ᠠᠭᠤᠰᠤᠯᠴᠠᠯ ᠤ᠋ᠨ ᠤᠶᠠᠩᠭ᠎ᠠ ᠳᠠᠭᠤᠷᠢᠰᠤᠯᠳᠠᠢ ᠰᠤᠳᠤᠨ ᠨᠤᠳᠤᠭ
2025-10-08 11:08:54
ᠵᠣᠬᠢᠶᠠᠭ᠍ᠴᠢ᠄
ᠸᠠᠩ ᠢᠥᠢ ᠯᠦᠩ ᠠᠯᠤᠰ ᠰᠦᠨ ᠯᠢ ᠶᠢᠩ ᠰᠠᠨᠰᠠᠷ
ᠣᠩᠱᠢᠭ᠍ᠰᠠᠨ ᠣᠳᠠᠭ᠎ᠠ᠄
★★★☆☆

ᠬᠠᠷᠠᠭ᠎ᠠ ᠠᠯᠳᠠᠮ᠎ᠠ ᠬᠥᠯᠥᠨ ᠪᠤᠢ᠌ᠷ᠎ᠤᠨ ᠲᠠᠯ᠎ᠠ ᠨᠤᠲᠤᠭ᠎ᠤᠨ ᠥᠷᠥᠴᠡᠨ᠎ᠳ᠋ᠤ᠂ ᠬᠠᠭᠤᠴᠢᠨ ᠪᠠᠷᠭᠤ ᠬᠣᠱᠢᠭᠤ ᠳᠠᠨ᠎ᠠ ᠰᠤᠪᠤᠳ ᠰᠢᠬ ᠵᠢᠡᠷ ᠬᠡᠷᠡᠯ  ᠬᠢᠯᠪᠠᠭ᠎ᠠ ᠰᠠᠴᠤᠷᠠᠭᠤᠯᠤᠨ ᠰᠢᠬᠢᠳᠬᠡᠨ ᠰᠠᠭᠠᠳᠠᠵᠥ᠂ ᠦᠨᠳᠦᠰᠦᠳᠡᠨ ᠨᠤᠬᠦᠳ ᠤ᠋ᠨ ᠠᠭᠤᠰᠤᠯᠴᠠᠨ ᠤᠯᠤᠯᠴᠠᠵᠥ ᠬᠠᠷᠢᠯᠴᠠᠨ ᠬᠠᠪᠰᠤᠷᠤᠯᠴᠠᠬᠰᠠᠨ᠂ ᠬᠢᠯᠢ ᠬᠢᠵᠠᠭᠠᠷ ᠵᠢᠡᠨ ᠰᠠᠬᠢᠨ ᠬᠠᠮᠠᠭᠠᠯᠠᠬᠰᠠᠨ ᠠᠤᠭ᠎ᠠ ᠳᠤᠤᠯᠢᠰ ᠢ᠋ ᠬᠦᠥᠷᠨᠢᠨ ᠪᠠᠢᠳᠠᠭ᠃

ᠳᠡᠥᠬᠡ ᠵᠢᠨ ᠦᠯᠡᠳᠡᠭᠳᠡᠯ ᠡᠴᠡ ᠲᠤᠭᠤᠯᠳᠠᠬᠤ ᠠᠭᠤᠰᠤᠯᠴᠠᠯ ᠤ᠋ᠨ ᠰᠢᠪᠡᠨᠡᠭᠡ

ᠳᠡᠥᠬᠡᠨ ᠬᠠᠭᠤᠳᠠᠰᠤᠨ ᠡᠴᠨ ᠬᠠᠭᠤᠴᠢᠨ ᠪᠠᠷᠭᠤ ᠬᠤᠰᠢᠭᠤᠨ ᠤ᠋ ᠡᠬᠦᠰᠦᠯ ᠬᠦᠭᠵᠢᠯ ᠢ᠋ ᠬᠠᠢᠬᠤᠶ᠎ᠠ᠂ ᠳᠡᠷᠳᠡᠬᠡ ᠤᠨ ᠳᠤᠭᠠᠯᠠᠯ ᠤ᠋ᠨ ᠳ᠋ᠦᠨᠭᠬᠤ᠂ ᠱᠢᠶᠡᠨᠪᠢ᠂ ᠬᠢᠳᠠᠨ᠂ ᠵᠦᠷᠴᠢᠨ ᠵᠡᠷᠭᠡ ᠡᠷᠳᠡᠨ ᠤ᠋ 16 ᠨᠡᠭᠦᠳᠡᠯᠴᠢᠨ ᠦᠨᠳᠦᠰᠦᠲᠡᠨ ᠤ᠋ ᠠᠵᠥ ᠲᠦᠷᠦᠨ ᠠᠮᠢᠳᠤᠷᠠᠵᠥ ᠤᠷᠤᠩᠨᠠᠬᠰᠠᠨ ᠠᠬᠤᠢ ᠦᠵᠡᠭᠳᠡᠯ ᠵᠢᠴᠢ ᠡᠨᠡᠳᠡᠬᠡ ᠮᠢᠩᠭᠠᠨ ᠤ᠋ ᠪᠠᠷᠭᠤ ᠮᠣᠩᠭᠣᠯ ᠶᠠᠰᠤᠲᠠᠳ ᠤ᠋ᠨ ᠬᠢᠲᠠᠳ᠂ ᠡᠸᠡᠩᠬᠢ᠂ ᠳᠠᠭᠤᠷ᠂ ᠮᠠᠨᠵᠥ᠂ ᠬᠤᠳᠤᠩ᠂ ᠤᠷᠴᠤᠨ ᠵᠡᠷᠭᠡ 24 ᠦᠨᠳᠦᠰᠦᠲᠡᠨ᠎ᠲᠡᠶ ᠬᠠᠮᠲᠤ᠎ᠪᠠᠷ ᠣᠷᠣᠱᠢᠨ ᠲᠣᠭ᠍ᠲᠠᠨᠢᠵᠤ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠳᠠᠯ᠎ᠠ ᠨᠤᠳᠤᠭ ᠤ᠋ᠨ ᠰᠤᠶᠤᠯ᠂ ᠤᠢ ᠵᠢᠨ ᠰᠤᠶᠤᠯ᠂ ᠬᠢᠯᠢ ᠵᠢᠨ ᠬᠠᠮᠠᠭᠠᠯᠠᠯᠳᠠ ᠵᠢᠨ ᠰᠤᠶᠤᠯ᠂ ᠳᠠᠷᠢᠶᠠᠯᠠᠬᠤ ᠰᠤᠶᠤᠯ ᠵᠡᠷᠬᠡ ᠨᠢᠬᠡ ᠴᠤᠭᠴᠠᠵᠢᠨ ᠰᠤᠯᠤᠩᠭᠠᠷᠠᠬᠰᠠᠨ ᠦᠵᠡᠮᠵᠢ  ᠪᠠᠢᠳᠠᠯ ᠢᠯᠡ ᠳᠤᠳᠤᠬᠠᠨ᠃

ᠵᠠᠭᠤ ᠮᠢᠩᠭᠠᠨ ᠵᠢᠯ᠎ᠦᠨ ᠲᠤᠷᠰᠢ᠂ ᠤᠮᠠᠷᠠᠲᠤ᠎ᠶ᠋ᠢᠨ ᠨᠡᠭᠦᠳᠡᠯᠴᠢᠨ ᠦᠨᠳᠦᠰᠦᠲᠡᠨ ᠡᠨᠳᠡ ᠤᠷᠤᠰᠢᠨ ᠠᠮᠢᠳᠤᠷᠠᠵᠤ᠂ ᠥᠷᠭᠡᠨ ᠠᠭᠤᠳᠠᠮ ᠲᠠᠯ᠎ᠠ  ᠨᠤᠲᠤᠭ᠎ᠲᠤ  ᠱᠢᠨ᠎ᠡ ᠴᠢᠯᠠᠭᠤᠨ ᠵᠡᠪᠰᠡᠭ᠎ᠦᠨ ᠴᠠᠭ ᠦᠶ᠎ᠡ᠂ ᠬᠦᠷᠡᠯ ᠵᠡᠪᠰᠡᠭ᠎ᠦᠨ ᠴᠠᠭ ᠦᠶ᠎ᠡ᠎ᠡᠴᠡ ᠴᠢᠩ ᠤᠯᠤᠰ᠂ ᠢᠷᠭᠡᠨ ᠤᠯᠤᠰ᠎ᠤᠨ ᠦᠶ᠎ᠡ  ᠬᠦᠷᠲᠡᠯᠡᠬᠢ ᠡᠯ᠎ᠡ ᠲᠡᠦᠬᠡᠨ ᠴᠠᠭ ᠦᠶ᠎ᠡ᠎ᠶ᠋ᠢᠨ ᠡᠯᠪᠡᠭ ᠪᠠᠶᠠᠯᠢᠭ ᠬᠠᠭᠤᠴᠢ ᠦᠯᠡᠳᠡᠭ᠌ᠳᠡᠯ  ᠦᠯᠡᠳᠡᠭᠡᠵᠡᠶ᠃

ᠬᠠᠭᠤᠴᠢᠨ ᠪᠠᠷᠭᠤ ᠬᠤᠰᠢᠭᠤᠨ ᠤ᠋ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠳᠡᠰ ᠤ᠋ᠨ ᠳᠡᠳ᠋ ᠳᠠᠷᠤᠭ᠎ᠠ ᠰᠡᠷᠬᠦᠯᠡᠩ᠄ 《ᠮᠠᠨ ᠤ᠋ ᠬᠣᠱᠢᠭᠤᠨ᠎ᠳᠤ ᠨᠡᠢᠲᠡ 374 ᠡᠷᠲᠡᠨ᠎ᠦ ᠪᠠᠭᠤᠷᠢ ᠪᠠᠢᠵᠤ᠂ ᠱᠢᠨ᠎ᠡ ᠴᠢᠯᠠᠭᠤᠨ ᠵᠡᠪᠰᠡᠭ᠎ᠦᠨ ᠦᠶ᠎ᠡ᠎ᠡᠴᠡ ᠵᠡᠭᠦᠨ ᠵᠧᠸ᠋ ᠤᠯᠤᠰ᠂ ᠬᠠᠨ ᠤᠯᠤᠰ᠂ ᠰᠦᠶ ᠲᠠᠩ᠂ ᠰᠥᠩ ᠯᠢᠶᠣᠤ᠎ᠶ᠋ᠢᠨ᠂ ᠴᠢᠩ ᠤᠯᠤᠰ᠎ᠤᠨ ᠦᠶ᠎ᠡ᠂ ᠢᠷᠭᠡᠨ ᠤᠯᠤᠰ᠎ᠤᠨ ᠦᠶ᠎ᠡ ᠵᠡᠷᠭᠡ ᠡᠯ᠎ᠡ ᠲᠡᠦᠬᠡᠨ ᠴᠠᠭ ᠦᠶ᠎ᠡ᠎ᠶ᠋ᠢ ᠬᠠᠮᠤᠷᠤᠬᠰᠠᠨ ᠪᠠᠢᠳᠠᠭ》 ᠬᠡᠵᠥ ᠳᠠᠨᠢᠯᠴᠠᠭᠤᠯᠤᠨ᠎ᠠ᠃ ᠬᠠᠭᠤᠴᠢᠨ ᠪᠠᠷᠭᠤ ᠬᠤᠰᠢᠭᠤᠨ ᠤ᠋ ᠪᠠᠶᠠᠨᠬᠦ᠋ᠷᠢᠶ᠎ᠡ ᠪᠠᠯᠭᠠᠰᠤᠨ ᠳ᠋ᠤ ᠪᠠᠢᠷᠢᠯᠠᠭ᠎ᠠ ᠬᠤᠳᠠ ᠳᠤᠬᠤᠢ ᠲᠠᠷᠢᠶᠠᠯᠠᠩ ᠮᠠᠯᠵᠢᠯ᠎ᠤᠨ ᠲᠠᠯᠠᠪᠠᠢ ᠡᠴᠡ ᠪᠠᠷᠠᠭᠤᠨᠰᠢ 100 ᠮᠸᠲᠷ ᠤᠷᠴᠢᠮ ᠨᠢᠭᠡᠨ ᠳᠥᠷᠪᠡᠯᠵᠢᠨ ᠳᠦᠷᠰᠦᠲᠦ ᠬᠠᠩᠳᠠᠭᠰᠠᠨ ᠰᠢᠷᠤᠢ᠎ᠵᠢᠨ ᠬᠤᠳᠠ ᠵᠢᠨ ᠪᠠᠭᠤᠷᠢ ᠪᠠᠢᠭ᠎ᠠ ᠨᠢ ᠯᠢᠶᠣᠤ ᠤᠯᠤᠰ᠎ᠤᠨ ᠦᠶ᠎ᠡ ᠵᠢᠨ ᠡᠷᠲᠡᠨ᠎ᠦ ᠬᠣᠲᠠ ᠪᠣᠯᠤᠨ᠎ᠠ᠃ ᠳᠠᠯ᠎ᠡ ᠵᠢᠨ ᠬᠦᠨ ᠳ᠋ᠤ ᠳᠠᠮᠠᠭᠠᠯᠠᠬᠰᠠᠨ ᠭᠡᠮᠡᠷ ᠡᠨᠡ᠎ᠬᠦ ᠳᠦᠷᠪᠡᠯᠵᠢᠨ ᠰᠢᠷᠤᠢ ᠵᠢᠨ ᠬᠤᠳᠠ ᠵᠢᠨ ᠬᠠᠵᠠᠭᠤ᠎ᠳᠤ ᠪᠤᠰᠬᠠᠬᠳᠠᠬᠰᠠᠨ ᠴᠢᠯᠠᠭᠤᠨ ᠬᠥᠱᠢᠶ᠎ᠡ᠎ᠡᠴᠡ ᠦᠵᠡᠪᠡᠯ᠂ ᠡᠨᠡ ᠪᠤᠯ ᠯᠢᠶᠣᠤ ᠤᠯᠤᠰ᠎ᠤᠨ ᠦᠶ᠎ᠡ᠎ᠶ᠋ᠢᠨ ᠴᠡᠷᠢᠭ ᠵᠠᠰᠠᠭ᠎ᠤᠨ ᠴᠢᠬᠤᠯᠠ ᠪᠣᠭᠣᠮᠲᠠ ᠪᠠᠢᠵᠤ ᠂ ᠣᠢᠷ᠎ᠠ ᠬᠠᠪᠢ᠎ᠶ᠋ᠢᠨ ᠡᠷᠳᠡᠨ ᠤ᠋ ᠣᠩᠭᠣᠨ᠎ᠠᠴᠠ ᠣᠯᠳᠠᠭ᠍ᠰᠠᠨ ᠠᠯᠠᠭ ᠬᠡ᠎ᠲᠡᠶ ᠸᠠᠭᠠᠷ᠎ᠤᠨ ᠬᠡᠯᠲᠡᠷᠬᠡᠶ ᠵᠡᠷᠭᠡ ᠨᠢ ᠳᠤᠬᠠᠢ ᠵᠢᠨ ᠦᠶ᠎ᠡ ᠵᠢᠨ ᠤᠮᠠᠷᠠᠲᠤ᠎ᠶ᠋ᠢᠨ ᠨᠡᠭᠦᠳᠡᠯᠴᠢᠨ ᠦᠨᠳᠦᠰᠦᠲᠡᠨ ᠬᠢᠭᠡᠳ ᠵᠦᠨᠭᠶᠤᠸᠠᠠ ᠤᠷᠤᠨ᠎ᠤ ᠵᠠᠰᠠᠭ᠎ᠤᠨ ᠡᠷᠬᠡ᠎ᠶ᠋ᠢᠨ ᠬᠠᠷᠢᠯᠴᠠᠭ᠎ᠠ ᠬᠣᠯᠪᠣᠭ᠎ᠠ᠎ᠶ᠋ᠢ ᠰᠡᠮ ᠬᠠᠷᠠᠭᠤᠯᠤᠨ᠎ᠠ᠃

ᠬᠠᠭᠤᠴᠢᠨ ᠪᠠᠷᠭᠤ ᠬᠤᠰᠢᠭᠤᠨ ᠤ᠋ ᠦᠨᠳᠦᠰᠦᠳᠡᠨ ᠤ᠋ ᠮᠦᠽᠧᠢ ᠳ᠋ᠤ ᠬᠠᠳᠠᠭᠠᠯᠠᠬᠳᠠᠵᠥ ᠪᠠᠢᠭ᠎ᠠ 8400 ᠭᠠᠷᠤᠢ ᠳᠡᠥᠬᠡ ᠵᠢᠨ ᠳᠤᠷᠠᠰᠬᠠᠯᠳᠤ ᠵᠦᠢᠯᠡᠰ ᠨᠢ ᠤᠯᠠᠨ ᠦᠨᠳᠦᠰᠦᠳᠡᠨ ᠤ᠋ ᠳᠡᠥᠬᠡ ᠰᠤᠶᠤᠯ ᠢ᠋ ᠬᠠᠮᠤᠷᠴᠤ᠂ ᠳᠡᠳᠡᠬᠡᠷ ᠤ᠋ᠨ ᠳᠤᠳᠤᠷᠠᠬᠢ ᠴᠢᠩ ᠤᠯᠤᠰ᠎ᠤᠨ ᠦᠶ᠎ᠡ᠎ᠶ᠋ᠢᠨ ᠮᠥᠩᠭᠥᠨ ᠬᠠᠵᠠᠭᠠᠷ ᠨᠢ ᠪᠤᠳᠭ᠎ᠠ ᠣᠷᠣᠨ᠎ᠤ ᠬᠢᠯᠢ ᠬᠢᠵᠠᠭᠠᠷ᠎ᠢ ᠰᠠᠬᠢᠳᠠᠭ ᠮᠠᠯᠴᠢᠳ᠎ᠤᠨ ᠭᠠᠷ ᠲᠤ᠌ 13 ᠦᠶ᠎ᠡ ᠤᠯᠠᠮᠵᠢᠯᠠᠭ᠍ᠳᠠᠵᠤ ᠢᠷᠡᠭᠰᠡᠨ ᠳᠤᠷᠠᠰᠬᠠᠯᠳᠤ ᠵᠦᠢᠯᠡᠰ ᠪᠠᠢᠵᠥ᠂ ᠪᠠᠷᠭᠤᠴᠤᠳ᠎ᠤᠨ 《ᠠᠳᠤᠭᠤ ᠮᠠᠯᠯᠠᠵᠤ ᠬᠢᠯᠢ ᠬᠢᠵᠠᠭᠠᠷ᠎ᠵᠢᠡᠨ ᠰᠠᠬᠢᠬᠰᠠᠨ》 300 ᠵᠢᠯ᠎ᠦᠨ ᠳᠡᠥᠬᠡ ᠵᠢ ᠭᠡᠷᠡᠴᠢᠯᠡᠵᠦ ᠪᠠᠢᠨ᠎ᠠ᠃ ᠮᠦᠽᠧᠶ᠎ᠶ᠋ᠢᠨ ᠳᠠᠷᠤᠭ᠎ᠠ ᠲᠡᠮᠡᠴᠡᠯ᠄ 《ᠴᠢᠩ ᠤᠯᠤᠰ᠎ᠤᠨ ᠨᠠᠢᠷᠠᠯᠲᠤ ᠲᠥᠪ᠎ᠦᠨ ᠠᠷᠪᠠᠳᠤᠭᠠᠷ ᠣᠨ ᠳ᠋ᠤ᠌ ᠂ ᠴᠢᠩ ᠤᠯᠤᠰ᠎ᠤᠨ ᠵᠠᠰᠠᠭ᠎ᠤᠨ ᠭᠠᠵᠠᠷ  ᠬᠢᠯᠢ  ᠬᠢᠵᠠᠭᠠᠷ᠎ᠢ ᠰᠠᠬᠢᠨ ᠬᠠᠮᠠᠭᠠᠯᠠᠭᠤᠯᠬᠤ ᠪᠡᠷ 275 ᠪᠠᠷᠭᠤ ᠮᠣᠩᠭᠣᠯ ᠴᠡᠷᠢᠭ ᠵᠢᠴᠢ ᠲᠡᠳᠡᠨ᠎ᠤ ᠭᠡᠷ ᠪᠦᠯᠢ᠎ᠵᠢᠨ ᠬᠢᠨ᠎ᠢ ᠡᠨᠡ ᠨᠤᠳᠤᠭ ᠲᠤ᠌ ᠳᠤᠮᠢᠯᠠᠵᠥ ᠮᠠᠯᠵᠢᠭᠤᠯᠵᠤ᠂ ᠨᠠᠢᠷᠠᠯᠳᠤ ᠳᠦᠪ ᠤ᠋ᠨ ᠠᠷᠪᠠᠨ ᠬᠤᠶᠠᠳᠤᠭᠠᠷ ᠤᠨ ᠳ᠋ᠤ ᠳᠠᠬᠢᠭᠠᠳ 2400 ᠭᠠᠷᠤᠢ ᠨᠡᠷᠡᠰ ᠪᠠᠷᠭᠤᠴᠤᠳ ᠢ᠋ ᠭᠡᠷᠦᠯᠦᠨ ᠭᠤᠤᠯ ᠤ᠋ᠨ ᠳᠤᠤᠷᠠᠳᠤ ᠤᠷᠤᠰᠬᠠᠯ ᠪᠤᠯᠤᠨ ᠬᠦᠯᠦᠨ ᠨᠠᠭᠤᠷ ᠤ᠋ᠨ ᠬᠤᠶᠠᠷ ᠬᠦᠪᠡᠬᠡ ᠪᠡᠷ ᠳᠤᠮᠢᠯᠠᠪᠠ᠃ ᠳᠡᠳᠡᠬᠡᠷ ᠤᠷᠢᠳ᠎ᠢᠶᠠᠷ ᠢᠷᠡᠭ᠌ᠰᠡᠨ ᠪᠠᠷᠭᠤᠴᠤᠳ ᠢ᠋ 〈ᠬᠠᠭᠤᠴᠢᠨ ᠪᠠᠷᠭᠤ〉 ᠬᠡᠵᠥ᠂ ᠬᠤᠢᠨ᠎ᠠ ᠢᠷᠡᠭᠰᠡᠨ ᠪᠠᠷᠭᠤᠴᠤᠳ ᠢ᠋ 〈ᠰᠢᠨ᠎ᠡ ᠪᠠᠷᠭᠤ〉 ᠭᠡᠰᠡᠨ ᠪᠠᠢᠨ᠎ᠠ》ᠬᠡᠵᠥ ᠳᠠᠨᠢᠯᠴᠠᠭᠤᠯᠪᠠ᠃

ᠬᠢᠯᠢ ᠵᠢᠨ ᠬᠠᠮᠠᠭᠠᠯᠠᠯᠳᠠ ᠡᠴᠡ ᠰᠤᠨᠤᠷᠳᠠᠬᠤ ᠠᠭᠤᠰᠤᠯᠴᠠᠯ ᠤ᠋ᠨ ᠠᠶᠠᠯᠭᠤ

ᠬᠠᠭᠤᠴᠢᠨ ᠪᠠᠷᠭᠤ ᠬᠣᠱᠢᠭᠤ ᠤᠷᠤᠰ᠎ᠲᠠᠶ ᠭᠤᠤᠯ ᠠᠯᠤᠰᠯᠠᠨ ᠨᠢᠭᠤᠷᠯᠠᠵᠤ ᠪᠠᠢᠳᠠᠭ᠃ ᠲᠤᠬᠠᠶ᠎ᠶ᠋ᠢᠨ ᠦᠶ᠎ᠡ᠎ᠶ᠋ᠢᠨ ᠴᠢᠩ ᠤᠯᠤᠰ᠎ᠤᠨ ᠵᠠᠰᠠᠭ᠎ᠤᠨ ᠭᠠᠵᠠᠷ ᠡᠷᠭᠦᠨ᠎ᠡ ᠭᠣᠣᠯ᠎ᠤᠨ ᠡᠮᠦᠨ᠎ᠡ ᠬᠥᠪᠡᠭᠡᠨ ᠳᠡᠭᠡᠷ᠎ᠡ ᠡᠷᠳᠡᠨᠢᠲᠣᠯᠣᠭᠤᠢ ᠬᠠᠷᠠᠭᠤᠯ᠂ ᠮᠥᠩᠬᠡ ᠱᠢᠯᠢ ᠬᠠᠷᠠᠭᠤᠯ ᠵᠡᠷᠬᠡ 12 ᠬᠠᠷᠠᠭᠤᠯ ᠤ᠋ᠨ ᠭᠠᠵᠠᠷ ᠪᠠᠢᠭᠤᠯᠵᠤ᠂ ᠤᠯᠤᠰ᠎ᠤᠨ ᠬᠢᠯᠢ᠎ᠶ᠋ᠢ ᠰᠠᠬᠢᠵᠤ ᠴᠠᠭ᠍ᠳᠠᠨ ᠰᠡᠷᠭᠡᠢᠯᠡᠬᠦ᠌᠎ᠶ᠋ᠢᠨ ᠬᠠᠮᠲᠤ ᠬᠢᠯᠢ ᠳᠠᠪᠠᠬᠤ᠎ᠵᠢ ᠰᠡᠷᠭᠡᠢᠯᠡᠨ ᠪᠠᠢᠴᠠᠭᠠᠬᠤ᠂ ᠨᠡᠭᠦᠳᠡᠯᠯᠡᠨ ᠮᠠᠯᠵᠢᠬᠤ᠎ᠵᠢ ᠬᠠᠮᠢᠶᠠᠷᠬᠤ᠂ ᠪᠣᠭᠣᠮᠲᠠ᠎ᠶ᠋ᠢᠨ ᠭᠠᠢᠯᠢ  ᠲᠠᠲᠠᠪᠤᠷᠢᠯᠠᠬᠤ  ᠵᠡᠷᠭᠡ  ᠣᠯᠠᠨ ᠵᠦᠢᠯ᠎ᠦᠨ ᠡᠭᠦᠷᠭᠡ  ᠬᠠᠷᠢᠭᠤᠴᠠᠯᠭ᠎ᠠ᠎ᠶ᠋ᠢ  ᠬᠦᠢᠴᠡᠳᠬᠡᠵᠥ ᠪᠠᠢᠵᠠᠶ᠃

ᠬᠢᠯᠢ ᠬᠠᠮᠠᠭᠠᠯᠠᠬᠤ ᠲᠥᠷᠥ᠎ᠶ᠋ᠢᠨ ᠪᠣᠳᠣᠯᠭ᠎ᠠ ᠪᠡᠷ ᠪᠠᠷᠭᠤᠴᠤᠳ ᠡᠷᠭᠦᠨ᠎ᠡ ᠭᠣᠣᠯ᠎ᠤᠨ ᠬᠥᠪᠡᠭᠡᠨ᠎ᠳᠦ ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ ᠪᠠᠢᠭᠤᠯᠪᠠ᠃ ᠬᠡᠬᠦ ᠳ᠋ᠡᠬᠡᠨ 《ᠨᠡᠭᠦᠳᠡᠯᠯᠡᠨ ᠮᠠᠯᠵᠢᠬᠤ ᠪᠣᠯ ᠬᠢᠯᠢ ᠬᠢᠵᠠᠭᠠᠷ ᠵᠢᠡᠨ ᠰᠠᠬᠢᠨ ᠬᠠᠮᠠᠭᠠᠯᠠᠵᠥ ᠪᠠᠢᠭ᠎ᠠ ᠶᠠᠪᠤᠳᠠᠯ》 ᠬᠡᠬᠦ ᠣᠷᠣᠱᠢᠨ ᠲᠣᠭ᠍ᠲᠠᠨᠢᠬᠤ ᠣᠶᠤᠨ ᠤᠬᠠᠭᠠᠨ ᠨᠢ ᠪᠠᠷᠭᠤᠴᠤᠳ ᠤ᠋ᠨ ᠡᠳᠦᠷ ᠲᠤᠲᠤᠮ᠎ᠤᠨ ᠠᠮᠢᠳᠤᠷᠠᠯ᠎ᠳᠤ ᠨᠢ ᠨᠢᠬᠳᠠ ᠠᠭᠤᠰᠴᠤ᠂ 《ᠨᠢᠭᠡ ᠠᠢᠯ ᠪᠣᠯ  ᠨᠢᠭᠡ ᠬᠠᠷᠠᠭᠤᠯ᠎ᠤᠨ ᠭᠠᠵᠠᠷ ᠮᠥᠨ》 ᠭᠡᠬᠦ᠌ ᠢᠲᠡᠭᠡᠯ ᠪᠢᠱᠢᠷᠡᠯ ᠵᠢᠡᠷ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠪᠤᠤᠬᠢᠶ᠎ᠠ᠎ᠶ᠋ᠢ ᠦᠶ᠎ᠡ᠎ᠶ᠋ᠢᠨ ᠦᠶ᠎ᠡ ᠤᠯᠠᠮᠵᠢᠯᠠᠭ᠍ᠰᠠᠭᠠᠷ  ᠢᠷᠡᠵᠠᠢ᠃

ᠬᠠᠭᠤᠴᠢᠨ ᠪᠠᠷᠭᠤ ᠬᠤᠰᠢᠭᠤᠨ ᠤ᠋ ᠵᠡᠭᠦᠨ ᠦᠵᠦᠭᠦᠷ ᠰᠤᠮᠤᠨ᠎ᠤ ᠬᠠᠢᠯᠠᠰᠤᠲᠤ ᠭᠠᠴᠠᠭᠠᠨ᠎ᠤ ᠮᠠᠯᠴᠢᠨ ᠪᠠᠲᠤᠴᠣᠭ᠍ᠲᠤ ᠬᠣᠲᠠ᠎ᠶ᠋ᠢᠨ ᠠᠮᠢᠳᠤᠷᠠᠯ᠎ᠢᠶᠠᠨ ᠲᠠᠶᠠᠬᠳᠠᠵᠥ᠂ ᠡᠴᠢᠭᠡ ᠴᠢᠷᠮᠠᠢᠯᠳᠤ ᠵᠢᠨ᠎ᠢᠶᠠᠨ ᠭᠠᠷ ᠡᠴᠡ ᠬᠢᠯᠢ ᠴᠠᠭ᠍ᠳᠠᠬᠤ 《ᠪᠤᠤᠬᠢᠶ᠎ᠠ》 ᠶ᠋ᠢ ᠲᠤᠰᠤᠨ᠂ 19 ᠵᠢᠯ᠎ᠦᠨ ᠬᠤᠭᠤᠴᠠᠭᠠᠨ᠎ᠳᠤ ᠬᠢᠯᠢ ᠴᠠᠭ᠍ᠳᠠᠬᠰᠠᠨ ᠵᠠᠮ ᠨᠢ 10 ᠭᠠᠷᠤᠢ ᠲᠦᠮᠡᠨ ᠺᠢᠯᠤᠮᠸᠲᠷ ᠲᠤ᠌ ᠬᠦᠷᠴᠦ᠍᠂ ᠬᠢᠯᠢ ᠴᠠᠭ᠍ᠳᠠᠨ ᠪᠠᠢᠴᠠᠭᠠᠬᠤ ᠠᠵᠢᠯ᠎ᠳᠤ ᠮᠢᠩᠭ᠎ᠠ ᠭᠠᠷᠤᠢ ᠤᠳᠠᠭ᠎ᠠ ᠣᠷᠣᠯᠴᠠᠪᠠ᠃ 《ᠡᠨᠡ ᠨᠤᠳᠤᠭ ᠮᠢᠨᠤ ᠠᠪᠤ ᠪᠠ ᠠᠪᠤ ᠰᠢᠬ 〈ᠤᠯᠤᠰ ᠤ᠋ᠨ ᠬᠡᠥᠬᠡᠳ〉 ᠢ᠋ ᠦᠰᠬᠡᠵᠥ ᠬᠦᠮᠦᠵᠢᠬᠦᠯᠦᠭᠰᠡᠨ ᠶᠤᠮ᠃ ᠤᠳᠤ ᠪᠢ ᠠᠪᠤ᠎ᠶ᠋ᠢᠨ ᠵᠢᠡᠨ ᠭᠠᠷ ᠡᠴᠡ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠬᠠᠷᠢᠭᠤᠴᠠᠯᠭ᠎ᠠ ᠡᠭᠦᠷᠭᠡᠯᠡᠯ᠎ᠢ ᠲᠤᠰᠪᠠ᠂ ᠡᠨᠡ ᠬᠡᠰᠡᠭ ᠲᠠᠯ᠎ᠠ ᠨᠤᠲᠤᠭ᠎ᠢ ᠰᠠᠢᠲᠤᠷ ᠰᠠᠬᠢᠨ ᠬᠠᠮᠠᠭᠠᠯᠠᠵᠤ᠂ ᠬᠢᠯᠢ  ᠬᠢᠵᠠᠭᠠᠷ᠎ᠤᠨ ᠠᠮᠤᠷ ᠲᠣᠭ᠍ᠲᠠᠭᠤᠨ᠎ᠳᠤ ᠬᠤᠪᠢ ᠨᠡᠮᠡᠷᠢ  ᠦᠵᠡᠭᠦᠯᠦᠨ᠎ᠡ》 ᠭᠡᠵᠦ᠍ ᠳᠡᠷᠡ ᠬᠡᠯᠡᠨ᠎ᠡ᠃

ᠥᠷᠭᠡᠨ ᠠᠭᠤᠳᠠᠮ ᠲᠠᠯ᠎ᠠ ᠨᠤᠲᠤᠭ᠎ᠲᠤ ᠴᠡᠷᠢᠭ ᠴᠠᠭ᠍ᠳᠠᠭ᠎ᠠ ᠠᠷᠠᠳ ᠭᠠᠷ ᠬᠣᠯᠪᠣᠨ ᠪᠤᠯᠤᠳ ᠲᠡᠮᠦᠷ ᠮᠡᠲᠦ ᠤᠷᠳᠤ ᠴᠠᠭᠠᠨ ᠬᠡᠷᠡᠮ᠎ᠢ ᠴᠣᠭ᠍ᠴᠠᠯᠠᠵᠥ᠂ ᠬᠠᠭᠤᠴᠢᠨ ᠪᠠᠷᠭᠤ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠠᠷᠠᠳ᠎ᠤᠨ ᠴᠠᠭ᠍ᠳᠠᠭ᠎ᠠ᠎ᠨᠠᠷ 《ᠭᠤᠷᠪᠠ  ᠲᠠᠪᠤᠨ ᠡᠷᠦᠬᠡ ᠬᠣᠯᠪᠣᠭᠠᠯᠠᠨ ᠰᠡᠷᠭᠡᠢᠯᠡᠬᠦ᠌》᠂ 《ᠬᠥᠷᠰᠢ ᠵᠡᠷᠭᠡᠯᠡᠳᠡᠭᠡ᠎ᠪᠡᠨ ᠰᠠᠬᠢᠨ ᠬᠠᠮᠠᠭᠠᠯᠠᠬᠤ》 ᠵᠡᠷᠭᠡ ᠴᠠᠭ᠍ᠳᠠᠭᠠᠨ᠎ᠤ ᠶᠠᠪᠤᠳᠠᠯ ᠎ᠤᠨ ᠵᠠᠭ᠍ᠪᠤᠷ ᠎ᠤᠨ ᠱᠢᠨ᠎ᠡ᠎ᠶ᠋ᠢ ᠡᠭᠦᠳᠴᠦ᠍᠂ ᠮᠠᠯᠴᠢᠳ ᠢ᠋ ᠳᠠᠢᠴᠢᠯᠠᠨ 《ᠬᠢᠯᠢ ᠰᠠᠬᠢᠬᠤ ᠭᠤᠤᠯᠳᠠᠯᠭᠠᠲᠤ ᠡᠷᠦᠬᠡ》 ᠂ 《ᠬᠢᠯᠢ ᠬᠠᠮᠠᠭᠠᠯᠠᠬᠤ ᠪᠡᠬᠢᠯᠡᠯᠲᠡ ᠵᠢᠨ ᠡᠷᠦᠬᠡ》 ᠪᠣᠯᠤᠨ 《ᠬᠢᠯᠢ ᠬᠠᠮᠠᠭᠠᠯᠠᠭ᠍ᠴᠢ᠎ᠶ᠋ᠢᠨ ᠥᠷᠲᠡᠭᠡ》 ᠵᠡᠷᠬᠡ ᠶ᠋ᠢ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ 《ᠲᠠᠯ᠎ᠠ ᠨᠤᠲᠤᠭ᠎ᠤᠨ 110》 ᠶᠡᠷᠦᠩᠬᠡᠢᠯᠡᠭ᠌ᠰᠡᠨ ᠰᠡᠷᠭᠡᠢᠯᠡᠨ ᠡᠵᠡᠮᠳᠡᠬᠦ᠌  ᠱᠢᠰᠲ᠋ᠧᠮ ᠢ᠋ ᠡᠬᠦᠳᠦᠨ ᠴᠤᠭᠴᠠᠯᠠᠵᠥ  ᠪᠤᠢ᠃

ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠬᠦᠨᠳᠦ ᠡᠭᠦᠷᠭᠡ᠎ᠨᠢ ᠶᠡᠷᠦ᠍᠎ᠡᠴᠡ ᠭᠠᠭ᠍ᠴᠠ ᠦᠨᠳᠦᠰᠦᠲᠡᠨ᠎ᠦ ᠭᠣᠴᠣᠯᠠᠯ ᠪᠥᠵᠢᠭ ᠪᠢᠰᠢ᠂ ᠬᠠᠷᠢᠨ ᠣᠯᠠᠨ ᠦᠨᠳᠦᠰᠦᠲᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ ᠬᠠᠮᠲᠤ᠎ᠶ᠋ᠢᠨ ᠡᠭᠦᠷᠭᠡ ᠬᠠᠷᠢᠭᠤᠴᠠᠯᠭ᠎ᠠ ᠪᠣᠯᠤᠨ᠎ᠠ᠃ ᠡᠨᠳᠡ ᠬᠢᠲᠠᠳ᠂ ᠮᠣᠩᠭᠣᠯ᠂ ᠡᠸᠡᠩᠬᠢ᠂ ᠳᠠᠭᠤᠷ ᠵᠡᠷᠭᠡ 25 ᠦᠨᠳᠦᠰᠦᠲᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠴᠢᠰᠤᠨ ᠰᠤᠳᠠᠰᠤ ᠪᠣᠯᠤᠨ ᠦᠨᠡᠨᠴᠢ ᠰᠡᠳᠭᠢᠯ᠎ᠢᠶᠡᠷ ᠦᠶ᠎ᠡ ᠤᠯᠠᠷᠢᠨ ᠬᠢᠯᠢ ᠬᠢᠵᠠᠭᠠᠷ᠎ᠢ ᠰᠠᠬᠢᠨ ᠬᠠᠮᠠᠭᠠᠯᠠᠭ᠍ᠰᠠᠨ ᠦᠯᠢᠬᠡᠷ  ᠪᠢᠴᠢᠭᠯᠡᠭᠳᠡᠭᠰᠡᠬᠡᠷ ᠁

ᠰᠤᠶᠤᠯ ᠵᠢᠭᠤᠯᠴᠢᠯᠠᠯ ᠤ᠋ᠨ ᠰᠢᠨ᠎ᠡ ᠡᠬᠦᠳᠦᠯᠳᠡ ᠡᠴᠡ ᠰᠤᠯᠤᠩᠭᠠᠷᠠᠬᠤ ᠠᠭᠤᠰᠤᠯᠴᠠᠯ ᠤ᠋ᠨ ᠡᠬᠡᠰᠢᠭᠯᠢᠭ

ᠬᠠᠭᠤᠴᠢᠨ ᠪᠠᠷᠭᠤ ᠬᠣᠱᠢᠭᠤᠨ᠎ᠤ ᠦᠨᠳᠦᠰᠦᠳᠡᠨ ᠨᠤᠬᠦᠳ ᠤ᠋ᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠨᠢ ᠳᠡᠥᠬᠡᠨ ᠰᠤᠷᠪᠤᠯᠵᠢ᠂ ᠳᠡᠥᠬᠡᠨ ᠦᠢᠯᠡ ᠶᠠᠪᠤᠳᠠᠯ ᠳ᠋ᠤ ᠳᠡᠮᠳᠡᠭᠯᠡᠭᠳᠡᠭᠰᠡᠨ ᠵᠢᠡᠷ ᠦᠯᠦ ᠪᠠᠷᠠᠮ᠂ ᠣᠲᠣ ᠦᠶ᠎ᠡ᠎ᠶ᠋ᠢᠨ ᠰᠣᠶᠣᠯ ᠵᠢᠭᠤᠯᠴᠢᠯᠠᠯ᠎ᠤᠨ ᠠᠮᠢᠳᠤᠯᠢᠭ ᠱᠢᠨ᠎ᠡ ᠡᠭᠦᠳᠦᠯᠲᠡ᠎ᠳᠦ  ᠦᠷᠬᠦᠯᠵᠢᠯᠡᠭᠰᠡᠬᠡᠷ᠃

8 ᠰᠠᠷ᠎ᠠ ᠵᠢᠨ ᠰᠡᠬᠦᠯᠴᠢ ᠪᠤᠯᠤᠬᠰᠠᠨ ᠠᠳᠠᠯ᠎ᠠ ᠮᠡᠷᠬᠡᠯ ᠭᠤᠤᠯ ᠤ᠋ᠨ ᠦᠵᠡᠮᠵᠢ ᠵᠢᠨ ᠤᠷᠳᠤᠨ ᠳ᠋ᠤ ᠬᠦᠮᠦᠨ ᠬᠠᠷ᠎ᠠ ᠰᠦᠯᠵᠢᠯᠳᠤᠵᠥ᠂ ᠬᠦᠷ ᠬᠦᠭᠵᠢᠶᠡᠨ ᠵᠢᠡᠷ ᠪᠢᠯᠬᠠᠮ᠎ᠠ᠃ ᠦᠢᠷ᠎ᠠ ᠵᠢᠨ ᠵᠢᠯ ᠳ᠋ᠤ ᠬᠠᠭᠤᠴᠢᠨ ᠪᠠᠷᠭᠤ ᠬᠣᠱᠢᠭᠤ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠬᠦᠯᠬᠦ ᠦᠢᠯᠠᠭᠠᠬᠳᠠᠬᠤᠨ ᠢ᠋ ᠪᠠᠷᠢᠮᠳᠠᠯᠠᠵᠥ᠂ ᠳᠠᠯ᠎ᠠ ᠨᠤᠳᠤᠭ᠂ ᠨᠠᠭᠠᠳᠤᠮ᠂ ᠮᠤᠩᠭᠤᠯ ᠮᠤᠷᠢᠨ ᠤ᠋ ᠡᠯᠸᠮᠸᠨ᠋ᠲ ᠵᠢᠡᠷ ᠭᠠᠷᠳᠠᠴᠠ ᠪᠤᠯᠭᠠᠵᠥ᠂ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠤᠨ 《ᠳᠤᠮᠳᠠᠳᠤ ᠤᠯᠤᠰ ᠤ᠋ᠨ ᠨᠠᠭᠠᠳᠤᠮ ᠤ᠋ᠨ ᠰᠤᠶᠤᠯ ᠤ᠋ᠨ ᠨᠤᠳᠤᠭ》᠂ 《ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠠᠳᠤᠭᠤᠨ ᠰᠤᠶᠤᠯ ᠤ᠋ᠨ ᠨᠤᠳᠤᠭ》 ᠤ᠋ᠨ ᠠᠯᠳᠠᠷᠰᠢᠯ ᠵᠢᠡᠨ ᠤᠮᠠᠷᠠᠳᠤ ᠬᠢᠯᠢ ᠳ᠋ᠤ ᠬᠢᠯᠠᠯᠵᠠᠭᠤᠯᠵᠥ᠂ ᠤᠯᠤᠰ᠎ᠤᠨ 5A ᠲᠡᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ — ᠮᠡᠷᠭᠡᠯ ᠭᠣᠣᠯ᠎ᠤᠨ ᠦᠵᠡᠮᠵᠢ᠎ᠶ᠋ᠢᠨ ᠣᠷᠣᠨ᠎ᠳᠤ ᠵᠢᠭᠤᠯᠴᠢᠯᠠᠭ᠍ᠰᠠᠳ᠎ᠤᠨ ᠲᠥᠪ ᠪᠣᠯᠤᠨ ᠦᠵᠡᠮᠵᠢ᠎ᠶ᠋ᠢᠨ ᠲᠠᠢᠰᠠ ᠪᠠᠢᠭᠤᠯᠵᠤ ᠂ ᠵᠢᠭᠤᠯᠴᠢᠯᠠᠭ᠍ᠰᠠᠳ᠎ᠢ ᠬᠦᠯᠢᠶᠡᠨ ᠠᠪᠬᠤ ᠴᠢᠳᠠᠪᠤᠷᠢ ᠪᠠᠨ ᠶᠡᠬᠡ᠎ᠪᠡᠷ ᠳᠡᠭᠡᠭ᠌ᠰᠢᠯᠡᠭᠦᠯᠪᠡ᠃ ᠡᠭᠦᠨ᠎ᠦ ᠬᠠᠮᠲᠤ ᠦᠵᠡᠮᠵᠢ᠎ᠶ᠋ᠢᠨ ᠣᠷᠣᠨ᠎ᠤ ᠡᠵᠡᠩᠨᠡᠯᠲᠡ᠎ᠶ᠋ᠢᠨ ᠬᠡᠯᠪᠡᠷᠢ ᠪᠠᠨ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ 《ᠲᠦᠮᠡᠨ ᠠᠭ᠍ᠲᠠ᠎ᠶ᠋ᠢᠨ ᠲᠦᠪᠡᠷᠬᠡᠨ ᠮᠤᠷᠢᠨ ᠤᠷᠤᠯᠳᠤᠭᠠᠨ》᠂ 《ᠳᠡᠯᠭᠡᠷ ᠨᠠᠭᠠᠳᠤᠮ》 ᠵᠡᠷᠭᠡ ᠲᠦᠷᠦᠯ ᠲᠡᠮᠳᠡᠭ᠎ᠦᠨ ᠠᠵᠢᠯᠯᠠᠭ᠎ᠠ ᠳ᠋ᠤ ᠨᠢ ᠡᠯ᠎ᠡ ᠦᠨᠳᠦᠰᠦᠳᠡᠨ ᠤ᠋ ᠠᠷᠠᠳ ᠳᠦᠮᠡᠨ ᠢᠳᠡᠪᠬᠢᠯᠡᠨ ᠤᠷᠤᠯᠴᠠᠵᠥ᠂ 《ᠪᠤᠳᠠᠰ ᠤ᠋ᠨ ᠪᠤᠰᠤ ᠰᠤᠶᠤᠯ ᠤ᠋ᠨ ᠦᠪ ᠢ᠋ ᠦᠵᠡᠮᠵᠢ ᠵᠢᠨ ᠤᠷᠤᠨ ᠳ᠋ᠤ ᠳᠡᠯᠬᠡᠨ ᠦᠵᠡᠬᠦᠯᠬᠦ》 ᠠᠵᠢᠯᠯᠠᠭ᠎ᠠ ᠨᠢ ᠪᠠᠷᠭᠤ ᠬᠤᠪᠴᠠᠰᠤ ᠵᠠᠰᠠᠯ ᠬᠢᠬᠦ᠂ ᠮᠤᠩᠭᠤᠯ ᠬᠡᠷ ᠪᠤᠰᠬᠠᠬᠤ ᠵᠡᠷᠬᠡ ᠪᠤᠳᠠᠰ ᠤ᠋ᠨ ᠪᠤᠰᠤ ᠰᠤᠶᠤᠯ ᠤ᠋ᠨ ᠦᠪ ᠢ᠋ ᠤᠯᠠᠨ᠎ᠠ ᠭᠠᠢᠬᠠᠭᠤᠯᠵᠥ᠂ ᠬᠤᠷᠠᠬᠰᠠᠨ ᠳᠦᠮᠡᠨ ᠤ᠋ ᠬᠠᠷᠠᠭ᠎ᠠ ᠰᠤᠨᠤᠷ ᠢ᠋  ᠪᠠᠶᠠᠰᠬᠠᠪᠠ᠃

ᠬᠠᠭᠤᠴᠢᠨ ᠪᠠᠷᠭᠤ ᠬᠣᠱᠢᠭᠤᠨ᠎ᠤ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶᠠᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ᠎ᠤ ᠲᠠᠨᠢᠯᠴᠠᠭᠤᠯᠤᠭ᠍ᠰᠠᠨ᠎ᠢᠶᠠᠷ᠂ ᠲᠣᠰ ᠬᠣᠱᠢᠭᠤ ᠭᠤᠤᠯ ᠪᠣᠯᠬᠤ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ᠂ ᠣᠨᠴᠠᠯᠢᠭ᠍ᠲᠤ ᠤᠷᠤᠯᠳᠤᠭᠠᠨ᠎ᠤ ᠠᠵᠢᠯᠯᠠᠭ᠎ᠠ᠎ᠶ᠋ᠢ ᠵᠣᠬᠢᠶᠠᠨ ᠪᠠᠢᠭᠤᠯᠬᠤ᠂ ᠵᠢᠭᠤᠯᠴᠢᠯᠠᠯ᠎ᠤᠨ ᠪᠦᠲᠦᠭᠡᠭ᠌ᠳᠡᠬᠦᠨ᠎ᠢ  ᠪᠠᠶᠠᠯᠢᠭ᠍ᠵᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠲᠠᠯ᠎ᠠ ᠨᠤᠲᠤᠭ᠎ᠤᠨ ᠰᠦᠷᠯᠢᠭ ᠰᠠᠢᠬᠠᠨ ᠥᠩᠭᠡ ᠦᠵᠡᠮᠵᠢ ᠪᠣᠯᠤᠨ ᠭᠦᠨ ᠵᠤᠵᠠᠭᠠᠨ ᠰᠣᠶᠣᠯ ᠢᠷᠬᠡᠨᠰᠢᠯ ᠤ᠋ᠨ ᠰᠤᠯᠢᠯᠴᠠᠭ᠎ᠠ ᠵᠢ ᠬᠡᠷᠡᠯ ᠭᠢᠯᠪᠠᠭ᠎ᠠ ᠰᠠᠴᠤᠷᠠᠭᠤᠯᠵᠤ᠂ ᠵᠢᠭᠤᠯᠴᠢᠯᠠᠬᠰᠠᠳ᠎ᠢ ᠶᠡᠬᠡᠳᠡ ᠲᠠᠲᠠᠵᠠᠶ᠃

ᠦᠢᠯᠠᠭᠠᠬᠰᠠᠨ ᠵᠢᠡᠷ᠂ 2024 ᠣᠨ᠎ᠳᠤ ᠬᠠᠭᠤᠴᠢᠨ ᠪᠠᠷᠭᠤ ᠬᠣᠱᠢᠭᠤ ᠤᠯᠤᠰ ᠤ᠋ᠨ ᠳᠤᠳᠤᠭᠠᠳᠤ ᠭᠠᠳᠠᠭᠠᠳᠤ ᠵᠢᠨ 200 ᠭᠠᠷᠤᠢ ᠲᠦᠮᠡᠨ ᠵᠢᠭᠤᠯᠴᠢᠯᠠᠭᠴᠢ ᠵᠢ ᠭᠥᠯᠢᠶᠡᠨ ᠠᠪᠴᠤ᠌᠂ ᠵᠢᠭᠤᠯᠴᠢᠯᠠᠬᠰᠠᠳ᠎ᠤᠨ ᠭᠡᠷᠡᠭᠯᠡᠭᠡ 28.95 ᠳ᠋ᠦᠩᠱᠢᠭᠤᠷ ᠲᠥᠭᠥᠷᠢᠭ ᠲᠦ᠍ ᠬᠦᠷᠴᠦ᠂ ᠠᠳᠠᠯᠢ ᠬᠤᠭᠤᠴᠠᠭᠠᠨ᠎ᠤ᠎ᠬᠢ᠎ᠡᠴᠡ 14.35% ᠪᠠᠷ ᠨᠡᠮᠡᠭ᠌ᠳᠡᠨ᠂ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃

ᠬᠠᠭᠤᠴᠢᠨ ᠪᠠᠷᠭᠤ ᠬᠣᠱᠢᠭᠤ ᠲᠣᠭᠠᠴᠢᠯᠠᠭ᠍ᠰᠠᠨ ᠬᠦᠴᠦᠷᠬᠡᠭ ᠤᠯᠤᠰ᠎ᠤᠨ ᠣᠲᠣ ᠦᠶ᠎ᠡ᠎ᠶ᠋ᠢᠨ ᠣᠶᠤᠨ ᠤᠬᠠᠭᠠᠨ᠂ ᠦᠨᠳᠦᠰᠦᠲᠡᠨ᠎ᠦ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤ᠋ᠨ ᠭᠦᠨ ᠵᠤᠵᠠᠭᠠᠨ ᠰᠠᠭᠤᠷᠢ᠎ᠪᠠᠷ ᠰᠢᠨ᠎ᠡ ᠡᠷᠡᠨ ᠳ᠋ᠤ ᠡᠷᠡᠮᠡᠬᠡᠢᠯᠡᠨ ᠤᠷᠤᠭ᠍ᠰᠢᠯᠠᠵᠤ᠂ ᠮᠢᠩᠭᠠᠨ ᠮᠢᠩᠭᠠᠨ ᠤ᠋ ᠠᠭᠤᠰᠤᠯᠴᠠᠯ ᠤ᠋ᠨ ᠤᠶᠠᠩᠭ᠎ᠠ ᠵᠢ ᠱᠢᠨ᠎ᠡ ᠴᠠᠭ ᠦᠶ᠎ᠡ᠎ᠳᠦ ᠬᠠᠩᠬᠢᠨᠠᠳᠠᠯ᠎ᠠ ᠳᠠᠭᠤᠷᠢᠰᠤᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号