ᠮᠠᠨ ᠤ᠋ ᠤᠷᠤᠨ 1032 ᠭᠤᠤᠯ ᠪᠣᠯᠬᠤ ᠲᠠᠷᠢᠮᠠᠯ ᠤ᠋ᠨ ᠡᠭᠦᠯᠳᠡᠷ ᠢ᠋ ᠪᠡᠶ᠎ᠡ ᠪᠡᠨ ᠳᠠᠭᠠᠭᠠᠵᠤ ᠰᠣᠩᠭᠣᠨ ᠪᠤᠢᠵᠢᠭᠤᠯᠪᠠ
2025-10-09 10:59:31
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠤᠢᠷ᠎ᠡ ᠶ᠋ᠢᠨ ᠵᠢᠯ ᠳ᠋ᠦ ᠮᠠᠨ ᠤ᠋ ᠤᠷᠤᠨ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠪᠠ ᠬᠡᠷᠡᠭᠯᠡᠭᠡ ᠵᠢ ᠨᠢᠭᠡ ᠴᠤᠭᠴᠠᠵᠢᠭᠤᠯᠤᠭᠰᠠᠨ ᠲᠠᠷᠢᠮᠠᠯ ᠤ᠋ᠨ ᠡᠬᠦᠯᠳᠡᠷ ᠢ᠋ ᠪᠤᠢᠵᠢᠭᠤᠯᠬᠤ ᠰᠢᠨ᠎ᠡ ᠵᠢ ᠡᠭᠦᠳᠬᠦ ᠵᠠᠭᠪᠤᠷ ᠢ᠋ ᠦᠷᠬᠦᠯᠵᠢᠯᠡᠨ ᠲᠡᠭᠦᠯᠳᠡᠷᠵᠢᠭᠦᠯᠵᠦ᠂ ᠦᠷ᠎ᠡ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠤᠨ᠂ ᠲᠠᠷᠢᠮᠠᠯ ᠤ᠋ᠨ ᠱᠢᠨ᠎ᠡ ᠡᠭᠦᠯᠳᠡᠷ ᠢ᠋ ᠪᠡᠶ᠎ᠡ ᠪᠡᠨ ᠳᠠᠭᠠᠭᠠᠵᠤ ᠰᠣᠩᠭᠣᠨ ᠪᠣᠢᠵᠢᠭᠤᠯᠬᠤ ᠵᠢ ᠴᠢᠩᠭᠠᠳᠭᠠᠵᠤ᠂ ᠣᠳᠣᠬᠠᠨ᠎ᠪᠤᠯᠳᠠᠯ᠎ᠠ ᠨᠢᠭᠡᠨᠲᠡ 1032 ᠭᠤᠤᠯ ᠪᠣᠯᠬᠤ ᠲᠠᠷᠢᠮᠠᠯ ᠤ᠋ᠨ ᠡᠭᠦᠯᠳᠡᠷ ᠢ᠋ ᠪᠡᠶ᠎ᠡ ᠪᠡᠨ ᠳᠠᠭᠠᠭᠠᠵᠤ ᠰᠣᠩᠭᠣᠨ ᠪᠤᠢᠵᠢᠭᠤᠯᠵᠤ᠂ ᠪᠥᠬᠥ᠌ ᠤᠯᠤᠰ ᠤ᠋ᠨ ᠬᠡᠪᠴᠢᠶᠡᠨ ᠳ᠋ᠦ ᠦᠷᠭᠡᠨ ᠶ᠋ᠢᠡᠷ ᠳᠡᠯᠭᠡᠷᠡᠭᠦᠯᠵᠤ ᠪᠠᠢᠨ᠎ᠠ᠃

ᠤᠢᠷ᠎ᠠ ᠳ᠋ᠦ ᠲᠦᠩᠯᠢᠶᠣᠤ ᠬᠣᠲᠠ ᠶ᠋ᠢᠨ ᠺᠠᠢᠯᠦ᠍ ᠱᠢᠶᠠᠨ ᠤ᠋ ᠵᠢᠶᠠᠨ ᠬᠤᠸᠠ ᠪᠠᠯᠭᠠᠰᠤ ᠵᠢᠨ ᠴᠠᠩ ᠱᠢᠩ ᠲᠣᠰᠭᠣᠨ ᠤ᠋ ᠡᠷᠳᠡᠨᠢ ᠱᠢᠰᠢ ᠵᠢ ᠨᠢᠭ᠍ᠲᠠ ᠳᠠᠷᠢᠵᠤ ᠤᠰᠤ ᠪᠣᠷᠲᠣᠭᠣᠷ ᠢ᠋ ᠨᠢᠭᠡ ᠴᠤᠭ᠍ᠴᠠᠵᠢᠭᠤᠯᠤᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠵᠢᠱ᠌ᠢᠶ᠎ᠡ ᠦᠵᠡᠭᠦᠯᠬᠦ᠌ ᠰᠠᠭᠤᠷᠢᠨ ᠤ᠋ ᠡᠷᠳᠡᠨᠢ ᠰᠢᠰᠢ ᠡᠯᠪᠡᠭ ᠬᠤᠷᠢᠶᠠᠯᠲᠠ ᠪᠠᠨ ᠤᠭᠳᠤᠨ ᠠᠪᠤᠯ᠎ᠠ᠃ ᠡᠨᠡ ᠵᠢᠯ ᠲᠤᠰ ᠰᠠᠭᠤᠷᠢᠨ ᠳ᠋ᠦ ᠲᠦᠩᠯᠢᠶᠣᠤ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠪᠡᠶ᠎ᠡ ᠪᠡᠨ ᠳᠠᠭᠠᠭᠠᠵᠤ ᠰᠤᠡᠭᠭᠤᠨ ᠪᠤᠢᠵᠢᠭᠤᠯᠤᠭᠰᠠᠨ ᠡᠷᠳᠡᠨᠢ ᠱᠢᠰᠢ ᠶ᠋ᠢᠨ ᠱᠢᠨ᠎ᠡ ᠡᠭᠦᠯᠳᠡᠷ《T397》ᠵᠢ ᠲᠠᠷᠢᠵᠤ᠂ ᠥᠩᠭᠡᠷᠡᠭ᠌ᠰᠡᠨ ᠤ᠋ ᠲᠠᠷᠢᠵᠤ ᠪᠠᠢᠭᠰᠠᠨ ᠡᠭᠦᠯᠳᠡᠷ ᠲᠡᠶ ᠬᠠᠷᠢᠴᠠᠭᠤᠯᠪᠠᠯ ᠮᠦ᠍ ᠨᠢᠭᠡᠴᠢ ᠶ᠋ᠢᠨ ᠤᠨᠠᠯᠲᠠ ᠨᠢ 300 ᠵᠢᠡᠭ ᠨᠡᠮᠡᠭᠳᠡᠵᠦ᠂ 300 ᠰᠢᠬᠠᠮ ᠲᠦᠭᠦᠷᠢᠭ ᠤ᠋ᠨ ᠤᠷᠤᠯᠭ᠎ᠠ ᠨᠡᠮᠡᠭᠳᠡᠬᠦ ᠪᠤᠯᠤᠨ᠎ᠠ᠃

《ᠪᠢᠳᠡ ᠡᠨᠡ ᠵᠢᠯ 2500 ᠮᠥ᠍ 〈T397〉  ᠳᠠᠷᠢᠵᠤ᠂ ᠮᠦ᠍ ᠨᠢᠭᠡᠴᠢ ᠶ᠋ᠢᠨ ᠴᠢᠬᠢ ᠪᠠᠷᠢᠭᠰᠠᠨ ᠲᠤᠭ᠎ᠠ 5500 ᠰᠠᠭᠤᠷᠢ ᠪᠠᠢᠵᠤ᠂ 〈ᠤᠯᠤᠰ ᠤ᠋ᠨ ᠪᠠᠶᠠᠷ〉 ᠤ᠋ᠨ ᠠᠮᠠᠷᠠᠯᠳᠠ ᠵᠢᠨ ᠦᠶ᠎ᠡ ᠪᠡᠷ ᠪᠦᠷᠢᠮᠦᠰᠦᠨ ᠪᠣᠯᠪᠠᠰᠤᠷᠠᠴᠢᠬᠠᠨ᠎ᠠ᠃ ᠣᠳᠣᠬᠠᠨ ᠤ᠋ ᠤᠷᠭᠤᠴᠠ ᠵᠢᠨ ᠪᠠᠢᠳᠠᠯ ᠡᠴᠡ᠌ ᠦᠵᠡᠪᠡᠯ ᠮᠦ᠍ ᠪᠦᠷᠢ ᠡᠴᠡ 2500 ᠵᠢᠩ ᠡᠷᠳᠡᠨᠢ ᠰᠢᠰᠢ ᠬᠤᠷᠢᠶᠠᠬᠤ ᠳ᠋ᠦ ᠠᠰᠠᠭᠤᠳᠠᠯ ᠥᠬᠡᠶ》ᠭᠡᠵᠦ ᠲᠦᠩᠯᠢᠶᠣᠤ ᠬᠣᠲᠠ ᠶ᠋ᠢᠨ ᠺᠠᠢᠯᠦ᠍ ᠱᠢᠶᠠᠨ ᠤ᠋ ᠱᠢᠤᠸᠠᠨ ᠢᠦᠶ ᠲᠤᠰᠭᠠᠶ ᠬᠣᠷᠱᠢᠶ᠎ᠠ ᠶ᠋ᠢᠨ ᠬᠠᠷᠢᠭᠤᠴᠠᠯᠭᠠᠲᠠᠨ ᠯᠢ ᠱᠢᠶᠤᠤ ᠬᠣᠶ ᠬᠡᠯᠡᠨ᠎ᠠ᠃《T397》ᠪᠣᠯ ᠲᠦᠩᠯᠢᠶᠣᠤ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ 2024 ᠣᠨ ᠳ᠋ᠤ ᠪᠡᠶ᠎ᠡ ᠪᠡᠨ ᠳᠠᠭᠠᠭᠠᠵᠤ ᠰᠤᠡᠭᠭᠤᠨ ᠪᠤᠢᠵᠢᠭᠤᠯᠤᠭᠰᠠᠨ ᠡᠷᠳᠡᠨᠢ ᠱᠢᠰᠢ ᠶ᠋ᠢᠨ ᠱᠢᠨ᠎ᠡ ᠡᠭᠦᠯᠳᠡᠷ ᠪᠣᠯᠤᠨ᠎ᠠ᠃ ᠲᠡᠷᠡ ᠨᠢ ᠭᠠᠩ ᠬᠠᠭ᠍ᠰᠠᠷᠠᠭᠠᠨ ᠪᠠ ᠬᠤᠵᠢᠷ ᠲᠦ᠍ ᠲᠠᠭᠠᠭᠠᠮᠠᠭᠠᠢ᠂ ᠤᠨᠠᠯᠲᠠ ᠪᠡᠷ ᠥᠨᠳᠥᠷ᠂ ᠴᠠᠷᠳᠠᠭᠤᠯ ᠶᠡᠬᠡᠲᠡᠶ ᠪᠠᠢᠵᠤ᠂ ᠡᠨᠡ ᠵᠢᠯ ᠦᠷ᠎ᠡ ᠪᠦᠲᠦᠭᠡᠯ ᠶ᠋ᠢᠡᠨ ᠤᠨᠳᠤᠤᠰᠢᠭᠤᠯᠤᠨ᠂ ᠨᠢᠭᠡᠨᠲᠡ ᠪᠥᠬᠥ᠌ ᠤᠯᠤᠰ ᠲᠦ᠍ 7 ᠲᠦᠮᠡ ᠰᠢᠬᠠᠮ ᠮᠥ᠍ ᠦᠷᠭᠡᠳᠬᠡᠨ ᠳᠡᠯᠭᠡᠷᠡᠭᠦᠯᠪᠡ᠃ ᠲᠦᠩᠯᠢᠶᠣᠤ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠳᠡᠳ᠋ ᠳᠠᠷᠤᠭ᠎ᠠ ᠱᠢᠶᠧ ᠱᠢᠶᠤᠤ ᠢᠦᠶ ᠵᠢᠨ ᠬᠡᠯᠡᠬᠦ ᠪᠡᠷ᠂ ᠲᠤᠰ ᠬᠦᠷᠢᠶᠡᠯᠡᠩ ᠤ᠋ᠨ ᠪᠡᠶ᠎ᠡ ᠪᠡᠨ ᠳᠠᠭᠠᠭᠠᠵᠤ ᠰᠤᠡᠭᠭᠤᠨ ᠪᠤᠢᠵᠢᠭᠤᠯᠤᠭᠰᠠᠨ ᠥᠨᠳᠥᠷ ᠤᠨᠠᠯᠲᠠ ᠲᠠᠶ ᠡᠷᠳᠡᠨᠢ ᠱᠢᠰᠢ ᠶ᠋ᠢᠨ ᠰᠢᠷᠢᠰ ᠡᠭᠦᠯᠳᠡᠷ ᠨᠢ ᠲᠦᠩᠯᠢᠶᠣᠤ ᠬᠤᠳᠠ ᠵᠢᠴᠢ ᠮᠠᠨ ᠤ᠋ ᠤᠯᠤᠰ ᠤ᠋ᠨ ᠵᠡᠭᠦᠨ ᠬᠣᠢᠲᠤ ᠣᠷᠣᠨ᠂ ᠤᠮᠠᠷᠠᠲᠤ ᠣᠷᠣᠨ ᠤ᠋ ᠡᠷᠳᠡᠨᠢ ᠱᠢᠰᠢ ᠶ᠋ᠢᠨ ᠲᠠᠷᠢᠮᠠᠯ ᠤ᠋ᠨ ᠪᠦᠰᠡ ᠳ᠋ᠤ ᠣᠨᠴᠠᠭᠠᠶ ᠲᠤᠬᠢᠷᠠᠵᠤ᠂ 2026 ᠣᠨ ᠳ᠋ᠤ ᠪᠦᠬᠦ ᠤᠯᠤᠰ ᠲᠦ᠍ ᠲᠠᠯᠬᠡᠷᠡᠬᠦᠯᠦᠨ ᠲᠠᠷᠢᠬᠤ ᠲᠠᠯᠠᠪᠠᠢ ᠵᠢ 100 ᠲᠦᠮᠡᠨ ᠮᠦ᠍ ᠳ᠋ᠤ ᠬᠦᠷᠭᠡᠬᠦ᠌ ᠪᠡᠷ ᠲᠥᠯᠥᠪᠯᠡᠵᠦ᠍ ᠪᠠᠢᠨ᠎ᠠ᠃

ᠡᠨᠡ ᠵᠢᠯ ᠮᠠᠨ ᠤ᠋ ᠤᠷᠤᠨ ᠡᠷᠳᠡᠨᠢ ᠱᠢᠰᠢ᠂ ᠱᠢᠷ᠎ᠠ ᠪᠤᠷᠴᠠᠭ᠂ ᠨᠡᠷᠡᠨ ᠬᠤᠸᠠᠷ᠂ ᠲᠥᠮᠥᠰᠥ᠍ ᠵᠡᠷᠭᠡ ᠳᠠᠪᠠᠭᠤᠯᠢᠭᠲᠦ ᠲᠠᠷᠢᠮᠠᠯ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠠᠵᠤ ᠠᠬᠤᠢᠯᠠᠯ ᠤ᠋ᠨ ᠱᠢᠨ᠎ᠡ ᠵᠢ ᠡᠭᠦᠳᠬᠦ᠌ ᠭᠤᠤᠯ ᠴᠣᠭ᠍ᠴᠠ ᠶ᠋ᠢᠨ ᠪᠠᠢᠷᠢ ᠰᠠᠭᠤᠷᠢ ᠵᠢ ᠦᠷᠭᠦᠯᠵᠢᠯᠡᠨ ᠴᠢᠩᠭᠠᠳᠭᠠᠵᠤ᠂ ᠡᠬᠢ ᠪᠠᠶᠠᠯᠢᠭ᠂ ᠮᠡᠷᠭᠡᠵᠢᠯ᠂ ᠴᠢᠳᠠᠪᠤᠷᠢᠲᠠᠨ ᠪᠠ ᠬᠥᠷᠥᠩᠭᠡ ᠵᠡᠷᠭᠡ ᠬᠦᠴᠦᠨ ᠵᠦᠢᠯ ᠢ᠋ ᠬᠥᠲᠥᠯᠥᠨ ᠵᠢᠯᠣᠭᠣᠳᠴᠤ᠌ ᠪᠠᠢᠭᠠᠳ ᠭᠤᠤᠯᠳᠠᠯᠭ᠎ᠠ ᠲᠠᠶ ᠳᠠᠪᠠᠭᠤᠯᠢᠭᠲᠦ ᠠᠵᠤ ᠠᠬᠤᠢᠯᠠᠯ ᠳ᠋ᠤ ᠲᠥᠪᠯᠡᠷᠡᠭᠦᠯᠪᠡ᠃ ᠪᠠᠶᠠᠨᠨᠠᠭᠤᠷ ᠬᠣᠲᠠ ᠶ᠋ᠢᠨ ᠰᠠᠨ ᠷᠦᠢ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠺᠣᠮᠫᠠᠨᠢ ᠪᠡᠶ᠎ᠡ ᠪᠡᠨ ᠳᠠᠭᠠᠭᠠᠭ᠍ᠰᠠᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠪᠦᠬᠦᠢ 30 ᠭᠠᠷᠤᠶ ᠵᠤᠢᠯ ᠤ᠋ᠨ ᠨᠡᠷᠡᠨ ᠬᠤᠸᠠᠷ ᠤ᠋ᠨ ᠡᠭᠦᠯᠳᠡᠷ ᠢ᠋ ᠠᠮᠵᠢᠯᠲᠠ ᠲᠠᠶ ᠪᠣᠢᠵᠢᠭᠤᠯᠵᠤ᠂ ᠤᠯᠤᠰ ᠤ᠋ᠨ ᠳᠣᠲᠣᠭᠠᠳᠤ ᠶ᠋ᠢᠨ ᠵᠠᠬ᠎ᠠ ᠳᠡᠯᠭᠡᠭᠦᠷ ᠤ᠋ᠨ ᠡᠵᠡᠯᠡᠬᠦ᠌ ᠨᠣᠷᠮ᠎ᠠ ᠵᠢ 40% ᠰᠢᠬᠠᠮ ᠳ᠋ᠤ ᠲᠣᠭ᠍ᠲᠠᠪᠤᠷᠢᠵᠢᠭᠤᠯᠪᠠ; ᠬᠥᠯᠥᠨ ᠪᠣᠢᠷ ᠬᠣᠲᠠ ᠶ᠋ᠢᠨ ᠠᠷᠤᠨ ᠬᠣᠱᠢᠭᠤ ᠰᠡᠯᠬᠦᠨ ᠳᠠᠷᠢᠬᠤ ᠪᠠ ᠥᠨᠵᠢᠭᠦᠯᠦᠨ ᠳᠠᠷᠢᠬᠤ ᠲᠤᠷᠱᠢᠯᠲᠠ ᠶ᠋ᠢᠨ ᠣᠷᠣᠨ᠂ ᠱᠢᠷ᠎ᠠ ᠪᠤᠷᠴᠠᠭ ᠡᠷᠳᠡᠨᠢ ᠱᠢᠰᠢ ᠶ᠋ᠢᠨ ᠴᠢᠬᠢ ᠦᠵᠡᠵᠦ ᠦᠷ᠎ᠡ ᠰᠣᠩᠭᠣᠬᠤ ᠲᠠᠪᠴᠠᠩ ᠵᠡᠷᠭᠡ ᠵᠢᠱ᠌ᠢᠶ᠎ᠡ ᠦᠵᠡᠭᠦᠯᠬᠦ᠌ ᠣᠷᠣᠨ ᠢ᠋ 30 ᠪᠠᠢᠭᠤᠯᠵᠤ᠂ 14 ᠵᠦᠢᠯ ᠤ᠋ᠨ ᠢᠵᠢ ᠪᠦᠷᠢᠳᠦᠭᠦᠯᠬᠦ᠌ ᠮᠡᠷᠭᠡᠵᠢᠯ ᠤ᠋ᠨ ᠵᠠᠭ᠍ᠪᠤᠷ ᠢ᠋ ᠬᠤᠷᠠᠮᠳᠤᠭᠤᠯᠤᠨ᠂ ᠲᠤᠬᠠᠶ ᠶ᠋ᠢᠨ ᠭᠠᠵᠠᠷ ᠤ᠋ᠨ ᠲᠠᠷᠢᠶᠠᠯᠠᠩ ᠤ᠋ᠨ ᠬᠥᠭ᠌ᠵᠢᠯᠲᠡ ᠳ᠋ᠤ ᠵᠢᠱ᠌ᠢᠶ᠎ᠡ ᠦᠵᠡᠭᠦᠯᠵᠤ᠂ ᠨᠡᠢᠲᠡᠯᠢᠭ ᠲᠤᠷᠱᠢᠯᠭ᠎ᠠ ᠵᠢᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠮᠠᠨ ᠤ᠋ ᠤᠷᠤᠨ 1032 ᠭᠤᠤᠯ ᠪᠣᠯᠬᠤ ᠲᠠᠷᠢᠮᠠᠯ ᠤ᠋ᠨ ᠡᠭᠦᠯᠳᠡᠷ ᠢ᠋ ᠪᠡᠶ᠎ᠡ ᠪᠡᠨ ᠳᠠᠭᠠᠭᠠᠨ ᠰᠣᠩᠭᠣᠨ ᠪᠣᠢᠵᠢᠭᠤᠯᠵᠤ᠂ ᠪᠡᠶ᠎ᠡ ᠪᠡᠨ ᠳᠠᠭᠠᠭᠠᠵᠤ ᠪᠣᠢᠵᠢᠭᠤᠯᠤᠭ᠍ᠰᠠᠨ ᠲᠠᠷᠢᠮᠠᠯ ᠤ᠋ᠨ ᠡᠭᠦᠯᠳᠡᠷ ᠤ᠋ᠨ ᠵᠠᠬ᠎ᠠ ᠳᠡᠯᠭᠡᠭᠦᠷ ᠤ᠋ᠨ ᠡᠵᠡᠯᠡᠬᠦ᠌ ᠨᠣᠷᠮ᠎ᠠ ᠨᠢ 95% ᠳ᠋ᠤ ᠬᠦᠷᠴᠡᠶ᠃ ᠣᠳᠣᠬᠠᠨ ᠪᠣᠯᠲᠠᠯ᠎ᠠ ᠮᠠᠨ ᠤ᠋ ᠤᠷᠤᠨ 9 ᠤᠯᠤᠰ ᠤ᠋ᠨ ᠲᠠᠰ ᠤ᠋ᠨ ᠪᠠ 5 ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠲᠠᠷᠢᠮᠠᠯ ᠤ᠋ᠨ ᠡᠭᠦᠯᠳᠡᠷ ᠪᠣᠢᠵᠢᠭᠤᠯᠬᠤ ᠲᠣᠮᠣ ᠱᠢᠶᠠᠨ ᠪᠣᠯᠤᠨ ᠣᠷᠣᠨ ᠪᠦᠰᠡ ᠶ᠋ᠢᠨ ᠲᠠᠷᠢᠮᠠᠯ ᠤ᠋ᠨ ᠰᠠᠢᠨ ᠡᠭᠦᠯᠳᠡᠷ ᠢ᠋ ᠪᠤᠢᠵᠢᠭᠤᠯᠵᠤ ᠰᠠᠭᠤᠷᠢᠨ ᠢ᠋ ᠡᠭᠦᠳᠦᠨ ᠪᠠᠢᠭᠤᠯᠵᠤ᠂ ᠪᠥᠬᠥ᠌ ᠣᠷᠣᠨ ᠤ᠋ ᠲᠠᠷᠢᠮᠠᠯ ᠤ᠋ᠨ ᠰᠠᠢᠨ ᠡᠭᠦᠯᠳᠡᠷ ᠢ᠋ ᠪᠣᠢᠵᠢᠭᠤᠯᠬᠤ ᠰᠠᠭᠤᠷᠢᠨ ᠤ᠋ ᠲᠠᠯᠠᠪᠠᠢ ᠵᠢ 150 ᠲᠦᠮᠡᠨ ᠮᠥ᠍ ᠡᠴᠡ ᠳᠡᠭᠡᠭ᠌ᠰᠢ ᠳ᠋ᠤ ᠲᠣᠭ᠍ᠲᠠᠪᠤᠷᠢᠵᠢᠭᠤᠯᠪᠠ᠃ 《ᠮᠠᠨ ᠤ᠋ ᠤᠷᠤᠨ ᠲᠠᠷᠢᠶᠠᠨ ᠦᠷ᠎ᠡ ᠶ᠋ᠢᠨ ᠢᠷᠡᠯᠲᠡ ᠶ᠋ᠢᠨ〈ᠪᠣᠭᠣᠮᠢ〉 ᠶ᠋ᠢᠨ ᠠᠰᠠᠭᠤᠳᠠᠯ ᠳ᠋ᠤ ᠴᠢᠭᠯᠡᠬᠦᠯᠦᠨ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠥᠷᠨᠢᠭᠦᠯᠵᠦ᠍᠂ 〈ᠴᠢᠬᠢ ᠦᠵᠡᠵᠦ ᠦᠷ᠎ᠡ ᠰᠤᠡᠭᠭᠤᠬᠤ〉 60 ᠲᠠᠪᠴᠠᠩ ᠢ᠋ ᠪᠠᠢᠭᠤᠯᠤᠨ᠂ ᠵᠢᠯ ᠪᠦᠷᠢ 2000 ᠭᠠᠷᠤᠶ ᠵᠢᠱ᠌ᠢᠶ᠎ᠡ ᠦᠵᠡᠭᠦᠯᠬᠦ᠌ ᠲᠠᠷᠢᠮᠠᠯ ᠤ᠋ᠨ ᠡᠭᠦᠯᠳᠡᠷ ᠢ᠋ ᠢᠵᠢᠯ ᠨᠢᠬᠡᠨ ᠲᠠᠪᠴᠠᠩ ᠳ᠋ᠤ ᠥᠷᠢᠰᠥᠯᠳᠦᠭᠦᠯᠵᠦ᠍᠂ ᠮᠠᠯᠴᠢᠨ ᠲᠠᠷᠢᠶᠠᠴᠢᠳ ᠤ᠋ᠨ ᠲᠠᠷᠢᠶᠠᠨ ᠴᠢᠬᠢ ᠵᠢ ᠠᠳᠠᠯᠢᠳᠬᠠᠨ ᠦᠵᠡᠵᠦ ᠪᠠᠢᠭᠠᠳ ᠲᠠᠷᠢᠶᠠᠨ ᠦᠷ᠎ᠠ ᠰᠤᠡᠭᠭᠤᠬᠤ ᠵᠢ ᠪᠡᠶᠡᠯᠡᠭᠦᠯᠵᠦ᠂ ᠲᠠᠷᠢᠶᠠᠯᠠᠩ ᠤ᠋ᠨ ᠦᠷ᠎ᠡ ᠶ᠋ᠢᠨ ᠦᠢᠯᠡᠰ ᠢ᠋ ᠳᠡᠰ ᠲᠡᠪᠰᠢᠬᠦᠯᠦᠨ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠠᠵᠤ ᠦᠶ᠋ᠯᠡᠰ ᠤ᠋ᠨ ᠬᠥᠭ᠌ᠵᠢᠯᠲᠡ ᠯᠤᠭᠡ ᠵᠠᠪᠰᠠᠷ ᠥᠬᠡᠶ ᠵᠣᠯᠭᠠᠯᠳᠤᠭᠤᠯᠵᠤ᠂ ᠥᠨᠳᠥᠷ ᠪᠦᠲᠦᠮᠵᠢᠲᠡᠶ ᠪᠡᠷ ᠤᠨᠳᠤᠤᠰᠢᠭᠤᠯᠬᠤ ᠵᠢ ᠦᠨᠡᠨ ᠬᠦ᠌ ᠪᠠᠲᠤᠯᠠᠵᠤ ᠪᠠᠢᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠲᠠᠷᠢᠮᠠᠯ ᠤ᠋ᠨ ᠦᠶ᠋ᠯᠡᠰ ᠤ᠋ᠨ ᠬᠠᠮᠢᠶᠠᠷᠤᠯᠲᠠ ᠶ᠋ᠢᠨ ᠭᠠᠵᠠᠷ ᠤ᠋ᠨ ᠼᠤᠤ ᠯᠢ ᠯᠢ ᠪᠢᠳᠡᠨ ᠳ᠋ᠤ ᠲᠠᠨᠢᠯᠴᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号