《ᠤᠤᠬᠠᠢᠯᠠᠯ 》 ᠬᠠᠩᠬᠢᠨᠠᠬᠰᠠᠨ ᠪᠦᠬᠡ ᠵᠢᠨ ᠴᠤᠯᠠ ᠤᠯᠭᠤᠬᠤ ᠨᠠᠢᠷ
2025-10-09 11:12:12
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 2 ᠎ᠤ᠋ᠨ ᠡᠳᠦᠷ᠎ᠡᠴᠡ 3 ᠎ᠤ᠋ ᠡᠳᠦᠷ ᠪᠣᠯᠲᠠᠯ᠎ᠠ᠂ ᠱᠢᠯᠢ᠎ᠶ᠋ᠢᠨ ᠭᠤᠤᠯ ᠠᠢᠮᠠᠭ᠎ᠤᠨ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠡᠴᠡ ᠭᠤᠤᠯᠯᠠᠨ ᠡᠷᠭᠢᠯᠡᠵᠦ᠍᠂ ᠱᠢᠯᠤᠭᠤᠨ ᠬᠥᠬᠡ ᠬᠣᠱᠢᠭᠤᠨ᠎ᠤ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠪᠣᠯᠤᠨ ᠱᠢᠯᠢ᠎ᠶ᠋ᠢᠨ ᠭᠤᠤᠯ ᠠᠢᠮᠠᠭ᠎ᠤᠨ ᠪᠥᠬᠡ᠎ᠶ᠋ᠢᠨ ᠨᠡᠢᠭᠡᠮᠯᠢᠭ᠎ᠡᠴᠡ ᠬᠠᠮᠲᠤᠷᠠᠨ ᠳᠠᠭᠠᠭᠠᠴᠢᠯᠠᠨ ᠡᠷᠭᠢᠯᠡᠭ᠌ᠰᠡᠨ ᠱᠢᠯᠢ᠎ᠶ᠋ᠢᠨ ᠭᠤᠤᠯ ᠠᠢᠮᠠᠭ᠎ᠤᠨ ᠠᠷᠪᠠᠨ ᠨᠠᠶ᠋ᠮᠠᠳᠤᠭᠠᠷ ᠬᠤᠭᠤᠴᠠᠭᠠᠨ᠎ᠤ ᠪᠥᠬᠡ᠎ᠶ᠋ᠢᠨ ᠴᠤᠯᠠ ᠤᠯᠭᠤᠬᠤ ᠨᠠᠢᠷ ᠱᠢᠯᠤᠭᠤᠨ ᠬᠥᠬᠡ ᠬᠣᠱᠢᠭᠤᠨ᠎ᠤ ᠱᠠᠩᠳᠤ ᠵᠢᠨ ᠭᠤᠤᠯ ᠪᠠᠯᠭᠠᠰᠤ᠎ᠶ᠋ᠢᠨ ᠬᠤᠪᠢᠯᠠᠶ ᠠᠭᠤᠳᠠᠮ ᠲᠠᠯᠠᠪᠠᠶ᠎ᠳᠤ ᠶᠠᠪᠤᠭ᠍ᠳᠠᠪᠠ᠃ ᠪᠦᠬᠦ᠌ ᠣᠷᠣᠨ᠎ᠤ ᠡᠯ᠎ᠡ ᠭᠠᠵᠠᠷ᠎ᠡᠴᠡ ᠢᠷᠡᠭ᠌ᠰᠡᠨ ᠪᠥᠬᠡ᠎ᠶ᠋ᠢᠨ ᠪᠠᠬᠠᠳᠠᠳ ᠵᠢᠴᠢ ᠲᠦᠮᠡ ᠭᠠᠷᠤᠢ ᠵᠢᠭᠤᠯᠴᠢᠯᠠᠭᠰᠠᠳ ᠡᠨᠳᠡ ᠴᠤᠭ᠍ᠯᠠᠷᠠᠵᠤ ᠪᠦᠬᠡ ᠵᠢᠨ ᠪᠠᠷᠢᠯᠳᠤᠭᠠᠨ᠎ᠢ ᠰᠣᠨᠢᠷᠬᠠᠵᠤ᠂ ᠠᠮᠠᠷᠠᠯᠲᠠ᠎ᠶ᠋ᠢᠨ ᠡᠳᠦᠷ᠎ᠢᠶᠡᠨ ᠪᠠᠶᠠᠷ ᠬᠦᠷ᠎ᠲᠡᠶ ᠥᠩᠭᠡᠷᠡᠭᠦᠯᠪᠡ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠪᠥᠬᠥ᠌ ᠬᠥᠮᠦᠰ ᠲᠥᠪ ᠵᠣᠭ᠍ᠰᠣᠵᠤ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ ᠳᠠᠭᠤᠯᠠᠵᠤ᠂ ᠬᠠᠩᠭᠢᠨᠠᠮ᠎ᠠ ᠳᠠᠭᠤᠤ᠎ᠨᠢ ᠤᠷᠤᠯᠳᠤᠭᠠᠨ᠎ᠤ ᠲᠠᠯᠠᠪᠤᠷ᠎ᠲᠤ ᠴᠤᠤᠷᠢᠶᠠᠲᠤᠵᠤ᠂ ᠡᠬᠡ ᠣᠷᠣᠨᠴᠢ ᠬᠠᠢᠷ᠎ᠠ ᠰᠡᠳᠭᠢᠯᠭᠡ ᠪᠠ ᠪᠦᠯᠬᠦᠮᠳᠡᠯ᠎ᠦᠨ ᠠᠭᠤᠷ ᠠᠮᠢᠰᠭᠤᠯ᠎ᠢ ᠭᠦᠶ᠋ᠴᠡᠳ ᠢᠯᠡᠷᠡᠭᠦᠯᠪᠡ᠃ ᠳᠠᠷᠠᠭ᠎ᠠ᠎ᠨᠢ᠂ ᠬᠢᠨᠠᠭ᠍ᠴᠢ᠎ᠶ᠋ᠢᠨ ᠲᠥᠯᠥᠭᠡᠯᠡᠭ᠌ᠴᠢ ᠲᠥᠪ ᠴᠢᠩᠭ᠎ᠠ᠎ᠪᠠᠷ ᠲᠠᠩᠭᠠᠷᠢᠭ᠍ᠯᠠᠵᠤ᠂ ᠤᠷᠤᠯᠳᠤᠭᠠᠨ᠎ᠤ ᠲᠦᠷᠢᠮ᠎ᠢ ᠴᠢᠩᠭ᠎ᠠ ᠵᠢᠷᠤᠮᠯᠠᠵᠤ᠂ ᠡᠷᠬᠡ ᠲᠡᠭ᠌ᠰᠢ᠂ ᠲᠥᠪ ᠭᠤᠤᠯᠴᠢ᠂ ᠢᠯᠡ ᠪᠠᠢᠬᠤ ᠵᠠᠷᠴᠢᠮ᠎ᠢ ᠪᠠᠷᠢᠮᠲᠠᠯᠠᠵᠤ᠂ ᠪᠠᠷᠢᠯᠳᠤᠭᠠᠨ᠎ᠤ ᠡᠮᠬᠢ ᠴᠡᠭᠴᠡ ᠲᠠᠢ ᠶᠠᠪᠤᠭᠳᠠᠬᠤ ᠵᠢ ᠪᠠᠳᠤᠯᠠᠨ᠎ᠠ ᠭᠡᠵᠦ᠍ ᠲᠠᠨᠭᠭᠠᠷᠢᠭᠯᠠᠵᠠᠢ;ᠤᠷᠤᠯᠳᠤᠭᠠᠨ᠎ᠳᠤ ᠣᠷᠣᠯᠴᠠᠭ᠍ᠰᠠᠳ ᠎ᠤᠨ ᠲᠥᠯᠥᠭᠡᠯᠡᠭ᠌ᠴᠢᠳ ᠨᠢᠳᠤᠷᠭ᠎ᠠ᠎ᠪᠠᠨ ᠴᠢᠩᠭ᠎ᠠ ᠵᠠᠨᠭᠭᠢᠳᠤᠵᠤ᠂ ᠢᠳᠡ ᠬᠦᠴᠦᠲᠡᠶ ᠲᠠᠩᠭᠠᠷᠢᠭ᠎ᠢᠶᠠᠷ ᠪᠥᠬᠥ᠌ ᠬᠦᠴᠦᠨ᠎ᠢᠶᠡᠷ᠎ᠢᠶᠡᠨ ᠴᠢᠷᠮᠠᠢᠵᠤ᠂ ᠡᠰᠡᠷᠭᠦ᠌ ᠡᠲᠡᠭᠡᠳ᠎ᠢᠶᠡᠨ ᠬᠦᠨᠳᠦᠳᠭᠡᠵᠦ᠍᠂ ᠬᠡᠪ ᠨᠠᠮᠪᠠ ᠪᠠ ᠬᠢᠷᠢ ᠲᠦᠪᠱᠢᠨ᠎ᠢᠶᠡᠨ ᠰᠢᠯᠭᠠᠷᠠᠭᠤᠯᠬᠤ ᠡᠷᠡᠰ ᠵᠣᠷᠢᠭ᠎ᠢᠶᠠᠨ ᠢᠯᠡᠳᠭᠡᠵᠦ᠍᠂ ᠤᠮᠠᠷᠠᠲᠤ ᠬᠢᠯᠢ᠎ᠶ᠋ᠢᠨ ᠱᠢᠯᠢᠳᠡᠭ ᠲᠠᠮᠢᠷᠴᠢᠳ᠎ᠤᠨ ᠴᠣᠭ ᠪᠠᠳᠠᠷᠠᠩᠭᠤᠶ ᠥᠭᠡᠳᠡᠯᠡᠨ ᠳᠠᠪᠱᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃

《ᠪᠦᠬᠡ》 ᠪᠣᠯ ᠤᠯᠤᠰ ᠎ᠤᠨ ᠲᠡᠰ ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠢ ᠲᠦᠷᠦᠯ ᠵᠦᠢᠯ ᠪᠠᠢᠵᠤ᠂ ᠮᠠᠨ᠎ᠤ ᠣᠷᠣᠨ᠎ᠤ ᠡᠯ᠎ᠡ ᠭᠠᠵᠠᠷ᠎ᠲᠤ ᠥᠷᠭᠡᠨ᠎ᠢᠶᠡᠷ ᠤᠯᠠᠮᠵᠢᠯᠠᠭ᠍ᠳᠠᠵᠤ ᠪᠤᠢ᠃

ᠬᠠᠷᠢᠨ ᠵᠢᠯ᠎ᠳᠦ ᠨᠢᠭᠡ ᠤᠳᠠᠭ᠎ᠠ ᠶᠠᠪᠤᠭ᠍ᠳᠠᠳᠠᠭ ᠱᠢᠯᠢ᠎ᠶ᠋ᠢᠨ ᠭᠣᠣᠯ ᠠᠢᠮᠠᠭ᠎ᠤᠨ  ᠪᠦᠬᠡ ᠵᠢᠨ ᠴᠤᠯᠠ ᠤᠯᠭᠤᠬᠤ ᠨᠠᠢᠷ ᠪᠣᠯ ᠭᠦᠨ ᠵᠤᠵᠠᠭᠠᠨ ᠣᠯᠠᠨ ᠲᠦᠮᠡᠨᠴᠢ ᠰᠠᠭᠤᠷᠢ ᠪᠠ ᠨᠡᠢᠭᠡᠮ᠎ᠦᠨ ᠨᠥᠯᠥᠭᠡᠯᠡᠬᠦ᠌ ᠬᠦᠴᠦᠨ᠎ᠲᠡᠶ ᠲᠦᠷᠦᠯ ᠲᠡᠮᠳᠡᠭ ᠪᠣᠯᠬᠤ ᠲᠠᠮᠢᠷ᠎ᠤᠨ ᠤᠷᠤᠯᠳᠤᠭᠠᠨ ᠪᠣᠯᠤᠨ᠎ᠠ᠃ ᠲᠤᠰ ᠤᠳᠠᠭᠠᠨ ᠎ᠤ ᠨᠠᠢᠷ ᠨᠢ ᠱᠢᠯᠤᠭᠤᠨ ᠬᠦᠬᠡ ᠬᠣᠱᠢᠭᠤᠨ᠎ᠳᠤ ᠶᠠᠪᠤᠭ᠍ᠳᠠᠵᠤ᠂ ᠡᠯ᠎ᠡ ᠭᠠᠵᠠᠷ ᠎ᠡᠴᠡ ᠬᠦᠷᠦᠯᠴᠡᠨ ᠢᠷᠡᠭ᠌ᠰᠡᠨ ᠤᠷᠤᠯᠳᠤᠭᠠᠨ ᠎ᠳᠤ ᠣᠷᠣᠯᠴᠠᠭ᠍ᠰᠠᠳ ᠪᠣᠯᠤᠨ ᠦᠵᠡᠭ᠌ᠴᠢᠳ᠎ᠲᠦ ᠪᠦᠬᠡ᠎ᠶ᠋ᠢᠨ ᠪᠠᠷᠢᠯᠳᠤᠭᠠᠨ᠎ᠦ 《ᠡᠷᠴᠢ ᠬᠦᠴᠦ᠍ ᠪᠣᠯᠤᠨ ᠡᠷᠡᠮᠡᠬᠡᠢ ᠵᠣᠷᠢᠭ》 ᠢ᠋ ᠮᠡᠳᠡᠷᠡᠭᠦᠯᠬᠦ᠌᠎ᠶ᠋ᠢᠨ ᠬᠠᠮᠲᠤ ᠲᠤᠬᠠᠢ᠎ᠶ᠋ᠢᠨ ᠭᠠᠵᠠᠷ ᠎ᠤᠨ ᠡᠯᠪᠡᠭ ᠪᠠᠶᠠᠯᠢᠭ ᠲᠡᠦᠬᠡ ᠰᠣᠶᠣᠯ᠎ᠤᠨ ᠠᠭᠤᠯᠤᠭ᠍ᠳᠠᠬᠤᠨ᠎ᠢ ᠪᠡᠶᠡᠴᠢᠯᠡᠨ ᠤᠢ᠍ᠢᠯᠠᠭᠠᠭᠤᠯᠵᠤ᠂ ᠱᠢᠯᠤᠭᠤᠨ ᠬᠦᠬᠡ ᠬᠣᠱᠢᠭᠤᠨ᠎ᠤ 《ᠪᠦᠬᠡ ᠵᠢᠨ ᠪᠠᠷᠢᠯᠳᠤᠭᠠᠨ᠎ᠢ ᠰᠣᠨᠢᠷᠬᠠᠬᠤ᠂ ᠲᠠᠯ᠎ᠠ ᠨᠤᠲᠤᠭ᠎ᠢᠶᠠᠷ ᠵᠢᠭᠤᠯᠴᠢᠯᠠᠬᠤ᠂ ᠱᠠᠨᠭᠳᠤ ᠵᠢᠨ ᠪᠠᠭᠤᠷᠢ᠎ᠶ᠋ᠢ ᠬᠠᠢᠨ ᠱᠢᠨᠵᠢᠯᠡᠬᠦ᠌᠂ ᠰᠣᠶᠣᠯ᠎ᠢ ᠠᠮᠳᠠᠷᠬᠠᠨ ᠰᠤᠨᠢᠷᠬᠠᠬᠤ》 ᠤᠨᠴᠠᠯᠢᠬ᠍ᠳᠤ ᠰᠣᠶᠣᠯ ᠵᠢᠭᠤᠯᠴᠢᠯᠠᠯ᠎ᠤᠨ ᠱᠤᠭᠤᠮ᠎ᠢ ᠤᠯᠠᠮ ᠴᠢᠨᠠᠭ᠍ᠰᠢᠳᠠ ᠪᠠᠶᠠᠯᠢᠭ᠍ᠵᠢᠭᠤᠯᠵᠤ᠂ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠭ᠌ᠰᠡᠨ ᠪᠠᠢᠨ᠎ᠠ᠃

10 ᠰᠠᠷ᠎ᠠ᠎ᠶ᠋ᠢᠨ 3 ᠎ᠤ᠋ ᠦᠳᠡ ᠵᠢᠨ ᠡᠮᠦᠨ᠎ᠡ᠂ ᠬᠣᠶᠠᠷ ᠡᠳᠦᠷ᠎ᠦᠨ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ᠂ ᠱᠢᠯᠢ᠎ᠶ᠋ᠢᠨ ᠭᠣᠣᠯ ᠠᠢᠮᠠᠭ ᠎ᠤᠨ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠡᠴᠡ ᠢᠷᠡᠭ᠌ᠰᠡᠨ ᠰᠢᠯᠢᠳᠡᠭ 256 ᠪᠥᠬᠡ ᠬᠦᠴᠦ ᠦᠵᠡᠨ ᠪᠠᠷᠢᠯᠳᠤᠭᠰᠠᠨ᠎ᠤ᠎ᠳ᠋ᠦᠨᠭ᠎ᠳ᠋ᠦ᠍ 16 ᠪᠥᠬᠡ ᠴᠣᠯᠭᠣᠷᠠᠨ ᠦᠯᠡᠳᠡᠪᠡ᠃

ᠦᠵᠡᠭᠴᠢᠳ᠎ᠤᠨ ᠤᠤᠬᠠᠢᠯᠠᠯ᠎ᠤᠨ ᠲᠤᠮᠳᠠ ᠪᠥᠬᠡᠴᠢᠳ ᠲᠠᠯᠠᠪᠠᠢ᠎ᠳᠤ ᠮᠠᠬᠰᠢᠨ ᠤᠷᠤᠵᠤ ᠬᠤᠷᠴᠠ ᠰᠢᠷᠦᠭᠦᠨ ᠪᠠᠷᠢᠯᠳᠤᠵᠤ ᠡᠬᠢᠯᠡᠪᠡ᠃ ᠤᠷᠤᠯᠳᠤᠭᠠᠨ᠎ᠤ ᠲᠠᠯᠠᠪᠤᠷ᠎ᠲᠤ ᠪᠦᠭᠡᠴᠢᠳ ᠰᠡᠳᠭᠢᠯ ᠰᠠᠨᠠᠭ᠎ᠠ᠎ᠪᠠᠨ ᠲᠥᠪᠯᠡᠷᠡᠭᠦᠯᠦᠨ ᠤᠬᠠᠭᠠᠨ ᠲᠠᠮᠢᠷ ᠵᠢᠡᠨ ᠰᠤᠷᠢᠨ᠎ᠠ᠃  ᠵᠠᠷᠢᠮ ᠨᠢ ᠱᠢᠷᠦᠭᠦᠨ ᠳᠠᠭᠠᠷᠢᠵᠤ᠂ ᠮᠡᠬᠡ ᠬᠢᠵᠦ ᠦᠵᠡᠭᠴᠢᠳ ᠎ᠢ ᠱᠤᠤᠬᠢᠭᠤᠯᠤᠨ᠎ᠠ᠃ ᠪᠦᠬᠡᠴᠦᠳ᠎ᠤᠨ ᠤᠳᠠᠭ᠎ᠠ ᠪᠦᠷᠢ᠎ᠶ᠋ᠢᠨ ᠰᠢᠷᠦᠭᠦᠨ ᠪᠠᠷᠢᠯᠳᠤᠭᠠᠨ᠂ ᠤᠤᠬᠠᠢᠯᠠᠯᠲᠠ ᠨᠢ ᠴᠥᠮ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠎ᠢ ᠤᠷᠬᠢᠯ᠎ᠳᠤᠨᠢ ᠬᠦᠷᠭᠡᠵᠦ᠍᠂ ᠪᠥᠬᠡᠴᠢᠳ᠎ᠦᠨ ᠡᠷ᠎ᠠ ᠵᠤᠷᠢᠬ ᠬᠡᠪ ᠨᠠᠮᠪᠠ᠎ᠶ᠋ᠢ ᠭᠦᠢᠴᠡᠳ ᠢᠯᠡᠷᠡᠭᠦᠯᠵᠡᠢ᠃

ᠦᠷᠭᠦᠯᠵᠢᠯᠡᠭ᠌ᠰᠡᠨ ᠱᠢᠷᠦᠭᠦᠨ ᠪᠠᠷᠢᠯᠳᠤᠭᠠᠨ᠎ᠢᠶᠠᠷ ᠳᠠᠮᠵᠢᠨ ᠠᠪᠠᠭ᠎ᠠ ᠬᠣᠱᠢᠭᠤᠨ᠎ᠡᠴᠡ ᠢᠷᠡᠭ᠌ᠰᠡᠨ ᠴᠠᠭᠠᠨᠵᠠᠭᠠᠨ᠎ᠠ ᠤᠯᠠᠨ᠎ᠠᠴᠠ ᠣᠷᠣᠢᠯᠠᠨ ᠮᠠᠩᠯᠠᠢᠯᠠᠵᠤ᠂ 《ᠠᠪᠤᠷᠭᠤ》 ᠴᠤᠯᠠ ᠬᠦᠷᠲᠡᠪᠡ᠃

ᠤᠷᠤᠯᠳᠤᠭᠠᠨ ᠎ᠤ ᠬᠤᠭᠤᠴᠠᠭᠠᠨ᠎ᠳᠤ᠂ ᠠᠬᠤᠶ ᠲᠠᠯᠠᠪᠠᠶ ᠎ᠶ᠋ᠢᠨ ᠲᠦᠮᠡ ᠭᠠᠷᠤᠶ ᠦᠵᠡᠭ᠌ᠴᠢᠳ᠎ᠡᠴᠡ ᠭᠠᠳᠠᠨ᠎ᠠ᠂ ᠱᠢᠯᠤᠭᠤᠨ ᠬᠥᠬᠡ ᠬᠣᠱᠢᠭᠤᠨ ᠎ᠤ ᠬᠠᠮ ᠵᠠᠭᠤᠴᠢᠯᠠᠭᠤᠷ᠎ᠤᠨ ᠲᠥᠪ᠎ᠦᠨ ᠴᠤᠤᠷᠢᠢ᠎ᠠ ᠳ᠋ᠤᠭᠠᠷ᠂《ᠱᠠᠩᠳᠤ ᠎ᠶ᠋ᠢᠨ ᠰᠣᠨᠢᠨ ᠮᠡᠳᠡᠭᠡ》ᠸᠢᠳᠢᠣ᠋ ᠎ᠳ᠋ᠤᠭᠠᠷ ᠵᠢᠴᠢ ᠱᠢᠯᠤᠭᠤᠨ ᠬᠥᠬᠡ ᠬᠣᠱᠢᠭᠤᠨ᠎ᠤ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠶ᠋ᠢᠨ ᠸᠢᠳᠢᠣ᠋ ᠳ᠋ᠤᠭᠠᠷ ᠵᠡᠷᠭᠡ ᠎ᠪᠡᠷ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠵᠦ᠍᠂ ᠨᠡᠢᠲᠡ 6.5 ᠲᠦᠮᠡᠨ ᠬᠥᠮᠦᠨ ᠤᠳᠠᠭ᠎ᠠ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠢᠶᠠᠷ ᠳᠠᠮᠵᠢᠨ ᠲᠣᠰ ᠤᠳᠠᠭᠠᠨ᠎ᠤ ᠪᠥᠬᠡ᠎ᠶ᠋ᠢᠨ ᠴᠤᠯᠠ ᠤᠯᠭᠤᠬᠤ ᠨᠠᠢᠷ᠎ᠢ ᠰᠣᠨᠢᠷᠬᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号