ᠬᠣᠲᠠ᠎ᠶ᠋ᠢᠨ ᠠᠷᠠᠳᠪᠠ ᠵᠢᠭᠤᠯᠴᠢᠯᠠᠭ᠍ᠰᠠᠳ᠎ᠤᠨ ᠪᠠᠶᠠᠷ᠎ᠤᠨ ᠡᠳᠦᠷ᠎ᠦᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠎ᠶ᠋ᠢᠨ ᠲᠥᠯᠥᠭᠡ᠂ ᠤᠯᠤᠰ᠎ᠤᠨ ᠪᠠᠶᠠᠷ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠬᠤᠭᠤᠴᠠᠭᠠᠨ᠎ᠳᠤ ᠤᠯᠠᠭᠠᠨᠴᠠᠪ ᠬᠣᠲᠠ 33 ᠵᠦᠶ᠋ᠯ᠎ᠦᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠶ᠋ᠢ ᠨᠠᠷᠢᠨ ᠨᠢᠮᠪᠠᠢ ᠲᠦᠰᠦᠪᠯᠡᠨ ᠦᠷᠨᠢᠭᠦᠯᠵᠦ᠂ ᠤᠳᠭ᠎ᠠ ᠤᠷᠠᠯᠢᠭ᠎ᠤᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠭᠤᠤᠯ ᠰᠡᠳᠦᠪᠲᠦ ᠰᠤᠳᠤᠯᠤᠨ ᠰᠤᠷᠤᠯᠴᠠᠬᠤ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠂ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠵᠡᠷᠭᠡ ᠣᠯᠠᠨ ᠲᠥᠷᠥᠯ ᠵᠦᠶ᠋ᠯ᠎ᠢ ᠬᠠᠮᠤᠷᠴᠤ᠌᠂ ᠣᠯᠠᠨ ᠡᠱᠢᠲᠦ ᠬᠡᠯᠪᠡᠷᠢ᠎ᠪᠡᠷ ᠪᠠᠶᠠᠷ ᠪᠠᠶᠠᠰᠭᠤᠯᠠᠩᠲᠤ ᠥᠯᠵᠡᠶ ᠪᠡᠯᠭᠡᠲᠦ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢ ᠪᠣᠶ ᠪᠣᠯᠭᠠᠵᠤ᠂ ᠬᠣᠲᠠ᠎ᠶ᠋ᠢᠨ ᠠᠷᠠᠳᠪᠠ ᠵᠢᠭᠤᠯᠴᠢᠯᠠᠭ᠍ᠰᠠᠳ᠎ᠲᠤ ᠰᠣᠶᠣᠯ᠎ᠤᠨ ᠦᠨᠦᠷ ᠠᠮᠲᠠ ᠲᠠᠢ᠂ ᠪᠡᠶᠡᠴᠢᠯᠡᠭᠰᠠᠨ ᠣᠢᠯᠠᠭᠠᠯᠲᠠ ᠪᠠ ᠰᠣᠨᠢᠷᠬᠠᠯᠳᠠᠢ 《ᠬᠤᠤᠰ ᠪᠠᠶᠠᠷ》 ᠤ᠋ᠨ ᠦᠪᠡᠳᠡᠭ᠌ᠰᠢ ᠨᠠᠢᠷ᠎ᠢ ᠬᠠᠨᠭᠭᠠᠭᠰᠠᠨ ᠪᠠᠢᠨ᠎ᠠ᠃
ᠬᠣᠲᠠ᠎ᠶ᠋ᠢᠨ ᠱᠠᠲᠤᠨ᠎ᠤ ᠲᠠᠯᠠᠪᠤᠷ ᠤᠷᠳᠤᠨ ᠵᠢᠴᠢ ᠭᠤᠤᠯᠳᠠᠯᠭ᠎ᠠ᠎ᠲᠠᠶ ᠦᠵᠡᠮᠵᠢ᠎ᠶ᠋ᠢᠨ ᠣᠷᠣᠨ ᠲᠦᠷᠦᠭᠦᠯᠡᠨ ᠬᠦᠴᠦᠯᠡᠵᠦ᠍᠂ 16 ᠵᠦᠶ᠋ᠯ᠎ᠦᠨ ᠣᠨᠴᠠᠯᠢᠭ᠍ᠲᠤ ᠠᠵᠢᠯᠯᠠᠭ᠎ᠠ᠎ᠨᠢ ᠪᠠᠶᠠᠷ᠎ᠤᠨ ᠡᠳᠦᠷ᠎ᠦᠨ ᠠᠮᠢᠳᠤᠷᠠᠯ᠎ᠢ ᠪᠠᠶᠠᠯᠢᠬᠵᠢᠭᠤᠯᠪᠠ᠃ ᠤᠯᠠᠭᠠᠨᠴᠠᠪ ᠬᠣᠲᠠ᠎ᠶ᠋ᠢᠨ ᠤᠷᠠᠨ ᠵᠢᠷᠤᠭ᠎ᠤᠨ ᠣᠷᠳᠣᠨ 9 ᠰᠠᠷ᠎ᠠ᠎ᠶ᠋ᠢᠨ 23 ᠤ᠋ ᠡᠳᠦᠷ᠎ᠡᠴᠡ 10 ᠰᠠᠷ᠎ᠠ᠎ᠶ᠋ᠢᠨ 9 ᠤ᠋ ᠡᠳᠦᠷ ᠪᠣᠯᠲᠠᠯ᠎ᠠ 《ᠤᠮᠠᠷᠠᠲᠤ ᠬᠢᠯᠢ᠎ᠵᠢᠨ ᠤᠴᠠᠷᠠᠯ·ᠤᠯᠠᠭᠠᠨᠴᠠᠪ᠎ᠲᠤ ᠪᠣᠯᠵᠣᠶ᠎ᠠ》 ᠭᠡᠬᠦ ᠬᠡᠷᠡᠯ ᠵᠢᠷᠤᠭ᠎ᠤᠨ ᠦᠵᠡᠰᠭᠦᠯᠡᠩ ᠡᠷᠭᠢᠯᠡᠵᠦ᠍᠂ ᠬᠡᠷᠡᠯ ᠵᠢᠷᠤᠭ᠎ᠤᠨ ᠮᠠᠰᠢᠨ᠎ᠢᠶᠡᠷ ᠤᠮᠠᠷᠠᠲᠤ ᠬᠢᠯᠢ᠎ᠶ᠋ᠢᠨ ᠥᠩᠭᠡ ᠦᠵᠡᠮᠵᠢ ᠪᠠ ᠬᠣᠲᠠ᠎ᠶ᠋ᠢᠨ ᠭᠠᠢᠬᠠᠮᠰᠢᠭ᠎ᠢ ᠢᠯᠡᠷᠡᠭᠦᠯᠪᠡ; ᠤᠯᠠᠭᠠᠨᠴᠠᠪ ᠬᠣᠲᠠ᠎ᠶ᠋ᠢᠨ ᠰᠣᠶᠣᠯ᠎ᠤᠨ ᠣᠷᠳᠣᠨ ᠤᠯᠤᠰ᠎ᠤᠨ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠭᠤᠤᠯ ᠰᠡᠳᠦᠪ᠎ᠦᠨ ᠲᠣᠭᠣᠷᠢᠨ᠎ᠳᠤ ᠤᠷᠢᠳ ᠬᠣᠵᠢᠳ 《ᠨᠠᠢ᠍ᠮᠠᠨ ᠰᠠᠷ᠎ᠠ ᠵᠢᠨ ᠲᠡᠷᠭᠡᠯ ᠪᠠᠶᠠᠷ·ᠪᠣᠳᠠᠰ᠎ᠤᠨ ᠪᠤᠰᠤ ᠰᠣᠶᠣᠯ᠎ᠤᠨ ᠥᠪ》 ᠤ᠋ᠨ ᠵᠠᠯᠠᠭᠤᠴᠤᠳ ᠪᠠᠭᠠᠴᠤᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠶ᠋ᠯᠡᠳᠦᠯᠭᠡ᠎ᠶ᠋ᠢᠨ ᠠᠵᠢᠯᠯᠠᠭ᠎ᠠ ᠪᠣᠯᠤᠨ 《ᠦᠨᠭᠭᠡᠲᠦ ᠪᠢᠷ ᠵᠢᠡᠷ ᠪᠠᠳᠠᠷᠠᠯᠳᠤ ᠲᠦᠷᠦ ᠵᠢ ᠵᠢᠷᠤᠭ᠍ᠯᠠᠵᠤ᠂ ᠪᠢᠷ ᠪᠡᠬᠡᠰ ᠵᠢᠡᠷ ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ᠎ᠢ ᠥᠷᠨᠢᠭᠦᠯᠵᠦ᠍᠂ ᠵᠠᠯᠠᠭᠤᠴᠤᠳ ᠪᠠᠭᠠᠴᠤᠳ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠢ ᠭᠦᠨᠵᠡᠭᠡᠢ ᠪᠡᠶᠡᠴᠢᠯᠡᠨ ᠤᠢᠯᠠᠭᠠᠭᠤᠯᠵᠤ᠂ ᠤᠷᠠᠨ ᠪᠢᠴᠢᠯᠭᠡ ᠤᠷᠠᠨ ᠵᠢᠷᠤᠭ᠎ᠤᠨ ᠪᠠᠬᠠᠳᠠᠳᠪᠢᠷ ᠪᠡᠬᠡᠰ ᠵᠢᠡᠷ ᠡᠬᠡ ᠤᠯᠤᠰ᠎ᠢᠶᠠᠨ ᠮᠥᠷᠥᠭᠡᠳᠦᠨ ᠰᠠᠨᠠᠭᠠᠯᠵᠠᠪᠠ᠃ ᠤᠯᠠᠭᠠᠨᠴᠠᠪ ᠬᠣᠲᠠ᠎ᠶ᠋ᠢᠨ ᠨᠣᠮ᠎ᠤᠨ ᠰᠠᠩ 《ᠤᠯᠤᠰ᠎ᠤᠨ ᠪᠠᠶᠠᠷ᠎ᠤᠨ ᠬᠤᠪᠢᠰᠬᠠᠯᠳᠤ ᠺᠢᠨᠣ᠋᠎ᠶ᠋ᠢᠨ ᠦᠵᠡᠭᠦᠯᠭᠡ᠂ ᠤᠯᠤᠰ ᠵᠢᠡᠨ ᠬᠠᠢᠷᠠᠯᠠᠬᠤ ᠰᠡᠳᠭᠢᠯᠭᠡ ᠵᠢ ᠵᠤᠵᠠᠭᠠᠳᠬᠠᠨᠠᠮ》 ᠭᠡᠬᠦ ᠨᠡᠢᠲᠡ᠎ᠶ᠋ᠢᠨ ᠠᠰᠠᠷᠠᠮᠵᠢ᠎ᠶ᠋ᠢᠨ ᠺᠢᠨᠣ᠋᠎ᠶ᠋ᠢᠨ ᠦᠵᠡᠭᠦᠯᠭᠡ᠂ 《ᠤᠯᠤᠰ ᠤ᠋ᠨ ᠬᠦᠰᠡᠯ ᠵᠡᠭᠦᠳᠦ᠂ ᠨᠣᠮ ᠪᠢᠴᠢᠭ᠎ᠤᠨ ᠠᠶᠠᠯᠠᠯ》 ᠭᠡᠬᠦ ᠤᠯᠤᠰ᠎ᠤᠨ ᠪᠠᠶᠠᠷ᠎ᠤᠨ ᠭᠤᠤᠯ ᠰᠡᠳᠦᠪᠲᠦ ᠨᠣᠮ᠎ᠤᠨ ᠦᠵᠡᠰᠭᠦᠯᠡᠩ᠂ 《ᠠᠯᠳᠠᠨ ᠨᠠᠮᠤᠷ᠎ᠤᠨ ᠨᠣᠮ᠎ᠤᠨ ᠵᠤᠭᠤᠭ》 ᠭᠡᠬᠦ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠭᠤᠤᠯ ᠰᠡᠳᠦᠪᠲᠦ ᠨᠣᠮ᠎ᠤᠨ ᠦᠵᠡᠰᠭᠦᠯᠡᠩ ᠵᠡᠷᠭᠡ ᠱᠢᠷᠢᠰ ᠠᠵᠢᠯᠯᠠᠭ᠎ᠠ᠎ᠶ᠋ᠢ ᠦᠷᠨᠢᠭᠦᠯᠵᠦ᠂ ᠬᠤᠪᠢᠰᠭᠠᠯ᠎ᠤᠨ ᠦᠵᠡᠮᠵᠢ᠎ᠶ᠋ᠢᠨ ᠣᠷᠣᠨ᠎ᠡᠴᠡ ᠭᠤᠤᠯ ᠰᠡᠳᠦᠪᠲᠦ ᠨᠣᠮ᠎ᠤᠨ ᠦᠵᠡᠰᠭᠦᠯᠡᠩ ᠬᠦᠷᠲᠡᠯ᠎ᠡ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠵᠠᠩ ᠳᠠᠳᠭᠠᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠎ᠡᠴᠡ ᠬᠦᠶ᠋ᠲᠡᠨ ᠱᠢᠭᠦᠳᠡᠷᠢ᠎ᠶ᠋ᠢᠨ ᠴᠠᠭ ᠠᠭᠤᠷ᠎ᠢ ᠪᠡᠶᠡᠴᠢᠯᠡᠨ ᠣᠢᠯᠠᠭᠠᠬᠤ ᠬᠦᠷᠳᠡᠯ᠎ᠡ ᠠᠳᠠᠯᠢ ᠪᠤᠰᠤ ᠨᠠᠰᠤᠨ᠎ᠤ ᠤᠩᠱᠢᠭ᠍ᠴᠢᠳ᠎ᠲᠤ ᠡᠯᠪᠡᠭ ᠪᠠᠶᠠᠯᠢᠭ ᠰᠣᠩᠭᠣᠯᠲᠠ ᠬᠠᠩᠭᠠᠪᠠ᠃ ᠤᠯᠠᠭᠠᠨᠴᠠᠪ ᠬᠣᠲᠠ᠎ᠶ᠋ᠢᠨ ᠮᠦᠽᠧᠶ ᠤᠯᠤᠰ᠎ᠤᠨ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠬᠤᠤᠰ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ ᠣᠷᠣᠯᠴᠠᠭ᠍ᠴᠢ᠎ᠪᠠᠨ ᠳᠠᠭᠠᠭᠤᠯᠤᠨ ᠤᠯᠤᠰ᠎ᠤᠨ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠲᠡᠦᠬᠡ᠎ᠶ᠋ᠢᠨ ᠡᠬᠢ ᠰᠤᠷᠪᠤᠯᠵᠢ᠎ᠶ᠋ᠢ ᠭᠦᠨᠵᠡᠭᠡᠢ ᠤᠢᠯᠠᠭᠠᠭᠰᠠᠨ ᠵᠢᠡᠷ ᠪᠠᠷᠠᠬᠤ ᠥᠬᠡᠶ᠂ ᠨᠠᠩ ᠴᠤ᠌ ᠴᠠᠭᠠᠰᠤᠨ ᠡᠭᠡᠳᠡᠩ᠎ᠦᠨ ᠵᠢᠷᠤᠭ᠂ ᠳᠠᠷᠤᠮᠠᠯᠯᠠᠬᠤ ᠮᠡᠷᠭᠡᠵᠢᠯ ᠵᠡᠷᠭᠡ ᠪᠡᠶᠡᠴᠢᠯᠡᠨ ᠣᠢᠯᠠᠭᠠᠬᠤ ᠭᠣᠭ᠍ᠴᠣᠭ᠎ᠠ ᠲᠣᠬᠢᠷᠠᠭᠤᠯᠵᠤ᠂ ᠤᠯᠠᠮᠵᠢᠯᠠᠯᠲᠤ ᠰᠣᠶᠣᠯ᠎ᠢ 《ᠠᠮᠢᠯᠠᠭᠤᠯᠪᠠ》᠃ ᠡᠭᠦᠨ᠎ᠡᠴᠡ ᠭᠠᠳᠠᠨ᠎ᠠ᠂ ᠤᠯᠠᠭᠠᠨᠴᠠᠪ᠎ᠤᠨ ᠰᠥᠨᠢ᠎ᠶ᠋ᠢᠨ ᠦᠵᠡᠮᠵᠢ᠎ᠶ᠋ᠢᠨ ᠣᠷᠣᠨ ᠨᠢ ᠲᠣᠰ ᠲᠣᠰ 10 ᠰᠠᠷ᠎ᠠ᠎ᠶ᠋ᠢᠨ 1᠎ᠡᠴᠡ 3 ᠤ᠋ ᠡᠳᠦᠷ ᠪᠣᠯᠲᠠᠯ᠎ᠠ᠂ 10 ᠰᠠᠷ᠎ᠠ᠎ᠶ᠋ᠢᠨ 6 ᠤ᠋ ᠡᠳᠦᠷ ᠤᠯᠤᠰ᠎ᠤᠨ ᠪᠠᠶᠠᠷ᠂ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠬᠤᠪᠢᠰᠬᠠᠯ᠎ᠤᠨ ᠳᠠᠭᠤᠤ᠎ᠶ᠋ᠢᠨ ᠨᠠᠢᠷᠠᠯ ᠳᠠᠭᠤᠤ᠂ ᠬᠡᠢᠲᠦ ᠪᠥᠮᠪᠥᠭᠡ ᠨᠢᠰᠭᠡᠬᠦ᠌᠂ ᠰᠠᠷᠠᠨ᠎ᠳᠤ ᠮᠥᠷᠭᠥᠬᠦ᠌ ᠶᠣᠰᠣᠯᠠᠯ᠂ ᠵᠢᠵᠢᠭ ᠤᠯᠠᠭᠠᠨ ᠲᠣᠭ ᠪᠣᠯᠤᠨ ᠴᠡᠴᠡᠭ᠌ᠲᠦ ᠳ᠋ᠧᠩᠯᠦ᠍᠎ᠶ᠋ᠢ ᠦᠨ᠎ᠡ ᠲᠥᠯᠥᠪᠦᠷᠢ ᠥᠬᠡᠶ᠎ᠪᠡᠷ ᠲᠠᠷᠬᠠᠭᠠᠬᠤ ᠵᠡᠷᠭᠡ ᠬᠡᠯᠪᠡᠷᠢ᠎ᠪᠡᠷ ᠬᠣᠲᠠ᠎ᠶ᠋ᠢᠨ ᠠᠷᠠᠳ᠎ᠢ ᠳᠠᠢᠴᠢᠯᠠᠨ ᠢᠳᠡᠪᠬᠢᠳᠡᠢ ᠣᠷᠣᠯᠴᠠᠭᠤᠯᠵᠠᠶ; ᠤᠯᠠᠭᠠᠨᠬᠠᠳᠠ᠎ᠶ᠋ᠢᠨ ᠭᠠᠯᠲᠤ ᠠᠭᠤᠯᠠ᠎ᠶ᠋ᠢᠨ ᠦᠵᠡᠮᠵᠢ᠎ᠶ᠋ᠢᠨ ᠣᠷᠣᠨ᠎ᠳᠤ 《ᠤᠯᠤᠰ᠎ᠤᠨ ᠲᠤᠭ ᠨᠠᠮᠢᠷᠠᠨ·ᠤᠯᠤᠰ᠎ᠤᠨ ᠪᠠᠶᠠᠷ᠎ᠢ ᠪᠡᠯᠭᠡᠯᠡᠬᠦ᠌》 ᠠᠵᠢᠯᠯᠠᠭ᠎ᠠ ᠥᠷᠨᠢᠭᠦᠯᠵᠦ᠍᠂ 1314 ᠷᠣᠮᠠᠨᠲ᠋ᠢᠭ ᠵᠢᠭᠤᠯᠴᠢᠯᠠᠯ᠎ᠤᠨ ᠵᠠᠮ ᠱᠤᠭᠤᠮ᠂ ᠮᠠᠱᠢᠨ ᠨᠣᠬᠠᠶ᠎ᠶ᠋ᠢᠨ ᠲᠣᠭ᠍ᠯᠠᠯᠲᠠ ᠵᠢᠴᠢ ᠦᠨᠳᠦᠰᠦᠲᠡᠨ᠎ᠦ ᠵᠠᠩ ᠦᠢᠯᠡ᠎ᠶ᠋ᠢᠨ ᠲᠣᠭᠣᠷᠢᠨ ᠲᠣᠭ᠍ᠯᠠᠯᠲᠠ ᠲᠤᠬᠢᠷᠠᠭᠤᠯᠵᠤ᠂ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ + ᠰᠣᠶᠣᠯ ᠵᠢᠭᠤᠯᠴᠢᠯᠠᠯ》 ᠢ᠋ ᠠᠭᠤᠰᠤᠯᠴᠠᠭᠤᠯᠬᠤ ᠵᠠᠭ᠍ᠪᠤᠷ᠎ᠢᠶᠠᠷ ᠰᠦᠯᠵᠢᠶᠡᠨ᠎ᠦ ᠨᠡᠷᠡᠲᠦ ᠬᠥᠮᠦᠰ᠎ᠦᠨ ᠬᠠᠯᠠᠮᠰᠢᠯ ᠭᠠᠵᠠᠷ᠎ᠢ ᠪᠠᠢᠭᠤᠯᠪᠠ᠃
ᠬᠣᠱᠢᠭᠤ ᠱᠢᠶᠠᠨ ᠬᠣᠲᠠ ᠲᠣᠭᠣᠷᠢᠭ ᠴᠤ᠌ ᠵᠡᠷᠭᠡ᠎ᠪᠡᠷ ᠬᠥᠳᠡᠯᠦᠯᠴᠡᠵᠦ᠍ ᠦᠷᠨᠢᠭᠦᠯᠦᠭᠰᠡᠨ 17 ᠵᠦᠶ᠋ᠯ᠎ᠦᠨ ᠠᠵᠢᠯᠯᠠᠭ᠎ᠠ᠎ᠨᠢ ᠣᠷᠣᠨ ᠨᠤᠲᠤᠭ᠎ᠤᠨ ᠣᠨᠴᠠᠯᠢᠭ᠎ᠢ ᠢᠯᠡᠷᠡᠭᠦᠯᠪᠡ᠃ ᠵᠢᠨᠢᠩ ᠲᠣᠭᠣᠷᠢᠭ ᠶᠢᠦ ᠢ ᠬᠤ᠌ ᠠᠭᠤᠳᠠᠮ ᠲᠠᠯᠠᠪᠠᠶ᠂ ᠸᠠᠨ ᠳ᠋ᠠ ᠠᠭᠤᠳᠠᠮ ᠲᠠᠯᠠᠪᠠᠶ᠂ ᠡᠦ ᠶᠤᠸᠠᠢ ᠠᠭᠤᠳᠠᠮ ᠲᠠᠯᠠᠪᠠᠶ ᠵᠡᠷᠭᠡ ᠭᠠᠵᠠᠷ᠎ᠲᠤ ᠶᠧᠪᠡᠩ᠎ᠦᠨ ᠴᠡᠨᠭᠭᠡᠭᠦᠨ ᠨᠠᠢᠷ᠂ ᠤᠯᠤᠰ᠎ᠢᠶᠠᠨ ᠬᠠᠢᠷᠠᠯᠠᠬᠤ ᠦᠵᠡᠯ᠎ᠢ ᠤᠬᠠᠭᠤᠯᠤᠨ ᠲᠠᠢᠯᠪᠤᠷᠢᠯᠠᠬᠤ᠂ ᠠᠷᠠᠳ᠎ᠲᠤ ᠠᠱᠢᠭ ᠬᠦᠷᠲᠡᠭᠡᠬᠦ᠌ ᠤᠷᠠᠨ ᠰᠠᠢᠬᠠᠨ᠎ᠤ ᠲᠣᠭ᠍ᠯᠠᠯᠲᠠ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠠᠮᠲᠠᠲᠤ ᠢᠳᠡᠭᠡᠨ᠎ᠦ ᠰᠣᠶᠣᠯ ᠪᠣᠯᠤᠨ ᠣᠯᠠᠨ ᠲᠦᠮᠡᠨ᠎ᠦ ᠰᠤᠷᠭᠠᠨ ᠬᠥᠮᠦᠵᠢᠯ᠎ᠦᠨ ᠭᠤᠤᠯ ᠰᠡᠳᠦᠪ᠎ᠢ ᠬᠠᠷᠢᠯᠴᠠᠨ ᠤᠶᠠᠯᠳᠤᠭᠤᠯᠵᠤ᠂ ᠬᠣᠲᠠ᠎ᠶ᠋ᠢᠨ ᠠᠷᠠᠳ᠎ᠤᠨ ᠵᠢᠭᠤᠯᠴᠢᠯᠠᠭ᠍ᠰᠠᠳ᠎ᠲᠤ ᠠᠮᠲᠠ᠎ᠶ᠋ᠢᠨ ᠰᠡᠷᠡᠯ ᠪᠣᠯᠤᠨ ᠬᠠᠷᠠᠭᠠᠨ ᠰᠡᠷᠡᠯ᠎ᠦᠨ ᠬᠤᠤᠰ ᠬᠦᠷᠲᠡᠭᠡᠯ᠎ᠢᠶᠡᠷ ᠪᠠᠶᠠᠷ᠎ᠤᠨ ᠡᠳᠦᠷ᠎ᠦᠨ ᠪᠠᠶᠠᠷ ᠪᠠᠶᠠᠰᠤᠯ᠎ᠢ ᠡᠳ᠋ᠯᠡᠭᠦᠯᠪᠡ᠃ ᠹᠧᠩᠵᠧᠨ ᠬᠣᠲᠠ 《ᠶᠧᠪᠡᠩ᠎ᠦᠨ ᠰᠣᠶᠣᠯ》 ᠵᠢᠡᠷ ᠭᠤᠤᠯ ᠪᠣᠯᠭᠠᠵᠤ᠂ ᠨᠠᠶ᠋ᠮᠠᠳᠤᠭᠠᠷ ᠬᠤᠭᠤᠴᠠᠭᠠᠨ᠎ᠤ ᠶᠧᠪᠡᠩ (ᠠᠮᠲᠠᠲᠤ ᠢᠳᠡᠭᠡᠨ) ᠤ᠋ᠨ ᠰᠣᠶᠣᠯ᠎ᠤᠨ ᠭᠠᠷᠠᠭ᠎ᠤᠨ ᠠᠵᠢᠯᠯᠠᠭ᠎ᠠ᠎ᠶ᠋ᠢ ᠡᠷᠭᠢᠯᠡᠵᠦ᠍᠂ ᠤᠷᠠᠨ ᠰᠠᠢᠬᠠᠨ᠎ᠤ ᠲᠣᠭ᠍ᠯᠠᠯᠲᠠ᠂ ᠬᠤᠸᠠᠷ ᠫᠤᠤᠵᠢᠩ᠎ᠤᠨ ᠦᠵᠡᠭᠦᠯᠭᠡ᠂ ᠵᠢᠯᠣᠭᠣᠴᠢ ᠥᠬᠡᠶ ᠨᠢᠰᠭᠡᠯ᠎ᠦᠨ ᠲᠣᠭ᠍ᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠎ᠦᠨ ᠦᠵᠡᠭᠦᠯᠭᠡ᠂ ᠱᠢᠭᠤᠳ ᠨᠡᠪᠲᠡᠷᠡᠭᠦᠯᠭᠡ᠎ᠪᠡᠷ ᠪᠠᠷᠠᠭ᠎ᠠ ᠪᠤᠷᠤᠯᠠᠭᠤᠯᠬᠤ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠬᠠᠮᠤᠷᠤᠭ᠍ᠰᠠᠨᠤ ᠬᠠᠮᠲᠤ 《ᠤᠯᠤᠰ᠎ᠢᠶᠠᠨ ᠬᠠᠢᠷᠠᠯᠠᠬᠤ ᠢᠷᠠᠭᠤ ᠲᠤᠤᠯᠢᠰ᠎ᠢ ᠪᠢᠴᠢᠭᠯᠡᠵᠦ᠂ 76 ᠵᠢᠯ᠎ᠦᠨ ᠣᠶ᠎ᠶ᠋ᠢ ᠮᠠᠭ᠍ᠲᠠᠨ ᠲᠠᠭᠤᠯᠠᠨᠠᠮ》 ᠭᠡᠬᠦ ᠵᠠᠭᠤᠨ ᠬᠥᠮᠦᠨ᠎ᠦ ᠤᠷᠠᠨ ᠤᠨᠭᠰᠢᠯᠭ᠎ᠠ ᠵᠢᠨ ᠠᠵᠢᠯᠯᠠᠭ᠎ᠠ ᠥᠷᠨᠢᠭᠦᠯᠵᠦ᠍᠂ ᠬᠣᠲᠠ᠎ᠶ᠋ᠢᠨ ᠠᠷᠠᠳ᠎ᠤᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠪᠡ᠃ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ᠂ ᠵᠦᠸᠧᠽᠢ ᠱᠢᠶᠠᠨ᠂ ᠱᠢᠩ ᠾᠧ ᠱᠢᠶᠠᠨ᠂ ᠱᠠᠩᠳᠤ ᠱᠢᠶᠠᠨ ᠣᠷᠣᠨ ᠪᠦᠰᠡ᠎ᠶ᠋ᠢᠨ ᠰᠣᠶᠣᠯ ᠪᠣᠯᠤᠨ ᠦᠨᠳᠦᠰᠦᠲᠡᠨ᠎ᠦ ᠣᠨᠴᠠᠯᠢᠭ᠎ᠲᠠᠶ᠎ᠪᠠᠨ ᠤᠶᠠᠯᠳᠤᠭᠤᠯᠵᠤ᠂ ᠤᠯᠠᠭᠠᠨᠮᠥ᠋ᠴᠢᠷ᠎ᠦᠨ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠂ ᠮᠤᠨᠭᠭᠤᠯ ᠮᠤᠷᠢᠨ᠎ᠤ ᠬᠤᠯᠠ ᠵᠠᠢ ᠵᠢᠨ ᠤᠷᠤᠯᠳᠤᠭᠠᠨ᠂ ᠬᠥᠳᠡᠭᠡ ᠲᠣᠰᠭᠣᠨ᠎ᠤ ᠤᠷᠠᠨ ᠰᠠᠢᠬᠠᠨ᠎ᠤ ᠲᠣᠭ᠍ᠯᠠᠯᠲᠠ ᠵᠡᠷᠭᠡ ᠠᠵᠢᠯᠯᠠᠭ᠎ᠠ ᠥᠷᠨᠢᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠭᠦᠢᠴᠡᠳ ᠢᠯᠡᠷᠡᠭᠦᠯᠵᠦ᠍᠂ ᠪᠡᠶ᠎ᠡ᠎ᠶ᠋ᠢᠨ ᠲᠠᠮᠢᠷ᠎ᠲᠤ ᠪᠠᠬᠠᠲᠠᠢ ᠬᠥᠮᠦᠰ᠎ᠲᠦ ᠤᠷᠤᠯᠳᠤᠭᠠᠨ᠎ᠤ ᠲᠠᠪᠴᠠᠩ ᠬᠠᠩᠭᠠᠪᠠ; ᠱᠢᠩ ᠾᠧ ᠱᠢᠶᠠᠨ᠂ ᠱᠠᠩᠳᠤ ᠱᠢᠶᠠᠨ ᠡᠭᠡ ᠤᠯᠤᠰ᠎ᠢᠶᠠᠨ ᠮᠠᠭ᠍ᠲᠠᠨ ᠳᠠᠭᠤᠯᠠᠬᠤ ᠭᠣᠣᠯ ᠰᠡᠳᠦᠪᠲᠦ ᠤᠯᠠᠨ ᠲᠠᠯᠠᠪᠠᠢ ᠤᠷᠠᠨ ᠰᠠᠢᠬᠠᠨ᠎ᠤ ᠲᠣᠭ᠍ᠯᠠᠯᠲᠠ᠎ᠪᠠᠷ ᠲᠠᠮᠵᠢᠨ᠂ ᠪᠠᠶᠠᠷ᠎ᠤᠨ ᠡᠳᠦᠷ᠎ᠦᠨ ᠵᠥᠩᠨᠡᠯ ᠵᠢᠡᠨ ᠬᠤᠳᠠ ᠬᠥᠳᠡᠭᠡ᠎ᠶ᠋ᠢᠨ ᠡᠯ᠎ᠡ ᠥᠨᠴᠥᠭ ᠪᠤᠯᠤᠩ᠎ᠳᠤ ᠳᠠᠮᠵᠢᠭᠤᠯᠤᠭᠰᠠᠨ ᠪᠠᠢᠨ᠎ᠠ᠃