28 ᠳ᠋ᠤᠭᠠᠷ ᠬᠤᠭᠤᠴᠠᠭᠠᠨ᠎ᠤ ᠪᠥᠬᠥ᠌ ᠤᠯᠤᠰ ᠤ᠋ᠨ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠠᠷᠠᠭ᠎ᠤᠨ ᠬᠤᠭᠤᠴᠠᠭᠠᠨ᠎ᠳᠤ᠂ ᠬᠠᠭᠤᠴᠢᠨ ᠪᠠᠷᠭᠤ ᠬᠣᠱᠢᠭᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠬᠢᠭᠡᠳ ᠦᠨᠳᠦᠰᠦᠲᠡᠨ᠎ᠦ ᠪᠦᠯᠬᠦᠮᠳᠡᠯ 》 ᠭᠡᠬᠦ ᠭᠤᠤᠯ ᠰᠡᠳᠦᠪ᠎ᠦᠨ ᠲᠣᠭᠣᠷᠢᠨ᠎ᠳᠤ᠂ ᠬᠠᠮᠢᠶ᠎ᠠ ᠪᠥᠬᠥᠶ ᠠᠵᠢᠯᠯᠠᠭ᠎ᠠ᠎ᠶ᠋ᠢ ᠡᠳᠦᠷ ᠲᠤᠲᠤᠮ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠡᠯᠪᠡᠭ ᠪᠠᠶᠠᠯᠢᠭ ᠬᠡᠯᠪᠡᠷᠢ᠎ᠪᠡᠷ ᠦᠭᠡ ᠬᠡᠯᠡᠨ᠎ᠦ ᠬᠣᠯᠪᠣᠭᠠᠰᠤ᠎ᠶ᠋ᠢ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠣᠢᠯᠠᠭᠠᠭ᠍ᠳᠠᠬᠤᠨ᠎ᠢ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠭᠦᠨ ᠬᠠᠳᠠᠩᠱᠢᠭᠤᠯᠪᠠ᠃
ᠠᠵᠢᠯᠯᠠᠭ᠎ᠠ ᠳᠤᠮᠳᠠ᠂ ᠬᠠᠭᠤᠴᠢᠨ ᠪᠠᠷᠭᠤ ᠬᠣᠱᠢᠭᠤᠨ᠎ᠤ ᠦᠨᠳᠦᠰᠦᠲᠡᠨ᠎ᠦ ᠪᠠᠭ᠎ᠠ ᠰᠤᠷᠭᠠᠭᠤᠯᠢ ᠤᠯᠤᠰ᠎ᠤᠨ ᠲᠤᠭ ᠮᠠᠨᠳᠤᠭᠤᠯᠬᠤ ᠶᠣᠰᠣᠯᠠᠯ᠎ᠢᠶᠠᠷ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠠᠷᠠᠭ᠎ᠤᠨ ᠬᠥᠱᠢᠭᠡ᠎ᠶ᠋ᠢ ᠰᠡᠬᠦᠪᠡ᠃ ᠰᠤᠷᠤᠭ᠍ᠴᠢᠳ ᠰᠣᠩᠭᠣᠳᠠᠭ ᠱᠢᠯᠦᠭ ᠤᠶᠠᠩᠭᠠᠯᠠᠬᠤ᠂ ᠶᠠᠷᠢᠶ᠎ᠠ ᠢᠯᠡᠳᠭᠡᠯ ᠬᠢᠬᠦ ᠪᠠᠷ ᠳᠠᠮᠵᠢᠨ᠂ ᠪᠠᠷᠢᠮᠵᠢᠶᠠᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭᠵᠢᠡᠷ ᠤᠯᠤᠰ᠎ᠢᠶᠠᠨ ᠬᠠᠢᠷᠠᠯᠠᠬᠤ ᠰᠡᠳᠭᠢᠯᠭᠡ᠎ᠪᠡᠨ ᠢᠯᠡᠳᠭᠡᠪᠡ᠃ ᠪᠠᠭ᠍ᠰᠢ᠎ᠶ᠋ᠢᠨ ᠲᠥᠯᠥᠭᠡᠯᠡᠭ᠌ᠴᠢ ᠰᠤᠷᠤᠭ᠍ᠴᠢᠳ᠎ᠢ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠵᠤ᠂ ᠠᠳᠠᠯᠢ ᠪᠤᠰᠤ ᠦᠨᠳᠦᠰᠦᠲᠡᠨ᠎ᠦ ᠰᠣᠶᠣᠯ᠎ᠤᠨ ᠲᠤᠬᠠᠢ ᠣᠢᠯᠠᠭᠠᠯᠲᠠ ᠪᠠ ᠬᠦᠨᠳᠦᠳᠭᠡᠯ᠎ᠢᠶᠡᠨ ᠨᠡᠮᠡᠭ᠌ᠳᠡᠭᠦᠯᠬᠦ᠌᠎ᠶ᠋ᠢ ᠤᠷᠢᠶᠠᠯᠠᠪᠠ᠃ ᠡᠯ᠎ᠡ ᠠᠩᠭᠢ ᠪᠠᠰᠠ ᠭᠣᠣᠯ ᠰᠡᠳᠦᠪᠲᠦ ᠠᠩᠭᠢ᠎ᠶ᠋ᠢᠨ ᠬᠤᠷᠠᠯ᠎ᠢ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠦᠨ ᠦᠯᠢᠭᠡᠷ᠎ᠢ ᠶᠠᠷᠢᠬᠤ᠂ ᠰᠤᠷᠤᠯᠴᠠᠯᠭ᠎ᠠ᠎ᠶ᠋ᠢᠨ ᠣᠯᠤᠯᠲᠠ᠎ᠪᠠᠨ ᠬᠤᠪᠢᠶᠠᠯᠴᠠᠬᠤ ᠵᠡᠷᠭᠡ ᠬᠡᠯᠪᠡᠷᠢ ᠪᠡᠷ ᠳᠠᠮᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ ᠤ ᠭᠡᠷ ᠣᠷᠣᠨ᠎ᠢ ᠰᠠᠬᠢᠨ ᠬᠠᠮᠠᠭᠠᠯᠠᠬᠤ ᠰᠡᠳᠭᠢᠯᠭᠡ᠎ᠶ᠋ᠢ ᠳᠠᠮᠵᠢᠭᠤᠯᠪᠠ᠃ ᠲᠤᠰ ᠰᠤᠷᠭᠠᠭᠤᠯᠢ᠎ᠶ᠋ᠢᠨ ᠰᠤᠷᠤᠭ᠍ᠴᠢ ᠬᠠᠢᠷᠬᠠᠨ᠄ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭᠯᠡᠵᠦ᠂ ᠳᠦᠷᠢᠮᠵᠢᠭ᠌ᠰᠡᠨ ᠦᠰᠦᠭ ᠪᠢᠴᠢᠵᠦ᠍᠂ ᠨᠠᠳᠠ᠎ᠳᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠶᠡᠷᠦᠩᠬᠡᠢᠯᠡᠭ᠌ᠰᠡᠨ ᠴᠢᠳᠠᠪᠤᠷᠢ᠎ᠶ᠋ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ ᠪᠠᠰᠠ ᠡᠳᠦᠷ ᠲᠤᠳᠤᠮ ᠤᠨ ᠰᠣᠯᠢᠯᠴᠠᠭ᠎ᠠ᠎ᠳᠤ ᠲᠦᠬᠦᠮ ᠦᠵᠡᠭᠦᠯᠪᠡ》᠃ ᠭᠦᠢᠵᠧᠦ ᠨᠤᠲᠤᠭ᠎ᠲᠠᠶ ᠪᠠᠭ᠍ᠰᠢ ᠲᠢᠶᠠᠨ ᠽᠢ ᠵᠢᠤᠸᠠᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢ ᠲᠡᠭᠦᠨ᠎ᠦ ᠰᠤᠷᠤᠭ᠍ᠴᠢᠯᠤᠭᠠᠶ᠋ᠢᠨ ᠬᠣᠭᠣᠷᠣᠨᠳᠣᠬᠢ ᠦᠭᠡ ᠬᠡᠯᠡᠨ᠎ᠦ ᠵᠠᠪᠰᠠᠷᠳᠠᠯ ᠢ ᠡᠪᠳᠡᠵᠦ᠍᠂ ᠪᠠᠭ᠍ᠰᠢ ᠰᠤᠷᠤᠭ᠍ᠴᠢ᠎ᠶ᠋ᠢᠨ ᠭᠦᠨ ᠵᠤᠵᠠᠭᠠᠨ ᠨᠥᠬᠥᠷᠯᠡᠯ᠎ᠢ ᠪᠠᠢᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠎ᠢ ᠴᠢᠩᠭᠠᠳᠭᠠᠵᠠᠢ ᠭᠡᠵᠦ ᠢᠯᠡᠳᠭᠡᠪᠡ᠃
ᠬᠠᠭᠤᠴᠢᠨ ᠪᠠᠷᠭᠤ ᠬᠣᠱᠢᠭᠤᠨ᠎ᠤ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠲᠡᠭᠦᠰᠭᠦ ᠠᠩᠭᠢ ᠪᠠᠰᠠ ᠭᠤᠤᠯ ᠰᠡᠳᠦᠪᠲᠦ ᠠᠩᠭᠢ᠎ᠶ᠋ᠢᠨ ᠬᠤᠷᠠᠯ ᠢ ᠵᠡᠷᠭᠡ᠎ᠪᠡᠷ ᠥᠷᠨᠢᠭᠦᠯᠪᠡ᠃ ᠪᠠᠭ᠍ᠰᠢ ᠨᠠᠷ ᠲᠤᠬᠠᠢ᠎ᠶ᠋ᠢᠨ ᠭᠠᠵᠠᠷ ᠤᠨ ᠤᠯᠠᠨ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠣᠨᠴᠠᠯᠢᠭ᠎ᠲᠠᠶ ᠤᠶᠠᠯᠳᠤᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠶ᠋ᠢᠨ ᠦᠨᠳᠦᠰᠦᠲᠡᠨ᠎ᠦ ᠰᠡᠳᠭᠢᠯᠭᠡ᠎ᠶ᠋ᠢᠨ ᠠᠭᠤᠰᠤᠯᠴᠠᠯ᠂ ᠰᠣᠶᠣᠯ᠎ᠤᠨ ᠬᠠᠷᠢᠯᠴᠠᠨ ᠲᠣᠯᠢᠯᠠᠯ᠎ᠢ ᠠᠬᠢᠭᠤᠯᠬᠤ᠎ᠳᠤ ᠦᠵᠡᠭᠦᠯᠬᠦ᠌ ᠴᠢᠬᠤᠯᠠ ᠦᠢᠯᠡᠳᠦᠯ ᠢ ᠲᠠᠢᠯᠪᠤᠷᠢᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠮᠡᠳᠡᠯᠭᠡ ᠶ᠋ᠢ ᠤᠯᠠᠮᠵᠢᠯᠠᠬᠤ ᠬᠥᠭᠥᠷᠭᠡ ᠮᠥᠨ᠂ ᠨᠡᠩ ᠴᠤ᠌ ᠳᠡᠯᠡᠬᠡᠢ᠎ᠶ᠋ᠢᠨ ᠶᠡᠬᠡ ᠡᠭᠦᠳᠡ᠎ᠶ᠋ᠢ ᠨᠡᠭᠡᠭᠡᠬᠦ᠌ ᠲᠦᠯᠬᠢᠭᠦᠷ ᠮᠥᠨ ᠭᠡᠵᠦ᠍ ᠴᠢᠬᠤᠯᠠᠴᠢᠯᠠᠪᠠ᠃ ᠰᠤᠷᠤᠭ᠍ᠴᠢ ᠬᠠᠨᠢ᠎ᠶ᠋ᠢᠨ ᠬᠡᠯᠡᠬᠦ᠌᠎ᠪᠡᠷ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠨ ᠰᠤᠷᠬᠤ ᠨᠢ ᠬᠢᠴᠢᠶᠡᠯ᠎ᠦᠨ ᠲᠠᠩᠬᠢᠮ᠎ᠤᠨ ᠰᠣᠯᠢᠯᠴᠠᠭ᠎ᠠ᠎ᠳᠤ ᠠᠱᠢᠭ᠍ᠲᠠᠢ ᠮᠦᠷᠲᠡᠭᠡᠨ ᠲᠡᠭᠦᠨ᠎ᠦ ᠨᠡᠪᠲᠡᠷᠡᠭᠦᠯᠭᠡ᠎ᠶ᠋ᠢᠨ ᠬᠦᠰᠡᠯ ᠵᠡᠭᠦᠳᠦ᠍᠎ᠶ᠋ᠢ ᠬᠥᠭᠡᠭᠡᠴᠡᠯᠳᠦᠬᠦ᠌᠎ᠳᠦ ᠰᠠᠭᠤᠷᠢ ᠲᠠᠯᠪᠢᠵᠤ ᠥᠭ᠌ᠴᠡᠢ᠃ ᠬᠡᠯᠡ ᠪᠢᠴᠢᠭ ᠦᠨ ᠪᠠᠭ᠍ᠰᠢ ᠯᠢ ᠱᠢᠤᠸᠠᠢ ᠲᠢᠩ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠠᠢᠲᠤᠷ ᠰᠤᠷᠤᠯᠴᠠᠬᠤ ᠨᠢ ᠰᠤᠷᠤᠭ᠍ᠴᠢᠳ᠎ᠤᠨ ᠭᠣᠣᠯᠯᠠᠬᠤ ᠦᠷᠢᠰᠦᠯᠳᠦᠬᠦ᠌ ᠬᠦᠴᠦᠨ᠎ᠢ ᠪᠦᠲᠦᠮᠵᠢᠲᠡᠢ ᠳᠡᠭᠡᠭ᠌ᠰᠢᠯᠡᠭᠦᠯᠵᠦ᠍᠂ ᠲᠡᠳᠡᠨ᠎ᠢ ᠬᠠᠪᠰᠤᠷᠤᠨ ᠠᠮᠢᠳᠤᠷᠠᠬᠤᠢ᠎ᠶ᠋ᠢᠨ ᠬᠠᠷᠠᠭ᠎ᠠ᠎ᠶ᠋ᠢ ᠨᠢ ᠥᠷᠭᠡᠳᠭᠡᠵᠦ᠍ ᠴᠢᠳᠠᠨ᠎ᠠ ᠭᠡᠵᠦ ᠢᠯᠡᠳᠭᠡᠪᠡ᠃
ᠲᠣᠰ ᠤᠳᠠᠭᠠᠨ᠎ᠤ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ ᠨᠢ ᠥᠩᠭᠡᠷᠡᠭ᠌ᠰᠡᠨ᠎ᠦ 《ᠲᠠᠩ ᠴᠢᠭ᠌ᠯᠡᠯ᠎ᠢᠶᠡᠷ ᠨᠡᠪᠲᠡᠷᠡᠭᠦᠯᠬᠦ᠌》 ᠵᠠᠭ᠍ᠪᠤᠷ᠎ᠢ ᠡᠪᠳᠡᠵᠦ᠍᠂ 《ᠬᠡᠯᠡᠨ᠎ᠦ ᠰᠤᠷᠤᠯᠴᠠᠯᠭ᠎ᠠ》 ᠪᠠ 《ᠪᠦᠯᠬᠦᠮᠳᠡᠯ᠎ᠦᠨ ᠬᠥᠮᠦᠵᠢᠯ》᠎ᠤ᠋ᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠪᠡ᠃ ᠲᠠᠷᠠᠭᠠᠴᠢ᠎ᠶ᠋ᠢᠨ ᠠᠯᠬᠤᠮ᠎ᠳᠤ᠂ ᠬᠠᠭᠤᠴᠢᠨ ᠪᠠᠷᠭᠤ ᠬᠣᠱᠢᠭᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠂ ᠦᠨᠳᠦᠰᠦᠲᠡᠨ᠎ᠦ ᠪᠦᠯᠬᠦᠮᠳᠡᠯ᠎ᠦᠨ ᠰᠤᠷᠭᠠᠨ ᠬᠥᠮᠦᠵᠢᠯ᠎ᠯᠦᠭᠡ ᠣᠷᠭᠠᠨᠢᠭ᠎ᠢᠶᠠᠷ ᠤᠶᠠᠯᠳᠤᠭᠤᠯᠬᠤ ᠶ᠋ᠢ ᠦᠷᠭᠦᠯᠵᠢᠯᠡᠨ ᠠᠬᠢᠭᠤᠯᠵᠤ᠂ ᠪᠠᠢ᠌ᠩᠭᠤᠵᠢᠬ᠍ᠰᠠᠨ ᠠᠵᠢᠯᠯᠠᠭ᠎ᠠ᠎ᠪᠠᠷ ᠳᠠᠮᠵᠢᠭᠤᠯᠤᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠤᠷᠭᠠᠭᠤᠯᠢ ᠶ᠋ᠢᠨ ᠬᠦᠷᠢᠶᠡᠨ ᠳᠦ ᠦᠨᠳᠦᠰᠦᠯᠡᠭᠦᠯᠵᠦ᠍᠂ ᠦᠨᠳᠦᠰᠦᠲᠡᠨ ᠦ ᠪᠦᠯᠬᠦᠮᠳᠡᠯ᠎ᠦᠨ ᠦᠷ᠎ᠡ᠎ᠶ᠋ᠢ ᠰᠤᠷᠤᠭ᠍ᠴᠢᠳ᠎ᠤᠨ ᠰᠡᠳᠭᠢᠯ᠎ᠳᠦ ᠢᠳᠡᠷᠡᠭᠦᠨ᠎ᠢᠶᠡᠷ ᠪᠣᠢᠵᠢᠭᠤᠯᠤᠨ᠎ᠠ᠃