠲᠥ᠋ᠷᠥᠭ᠌ᠴᠢ ᠱᠢᠪᠲᠦᠷ᠎ᠤᠨ ᠲᠦᠯᠡᠱᠢᠵᠢᠨ ᠬᠦᠳᠡᠯᠭᠡᠭᠦᠷ ᠮᠠᠰᠢᠨ᠎ᠢ ᠪᠦᠬᠦ ᠲᠠᠯ᠎ᠠ ᠪᠡᠷ ᠪᠠᠢᠴᠠᠭᠠᠨ ᠰᠢᠯᠭᠠᠵᠤ ᠪᠠᠢᠯ᠎ᠠ᠃ ᠡᠨᠡ ᠬᠦ᠌ ᠱᠢᠪᠲᠤᠯᠤᠯᠲᠠ᠎ᠶ᠋ᠢᠨ ᠴᠢᠨᠠᠷᠲᠠᠶ ᠲᠥᠬᠦᠭᠡᠷᠦᠮᠵᠢ᠎ᠶ᠋ᠢ ᠳᠤᠮᠳᠠᠳᠤ ᠤᠯᠤᠰ᠎ᠤᠨ ᠠᠵᠤ ᠠᠬᠤᠢᠯᠠᠯ — ᠱᠠᠩᠬᠠᠢ᠎ᠶ᠋ᠢᠨ ᠮᠦ᠍ ᠹᠠᠨ ᠬᠥᠳᠡᠯᠭᠡᠬᠦ᠌ ᠬᠦᠴᠦᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠠᠴᠠ ᠪᠦᠷᠢᠮᠦᠰᠦᠨ ᠪᠡᠶ᠎ᠡ᠎ᠪᠠᠨ ᠳᠠᠭᠠᠭᠠᠵᠤ ᠰᠤᠳᠤᠯᠤᠨ ᠨᠡᠭᠡᠭᠡᠵᠡᠢ᠂ ᠡᠨᠡ ᠨᠢ ᠮᠠᠨ᠎ᠤ ᠤᠯᠤᠰ ᠨᠡᠭᠦᠷᠡᠰᠦᠲᠥ᠋ᠷᠥᠭ᠌ᠴᠢ ᠦᠭᠡᠢ ᠴᠠᠬᠢᠯᠭᠠᠨ ᠭᠠᠷᠭᠠᠬᠤ ᠬᠦᠷᠢᠶᠡᠨ᠎ᠳᠤ ᠪᠦᠬᠦ᠌ ᠲᠡᠯᠡᠬᠡᠢ ᠵᠢ ᠬᠥᠲᠥᠯᠥᠨ ᠳᠠᠭᠠᠭᠤᠯᠬᠤ ᠴᠢᠬᠤᠯᠠ ᠶᠡᠭᠡ ᠬᠥᠱᠢᠶ᠎ᠡ ᠲᠤᠷᠠᠰᠬᠠᠯ ᠤᠨ ᠴᠢᠨᠠᠷᠳᠠᠢ ᠡᠭᠦᠳᠦᠯᠳᠠ ᠭᠠᠷᠭᠠᠬᠰᠠᠨᠢ ᠬᠠᠷᠠᠭᠤᠯᠵᠤ ᠪᠠᠢᠨ᠎ᠠ᠃
ᠲᠤᠰ ᠮᠠᠱᠢᠨ ᠴᠤᠭ᠍ᠴᠠᠯᠠᠪᠤᠷᠢ ᠨᠢ 100%᠎ᠶ᠋ᠢᠨ ᠪᠡᠶ᠎ᠡ᠎ᠪᠡᠨ ᠳᠠᠭᠠᠭᠠᠭ᠍ᠰᠠᠨ ᠮᠡᠳ᠋ᠡᠯᠭᠡ᠎ᠶ᠋ᠢᠨ ᠦᠮᠴᠢᠯᠡᠯ᠎ᠤᠨ ᠡᠷᠬᠡ ᠲᠠᠢ ᠪᠦᠭᠡᠳ 100%ᠵᠢᠨ ᠤᠯᠤᠰ ᠡᠴᠡ ᠦᠢᠯᠡᠳᠪᠦᠷᠢᠯᠡᠭᠰᠡᠨ ᠲᠤᠨᠤᠭ᠎ᠢ ᠬᠡᠷᠡᠭᠯᠡᠵᠡᠢ᠃ ᠭᠤᠣᠯ ᠱᠢᠪᠲᠤᠯᠤᠯᠲᠠ᠎ᠨᠢ ᠤᠯᠠᠮᠵᠢᠯᠠᠯᠲᠤ ᠲᠦᠯᠡᠰᠢᠨ ᠬᠦᠳᠡᠯᠭᠡᠭᠦᠷ ᠮᠠᠰᠢᠨ᠎ᠤ ᠳᠠᠩ ᠴᠤᠯᠭᠤᠢ ᠬᠢᠵᠠᠭᠠᠷᠯᠠᠯ᠎ᠢ ᠡᠪᠳᠡᠵᠦ᠂ ᠰᠠᠯᠬᠢ ᠭᠡᠷᠡᠯᠴᠢ ᠴᠡᠨᠡᠭ ᠵᠡᠷᠭᠡ ᠲᠠᠬᠢᠨ ᠡᠭᠦᠰᠴᠦ᠍ ᠪᠣᠯᠬᠤ ᠡᠨᠧᠷᠭᠢ ᠵᠢ ᠠᠰᠢᠭᠯᠠᠨ ᠦᠢᠯᠡᠳᠪᠦᠷᠢᠯᠡᠭᠰᠡᠨ ᠪᠤᠬᠢᠷᠳᠤᠯ ᠦᠭᠡᠢ ᠤᠰᠤᠲᠥ᠋ᠷᠥᠭ᠌ᠴᠢ᠂ ᠪᠤᠬᠢᠷᠳᠤᠯ ᠦᠭᠡᠢ ᠱᠢᠪᠲᠦᠷ ᠵᠢᠡᠷ ᠲᠦᠯᠡᠰᠢ ᠪᠤᠯᠭᠠᠨ ᠪᠤᠬᠢᠷᠳᠤᠯ ᠦᠭᠡᠢ ᠴᠠᠬᠢᠯᠭᠠᠨ ᠭᠠᠷᠭᠠᠬᠰᠠᠨ᠎ᠳᠤ ᠪᠤᠢ᠃ ᠠᠱᠢᠭ᠍ᠯᠠᠯᠲᠠ᠎ᠳᠤ ᠤᠷᠤᠭ᠍ᠰᠠᠨ᠎ᠤ ᠲᠠᠷᠠᠭ᠎ᠠ᠂ ᠳᠠᠩ ᠮᠠᠱᠢᠨ ᠴᠣᠭ᠍ᠴᠠᠯᠠᠪᠤᠷᠢ᠎ᠵᠢᠨ ᠵᠢᠯ᠎ᠤᠨ ᠴᠠᠬᠢᠯᠭᠠᠨ ᠭᠠᠷᠭᠠᠬᠤ ᠬᠡᠮᠵᠢᠶ᠎ᠡ᠎ᠨᠢ ᠬᠠᠮᠤᠭ᠎ᠤᠨ ᠶᠡᠬᠡ ᠳ᠋ᠡᠭᠡᠨ 7000 ᠲᠦᠮᠡᠨ ᠺᠢᠯᠤᠸᠠᠲ ᠴᠠᠭ ᠲᠦ᠍ ᠬᠦᠷᠬᠦ ᠪᠤᠯᠦᠨ᠎ᠡ᠃
《ᠡᠨᠡ ᠨᠢ ᠪᠦᠬᠦ᠌ ᠲᠡᠯᠡᠬᠡᠢ ᠵᠢᠨ ᠠᠩᠬᠠᠳᠠᠭ᠍ᠴᠢ ᠤᠰᠤᠲᠥ᠋ᠷᠥᠭ᠌ᠴᠢ᠂ ᠱᠢᠪᠲᠦᠷ᠂ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢ ᠠᠮᠢᠳᠤᠯᠢᠭ᠎ᠢᠶᠠᠷ ᠰᠣᠯᠢᠵᠦ ᠴᠠᠬᠢᠯᠭᠠᠨ ᠭᠠᠷᠭᠠᠵᠤ ᠳᠡᠢᠯᠬᠦ ᠲᠥᠬᠦᠭᠡᠷᠦᠮᠵᠢ ᠪᠠᠢᠵᠦ᠂ ᠮᠦᠨ ᠴᠦ᠍ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ 100% ᠶ᠋ᠢᠨ ᠱᠢᠪᠲᠦᠷ᠎ᠤᠨ ᠲᠦᠯᠡᠰᠢ ᠬᠡᠷᠡᠭ᠌ᠯᠡᠬᠦ᠌ ᠮᠠᠱᠢᠨ ᠴᠣᠭ᠍ᠴᠠᠯᠠᠪᠤᠷᠢ ᠪᠤᠯᠤᠨ᠎ᠠ᠃ ᠡᠨᠡ ᠪᠣᠯ ᠲᠦᠯᠡᠰᠢ᠎ᠶ᠋ᠢᠨ ᠬᠤᠪᠢᠰᠭᠠᠯ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠪᠦᠬᠦ᠋ᠢᠯᠡ ᠡᠨᠧᠷᠭᠢ᠎ᠶ᠋ᠢᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠱᠢᠨᠡᠴᠢᠯᠡᠯᠲᠡ ᠪᠣᠯᠤᠨ᠎ᠠ》 ᠭᠡᠵᠦ ᠲᠤᠰ ᠺᠤᠮᠫᠠᠨᠢ ᠵᠢᠨ ᠶᠡᠷᠦᠩᠬᠡᠢ ᠳᠠᠭᠠᠭᠠᠮᠠᠯ ᠯᠢᠨ ᠭᠠᠩ ᠤᠮᠤᠭᠰᠢᠨ ᠶᠠᠷᠢᠨ᠎ᠠ᠃ ᠦᠨᠦ᠂ ᠮᠦ᠍ ᠹᠠᠨ ᠬᠥᠳᠡᠯᠭᠡᠬᠦ᠌ ᠬᠦᠴᠦᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠨᠢᠭᠡᠨᠲᠡ ᠭᠧᠷᠮᠠᠨ᠂ ᠠᠮᠧᠷᠢᠺᠠ᠂ ᠠᠦ᠋ᠰᠲᠷᠠᠯᠢᠶ᠎ᠠ ᠵᠡᠷᠭᠡ ᠤᠯᠠᠨ ᠤᠯᠤᠰ᠎ᠠᠴᠠ ᠢᠷᠡᠭ᠌ᠰᠡᠨ ᠵᠠᠬᠢᠶᠠᠯᠠᠭ᠎ᠠ᠎ᠶ᠋ᠢ ᠲᠤᠰᠴᠤ ᠪᠤᠢ᠃
ᠣᠳᠣᠬᠠᠨ᠎ᠳᠤ᠂ ᠪᠣᠬᠢᠷᠲᠤᠯ ᠦᠭᠡᠢ ᠱᠢᠪᠲᠦᠷ᠎ᠤᠨ ᠠᠵᠤ ᠦᠢᠯᠡᠰ᠎ᠤᠨ ᠬᠡᠯᠬᠢᠶ᠎ᠡ᠎ᠶ᠋ᠢᠨ ᠦᠢᠯᠡᠳᠪᠦᠷᠢᠯᠡᠬᠦ ᠪᠠ ᠬᠠᠳᠠᠭᠠᠯᠠᠵᠤ ᠲᠡᠭᠡᠭᠡᠪᠦᠷᠢᠯᠡᠬᠦ᠌ ᠭᠤᠭ᠍ᠴᠤᠭ᠎ᠠ ᠨᠢᠭᠡᠨᠲᠡ ᠪᠣᠯᠪᠠᠰᠤᠷᠠᠩᠭᠤᠶ ᠪᠤᠯᠤᠭᠰᠠᠨ ᠴᠤ᠌ ᠪᠣᠬᠢᠷᠲᠤᠯ ᠥᠬᠡᠶ ᠰᠢᠪᠲᠤᠷ ᠵᠢᠡᠷ ᠲᠦᠯᠡᠰᠢᠪᠤᠯᠭᠠᠨ ᠥᠨᠳᠥᠷ ᠪᠦᠲᠦᠮᠵᠢᠲᠡᠶ ᠪᠥᠭᠡᠳ ᠲᠣᠭ᠍ᠲᠠᠭᠤᠨ ᠵᠢᠡᠷ ᠴᠠᠬᠢᠯᠭᠠᠨ ᠭᠠᠷᠭᠠᠬᠤ ᠮᠡᠷᠭᠡᠵᠢᠯ᠎ᠨᠢ ᠲᠡᠭᠦᠨ᠎ᠤ ᠶᠡᠭᠡ ᠬᠡᠪᠴᠢᠶᠡᠨ᠎ᠤ ᠬᠡᠷᠡᠭ᠌ᠯᠡᠯᠲᠡ᠎ᠶ᠋ᠢ ᠬᠢᠵᠠᠭᠠᠷᠯᠠᠬᠤ ᠡᠴᠦᠰ᠎ᠤᠨ ᠪᠣᠭᠤᠮᠢ ᠪᠣᠯᠤᠭ᠍ᠰᠠᠨ ᠪᠥᠭᠡᠳ ᠪᠥᠬᠦ᠌ ᠲᠡᠯᠡᠬᠡᠢ ᠵᠢᠨ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠥᠷᠢᠰᠥᠯᠳᠦᠭᠡᠨ᠎ᠤ ᠲᠥᠪᠯᠡᠷᠡᠯ᠎ᠤᠨ ᠴᠡᠭ ᠪᠣᠯᠤᠭ᠍ᠰᠠᠨ ᠪᠠᠢᠨ᠎ᠠ᠃ ᠮᠸ᠋ ᠹᠠᠨ ᠬᠦᠳᠡᠯᠭᠡᠬᠦ ᠬᠦᠴᠦᠨ ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠡᠨᠡ ᠬᠦ᠌ ᠵᠠᠩᠭᠢᠯᠠᠭ᠎ᠠ ᠵᠢᠨ ᠭᠤᠭᠴᠤᠭ᠎ᠠ ᠵᠢ ᠨᠡᠪᠲᠡᠷᠡᠭᠦᠯᠦᠨ᠂ ᠰᠠᠯᠬᠢ᠂ ᠬᠡᠷᠡᠯᠴᠢ ᠴᠡᠨᠡᠭ ᠡᠬᠢ ᠰᠤᠷᠪᠤᠯᠵᠢ ᠪᠡᠷ ᠪᠠᠶᠠᠯᠢᠭ ᠭᠠᠵᠠᠷ ᠣᠷᠣᠨ᠎ᠤ ᠦᠯᠡᠭᠦᠳᠡᠭ᠌ᠰᠡᠨ ᠪᠤᠬᠢᠷᠳᠤᠯ ᠦᠭᠡᠢ ᠴᠠᠬᠢᠯᠭᠠᠨ᠎ᠢ ᠪᠤᠬᠢᠷᠳᠤᠯ ᠦᠭᠡᠢ ᠱᠢᠪᠲᠦᠷ᠎ᠤᠨ ᠬᠡᠯᠪᠡᠷᠢ᠎ᠪᠠᠷ ᠬᠠᠳᠠᠭᠠᠯᠠᠨ ᠲᠡᠭᠡᠭᠡᠪᠦᠷᠢᠯᠡᠵᠦ᠂ ᠳᠠᠬᠢᠨ ᠡᠨᠡ ᠬᠦ᠌ ᠤᠰᠤᠲᠥ᠋ᠷᠥᠭ᠌ᠴᠢ ᠱᠢᠪᠲᠦᠷ᠎ᠤᠨ ᠲᠦᠯᠡᠱᠢᠵᠢᠨ ᠬᠦᠳᠡᠯᠭᠡᠭᠦᠷ ᠮᠠᠰᠢᠨ ᠵᠢᠡᠷ ᠳᠠᠮᠵᠢᠭᠤᠯᠤᠨ ᠪᠣᠬᠢᠷᠲᠤᠯ ᠥᠬᠡᠶ ᠴᠠᠬᠢᠯᠭᠠᠨ ᠬᠦᠴᠦᠨ ᠪᠣᠯᠭᠠᠨ ᠬᠤᠪᠢᠷᠠᠭᠤᠯᠵᠤ᠂ ᠪᠤᠬᠢᠷᠳᠤᠯ ᠦᠭᠡᠢ ᠴᠠᠬᠢᠯᠭᠠᠨ᠎ᠤ 《ᠴᠠᠭ ᠪᠠ ᠣᠷᠣᠨ ᠵᠠᠶ᠎ᠶ᠋ᠢᠨ ᠱᠢᠯᠵᠢᠯᠳᠡ》 ᠵᠢ ᠪᠡᠶᠡᠯᠡᠭᠦᠯᠵᠦ᠍᠂ ᠰᠠᠯᠬᠢ᠂ ᠬᠡᠷᠡᠯᠴᠢ ᠴᠡᠨᠡᠭ ᠤᠨ ᠡᠬᠢ ᠰᠤᠷᠪᠤᠯᠵᠢ ᠳᠤᠲᠠᠮᠠᠭ ᠭᠠᠵᠠᠷ ᠣᠷᠣᠨ᠎ᠳᠤ ᠪᠤᠬᠢᠷᠳᠤᠯ ᠦᠭᠡᠢ ᠴᠠᠬᠢᠯᠭᠠᠨ ᠬᠠᠩᠭᠠᠬᠤ ᠴᠤ ᠱᠢᠨ᠎ᠡ ᠠᠷᠭ᠎ᠠ ᠵᠠᠮ᠎ᠢ ᠨᠡᠬᠡᠭᠡᠭᠰᠡᠨ ᠪᠠᠢᠨ᠎ᠠ᠃
《ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ᠎ᠳᠤ 12 ᠮᠠᠱᠢᠨ ᠴᠣᠭ᠍ᠴᠠᠯᠠᠪᠤᠷᠢ ᠦᠢᠯᠡᠳᠪᠦᠷᠢᠯᠡᠨ᠎ᠡ᠃ ᠮᠠᠰᠢᠨ ᠴᠤᠭᠴᠠᠯᠠᠪᠤᠷᠢ ᠵᠢᠨ ᠴᠢᠳᠠᠮᠵᠢ ᠵᠢ ᠪᠦᠬᠦ ᠲᠠᠯ᠎ᠠ ᠪᠡᠷ ᠪᠠᠢᠴᠠᠭᠠᠨ ᠰᠢᠯᠭᠠᠵᠤ ᠳᠠᠭᠤᠰᠤᠭᠰᠠᠨ᠎ᠤ ᠳᠠᠷᠠᠭ᠎ᠠ᠂ ᠤᠰᠤᠲᠥ᠋ᠷᠥᠭ᠌ᠴᠢ ᠱᠢᠪᠲᠦᠷ᠎ᠤᠨ ᠲᠦᠯᠡᠱᠢᠵᠢᠨ ᠬᠦᠳᠡᠯᠭᠡᠭᠦᠷ ᠮᠠᠰᠢᠨ ᠤᠳᠠᠯ ᠦᠬᠡᠢ ᠵᠠᠬ᠎ᠠ ᠳᠡᠯᠭᠡᠭᠦᠷ᠎ᠲᠤ ᠭᠠᠷᠬᠤ ᠪᠣᠯᠤᠨ᠎ᠠ》 ᠭᠡᠵᠦ ᠮᠦ᠍ ᠹᠠᠨ ᠡᠨᠧᠷᠭᠢ᠎ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠬᠢᠵᠠᠭᠠᠷᠳᠤ ᠺᠤᠮᠫᠠᠨᠢ ᠵᠢᠨ ᠪᠦᠲᠦᠭᠡᠨ ᠪᠠᠢᠭᠤᠯᠤᠯᠲᠠ ᠡᠵᠡᠩᠨᠡᠯᠲᠡ᠎ᠶ᠋ᠢᠨ ᠶᠡᠷᠦᠩᠬᠡᠶ ᠬᠢᠨᠠᠭ᠍ᠴᠢ ᠰᠧ ᠳ᠋ᠤᠤ ᠭᠠᠩ ᠲᠠᠨᠢᠯᠴᠠᠭᠤᠯᠪᠠ᠃
ᠮᠠᠨ᠎ᠤ ᠤᠯᠤᠰ᠎ᠤᠨ ᠪᠡᠶ᠎ᠠ ᠪᠠᠨ ᠲᠠᠭᠠᠭᠠᠵᠦ ᠦᠢᠯᠡᠳᠪᠦᠷᠢᠯᠡᠭᠰᠡᠨ ᠲᠤᠰ ᠲᠦᠯᠡᠰᠢ ᠵᠢᠨ ᠬᠦᠳᠡᠯᠭᠡᠭᠦᠷ ᠮᠠᠰᠢᠨ᠎ᠤ ᠵᠠᠬ᠎ᠠ ᠳᠡᠯᠭᠡᠭᠦᠷ ᠲᠤ᠌ ᠭᠠᠷᠬᠤ ᠵᠢ ᠳᠠᠭᠠᠯᠳᠤᠨ᠂ ᠮᠠᠨ᠎ᠤ ᠤᠯᠤᠰ᠎ᠤᠨ ᠪᠥᠬᠦ᠌ ᠲᠡᠯᠡᠬᠡᠢ ᠵᠢᠨ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠨ᠎ᠳᠠᠬᠢ ᠨᠦᠯᠦᠭᠡ ᠲᠠᠰᠤᠷᠠᠯᠲᠠ ᠥᠬᠡᠶ ᠳᠡᠭᠡᠭ᠌ᠰᠢᠯᠡᠵᠦ᠍᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠶ᠋ᠢ ᠠᠬᠢᠭᠤᠯᠤᠨ᠂ ᠪᠥᠬᠦ᠌ ᠲᠡᠯᠡᠬᠡᠢ ᠵᠢᠨ ᠡᠨᠧᠷᠭᠢ᠎ᠶ᠋ᠢᠨ ᠬᠤᠪᠢᠰᠭᠠᠯ᠎ᠢ ᠠᠬᠢᠭᠤᠯᠬᠤ᠎ᠳᠤ ᠳᠤᠮᠳᠠᠳᠤ ᠤᠯᠤᠰ᠎ᠤᠨ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃