ᠡᠷᠢᠶᠡᠨ ᠬᠣᠲᠠ ᠦᠪᠡᠷᠮᠢᠴᠡ ᠤᠨᠴᠠᠯᠢᠭᠲᠦ ᠰᠣᠶᠣᠯ ᠵᠢᠭᠤᠯᠴᠢᠯᠠᠯ ᠎ᠤᠨ ᠱᠢᠷᠢᠰ ᠠᠵᠢᠯᠯᠠᠭ᠎ᠠ ᠦᠷᠨᠢᠬᠦᠯᠪᠡ
2025-10-09 10:21:54
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

ᠤᠯᠤᠰ᠎ᠤᠨ ᠪᠠᠶᠠᠷ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠬᠤᠭᠤᠴᠠᠭᠠᠨ᠎ᠳᠤ᠂ ᠡᠷᠢᠶᠡᠨ ᠬᠣᠲᠠ ᠭᠡᠬᠦ᠌ ᠡᠨᠡ ᠬᠦ᠌ ᠲᠠᠯ᠎ᠠ ᠨᠤᠲᠤᠭ ᠪᠣᠯᠤᠨ ᠭᠣᠪᠢ ᠎ᠶ᠋ᠢᠨ ᠬᠣᠭᠣᠷᠣᠨᠳᠣ ᠱᠢᠭᠢᠳᠭᠡᠭ᠌ᠰᠡᠨ ᠬᠢᠯᠢ᠎ᠶᠢᠨ ᠪᠣᠭᠣᠮᠲᠠ᠎ᠶ᠋ᠢᠨ ᠬᠣᠲᠠ᠎ᠳᠤ᠂ 《ᠠᠪᠤᠷᠭᠤ ᠭᠦᠷᠪᠡᠯ ᠎ᠦᠨ ᠰᠣᠶᠣᠯ + ᠬᠢᠯᠢ᠎ᠶ᠋ᠢᠨ ᠵᠠᠩ ᠦᠶ᠋ᠯᠡ + ᠲᠠᠯ᠎ᠠ ᠨᠤᠲᠤᠭ ᠎ᠤᠨ ᠠᠮᠢ ᠠᠬᠤᠶ》 ᠶ᠋ᠢᠨ ᠣᠯᠠᠨ ᠡᠱᠢᠲᠦ ᠪᠡᠶᠡᠴᠢᠯᠡᠨ ᠥᠩᠭᠡᠷᠡᠭᠡᠯᠲᠡ᠎ᠨᠢ ᠵᠢᠭᠤᠯᠴᠢᠯᠠᠭ᠍ᠰᠠᠳ᠎ᠢ ᠣᠨᠴᠠᠭᠠᠶ ᠠᠶᠠᠯᠠᠯ᠎ᠳᠤ ᠣᠷᠣᠯᠴᠠᠭᠤᠯᠵᠠᠶ᠃

ᠡᠨᠡ ᠬᠡᠳᠦᠨ ᠡᠳᠦᠷ᠂ ᠡᠷᠢᠶᠡᠨ ᠬᠤᠳᠠ᠎ᠶ᠋ᠢᠨ ᠤᠯᠤᠰ᠎ᠤᠨ ᠡᠭᠦᠳᠡ᠎ᠶ᠋ᠢᠨ ᠦᠵᠡᠮᠵᠢ᠎ᠶ᠋ᠢᠨ ᠣᠷᠣᠨ᠎ᠳᠤ᠂ ᠡᠳᠦᠷ ᠪᠦᠷᠢ᠎ᠶ᠋ᠢᠨ ᠦᠳᠡ᠎ᠶ᠋ᠢᠨ ᠡᠮᠦᠨᠡᠬᠢ 9 ᠴᠠᠭ 10 ᠮᠢᠨᠦ᠋ᠲ᠎ᠲᠦ᠂ ᠴᠡᠷᠢᠭ᠎ᠡᠴᠡ ᠬᠠᠯᠠᠭ᠍ᠳᠠᠭ᠍ᠰᠠᠳ᠎ᠢᠶᠠᠷ ᠪᠦᠷᠢᠯᠳᠦᠭ᠌ᠰᠡᠨ ᠤᠯᠤᠰ᠎ᠤᠨ ᠲᠤᠭ᠎ᠢᠶᠠᠨ ᠬᠠᠮᠠᠭᠠᠯᠠᠬᠤ ᠠᠩᠬᠢ ᠎ᠵᠢᠨ ᠬᠢᠨ 《ᠢᠷᠠᠭᠤ ᠠᠯᠳᠠᠷ ᠪᠦᠬᠦᠢ ᠬᠢᠯᠢ᠎ᠶ᠋ᠢᠨ ᠪᠣᠭᠣᠮᠲᠠ᠎ᠶ᠋ᠢᠨ ᠥᠷ᠎ᠦᠨ ᠲᠤᠶᠠᠭ᠎ᠠ᠎ᠪᠠᠷ ᠲᠤᠭ ᠮᠠᠨᠳᠤᠭᠤᠯᠬᠤ》ᠠᠵᠢᠯᠯᠠᠭ᠎ᠠ ᠥᠷᠨᠢᠭᠦᠯᠪᠡ᠃ ᠲᠤᠰᠭᠠᠶ ᠮᠡᠷᠭᠡᠵᠢᠯ ᠎ᠦᠨ ᠲᠠᠢᠯᠤᠮᠵᠢ᠎ᠲᠠᠶ ᠬᠠᠮᠵᠢᠯᠴᠠᠨ᠂ ᠵᠢᠭ᠍ᠰᠠᠭᠠᠯ᠎ᠤᠨ ᠲᠣᠭ᠍ᠯᠠᠯᠲᠠ᠎ᠶ᠋ᠢ ᠰᠣᠨᠢᠷᠬᠠᠵᠤ᠂ ᠬᠤᠪᠢᠰᠭᠠᠯ ᠎ᠤᠨ ᠰᠣᠩᠭᠣᠳᠠᠭ ᠳᠠᠭᠤᠤ ᠎ᠵᠢ ᠬᠠᠮᠲᠤ᠎ᠪᠠᠷ ᠳᠠᠭᠤᠯᠠᠵᠤ᠂ ᠰᠦᠷ ᠵᠢᠪᠬᠤᠯᠠᠩᠲᠤ ᠣᠷᠭᠢᠯᠤᠮ᠎ᠠ ᠬᠠᠯᠠᠭᠤᠨ ᠠᠭᠤᠷ ᠠᠮᠢᠰᠭᠤᠯ ᠎ᠤᠨ ᠳᠤᠮᠳᠠ ᠬᠥᠮᠦᠰ ᠎ᠦᠨ ᠤᠯᠤᠰ ᠎ᠢᠶᠠᠨ ᠬᠠᠢᠷᠠᠯᠠᠬᠤ ᠰᠡᠳᠭᠢᠯᠭᠡ᠎ᠶ᠋ᠢ ᠵᠤᠵᠠᠭᠠᠳᠭᠠᠪᠠ᠃

ᠡᠭᠦᠨ᠎ᠦ ᠬᠠᠮᠲᠤ᠂ ᠤᠯᠤᠰ ᠎ᠤᠨ ᠡᠭᠦᠳᠡ᠎ᠶ᠋ᠢᠨ ᠦᠵᠡᠮᠵᠢ᠎ᠶ᠋ᠢᠨ ᠣᠷᠣᠨ᠎ᠤ ᠳᠡᠷᠭᠡᠳᠡᠬᠢ ᠢ ᠯᠦ᠍ ᠠᠭᠤᠳᠠᠮ ᠲᠠᠯᠠᠪᠠᠶ᠎ᠳᠤ᠂ ᠬᠤᠪᠢᠰᠬᠠᠯ ᠎ᠤᠨ ᠳᠠᠭᠤᠤ·ᠲᠠᠯ᠎ᠠ ᠨᠤᠲᠤᠭ᠎ᠤᠨ ᠳᠠᠭᠤᠤ᠎ᠶ᠋ᠢᠨ ᠤᠷᠤᠯᠳᠤᠭᠠᠨ ᠴᠤ᠌ ᠬᠥᠷ ᠬᠥᠭ᠌ᠵᠢᠶᠡᠨᠲᠡᠶ ᠶᠠᠪᠤᠭ᠍ᠳᠠᠵᠤ᠂ ᠡᠯ᠎ᠡ ᠭᠠᠵᠠᠷ᠎ᠡᠴᠡ ᠢᠷᠡᠭ᠌ᠰᠡᠨ ᠳᠠᠭᠤᠤ ᠳᠠᠭᠤᠯᠠᠬᠤ ᠪᠠᠬᠠᠳᠠᠳ ᠬᠣᠢᠨ᠎ᠠ ᠬᠣᠢᠨ᠎ᠠ᠎ᠡᠴᠡ᠎ᠪᠠᠨ ᠲᠠᠢᠰᠠᠨ᠎ᠳᠤ ᠭᠠᠷᠴᠤ᠌ ᠠᠶ᠎ᠠ ᠳᠠᠭᠤᠤ᠎ᠪᠠᠨ ᠠᠶᠠᠯᠠᠭᠤᠯᠤᠨ᠎ᠠ᠃

《ᠬᠤᠤᠰ ᠪᠠᠶᠠᠷ》 ᠤ᠋ᠨ ᠬᠤᠭᠤᠴᠠᠭᠠᠨ᠎ᠳᠤ᠂ ᠡᠷᠢᠶᠡᠨ ᠬᠣᠲᠠ᠎ᠶ᠋ᠢᠨ ᠠᠪᠤᠷᠭᠤ ᠭᠦᠷᠪᠡᠯ᠎ᠦᠨ ᠮᠦᠽᠧᠶ᠎ᠶ᠋ᠢᠨ ᠪᠦᠷᠢᠨ ᠵᠠᠩᠭᠢ ᠎ᠶ᠋ᠢᠨ ᠲᠢᠶᠠᠲ᠋ᠷ ᠎ᠤᠨ 《ᠠᠶᠠᠯᠭᠤᠲᠦ ᠵᠢᠭᠤᠯᠴᠢᠯᠠᠯ ᠥᠪᠥᠷ ᠮᠣᠩᠭᠣᠯ》 ᠲᠣᠭ᠍ᠯᠠᠯᠲᠠ᠎ᠶ᠋ᠢᠨ ᠠᠵᠢᠯᠯᠠᠭ᠎ᠠ᠎ᠨᠢ ᠵᠢᠭᠤᠯᠴᠢᠯᠠᠭᠰᠠᠳ᠎ᠲᠤ ᠥᠷᠭᠡᠨ ᠠᠭᠤᠳᠠᠮ ᠲᠠᠯ᠎ᠠ ᠨᠤᠲᠤᠭ ᠵᠢᠴᠢ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠮᠡᠳᠡᠷᠡᠭᠦᠯᠪᠡ; ᠠᠪᠤᠷᠭᠤ ᠭᠦᠷᠪᠡᠯ ᠎ᠦᠨ ᠮᠦᠽᠧᠶ᠎ᠳᠦ᠂ ᠭᠤᠤᠯ ᠰᠡᠳᠦᠪᠳᠤ ᠱᠢᠷᠢᠰ ᠠᠵᠢᠯᠯᠠᠭ᠎ᠠ ᠵᠠᠯᠭᠠᠪᠠᠷ ᠶᠠᠪᠤᠭ᠍ᠳᠠᠵᠤ᠂《ᠡᠷᠢᠶᠡᠨ ᠬᠤᠲᠠ᠎ᠶᠢᠨ ᠳᠤᠷᠠᠳᠭᠠᠯ》 ᠬᠡᠷᠡᠯ ᠵᠢᠷᠤᠭ ᠎ᠤᠨ ᠦᠵᠡᠰᠭᠦᠯᠡᠩ ᠎ᠢ ᠲᠣᠭᠣᠷᠢᠨ ᠦᠵᠡᠵᠦ᠍᠂ 《ᠠᠪᠤᠷᠭᠤ ᠭᠦᠷᠪᠡᠯ ᠳ᠋ᠣᠺᠲ᠋ᠣᠷ》ᠤ᠋ᠨ ᠰᠤᠳᠤᠯᠤᠨ ᠰᠤᠷᠤᠯᠴᠠᠬᠤ ᠬᠤᠸᠠᠷᠠᠨ᠎ᠳᠤ ᠣᠷᠣᠯᠴᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ ᠎ᠢ ᠪᠡᠶ᠎ᠡ᠎ᠪᠡᠷ᠎ᠢᠶᠡᠨ ᠪᠡᠶᠡᠴᠢᠯᠡᠨ ᠣᠢᠯᠠᠭᠠᠵᠤ᠂ ᠵᠢᠭᠤᠯᠴᠢᠯᠠᠭ᠍ᠰᠠᠳ ᠬᠠᠷᠢᠯᠴᠠᠨ ᠦᠶ᠋ᠯᠡᠳᠦᠯᠴᠡᠬᠦ᠌ ᠳᠤᠮᠳᠠ᠎ᠪᠠᠨ ᠤᠯᠠᠮᠵᠢᠯᠠᠯᠲᠤ ᠰᠣᠶᠣᠯ᠎ᠤᠨ ᠪᠠᠢᠳᠠᠯ᠎ᠢ ᠣᠢᠯᠠᠭᠠᠵᠤ ᠪᠠᠢᠯ᠎ᠠ᠃

ᠤᠯᠤᠰ᠎ᠤᠨ ᠪᠠᠶᠠᠷ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠲᠠᠰᠢᠷᠠᠮ᠎ᠢᠶᠡᠷ ᠡᠷᠢᠶᠡᠨ ᠬᠣᠲᠠ᠎ᠶ᠋ᠢᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠬᠥᠷ ᠬᠥᠭ᠌ᠵᠢᠶᠡᠨ᠎ᠢᠶᠡᠷ ᠪᠢᠯᠬᠠᠯ᠎ᠠ᠃ ᠥᠷᠭᠡᠨ ᠣᠯᠠᠨ ᠬᠣᠲᠠ᠎ᠶ᠋ᠢᠨ ᠠᠷᠠᠳ ᠪᠣᠯᠤᠨ ᠵᠢᠭᠤᠯᠴᠢᠯᠠᠭᠰᠠᠳ᠎ᠲᠤ ᠠᠮᠠᠷᠠᠯᠲᠠ᠎ᠶ᠋ᠢᠨ ᠬᠤᠭᠤᠴᠠᠭᠠᠨ᠎ᠳᠤ ᠨᠠᠩ ᠴᠢᠨᠠᠷ ᠰᠠᠢᠲᠠᠶ ᠦᠶ᠋ᠯᠡᠴᠢᠯᠡᠭᠡ ᠬᠦᠷᠲᠡᠭᠡᠬᠦ᠌᠎ᠶ᠋ᠢᠨ ᠲᠥᠯᠥᠭᠡ᠂ ᠡᠷᠢᠶᠡᠨ ᠬᠣᠲᠠ᠎ᠶ᠋ᠢᠨ ᠣᠯᠠᠨ ᠪᠠᠭᠤᠳᠠᠯ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠲᠤᠰᠭᠠᠶ ᠬᠠᠷᠠᠭᠠᠯᠵᠠᠯ ᠦᠵᠡᠭᠦᠯᠬᠦ᠌ ᠠᠵᠢᠯᠯᠠᠭ᠎ᠠ ᠪᠠ ᠪᠣᠭᠣᠳᠠᠯᠲᠦ ᠪᠡᠯᠡᠭ ᠦᠢᠯᠡᠳᠦᠨ ᠬᠢᠵᠦ᠂ ᠴᠢᠩ ᠦᠨᠡᠨ ᠰᠡᠳᠭᠢᠯ ᠎ᠢᠶᠡᠷ ᠳᠦᠷᠪᠡᠨ ᠵᠦᠭ ᠨᠠᠶ᠋ᠮᠠᠨ ᠵᠤᠪᠬᠢᠰ᠎ᠦᠨ ᠵᠣᠴᠢᠳ᠎ᠢ ᠤᠭ᠍ᠲᠤᠵᠤ᠂ ᠬᠣᠲᠠ᠎ᠶ᠋ᠢᠨ ᠰᠣᠶᠣᠯ ᠵᠢᠭᠤᠯᠴᠢᠯᠠᠯ ᠎ᠤᠨ ᠠᠮᠢᠵᠢᠷᠠᠯ᠎ᠤᠨ ᠬᠦᠴᠦᠨ᠎ᠳᠦ ᠬᠦᠴᠦᠷᠬᠡᠭ ᠶᠡᠬᠡ ᠬᠥᠳᠡᠯᠭᠡᠬᠦ᠌ ᠡᠨᠧᠷᠭᠢ ᠨᠡᠮᠡᠷᠢᠯᠡᠪᠡ᠃

ᠪᠥᠬᠥ᠌ ᠬᠣᠲᠠ᠎ᠶ᠋ᠢᠨ ᠣᠯᠠᠨ ᠪᠠᠭᠤᠳᠠᠯ ᠎ᠨᠢ 《ᠬᠠᠷᠠᠭᠠᠯᠵᠠᠯ ᠦᠵᠡᠭᠦᠯᠵᠦ᠍ ᠠᠱᠢᠭ ᠬᠦᠷᠲᠡᠭᠡᠬᠦ᠌ + ᠳᠣᠲᠣᠨᠣ ᠦᠶ᠋ᠯᠡᠴᠢᠯᠡᠭᠡ ᠬᠠᠩᠭᠠᠬᠤ + ᠰᠣᠶᠣᠯ ᠵᠢᠭᠤᠯᠴᠢᠯᠠᠯ᠎ᠤᠨ ᠬᠣᠯᠪᠣᠭᠠᠯᠠᠨ ᠬᠥᠳᠡᠯᠦᠯᠴᠡᠬᠦ᠌》 ᠬᠠᠮ ᠠᠷᠭ᠎ᠠ ᠬᠡᠮᠵᠢᠶ᠎ᠡ᠎ᠪᠡᠷ ᠵᠢᠭᠤᠯᠴᠢᠯᠠᠭᠰᠠᠳ᠎ᠲᠤ ᠦᠨᠡᠨ ᠪᠣᠳᠠᠲᠠᠶ ᠲᠥᠬᠥᠮ ᠳᠦᠲᠡ ᠪᠠ ᠪᠣᠳᠠᠲᠤ ᠠᠱᠢᠭ ᠬᠦᠷᠲᠡᠭᠡᠵᠦ᠍᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠦ ᠬᠡᠯᠬᠢᠶ᠎ᠡ᠎ᠶ᠋ᠢ ᠨᠠᠩ ᠪᠦᠲᠦᠮᠵᠢᠲᠡᠶ ᠬᠥᠭ᠌ᠵᠢᠭᠡᠵᠦ᠍᠂ ᠪᠥᠬᠥ᠌ ᠬᠣᠲᠠ᠎ᠶ᠋ᠢᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠦ《ᠬᠦᠷᠢᠶᠡᠯᠡᠯ ᠲᠠᠢ᠂ ᠬᠡᠷᠡᠭ᠌ᠯᠡᠭᠡ ᠬᠥᠭ᠌ᠵᠢᠶᠡᠨᠲᠡᠶ᠂ ᠪᠡᠶᠡᠴᠢᠯᠡᠨ ᠣᠢᠯᠠᠭᠠᠯᠲᠠ᠎ᠪᠡᠷ ᠰᠠᠢᠨ》 ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠳᠠᠯ ᠢᠯᠡᠷᠡᠵᠦ᠍᠂ ᠬᠢᠯᠢ᠎ᠶᠢᠨ ᠪᠣᠭᠣᠮᠲᠠ᠎ᠶ᠋ᠢᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠡᠳᠦᠷ᠂ ᠰᠤᠷᠪᠤᠯᠵᠢᠯᠠᠭ᠍ᠴᠢ ᠡᠷᠢᠶᠡᠨ ᠬᠣᠲᠠ᠎ᠶ᠋ᠢᠨ ᠡᠯ᠎ᠡ ᠲᠣᠮᠣ ᠬᠤᠳᠠᠯᠳᠤᠭᠠᠨ᠎ᠤ ᠳᠡᠯᠭᠡᠭᠦᠷ᠎ᠵᠢᠡᠷ ᠬᠦᠷᠬᠦ᠎ᠳᠤ᠂ ᠳᠡᠯᠭᠡᠭᠦᠷ᠎ᠦᠨ ᠳᠣᠲᠣᠷᠡᠬᠢ ᠢᠯᠡᠬᠡᠨ ᠬᠠᠷᠠᠭᠳᠠᠬᠤ ᠪᠠᠢᠷᠢᠨ᠎ᠳᠤ ᠲᠤᠬᠢᠷᠠᠭᠤᠯᠤᠭᠰᠠᠨ ᠶᠧᠪᠡᠩ᠎ᠦᠨ ᠲᠤᠰᠭᠠᠶ ᠲᠣᠭᠣᠷᠢᠭ᠎ᠲᠦ᠂ ᠡᠯ᠎ᠡ ᠵᠦᠶ᠋ᠯ᠎ᠦᠨ ᠶᠧᠪᠡᠩ᠎ᠦᠨ ᠪᠡᠯᠡᠭ᠎ᠦᠨ ᠬᠠᠢᠷᠴᠠᠭ᠂ ᠰᠤᠯᠠ ᠪᠣᠭᠣᠳᠠᠯ᠎ᠲᠠᠶ ᠶᠧᠪᠡᠩ᠎ᠢ ᠲᠡᠷᠢ ᠲᠡᠭ᠌ᠰᠢ ᠲᠠᠯᠪᠢᠵᠤ᠂ ᠱᠢᠨ᠎ᠡ ᠰᠡᠪᠡᠭᠦᠨ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠡᠯᠧᠮᠧᠨ᠋ᠲ᠎ᠦᠨ ᠪᠣᠭᠣᠳᠠᠯ ᠪᠠᠭ᠍ᠯᠠᠭ᠎ᠠ᠎ᠶ᠋ᠢ ᠵᠢᠷᠤᠵᠤ ᠲᠥᠯᠥᠪᠯᠡᠭᠰᠡᠨ ᠨᠢ᠂ ᠬᠡᠷᠡᠭ᠌ᠯᠡᠭ᠌ᠴᠢᠳ᠎ᠦᠨ ᠬᠤᠳᠠᠯᠳᠤᠨ ᠠᠪᠬᠤ ᠬᠦᠰᠡᠯ᠎ᠢ ᠬᠣᠷᠣᠮᠬᠠᠨ ᠵᠠᠭᠤᠷ᠎ᠠ ᠲᠠᠲᠠᠵᠤ ᠴᠢᠳᠠᠨ᠎ᠠ᠃

ᠣᠢᠯᠠᠭᠠᠭ᠍ᠰᠠᠨ᠎ᠢᠶᠠᠷ᠂ ᠡᠨᠡ ᠵᠢᠯ᠎ᠦᠨ ᠶᠧᠪᠡᠩ᠎ᠦᠨ ᠵᠠᠬ᠎ᠠ ᠳᠡᠯᠭᠡᠭᠦᠷ᠎ᠲᠦ《ᠡᠷᠡᠭᠦᠯ ᠡᠨᠭᠬᠡ ᠢᠳᠡᠭᠡᠨ᠎ᠤ ᠰᠤᠷᠲᠠᠯ》 ᠣᠨᠴᠠᠭᠠᠶ ᠲᠠᠭᠠᠱᠢᠶᠠᠭ᠍ᠳᠠᠵᠤ᠂ ᠲᠣᠰᠣ ᠪᠠᠭ᠎ᠠ ᠱᠢᠬᠢᠷ᠎ᠤᠨ ᠠᠭᠤᠯᠠᠭᠳᠠᠴᠠ ᠳᠤᠤᠷ᠎ᠠ ᠦᠶ᠋ᠯᠡᠳᠬᠦᠨ ᠭᠤᠤᠯ ᠤᠷᠤᠰᠭᠠᠯ ᠪᠣᠯᠵᠣ ᠪᠠᠢᠨ᠎ᠠ᠃ ᠪᠠᠷᠠᠭᠠᠨ᠎ᠤ ᠲᠠᠯᠪᠢᠭᠤᠷ ᠳᠡᠭᠡᠷ᠎ᠡ᠂ 《ᠡᠨ᠋ᠸᠷᠬᠢ ᠪᠠᠭ᠎ᠠ》 ᠶᠧᠪᠡᠩ ᠨᠢ ᠬᠠᠭᠠᠰ ᠱᠢᠬᠠᠮ ᠣᠷᠣᠨ ᠵᠠᠢ᠎ᠶ᠋ᠢ ᠡᠵᠡᠯᠡᠵᠦ᠍᠂ ᠣᠳᠣᠬᠠᠨ᠎ᠤ ᠬᠡᠷᠡᠭ᠌ᠯᠡᠭ᠌ᠴᠢᠳ᠎ᠦᠨ ᠡᠷᠡᠭᠦᠯ ᠮᠡᠨᠳᠦ᠍᠎ᠶ᠋ᠢᠨ ᠬᠡᠷᠡᠭ᠌ᠴᠡᠭᠡ᠎ᠳᠦ ᠣᠨᠣᠪᠴᠢᠲᠠᠢ ᠨᠡᠢᠴᠡᠵᠦ᠍᠂ ᠢᠯᠠᠩᠭᠤᠶ᠎ᠠ ᠢᠳᠡᠷ ᠥᠲᠡᠯᠦᠭᠡ ᠨᠠᠰᠤᠨ᠎ᠤ ᠬᠥᠮᠦᠰ ᠵᠢᠴᠢ ᠢᠳᠡᠭᠡᠨ ᠤᠮᠳᠠᠭᠠᠨ᠎ᠤ ᠬᠠᠮᠢᠶᠠᠷᠤᠯᠲᠠ᠎ᠶ᠋ᠢ ᠴᠢᠬᠤᠯᠠᠴᠢᠯᠠᠵᠤ ᠪᠠᠢᠭ᠎ᠠ ᠵᠠᠯᠠᠭᠤᠴᠤᠳ᠎ᠤᠨ ᠬᠦᠷᠢᠶᠡᠯᠡᠯ᠎ᠢ ᠶᠡᠬᠡᠳᠡ ᠣᠯᠵᠤ ᠪᠠᠢᠨ᠎ᠠ᠃

《ᠶᠧᠪᠡᠩ᠎ᠳᠤ ᠪᠠᠰᠠ ᠪᠢᠱᠢᠯᠠᠭ᠎ᠤᠨ ᠰᠢᠶᠠᠨᠰᠠ ᠲᠠᠢ ᠶᠸᠪᠠᠩ ᠪᠠᠢᠨ᠎ᠠ ᠭᠡᠵᠦ᠍ ᠪᠣᠳᠣᠵᠤ ᠣᠯᠤᠭ᠍ᠰᠠᠨ ᠦᠭᠡᠢ᠂ ᠲᠡᠷᠡ ᠮᠥᠷᠲᠡᠭᠡᠨ ᠮᠠᠰᠢ ᠵᠥᠭᠡᠯᠡᠨ ᠪᠦᠭᠡᠳ ᠠᠮᠲᠠᠲᠠᠶ᠂ ᠪᠢ ᠮᠠᠰᠢ ᠣᠯᠠᠨ ᠬᠠᠢᠷᠴᠠᠭ ᠬᠤᠳᠠᠯᠳᠤᠨ ᠠᠪᠴᠤ᠌᠂ ᠲᠥᠷᠥᠯ ᠰᠠᠳᠤᠨ ᠨᠠᠢᠵᠠ ᠨᠥᠬᠥᠳ᠎ᠲᠡᠭᠡᠨ ᠠᠮᠲᠠᠯᠠᠭᠤᠯᠬᠤ᠎ᠪᠠᠷ ᠪᠡᠯᠡᠳᠭᠡᠵᠦ᠍ ᠪᠠᠢᠨ᠎ᠠ》 ᠭᠡᠵᠦ᠍ ᠳ᠋ᠤᠸᠠᠨ ᠬᠤᠤ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号