《ᠲᠠ ᠰᠠᠢᠨ ᠦᠦ? ᠪᠢ ᠪᠣᠯ 〈ᠶᠡᠷᠦᠩᠬᠡᠢᠯᠡᠨ ᠵᠠᠰᠠᠬᠤ ᠲᠥᠪ ᠤ᠋ᠨ ᠰᠢᠶᠣᠤ ᠰᠢᠨ〉 ᠪᠣᠯᠤᠨ᠎ᠠ᠂ ᠰᠢᠨ᠎ᠡ ᠬᠣᠲᠠ ᠲᠣᠭᠣᠷᠢᠭ ᠤ᠋ᠨ ᠶᠡᠷᠦᠩᠬᠡᠢᠯᠡᠨ ᠵᠠᠰᠠᠬᠤ ᠲᠥᠪ ᠲᠦ᠍ ᠲᠠᠨ ᠳ᠋ᠤ 〈ᠨᠢᠭᠡ ᠥᠷᠲᠡᠭᠡᠴᠢᠯᠡᠭᠰᠡᠨ ᠮᠠᠶᠢᠭ〉 ᠵᠢᠡᠷ ᠵᠠᠭᠤᠷᠠᠯᠳᠤᠭᠠᠨ ᠢ᠋ ᠰᠢᠢᠳᠪᠦᠷᠢᠯᠡᠵᠦ᠍ ᠥᠭᠭᠦᠨ᠎ᠡ ᠁》 ᠣᠢᠷ᠎ᠠ ᠳ᠋ᠤ᠂ ᠬᠥᠬᠡᠬᠣᠲᠠ ᠶ᠋ᠢᠨ ᠰᠢᠨ᠎ᠡ ᠬᠣᠲᠠ ᠲᠣᠭᠣᠷᠢᠭ ᠤ᠋ᠨ ᠶᠡᠷᠦᠩᠬᠡᠢᠯᠡᠨ ᠵᠠᠰᠠᠬᠤ ᠲᠥᠪ ᠲᠦ᠍ ᠬᠦᠷᠪᠡᠯ᠂ ᠪᠦᠷᠢᠨ ᠵᠠᠩᠭᠢ ᠶ᠋ᠢᠨ ᠲᠣᠭᠠᠴᠢᠯᠠᠭᠰᠠᠨ ᠬᠥᠮᠦᠨᠦ ᠦᠢᠯᠡᠴᠢᠯᠡᠭᠡ ᠪᠠ ᠣᠶᠤᠨᠴᠢ ᠵᠢᠯᠣᠭᠣᠳᠤᠨ ᠭᠦᠢᠴᠡᠳᠭᠡᠯᠭᠡᠬᠦ ᠮᠠᠰᠢᠨ ᠬᠥᠮᠦᠨ ᠶᠠᠭ ᠤᠴᠢᠷ ᠶᠠᠪᠤᠳᠠᠯ ᠭᠦᠶ᠋ᠴᠡᠳᠭᠡᠬᠦ᠌ ᠪᠡᠷ ᠢᠷᠡᠭᠰᠡᠨ ᠣᠯᠠᠨ ᠲᠦᠮᠡᠨ ᠳ᠋ᠤ ᠴᠠᠭ ᠲᠤᠬᠠᠶ ᠳ᠋ᠤᠨᠢ ᠬᠠᠷᠢᠭᠤ ᠲᠤᠰᠬᠠᠬᠤ AI ᠤᠶᠤᠨᠲᠤ ᠵᠥᠪᠯᠡᠯᠭᠡ ᠥᠭᠴᠦ᠍ ᠬᠥᠲᠥᠯᠥᠨ ᠵᠢᠯᠣᠭᠣᠳᠭᠤ ᠦᠶ᠋ᠯᠡᠴᠢᠯᠡᠭᠡ ᠬᠠᠩᠭᠠᠵᠤ ᠪᠠᠢᠯ᠎ᠠ ᠃
ᠶᠡᠷᠦᠩᠬᠡᠢᠯᠡᠨ ᠵᠠᠰᠠᠬᠤ ᠲᠥᠪ ᠤ᠋ᠨ ᠵᠢᠷᠤᠮᠵᠢᠭᠰᠠᠨ ᠪᠠᠢᠭᠤᠯᠤᠯᠲᠠ ᠵᠢ ᠠᠬᠢᠭᠤᠯᠬᠤ ᠦᠢᠯᠡᠳᠦᠯᠭᠡ ᠶ᠋ᠢᠨ ᠰᠦᠪᠡᠭᠴᠢᠯᠡᠯᠲᠡ ᠳᠤᠮᠳᠠ᠂ ᠰᠢᠨ᠎ᠡ ᠬᠣᠲᠠ ᠲᠣᠭᠣᠷᠢᠭ ᠶᠡᠷᠦᠩᠬᠡᠢᠯᠡᠨ ᠵᠠᠰᠠᠬᠤ ᠲᠥᠪ ᠤ᠋ᠨ ᠲᠣᠭᠲᠠᠴᠠ ᠶ᠋ᠢᠨ ᠪᠠᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠭᠠᠪᠠ᠃ ᠬᠦᠰᠡᠯ ᠱᠠᠭᠠᠷᠳᠠᠯᠭ᠎ᠠ ᠵᠢ ᠲᠡᠮᠲᠡᠭᠯᠡᠬᠦ ᠡᠴᠡ ᠠᠰᠠᠭᠤᠳᠠᠯ ᠢ᠋ ᠰᠢᠶ᠋ᠳᠪᠦᠷᠢᠯᠡᠬᠦ᠌ ᠬᠦᠷᠲᠡᠯ᠎ᠡ᠂ ᠲᠣᠰ ᠲᠥᠪ ᠨᠢ ᠭᠥᠯᠢᠶᠡᠨ ᠠᠪᠴᠤ᠌ ᠭᠦᠶ᠋ᠴᠡᠳᠭᠡᠬᠦ᠌᠂ ᠲᠤᠰᠢᠶᠠᠨ ᠭᠦᠢᠴᠡᠳᠭᠡᠭᠦᠯᠬᠦ᠂ ᠣᠷᠣᠯᠠᠨ ᠭᠦᠶ᠋ᠴᠡᠳᠭᠡᠬᠦ᠌᠂ ᠵᠥᠪᠳᠡᠯᠴᠡᠨ ᠰᠢᠢᠳᠪᠦᠷᠢᠯᠡᠬᠦ᠂ ᠱᠠᠯᠠᠪᠳᠠᠭᠤᠯᠤᠨ ᠭᠦᠢᠴᠡᠳᠭᠡᠭᠦᠯᠬᠦ᠌ ᠪᠥᠬᠥ᠌ ᠶᠠᠪᠤᠴᠠ ᠵᠢ ᠮᠥᠷᠳᠡᠬᠦ᠌ ᠠᠵᠢᠯᠯᠠᠭᠠᠨ ᠤ᠋ ᠲᠣᠭᠲᠠᠴᠠ ᠳ᠋ᠤ ᠲᠦᠰᠢᠭᠯᠡᠨ ᠪᠢᠲᠡᠭᠦᠮᠵᠢᠯᠡᠭᠰᠡᠨ ᠬᠠᠮᠢᠶᠠᠷᠤᠯᠲᠠ ᠵᠢ ᠪᠡᠶᠡᠯᠡᠭᠦᠯᠵᠦ᠍᠂ ᠶᠡᠷᠦᠩᠬᠡᠢᠯᠡᠭᠰᠡᠨ ᠴᠣᠩᠬᠤᠪᠴᠢ ᠪᠡᠷ ᠪᠣᠶ ᠪᠥᠬᠥᠶ ᠰᠤᠷᠪᠤᠯᠵᠢᠯᠠᠬᠤ ᠵᠦᠶ᠋ᠯᠡᠰ ᠢ᠋ ᠨᠢᠭᠡᠳᠦᠯᠲᠡᠶ ᠭᠥᠯᠢᠶᠡᠨ ᠠᠪᠴᠤ᠌ ᠭᠦᠢᠴᠡᠳᠭᠡᠨ᠂ ᠳᠠᠬᠢᠭᠠᠳ ᠵᠥᠷᠢᠴᠡᠯ ᠤ᠋ᠨ ᠲᠥᠷᠥᠯ ᠬᠡᠯᠪᠡᠷᠢ ᠪᠡᠷ ᠬᠠᠷᠠᠭᠠᠯᠵᠠᠭᠰᠠᠨ ᠰᠠᠯᠠᠭ᠎ᠠ ᠮᠥᠴᠢᠷ ᠲᠦ᠍ ᠲᠤᠰᠢᠶᠠᠨ ᠭᠦᠢᠴᠡᠳᠭᠡᠭᠦᠯᠵᠦ᠂ ᠪᠥᠬᠥ᠌ ᠶᠠᠪᠤᠴᠠ ᠵᠢ ᠲᠥᠪ ᠡᠴᠡ ᠣᠷᠣᠯᠠᠨ ᠭᠦᠶ᠋ᠴᠡᠳᠭᠡᠵᠦ᠍᠂ ᠪᠤᠳᠤᠯᠢᠶᠠᠨᠲᠠᠶ ᠠᠰᠠᠭᠤᠳᠠᠯ ᠲᠤᠯᠭᠠᠷᠠᠪᠠᠯ ᠪᠠᠰᠠ ᠲᠠᠪᠴᠠᠩ ᠪᠠᠢᠭᠤᠯᠤᠨ ᠵᠥᠪᠳᠡᠯᠴᠡᠨ ᠰᠢᠶ᠋ᠳᠪᠦᠷᠢᠯᠡᠵᠦ᠍᠂ ᠬᠠᠮᠤᠭ ᠡᠴᠦᠰ ᠲᠦ᠍ ᠦᠨᠡᠯᠡᠨ ᠪᠠᠢᠴᠠᠭᠠᠬᠤ᠂ ᠤᠷᠢᠳᠴᠢᠯᠠᠨ ᠰᠡᠷᠡᠮᠵᠢᠯᠡᠭᠦᠯᠬᠦ᠌᠂ ᠬᠠᠷᠢᠭᠤ ᠰᠤᠷᠪᠤᠯᠵᠢᠯᠠᠨ ᠱᠠᠯᠠᠪᠳᠠᠭᠤᠯᠤᠨ ᠭᠦᠢᠴᠡᠳᠭᠡᠭᠦᠯᠬᠦ᠌ ᠪᠡᠷ ᠳᠠᠮᠵᠢᠭᠤᠯᠤᠨ᠂ ᠬᠡᠷᠡᠭ ᠢ᠋ ᠳᠠᠭᠤᠰᠭᠠᠵᠤ ᠤᠴᠢᠷ ᠶᠠᠪᠤᠳᠠᠯ ᠢ᠋ ᠭᠦᠢᠴᠡᠳᠭᠡᠬᠦ ᠵᠢ ᠦᠨᠡᠨ ᠬᠦ᠌ ᠪᠠᠲᠤᠯᠠᠪᠠ᠃
ᠶᠡᠷᠦᠩᠬᠡᠢᠯᠡᠨ ᠵᠠᠰᠠᠬᠤ ᠲᠥᠪ ᠤ᠋ᠨ ᠵᠢᠷᠤᠮᠵᠢᠭᠰᠠᠨ ᠪᠠᠢᠭᠤᠯᠤᠯᠲᠠ ᠵᠢ ᠠᠬᠢᠭᠤᠯᠬᠤ ᠪᠣᠯ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠵᠢ ᠦᠷᠨᠢᠭᠦᠯᠵᠦ᠂ ᠠᠮᠤᠷ ᠲᠤᠬᠲᠠᠭᠤᠨ ᠤ᠋ ᠪᠠᠢᠭᠤᠯᠤᠯᠲᠠ ᠵᠢ ᠠᠬᠢᠭᠤᠯᠬᠤ ᠴᠢᠬᠤᠯᠠ ᠲᠠᠪᠴᠠᠩ ᠮᠥᠨ᠂ ᠪᠠᠰᠠ ᠴᠤ᠌ ᠰᠢᠨ᠎ᠡ ᠴᠠᠭ ᠦᠶ᠎ᠡ ᠶ᠋ᠢᠨ 《ᠹᠧᠩᠴᠢᠶᠣᠤ ᠶ᠋ᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠍᠂ ᠵᠥᠷᠢᠴᠡᠯ ᠵᠠᠭᠤᠷᠠᠯᠳᠤᠭᠠᠨ ᠢ᠋ ᠦᠨᠳᠦᠰᠦᠨ ᠱᠠᠲᠤᠨ ᠳ᠋ᠤ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠮᠥᠨ᠃
ᠣᠢᠷ᠎ᠠ ᠶ᠋ᠢᠨ ᠵᠢᠯ ᠡᠴᠡ ᠨᠠᠭᠠᠰᠢ᠂ ᠥᠪᠥᠷ ᠮᠣᠩᠭᠣᠯ ᠵᠢᠷᠤᠮᠵᠢᠭᠰᠠᠨ ᠪᠠᠢᠭᠤᠯᠤᠯᠲᠠ ᠪᠠ ᠵᠢᠡᠭᠬᠢᠨᠢ ᠪᠠᠢᠯᠳᠤᠭᠠᠨᠴᠢᠯᠠᠬᠰᠠᠨ᠌ ᠠᠵᠢᠯᠯᠠᠭᠠᠨ ᠢ᠋ ᠴᠢᠨᠭᠭᠠᠳᠬᠠᠬᠤ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠰᠢᠶᠠᠨ ᠰᠢᠶᠠᠩ ᠬᠣᠶᠠᠷ ᠱᠠᠲᠤᠨ ᠤ᠋ ᠵᠢᠷᠤᠮᠵᠢᠭᠰᠠᠨ ᠪᠠᠢᠭᠤᠯᠤᠯᠲᠠᠪᠠᠷ ᠭᠤᠤᠯᠳᠠᠯᠭ᠎ᠠ ᠪᠣᠯᠭᠠᠨ᠂ ᠦᠨᠳᠦᠰᠦᠨ ᠱᠠᠲᠤᠨ ᠤ᠋ ᠵᠢᠵᠢᠭ ᠵᠠᠰᠠᠯᠲᠠ ᠶ᠋ᠢᠨ ᠲᠣᠭᠲᠠᠴᠠ ᠵᠢ ᠵᠡᠷᠭᠡ ᠪᠡᠷ ᠪᠠᠢᠭᠤᠯᠵᠤ᠂ ᠣᠯᠠᠨ ᠲᠦᠮᠡᠨᠦ ᠵᠥᠷᠢᠴᠡᠯ ᠵᠠᠭᠤᠷᠠᠯᠳᠤᠭᠠᠨ ᠢ᠋ ᠨᠢᠭᠡ ᠥᠷᠲᠡᠭᠡᠴᠢᠯᠡᠭᠰᠡᠨ ᠮᠠᠶᠢᠭᠵᠢᠡᠷ ᠰᠢᠶ᠋ᠳᠪᠦᠷᠢᠯᠡᠬᠦ᠌ ᠰᠢᠨ᠎ᠡ ᠲᠠᠪᠴᠠᠩ ᠢ᠋ ᠬᠦᠴᠦᠯᠡᠨ ᠪᠠᠢᠭᠤᠯᠵᠤ᠂ ᠵᠥᠷᠢᠴᠡᠯ ᠵᠠᠭᠤᠷᠠᠯᠳᠤᠭᠠᠨ ᠢ᠋ ᠰᠢᠶ᠋ᠳᠪᠦᠷᠢᠯᠡᠬᠦ᠌ ᠬᠠᠤᠯᠢᠵᠢᠯ ᠤ᠋ᠨ ᠲᠦᠪᠰᠢᠨ ᠪᠠ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠪᠡ᠃
ᠣᠳᠣᠬᠠᠨ ᠪᠣᠯᠲᠠᠯ᠎ᠠ᠂ ᠪᠥᠬᠥ᠌ ᠣᠷᠣᠨ ᠤ᠋ 103 ᠬᠣᠰᠢᠭᠤ ᠰᠢᠶᠠᠨ (ᠬᠣᠲᠠ᠂ ᠲᠣᠭᠣᠷᠢᠭ) ᠪᠣᠯᠤᠨ 1033 ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠶᠡᠷᠦᠩᠬᠡᠢᠯᠡᠨ ᠵᠠᠰᠠᠬᠤ ᠲᠥᠪ ᠢ᠋ 《ᠫᠠᠢᠰᠠ ᠲᠠᠢ᠂ ᠲᠠᠯᠠᠪᠤᠷ ᠭᠠᠵᠠᠷ ᠲᠠᠢ᠂ ᠬᠦᠴᠦᠨᠲᠡᠶ᠂ ᠲᠣᠭᠲᠠᠴᠠ ᠲᠠᠢ᠂ ᠦᠷ᠎ᠡ ᠪᠦᠲᠦᠮᠵᠢᠲᠡᠶ》 ᠪᠠᠢᠬᠤ ᠬᠠᠷᠠᠯᠲᠠ ᠶᠣᠰᠣᠭᠠᠷ ᠪᠦᠬᠦᠨ ᠢ᠋ ᠪᠠᠢᠭᠤᠯᠵᠤ ᠳᠠᠭᠤᠰᠭᠠᠨ᠂ ᠳᠣᠲᠣᠭᠠᠳᠤ ᠵᠢ ᠬᠠᠮᠠᠭᠠᠯᠠᠬᠤ ᠪᠠᠢᠴᠠᠭᠠᠬᠤ ᠰᠢᠭᠦᠬᠦ᠌ ᠬᠠᠤᠯᠢ ᠴᠠᠭᠠᠵᠠ ᠪᠠ ᠵᠠᠬᠢᠳᠠᠯ ᠰᠤᠷᠪᠤᠯᠵᠢᠯᠠᠯ ᠵᠡᠷᠭᠡ ᠪᠠᠢᠩᠭᠤ ᠰᠠᠭᠤᠭ᠎ᠠ ᠰᠠᠯᠠᠭ᠎ᠠ ᠮᠥᠴᠢᠷ ᠤ᠋ᠨ ᠣᠷᠣᠵᠤ ᠰᠠᠭᠤᠬᠰᠠᠨ ᠨᠣᠷᠮ᠎ᠠ 100% ᠳ᠋ᠤ ᠬᠦᠷᠴᠦ᠂ ᠦᠨᠳᠦᠰᠦᠨ ᠱᠠᠲᠤᠨ ᠤ᠋ ᠵᠢᠵᠢᠭ ᠵᠠᠰᠠᠯᠲᠠ ᠶ᠋ᠢᠨ ᠲᠣᠭᠲᠠᠴᠠ ᠶ᠋ᠢᠨ ᠬᠠᠮᠤᠷᠬᠤ ᠨᠣᠷᠮ᠎ᠠ 100% ᠳ᠋ᠤ ᠬᠦᠷᠪᠡ᠃
ᠣᠳᠣᠬᠠᠨ ᠳ᠋ᠤ 《ᠵᠥᠷᠢᠴᠡᠯ ᠵᠢᠭᠤᠷᠠᠯᠳᠤᠭᠠᠨ ᠪᠠᠢᠪᠠᠯ ᠶᠡᠷᠦᠩᠬᠡᠢᠯᠡᠨ ᠵᠠᠰᠠᠬᠤ ᠲᠥᠪ ᠢ᠋ ᠡᠷᠢᠬᠦ᠌》 ᠨᠢ ᠨᠢᠭᠡᠨᠲᠡ ᠨᠡᠢᠭᠡᠮ ᠤ᠋ᠨ ᠬᠠᠮᠲᠤ ᠶ᠋ᠢᠨ ᠲᠠᠨᠢᠯᠲᠠ ᠪᠣᠯᠤᠭᠰᠠᠨ ᠪᠠᠢᠨ᠎ᠠ᠃ 103 ᠬᠣᠰᠢᠭᠤ ᠰᠢᠶᠠᠨ ᠤ᠋ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠨᠢ ᠴᠥᠮ ᠨᠢᠭᠡᠳᠦᠯᠲᠡᠶ ᠭᠥᠯᠢᠶᠡᠨ ᠠᠪᠬᠤ᠂ ᠲᠥᠷᠥᠯ ᠬᠤᠪᠢᠶᠠᠨ ᠬᠤᠪᠢᠶᠠᠷᠢᠯᠠᠬᠤ᠂ ᠬᠠᠤᠯᠢ ᠶᠣᠰᠣᠭᠠᠷ ᠭᠦᠶ᠋ᠴᠡᠳᠭᠡᠬᠦ᠌᠂ ᠪᠢᠲᠡᠭᠦᠦ᠍ ᠪᠡᠷ ᠡᠷᠭᠢᠯᠳᠦᠭᠦᠯᠬᠦ᠌ ᠵᠡᠷᠭᠡ ᠠᠵᠢᠯᠯᠠᠭᠠᠨ ᠤ᠋ ᠲᠣᠭᠲᠠᠴᠠ ᠵᠢ ᠪᠠᠢᠭᠤᠯᠪᠠ; 1033 ᠰᠢᠶᠠᠩ ᠪᠠᠯᠭᠠᠰᠤᠨ ᠤ᠋ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠨᠢ ᠰᠤᠳᠤᠯᠤᠨ ᠲᠤᠬᠲᠠᠭᠠᠵᠤ ᠤᠷᠢᠳᠴᠢᠯᠠᠨ ᠰᠡᠷᠡᠮᠵᠢᠯᠡᠭᠦᠯᠬᠦ᠌᠂ ᠵᠣᠬᠢᠴᠠᠭᠤᠯᠤᠨ ᠲᠣᠬᠢᠷᠠᠭᠤᠯᠬᠤ ᠵᠡᠷᠭᠡ ᠲᠣᠭᠲᠠᠴᠠ ᠵᠢ ᠪᠠᠢᠭᠤᠯᠵᠤ᠂ ᠶᠡᠷᠦᠩᠬᠡᠢᠯᠡᠨ ᠵᠠᠰᠠᠬᠤ ᠲᠥᠪ ᠡᠴᠡ ᠲᠠᠰ ᠳᠠᠷᠠᠭᠠᠯᠠᠯ ᠤ᠋ᠨ ᠴᠢᠨᠠᠷᠲᠠᠶ ᠠᠬᠢᠭᠤᠯᠬᠤ ᠵᠢ ᠬᠠᠷᠢᠭᠤᠴᠠᠵᠤ᠂ ᠭᠦᠶ᠋ᠴᠡᠳᠭᠡᠬᠦ᠌ ᠰᠠᠯᠠᠭ᠎ᠠ ᠮᠥᠴᠢᠷ ᠡᠴᠡ ᠦᠨᠡᠨ ᠪᠣᠳᠠᠲᠠᠶ ᠪᠡᠷ ᠰᠢᠢᠳᠪᠦᠷᠢᠯᠡᠬᠦ᠌ ᠵᠢ ᠬᠠᠷᠢᠭᠤᠴᠠᠬᠤ ᠠᠵᠢᠯ ᠤ᠋ᠨ ᠪᠠᠢᠷᠢᠰᠢᠯ ᠢ᠋ ᠪᠦᠷᠢᠯᠳᠦᠭᠦᠯᠪᠡ᠃
ᠮᠡᠳᠡᠭᠡ ᠵᠠᠩᠭᠢᠴᠢᠯᠠᠯᠲᠠ ᠪᠣᠯ ᠵᠥᠷᠢᠴᠡᠯ ᠵᠠᠭᠤᠷᠠᠯᠳᠤᠭᠠᠨ ᠢ᠋ ᠰᠢᠢᠳᠪᠦᠷᠢᠯᠡᠬᠦ᠌ ᠵᠢ ᠬᠠᠤᠯᠢᠵᠢᠭᠤᠯᠬᠤ ᠵᠢ ᠠᠬᠢᠭᠤᠯᠬᠤ ᠶ᠋ᠢᠨ ᠴᠢᠬᠤᠯᠠ ᠲᠤᠯᠭᠠᠭᠤᠷᠢᠯᠠᠯ ᠮᠥᠨ᠃ ᠣᠳᠣᠬᠠᠨ ᠳ᠋ᠤ᠂ ᠥᠪᠥᠷ ᠮᠣᠩᠭᠣᠯ ᠪᠦᠬᠦ᠌ ᠣᠷᠣᠨ ᠤ᠋ ᠶᠡᠷᠦᠩᠬᠡᠢᠯᠡᠨ ᠵᠠᠰᠠᠬᠤ ᠪᠠ ᠲᠣᠣᠷᠵᠢᠭᠤᠯᠤᠭᠰᠠᠨ ᠮᠡᠳᠡᠭᠡ ᠵᠠᠩᠭᠢ ᠶ᠋ᠢᠨ ᠲᠠᠪᠴᠠᠩ ᠢ᠋ ᠨᠢᠭᠡᠳᠦᠯᠲᠡᠶ ᠪᠠᠢᠭᠤᠯᠤᠨ ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠱᠠᠲᠤᠨ ᠤ᠋ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤ᠋ᠨ ᠲᠣᠭ᠎ᠠ ᠪᠠᠷᠢᠮᠲᠠ ᠵᠢ ᠬᠥᠨᠳᠡᠯᠡᠨ ᠢ᠋ᠶ᠋ᠡᠷ ᠬᠣᠯᠪᠣᠨ ᠨᠡᠪᠲᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ᠂ ᠰᠢᠶᠠᠩ ᠪᠠᠯᠭᠠᠰᠤ᠂ ᠲᠣᠰᠭᠣᠨ᠂ ᠲᠣᠣᠷᠵᠢᠯ ᠤ᠋ᠨ ᠠᠵᠢᠯᠲᠠᠨ ᠤ᠋ ᠵᠢᠷᠭᠤᠭᠠᠨ ᠱᠠᠲᠤ ᠵᠢ ᠭᠤᠯᠳᠤ ᠪᠡᠷ ᠨᠡᠪᠲᠡᠷᠡᠭᠦᠯᠵᠦ᠍᠂ ᠡᠯ᠎ᠡ ᠲᠥᠷᠥᠯ ᠤ᠋ᠨ ᠵᠥᠷᠢᠴᠡᠯ ᠵᠠᠭᠤᠷᠠᠯᠳᠤᠭᠠᠨ᠂ ᠨᠡᠢᠭᠡᠮ ᠤ᠋ᠨ ᠠᠮᠤᠷ ᠢ᠋ ᠬᠠᠮᠠᠭᠠᠯᠠᠬᠤ ᠲᠦᠭᠰᠢᠭᠦᠷᠢ ᠶ᠋ᠢᠨ ᠲᠣᠭ᠎ᠠ ᠪᠠᠷᠢᠮᠲᠠ ᠵᠢ ᠪᠦᠬᠦᠨ ᠢ᠋ ᠲᠥᠪᠯᠡᠷᠡᠭᠦᠯᠬᠦ᠌ ᠵᠢ ᠪᠡᠶᠡᠯᠡᠭᠦᠯᠵᠦ᠍᠂ ᠵᠥᠷᠢᠴᠡᠯ ᠵᠠᠭᠤᠷᠠᠯᠳᠤᠭᠠᠨ ᠨᠢᠭᠡᠪᠦᠷᠢ ᠵᠢ ᠨᠢᠭᠡᠳᠦᠯᠲᠡᠶ ᠨᠣᠮᠧᠷᠯᠠᠬᠤ᠂ ᠡᠮᠬᠢ ᠵᠢᠷᠤᠮ ᠲᠠᠢ ᠪᠠᠷ ᠬᠤᠪᠢᠶᠠᠷᠢᠯᠠᠬᠤ᠂ ᠵᠠᠳᠠᠯᠤᠨ ᠰᠤᠳᠤᠯᠵᠤ ᠲᠤᠬᠲᠠᠭᠠᠬᠤ ᠵᠢ ᠪᠡᠶᠡᠯᠡᠭᠦᠯᠪᠡ᠃
ᠲᠦᠩᠯᠢᠶᠣᠤ ᠬᠣᠲᠠ ᠶ᠋ᠢᠨ ᠬᠣᠷᠴᠢᠨ ᠲᠣᠭᠣᠷᠢᠭ ᠤ᠋ᠨ ᠱᠢ ᠵᠢᠶᠧ ᠵᠡᠭᠡᠯᠢ ᠭᠤᠳᠤᠮᠵᠢ ᠶ᠋ᠢᠨ ᠫᠢᠩ ᠠᠨ ᠪᠠᠷᠠᠭᠤᠨ ᠨᠡᠢᠭᠡᠮ ᠲᠣᠭᠣᠷᠢᠭ ᠲᠦ᠍᠂ ᠨᠠᠮ ᠤ᠋ᠨ ᠪᠠᠢᠭᠤᠯᠤᠯᠲᠠ ᠪᠡᠷ ᠬᠦᠲᠦᠯᠦᠨ ᠳᠠᠭᠠᠭᠤᠯᠬᠤ ᠪᠠᠷ ᠳᠠᠮᠵᠢᠭᠤᠯᠤᠨ ᠠᠵᠢᠯ ᠤ᠋ᠨ ᠠᠮᠠᠷᠠᠯᠲᠠ ᠪᠠᠨ ᠠᠪᠤᠬᠰᠠᠨ ᠠᠬᠠᠮᠠᠳ ᠨᠠᠮ ᠤ᠋ᠨ ᠭᠡᠰᠢᠭᠦᠨ᠂ ᠠᠳᠠᠯ ᠠᠬᠤᠶ ᠶ᠋ᠢᠨ ᠠᠵᠢᠯᠲᠠᠨ ᠵᠢᠴᠢ ᠬᠠᠯᠠᠭᠤᠨ ᠰᠡᠳᠭᠢᠯᠲᠦ ᠣᠯᠠᠨ ᠲᠦᠮᠡᠨ ᠢ᠋ ᠰᠣᠩᠭᠣᠨ 《ᠠᠰᠠᠷ ᠬᠦᠷᠢᠶ᠎ᠡ ᠬᠠᠮᠢᠶᠠᠷᠤᠭᠴᠢ》 ᠪᠣᠯᠭᠠᠵᠤ᠂ ᠰᠠᠭᠤᠭᠠᠯᠢ ᠠᠷᠠᠳ ᠤ᠋ᠨ ᠰᠠᠢᠨ ᠳᠤᠷᠠᠴᠤᠳ ᠲᠠᠢ ᠬᠣᠯᠪᠣᠭᠠᠯᠠᠨ 《ᠠᠷᠠᠳ ᠤ᠋ᠨ ᠪᠠᠢᠳᠠᠯ ᠢ᠋ ᠤᠢᠯᠠᠭᠠᠬᠤ ᠬᠠᠷᠠᠭᠤᠯ ᠤ᠋ᠨ ᠠᠩᠭᠢ》 ᠪᠠᠢᠭᠤᠯᠵᠤ᠂ ᠠᠰᠠᠷ ᠬᠦᠷᠢᠶ᠎ᠡ ᠵᠢ ᠲᠣᠭᠣᠷᠢᠨ ᠪᠠᠢᠴᠠᠭᠠᠬᠤ᠂ ᠬᠡᠷ ᠪᠦᠯᠢ ᠵᠢ ᠰᠤᠷᠪᠤᠯᠵᠢᠯᠠᠬᠤ ᠠᠵᠢᠯ ᠢ᠋ ᠪᠠᠢᠩᠭᠤ ᠥᠷᠨᠢᠭᠦᠯᠪᠡ᠃ ᠣᠢᠷ᠎ᠠ ᠳ᠋ᠤ᠂ ᠲᠣᠰ ᠨᠡᠢᠭᠡᠮ ᠲᠣᠭᠣᠷᠢᠭ ᠤ᠋ᠨ ᠬᠣᠶᠠᠷ ᠬᠥᠷᠰᠢ ᠵᠡᠷᠭᠡᠯᠡᠳᠡᠭᠡ ᠡᠷᠦᠬᠡ ᠠᠰᠠᠷ ᠤ᠋ᠨ ᠭᠤᠳᠤᠮᠵᠢ ᠳ᠋ᠤ ᠶᠠᠭᠤᠮ᠎ᠠ ᠣᠪᠣᠭᠠᠯᠠᠬᠤ ᠠᠰᠠᠭᠤᠳᠠᠯ ᠡᠴᠡ ᠪᠣᠯᠵᠣ ᠵᠥᠷᠢᠴᠡᠯ ᠡᠭᠦᠰᠴᠦ᠍᠂ ᠬᠠᠷᠢᠯᠴᠠᠨ ᠨᠠᠢᠷ ᠲᠠᠯᠪᠢᠬᠤ ᠥᠬᠡᠶ ᠪᠣᠯᠪᠠ᠃ ᠲᠤᠤᠷᠵᠢᠯ ᠤ᠋ᠨ ᠨᠠᠮ ᠤ᠋ᠨ ᠳᠤᠭᠤᠢᠯᠠᠩ ᠤ᠋ᠨ ᠳᠠᠷᠤᠭ᠎ᠠ ᠡᠴᠡ ᠲᠤᠤᠷᠵᠢᠯ ᠤ᠋ᠨ ᠠᠵᠢᠯᠲᠠᠨ ᠢ᠋ ᠳᠠᠭᠠᠭᠤᠯᠤᠨ ᠬᠡᠷ ᠲᠤᠨᠢ ᠬᠦᠷᠴᠦ᠍ ᠡᠶᠡᠳᠡᠭᠦᠯᠦᠨ᠂ ᠬᠣᠶᠠᠷ ᠲᠠᠯ᠎ᠠ ᠶ᠋ᠢᠨ ᠬᠦᠰᠡᠯ ᠱᠠᠭᠠᠷᠳᠠᠯᠭ᠎ᠠ ᠵᠢ ᠴᠠᠭ ᠲᠤᠬᠠᠶ ᠳ᠋ᠤᠨᠢ ᠣᠢᠯᠠᠭᠠᠵᠤ᠂ ᠨᠠᠮ ᠤ᠋ᠨ ᠳᠤᠭᠤᠢᠯᠠᠩ ᠤ᠋ᠨ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ ᠰᠢᠶ᠋ᠳᠪᠦᠷᠢᠯᠡᠬᠦ᠌ ᠲᠥᠰᠦᠯ ᠢ᠋ ᠰᠤᠳᠤᠯᠤᠨ ᠲᠤᠬᠲᠠᠭᠠᠪᠠ᠃ ᠠᠰᠠᠷ ᠤ᠋ᠨ ᠳᠠᠷᠤᠭ᠎ᠠ ᠪᠠᠰᠠ ᠵᠡᠷᠭᠡᠯᠡᠳᠡᠭᠡ ᠡᠷᠦᠬᠡ ᠶ᠋ᠢᠨ ᠬᠠᠷᠢᠯᠴᠠᠬᠤ ᠠᠷᠭ᠎ᠠ ᠪᠡᠷ ᠬᠣᠶᠠᠷ ᠲᠠᠯ᠎ᠠ ᠵᠢ ᠢᠳᠭᠠᠪᠠ᠃ ᠡᠴᠦᠰ ᠲᠡᠭᠡᠨ ᠤᠯᠠᠨ ᠲᠠᠯ᠎ᠠ ᠶ᠋ᠢᠨ ᠬᠠᠮᠲᠤ ᠶ᠋ᠢᠨ ᠴᠢᠷᠮᠠᠢᠯᠭ᠎ᠠ ᠳᠣᠣᠷ᠎ᠠ᠂ ᠠᠰᠠᠷ ᠤ᠋ᠨ ᠬᠤᠨᠭᠬᠢᠯ ᠰᠠᠭᠠᠳ ᠦᠭᠡᠢ ᠴᠡᠪᠡᠷ ᠲᠡᠭᠰᠢ ᠪᠤᠯᠵᠤ᠂ ᠬᠥᠷᠰᠢ ᠵᠡᠷᠭᠡᠯᠡᠳᠡᠭᠡ ᠶ᠋ᠢᠨ ᠬᠠᠷᠢᠴᠠᠭ᠎ᠠ ᠴᠤ᠌ ᠡᠶᠡᠳᠡᠭᠦᠯᠭᠡ ᠶ᠋ᠢᠨ ᠳᠣᠣᠷ᠎ᠠ ᠡᠶ᠎ᠡ ᠨᠠᠢᠷᠲᠠᠢ ᠪᠣᠯᠵᠠᠢ᠃
ᠶᠡᠷᠦᠩᠬᠡᠢᠯᠡᠨ ᠵᠠᠰᠠᠬᠤ 《ᠬᠠᠳᠭᠤᠮᠠᠯ ᠵᠡᠭᠦᠦ》 ᠨᠢ ᠦᠨᠳᠦᠰᠦᠨ ᠱᠠᠲᠤᠨ ᠤ᠋ ᠵᠠᠰᠠᠯᠲᠠ ᠶ᠋ᠢᠨ 《ᠮᠢᠩᠭᠠᠨ ᠤᠳᠠᠰᠤ》 ᠵᠢ ᠰᠦᠯᠵᠢᠯᠳᠡᠬᠦᠯᠪᠡ᠃ ᠥᠪᠥᠷ ᠮᠣᠩᠭᠣᠯ ᠲᠤᠤᠷᠵᠢᠯ ᠤ᠋ᠨ ᠨᠠᠮ ᠤ᠋ᠨ ᠳᠤᠭᠤᠢᠯᠠᠩ + ᠲᠤᠤᠷᠵᠢᠯ ᠤ᠋ᠨ ᠠᠵᠢᠯᠲᠠᠨ + ᠠᠰᠠᠷ ᠤ᠋ᠨ ᠳᠠᠷᠤᠭ᠎ᠠ ᠶ᠋ᠢᠨ ᠦᠨᠳᠦᠰᠦᠨ ᠱᠠᠲᠤᠨ ᠤ᠋ ᠵᠢᠵᠢᠭ ᠵᠠᠰᠠᠯᠲᠠ ᠶ᠋ᠢᠨ ᠰᠢᠰᠲ᠋ᠧᠮ ᠢ᠋ ᠲᠠᠰᠤᠷᠠᠯᠲᠠ ᠥᠬᠡᠶ ᠪᠠᠢᠭᠤᠯᠤᠨ ᠪᠦᠷᠢᠨᠰᠢᠭᠦᠯᠵᠦ᠍ ᠂ ᠦᠨᠳᠦᠰᠦᠨ ᠱᠠᠲᠤᠨ ᠤ᠋ ᠰᠠᠭᠤᠷᠢ ᠵᠢ ᠪᠡᠬᠢᠵᠢᠭᠦᠯᠦᠨ ᠂ ᠵᠥᠷᠢᠴᠡᠯ ᠤ᠋ᠨ ᠠᠶᠤᠯ ᠲᠦᠭᠰᠢᠭᠦᠷᠢ ᠵᠢ ᠤᠷᠢᠳᠴᠢᠯᠠᠨ ᠰᠡᠷᠭᠡᠢᠯᠡᠵᠦ᠍ ᠵᠢᠭᠰᠠᠭᠠᠨ ᠪᠠᠢᠴᠠᠭᠠᠬᠤ ᠵᠢ ᠠᠰᠠᠷ ᠬᠦᠷᠢᠶ᠎ᠡ᠂ ᠬᠡᠷ ᠪᠦᠯᠢ ᠲᠡᠢᠰᠢ ᠥᠷᠭᠡᠳᠭᠡᠵᠦ᠍᠂ ᠨᠡᠢᠭᠡᠮ ᠤ᠋ᠨ ᠵᠠᠰᠠᠯᠲᠠ ᠶ᠋ᠢᠨ 《ᠡᠴᠦᠰ ᠤ᠋ᠨ ᠨᠢᠭᠡ ᠮᠧᠲ᠋ᠷ》 ᠢ᠋ ᠪᠦᠲᠦᠮᠵᠢᠲᠡᠶ ᠨᠡᠪᠲᠡᠷᠡᠭᠦᠯᠪᠡ᠃ ᠣᠳᠣᠬᠠᠨ ᠪᠣᠯᠲᠠᠯ᠎ᠠ᠂ ᠪᠥᠬᠥ᠌ ᠣᠷᠣᠨ ᠳ᠋ᠤ ᠲᠤᠤᠷᠵᠢᠯ ᠤ᠋ᠨ ᠨᠠᠮ ᠤ᠋ᠨ ᠳᠤᠭᠤᠢᠯᠠᠩ ᠢ᠋ ᠨᠡᠢᠲᠡ 5.8 ᠲᠦᠮᠡ ᠪᠠᠢᠭᠤᠯᠵᠤ᠂ ᠠᠰᠠᠷ ᠤ᠋ᠨ ᠳᠠᠷᠤᠭ᠎ᠠ ᠵᠢ 39.1 ᠲᠦᠮᠡ ᠰᠣᠩᠭᠣᠨ ᠭᠠᠷᠭᠠᠪᠠ᠃
ᠣᠯᠠᠨ ᠲᠦᠮᠡᠨ ᠢ᠋ ᠠᠰᠠᠭᠤᠳᠠᠯ ᠢ᠋ᠶ᠋ᠡᠨ ᠰᠢᠢᠳᠪᠦᠷᠢᠯᠡᠬᠦ ᠪᠡᠷ ᠢᠷᠡᠭᠡᠳ ᠰᠡᠳᠭᠢᠯ ᠬᠠᠨᠤᠮᠵᠢᠲᠠᠶ ᠪᠤᠴᠠᠭᠠᠵᠤ᠂ ᠥᠪᠥᠷ ᠮᠣᠩᠭᠣᠯ ᠶᠠᠭ ᠪᠦᠲᠦᠮᠵᠢᠲᠡᠶ ᠠᠷᠭ᠎ᠠ ᠬᠡᠮᠵᠢᠶ᠎ᠡ ᠪᠡᠷ ᠶᠡᠷᠦᠩᠬᠡᠢᠯᠡᠨ ᠵᠠᠰᠠᠬᠤ ᠲᠥᠪ ᠤ᠋ᠨ ᠵᠢᠷᠤᠮᠵᠢᠭᠰᠠᠨ ᠪᠠᠢᠭᠤᠯᠤᠯᠲᠠ ᠵᠢ ᠠᠬᠢᠭᠤᠯᠵᠤ᠂ ᠣᠯᠠᠨ ᠲᠦᠮᠡᠨᠦ ᠬᠦᠰᠡᠯ ᠱᠠᠭᠠᠷᠳᠠᠯᠭ᠎ᠠ ᠨᠢᠭᠡᠪᠦᠷᠢ ᠵᠢ ᠰᠢᠶ᠋ᠳᠪᠦᠷᠢᠯᠡᠬᠦ᠌ ᠬᠥᠮᠦᠨ ᠲᠠᠢ ᠪᠠᠢᠬᠤ᠂ ᠬᠠᠤᠯᠢ ᠶᠣᠰᠣᠭᠠᠷ ᠰᠢᠶ᠋ᠳᠪᠦᠷᠢᠯᠡᠬᠦ᠌ ᠵᠢ ᠦᠨᠡᠨ ᠬᠦ᠌ ᠪᠠᠲᠤᠯᠠᠵᠤ᠂ ᠣᠯᠠᠨ ᠲᠦᠮᠡᠨ ᠳ᠋ᠤ ᠲᠥᠪ ᠭᠤᠤᠯᠴᠢ ᠰᠢᠳᠤᠷᠭᠤ ᠶᠣᠰᠣ ᠳᠡᠷᠭᠡᠳᠡ ᠨᠢ ᠪᠠᠢᠬᠤ ᠵᠢ ᠦᠨᠡᠨ ᠬᠦ᠌ ᠮᠡᠳᠡᠷᠡᠭᠦᠯᠵᠦ᠍᠂ ᠨᠠᠩ ᠥᠨᠳᠥᠷ ᠲᠦᠪᠰᠢᠨ ᠪᠥᠬᠥᠶ ᠠᠮᠤᠷ ᠲᠤᠬᠲᠠᠭᠤᠨ ᠥᠪᠥᠷ ᠮᠣᠩᠭᠣᠯ᠂ ᠬᠠᠤᠯᠢᠵᠢᠯ ᠤ᠋ᠨ ᠥᠪᠥᠷ ᠮᠣᠩᠭᠣᠯ ᠢ᠋ ᠴᠢᠷᠮᠠᠢᠨ ᠪᠥᠲᠥᠭᠡᠨ ᠪᠠᠢᠭᠤᠯᠵᠤ ᠪᠠᠢᠨ᠎ᠠ᠃