《ᠬᠤᠤᠰ ᠪᠠᠶᠠᠷ》 ᠵᠢᠨᠨ ᠬᠠᠮᠳᠤ ᠪᠡᠷ ᠪᠠᠯᠭᠡᠯᠡᠵᠦ ᠡᠯᠪᠡᠭ ᠬᠤᠷᠢᠶᠠᠯᠲᠠ᠎ᠪᠡᠨ ᠤᠬᠳᠤᠶ᠎ᠠ
2025-10-07 10:18:05
ᠵᠣᠬᠢᠶᠠᠭ᠍ᠴᠢ᠄
ᠵᠢᠢ ᠬᠠᠢ ᠶᠠᠩ
ᠣᠩᠱᠢᠭ᠍ᠰᠠᠨ ᠣᠳᠠᠭ᠎ᠠ᠄
★★★☆☆

ᠤᠯᠠᠪᠤᠷ ᠱᠢᠷ᠎ᠠ ᠨᠠᠩᠭᠤᠸᠠ᠂ ᠭᠠᠯ ᠤᠯᠠᠭᠠᠨ ᠯᠠᠵᠤᠤ᠂ ᠠᠯᠲᠠᠨ ᠱᠢᠷᠭᠠᠯ ᠨᠡᠷᠡᠨ ᠬᠤᠸᠠᠷ ᠁ ᠡᠯᠪᠡᠭ ᠬᠤᠷᠢᠶᠠᠯᠲᠠ᠎ᠶ᠋ᠢᠨ ᠥᠩᠭᠡ ᠪᠤᠳᠤᠭ ᠪᠣᠯ ᠡᠬᠡ ᠪᠠᠢᠭᠠᠯᠢ᠎ᠶ᠋ᠢᠨ ᠬᠠᠮᠤᠭ᠎ᠤᠨ ᠭᠤᠢᠳᠠ ᠰᠠᠢᠬᠠᠨ ᠦᠨᠭᠭᠡ ᠪᠤᠲᠤᠬ ᠪᠠᠢᠵᠤ᠂ ᠬᠠᠮᠤᠭ᠎ᠤᠨ ᠭᠣᠶᠣ ᠰᠠᠢᠬᠠᠨ ᠵᠢᠷᠤᠭ᠎ᠢ ᠵᠢᠷᠤᠭ᠍ᠯᠠᠨ᠎ᠠ᠃ ᠡᠨᠡ ᠬᠦ᠌ ᠬᠤᠷᠢᠶᠠᠯᠲᠠ᠎ᠶ᠋ᠢᠨ ᠤᠯᠠᠷᠢᠯ᠎ᠳᠤ ᠶᠠᠭ ᠰᠠᠢᠬᠠᠨ ᠤᠯᠤᠰ᠎ᠤᠨ ᠪᠠᠶᠠᠷ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ 《ᠬᠣᠣᠰ ᠪᠠᠶᠠᠷ》 ᠵᠢᠡᠨ ᠬᠠᠮᠲᠤ᠎ᠪᠠᠷ ᠪᠡᠯᠭᠡᠯᠡᠵᠦ᠍᠂ ᠡᠯᠪᠡᠭ ᠬᠤᠷᠢᠶᠠᠯᠲᠠ᠎ᠶ᠋ᠢᠨ ᠦᠵᠡᠰᠭᠦᠯᠡᠩᠲᠦ ᠰᠠᠢᠬᠠᠨ ᠦᠵᠡᠮᠵᠢ ᠤᠮᠠᠷᠠᠲᠤ ᠬᠢᠯᠢ᠎ᠶ᠋ᠢᠨ ᠡᠬᠡ ᠭᠠᠵᠠᠷ᠎ᠢ  ᠪᠦᠷᠬᠦᠵᠦ᠂ ᠬᠥᠮᠦᠰ᠎ᠦᠨ ᠴᠢᠷᠠᠢ᠎ᠳᠤ ᠪᠠᠶᠠᠷ᠎ᠤᠨ ᠮᠦᠰᠢᠶᠡᠳᠤ ᠲᠣᠳᠣᠷᠠᠨ᠎ᠠ᠃

ᠡᠯᠪᠡᠭ ᠬᠤᠷᠢᠶᠠᠯᠲᠠ᠎ᠶ᠋ᠢᠨ ᠴᠠᠭᠠᠨ᠎ᠠ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠲᠠᠭᠤ ᠬᠥᠳᠡᠯᠭᠡᠭᠦᠷ᠎ᠪᠠᠢᠳᠠᠬ᠃ ᠲᠠᠷᠢᠶᠠᠯᠠᠩ ᠮᠠᠯ ᠠᠵᠤ ᠠᠬᠤᠢ ᠵᠢᠨ ᠲᠤᠮᠤ ᠮᠤᠵᠢ ᠣᠷᠣᠨ᠎ᠤ ᠨᠢᠭᠡ ᠪᠣᠯᠤᠭ᠍ᠰᠠᠨ᠎ᠤ ᠬᠤᠪᠢ᠎ᠳᠤ᠂ 《ᠳᠤᠮᠳᠠᠳᠤ ᠤᠯᠤᠰ᠎ᠤᠨ ᠪᠤᠳᠠᠭᠠᠨ ᠠᠶᠠᠭ᠎ᠠ》 ᠵᠢ ᠯᠠᠪᠳᠠᠭᠤᠨ ᠪᠠᠷᠢᠬᠤ ᠨᠢ ᠥᠪᠥᠷ ᠮᠣᠩᠭᠣᠯ᠎ᠤᠨ ᠪᠣᠳᠠᠲᠤ ᠬᠦᠴᠦᠨ ᠪᠣᠯᠬᠤ᠎ᠪᠦᠭᠡᠳ ᠨᠡᠩ ᠴᠤ᠌ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠠᠢᠲᠤᠷ ᠪᠠᠢᠭᠤᠯᠵᠤ᠂ ᠥᠩᠭᠡᠷᠡᠭ᠌ᠰᠡᠨ᠎ᠦ ᠲᠠᠷᠢᠶᠠᠯᠠᠬᠤ᠎ᠳᠤ ᠲᠣᠬᠢᠷᠠᠮᠵᠢ ᠦᠭᠡᠢ ᠪᠠᠢᠭ᠍ᠰᠠᠨ 《ᠠᠯᠠᠭᠠᠨ ᠴᠢᠨᠡᠭᠡᠨ ᠲᠠᠷᠢᠶ᠎ᠠ》᠂《ᠡᠭ᠌ᠴᠡ ᠬᠥᠲᠥᠯ ᠭᠠᠵᠠᠷ》 ᠢ᠋ ᠲᠠᠷᠢᠶᠠᠯᠠᠬᠤ᠎ᠳᠤ ᠲᠣᠬᠢᠷᠠᠮᠵᠢᠲᠠᠢ᠂ ᠤᠨᠠᠯᠳᠠ ᠲᠣᠭ᠍ᠲᠠᠭᠤᠨ ᠪᠥᠭᠡᠳ ᠥᠨᠳᠥᠷ ᠤᠨᠠᠯᠲᠠ᠎ᠲᠠᠶ 《ᠪᠦᠬᠦᠯᠢ ᠲᠠᠷᠢᠶᠠᠨ ᠭᠠᠵᠠᠷ》 ᠪᠣᠯᠭᠠᠪᠠ; ᠡᠷᠳᠡᠨᠢ ᠱᠢᠰᠢ᠂ ᠲᠥᠮᠥᠰᠥ᠍᠂ ᠨᠡᠷᠡᠨ ᠬᠤᠸᠠᠷ ᠵᠡᠷᠭᠡ ᠱᠢᠯᠢᠳᠡᠭ ᠣᠨᠴᠠᠯᠢᠭ᠍ᠲᠤ ᠲᠥᠷᠥᠯ ᠵᠦᠢᠯ᠎ᠢ ᠪᠣᠢᠵᠢᠭᠤᠯᠬᠤ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠦᠷ᠎ᠡ᠎ᠶ᠋ᠢᠨ ᠦᠢᠯᠡᠰ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ; ᠰᠠᠭᠠᠯᠢ᠎ᠶ᠋ᠢᠨ ᠦᠨᠢᠶ᠎ᠡ᠎ᠶ᠋ᠢᠨ ᠡᠭᠦᠯᠳᠡᠷ ᠪᠣᠢᠵᠢᠭᠤᠯᠬᠤ ᠬᠠᠮᠲᠤᠷᠠᠨ ᠪᠣᠭᠣᠮᠲᠠ ᠱᠢᠪᠲᠤᠯᠬᠤ ᠠᠵᠢᠯ᠎ᠢ ᠥᠷᠨᠢᠭᠦᠯᠵᠦ᠍᠂ ᠤᠬᠢ ᠰᠠᠢᠨ ᠰᠦ ᠵᠢᠨ ᠢᠷᠡᠯᠲᠡ᠂ ᠡᠭᠦᠯᠳᠡᠷ᠎ᠦᠨ ᠢᠷᠡᠯᠲᠡ ᠪᠠ ᠡᠪᠡᠰᠦᠨ᠎ᠦ ᠢᠷᠡᠯᠲᠡ᠎ᠶ᠋ᠢᠨ ᠰᠠᠭᠤᠷᠢᠨ ᠢ᠋ ᠴᠣᠭ᠍ᠴᠠᠯᠠᠨ ᠪᠠᠢᠭᠤᠯᠪᠠ ᠁ ᠤᠳᠠᠭ᠎ᠠ ᠪᠦᠷᠢ ᠵᠢᠨ ᠲᠠᠰ ᠳᠡᠪᠱᠢᠭᠦᠯᠤᠯᠳᠠ᠂ ᠶᠠᠰᠤ ᠴᠢᠨᠠᠷ᠎ᠤᠨ ᠲᠡᠭᠡᠭᠰᠢᠯᠡᠬᠦᠯᠤᠯᠳᠠ ᠦᠷ᠎ᠡ ᠠᠱᠢᠭ᠎ᠤᠨ ᠨᠡᠮᠡᠭ᠌ᠳᠡᠭᠦᠯᠤᠯᠳᠠ᠎ᠨᠢ ᠴᠥᠮ ᠡᠯᠪᠡᠭ ᠬᠤᠷᠢᠶᠠᠯᠲᠠ ᠤᠯᠬᠤ᠎ᠳᠤ ᠬᠦᠴᠦᠨ ᠬᠤᠷᠠᠮᠳᠤᠭᠤᠯᠵᠤ ᠪᠠᠢᠭ᠎ᠠ ᠶᠠᠪᠤᠳᠠᠯ ᠪᠣᠯᠬᠤ ᠪᠥᠭᠡᠳ ᠨᠠᠩ ᠴᠤ᠌ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠳᠠ ᠱᠢᠪᠲᠤᠯᠬᠤ》 ᠶ᠋ᠢ ᠲᠦᠷᠭᠡᠳᠭᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠎ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠠᠬᠢᠭᠤᠯᠤᠭ᠍ᠰᠠᠨ ᠠᠮᠢᠳᠤᠯᠢᠭ ᠵᠢᠷᠤᠭ᠍ᠯᠠᠯ ᠪᠣᠯᠤᠨ᠎ᠠ᠃

ᠡᠯᠪᠡᠭ ᠬᠤᠷᠢᠶᠠᠯᠲᠠ᠎ᠶ᠋ᠢᠨ ᠦᠨ᠎ᠡ ᠥᠷᠲᠡᠭ ᠨᠢ ᠰᠠᠩ ᠬᠥᠮᠥᠷᠭᠡ᠎ᠶ᠋ᠢᠨ ᠡᠯᠪᠡᠭ ᠳᠡᠯᠪᠡᠭ ᠳᠡᠭᠡᠷ᠎ᠡ ᠢᠯᠡᠷᠡᠵᠦ᠍ ᠪᠠᠢᠬᠤ᠎ᠪᠦᠭᠡᠳ ᠮᠠᠯᠴᠢᠨ ᠲᠠᠷᠢᠶᠠᠴᠢᠨ᠎ᠤ ᠠᠮᠢᠳᠤᠷᠠᠯ᠎ᠤᠨ ᠪᠠᠶᠠᠨ ᠴᠢᠨᠡᠭᠡᠯᠢᠭ ᠪᠠ ᠵᠣᠯ ᠵᠢᠷᠭᠠᠯ ᠎ᠳᠤ ᠨᠠᠩ ᠭᠦᠨᠵᠡᠭᠡᠶ ᠢᠯᠡᠷᠡᠵᠦ᠍ ᠪᠠᠢᠨ᠎ᠠ᠃ ᠢᠳᠡᠵᠦ᠍ ᠡᠮᠦᠰᠭᠦ᠎ᠳᠡᠭᠡᠨ ᠵᠥᠪ ᠪᠣᠯᠬᠤ ᠬᠡᠷᠡᠭᠴᠡᠭᠡ ᠱᠠᠭᠠᠷᠳᠠᠯᠭ᠎ᠠ᠎ᠡᠴᠡ ᠦᠨᠤᠳᠤᠷ ᠤ᠋ᠨ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠥᠭᠡᠭᠡᠴᠡᠯᠳᠦᠯ ᠬᠦᠷᠲᠡᠯ᠎ᠡ᠂ ᠱᠢᠨ᠎ᠡ ᠴᠠᠭ ᠦᠶ᠎ᠡ᠎ᠶ᠋ᠢᠨ ᠡᠯᠪᠡᠭ ᠬᠤᠷᠢᠶᠠᠯᠲᠠ ᠨᠢ 《ᠠᠮᠤ ᠎ᠶ᠋ᠢᠨ ᠤᠭᠤᠲᠠ》 ᠵᠢ ᠨᠡᠩ ᠳᠦᠭᠦᠷᠡᠩ ᠪᠣᠯᠭᠠᠭ᠍ᠰᠠᠨ᠎ᠪᠦᠭᠡᠳ 《ᠵᠣᠭᠣᠰᠣᠨ ᠴᠦᠩᠬᠦ᠌》 ᠵᠢ ᠴᠦ᠍ ᠨᠡᠩ ᠲᠥᠭᠲᠥᠢᠯᠬᠡᠵᠤ᠂ ᠮᠠᠯᠴᠢᠨ ᠲᠠᠷᠢᠶᠠᠴᠢᠨ᠎ᠤ ᠠᠮᠢᠳᠤᠷᠠᠯ ᠡᠳᠦᠷ᠎ᠡᠴᠡ ᠡᠳᠦᠷ ᠥᠭᠡᠳᠡᠯᠡᠵᠦ᠍᠂ ᠠᠮᠢᠳᠤᠷᠠᠯ ᠨᠡᠩ ᠥᠭᠡᠳᠡᠯᠡᠭᠰᠠᠨ ᠪᠠᠢᠨ᠎ᠠ᠃ ᠡᠨᠡ ᠬᠦ᠌ ᠡᠯᠪᠡᠭ ᠬᠤᠷᠢᠶᠠᠯᠲᠠ᠎ᠶ᠋ᠢᠨ ᠪᠠᠶᠠᠷ ᠪᠠᠬᠠᠳᠤᠯ᠎ᠢ ᠴᠥᠬᠥᠷᠡᠰᠢ ᠦᠭᠡᠢ ᠤᠷᠤᠭ᠍ᠰᠢᠯᠠᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠡᠯᠪᠡᠭ ᠬᠤᠷᠢᠶᠠᠯᠲᠠ᠎ᠪᠠᠷ ᠪᠢᠷ ᠪᠣᠯᠭᠠᠵᠤ᠂ ᠲᠡᠮᠡᠴᠡᠯ᠎ᠢᠶᠡᠷ ᠪᠡᠬᠡ ᠪᠣᠯᠭᠠᠨ᠂ ᠲᠦᠷᠦ᠍᠎ᠶ᠋ᠢᠨ ᠪᠤᠳᠤᠯᠭ᠎ᠠ᠎ᠶ᠋ᠢᠨ ᠣᠷᠴᠢᠨ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠨ᠂ ᠣᠷᠣᠯᠭ᠎ᠠ᠎ᠪᠠᠨ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠪᠡᠯ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠯᠠᠪᠲᠠᠢ ᠬᠡᠮᠵᠢᠶ᠎ᠡ᠎ᠪᠡᠷ ᠶᠡᠬᠡ ᠴᠢᠨᠠᠷ ᠰᠠᠢᠲᠠᠢ ᠪᠦᠳᠦᠭᠡᠨ ᠪᠠᠢᠭᠤᠯᠵᠤ᠂ 《ᠳᠤᠮᠳᠠᠳᠤ ᠤᠯᠤᠰ᠎ᠤᠨ ᠪᠤᠳᠠᠭᠠᠨ ᠠᠶᠠᠭ᠎ᠠ》 ᠳᠣᠲᠣᠷᠠᠬᠢ 《ᠪᠣᠭᠣᠮᠲᠠ᠎ᠶ᠋ᠢᠨ ᠭᠠᠳᠠᠨᠠᠬᠢ ᠠᠮᠤ ᠪᠤᠳᠠᠭ᠎ᠠ》 ᠵᠢ ᠨᠡᠩ ᠤᠯᠠᠨ᠂ ᠨᠡᠩ ᠴᠢᠨᠠᠷ ᠰᠠᠢᠲᠠᠢ ᠪᠤᠯᠭᠠᠵᠤ ᠴᠢᠳᠠᠨ᠎ᠠ᠃

ᠠᠭᠤᠯᠠ ᠤᠰᠤ ᠰᠢᠨᠡᠳᠦᠨ᠂ ᠤᠯᠤᠰ ᠭᠡᠷ  ᠪᠠᠶᠠᠷᠳᠤ ᠮᠦᠴᠡ ᠪᠡᠨ ᠦᠨᠭᠭᠡᠷᠡᠬᠦᠯᠤᠨ᠎ᠠ᠃ ᠪᠢᠲᠠ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠬᠰᠢᠯᠠᠵᠤ᠂ ᠴᠦᠬᠦᠷᠡᠰᠢ ᠦᠭᠡᠢ ᠴᠢᠷᠮᠠᠢᠨ᠂ ᠬᠦᠰᠡᠯ ᠵᠡᠬᠦᠳᠤ ᠪᠡᠨ ᠬᠦᠭᠡᠭᠡᠴᠡᠯᠳᠤᠵᠤ᠂ ᠡᠯ᠎ᠡ ᠲᠠᠯ᠎ᠠ᠎ᠶ᠋ᠢᠨ ᠬᠦᠴᠦᠨ ᠴᠢᠳᠠᠯ᠎ᠢ ᠨᠢᠭ᠍ᠲᠠᠷᠠᠭᠤᠯᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠰᠦᠷ ᠳᠠᠯᠠᠢᠴᠠᠲᠠᠢ ᠬᠥᠳᠡᠯᠭᠡᠬᠦ᠌ ᠬᠦᠴᠦᠨ᠎ᠢ ᠲᠠᠰᠤᠷᠠᠯᠲᠠ ᠦᠭᠡᠢ ᠬᠥᠭ᠌ᠵᠢᠭᠡᠵᠦ᠍᠂ ᠨᠡᠩ ᠰᠠᠢ᠌ᠨ ᠰᠠᠢᠬᠠᠨ ᠢᠷᠡᠭᠡᠳᠦᠢ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠰᠤᠭᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号