《ᠳᠤᠯᠠᠭᠠᠨ ᠬᠤᠳᠠ ᠵᠢᠨ ᠭᠤᠷᠪᠠᠨ ᠦᠵᠡᠮᠵᠢ 》 ᠣᠷᠳᠣᠰ ᠎ᠤᠨ ᠰᠣᠶᠣᠯ ᠵᠢᠭᠤᠯᠴᠢᠯᠠᠯ᠎ᠤᠨ ᠱᠢᠨ᠎ᠡ ᠵᠢᠷᠤᠭ ᠢ᠋ ᠵᠢᠷᠤᠭᠯᠠᠪᠠ
2025-10-09 16:42:27
ᠵᠣᠬᠢᠶᠠᠭ᠍ᠴᠢ᠄
ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 1 ᠤ᠋ ᠤᠷᠤᠢ᠂ 2025 ᠣᠨ᠎ᠤ ᠤᠯᠤᠰ᠎ᠤᠨ ᠪᠠᠶᠠᠷ᠎ᠤᠨ ᠰᠥᠨᠢ᠂ ᠤᠷᠳᠤᠰ ᠬᠤᠳᠠ᠎ᠶ᠋ᠢᠨ ᠬᠢᠶ᠎ᠠ ᠪᠠᠭ᠍ᠰᠢ ᠲᠣᠭᠣᠷᠢᠭ᠎ᠤᠨ ᠤᠯᠠᠭᠠᠨᠮᠦ᠋ᠷᠡᠨ ᠨᠠᠭᠤᠷ᠎ᠤᠨ ᠳᠡᠭᠡᠭᠦᠷ ᠵᠢᠷᠤᠭ ᠮᠡᠳᠦ ᠰᠠᠢᠬᠠᠨ ᠦᠵᠡᠮᠵᠢ ᠢᠯᠡᠷᠡᠪᠡ᠃ ᠵᠢᠯᠣᠭᠣᠴᠢ ᠥᠬᠡᠶ ᠨᠢᠰᠭᠡᠯ᠎ᠦᠨ ᠡᠩᠨᠡᠭᠡ ᠪᠣᠯᠤᠨ ᠥᠩᠭᠡ ᠢᠯᠭᠠᠷᠠᠮ᠎ᠠ ᠬᠤᠸᠠᠷ ᠫᠤᠤᠵᠢᠩ᠂ ᠢᠷᠠᠭᠤ ᠰᠠᠢᠬᠠᠨ ᠳᠠᠭᠤᠤ ᠬᠥᠭ᠌ᠵᠢᠮᠳᠤ ᠪᠤᠯᠠᠭ ᠬᠠᠮᠲᠤ᠎ᠪᠠᠷ 《ᠳᠤᠯᠠᠭᠠᠨ ᠬᠣᠲᠠ ᠵᠢᠨ ᠭᠤᠷᠪᠠᠨ ᠦᠵᠡᠮᠵᠢ》 ᠵᠢ ᠪᠦᠷᠢᠯᠳᠦᠭᠦᠯᠵᠦ᠍᠂ ᠬᠠᠷᠠᠭᠠᠨ ᠰᠡᠷᠡᠯ᠎ᠦᠨ ᠦᠪᠡᠳᠡᠭ᠌ᠰᠢ ᠨᠠᠢᠷ ᠬᠢᠵᠦ᠍᠂ ᠪᠣᠭᠣᠮᠲᠠ᠎ᠶ᠋ᠢᠨ ᠭᠠᠳᠠᠨᠠᠬᠢ ᠰᠥᠨᠢ᠎ᠶ᠋ᠢᠨ ᠣᠭ᠍ᠲᠠᠷᠭᠤᠶ᠎ᠶ᠋ᠢ ᠭᠡᠷᠡᠯᠲᠦᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠣᠷᠳᠣᠰ᠎ᠤᠨ ᠰᠣᠶᠣᠯ ᠵᠢᠭᠤᠯᠴᠢᠯᠠᠯ᠎ᠤᠨ ᠣᠯᠠᠨ ᠡᠱᠢᠲᠦ ᠠᠭᠤᠯᠤᠭ᠍ᠳᠠᠬᠤᠨ ᠢ᠋ ᠢᠯᠡᠷᠡᠭᠦᠯᠪᠡ᠃

ᠤᠷᠤᠢ ᠎ᠶ᠋ᠢᠨ 8 ᠴᠠᠭ᠎ᠲᠤ᠂ ᠮᠢᠩᠭ᠎ᠠ ᠭᠠᠷᠤᠢ ᠵᠢᠯᠣᠭᠣᠴᠢ ᠦᠭᠡᠢ ᠨᠢᠰᠭᠡᠯ ᠣᠭ᠍ᠲᠠᠷᠭᠤᠢ᠎ᠳᠤ ᠳᠡᠭᠦᠯᠢᠨ᠂ ᠰᠦᠨᠢ ᠵᠢᠨ ᠬᠦᠰᠢᠭᠡᠨ ᠳ᠋ᠤ ᠤᠯᠠᠨ ᠵᠦᠢᠯ ᠤ᠋ᠨ ᠵᠢᠷᠤᠭ ᠳᠦᠷᠰᠦ ᠵᠢ ᠪᠦᠷᠢᠯᠳᠦᠭᠦᠯᠵᠤ᠂ ᠭᠣᠢᠳᠠ ᠰᠠᠢᠬᠠᠨ ᠭᠡᠷᠡᠯ ᠵᠢᠡᠷ ᠰᠡᠳᠬᠢᠯ ᠲᠤᠯᠠᠭᠠᠴᠠᠭᠤᠯᠤᠭᠰᠠᠨ ᠰᠠᠨᠠᠭ᠎ᠠ ᠠᠬᠤᠢ ᠵᠢ ᠢᠯᠡᠳᠭᠡᠪᠡ᠄ ᠠᠯᠳᠠᠨ ᠱᠢᠷᠭᠠᠯ ᠠᠪᠤᠷᠭᠤ ᠯᠣᠣ ᠣᠭ᠍ᠲᠠᠷᠭᠤᠢ᠎ᠳᠤ ᠨᠢᠰᠴᠤ᠂ ᠲᠠᠪᠤᠨ ᠣᠳᠣᠲᠤ ᠤᠯᠠᠭᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠵᠤ᠂ ᠴᠠᠩ ᠧ ᠰᠠᠷᠠᠨ᠎ᠳᠤ ᠳᠡᠭᠦᠯᠢᠵᠤ᠂《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 76 ᠵᠢᠯ᠎ᠦᠨ ᠤᠢ᠎ᠶ᠋ᠢ ᠪᠡᠯᠭᠡᠯᠡᠶ᠎ᠡ》ᠪᠣᠯᠤᠨ 《ᠳᠤᠮᠳᠠᠳᠤ ᠎ᠶ᠋ᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍ ᠎ᠶ᠋ᠢ ᠬᠠᠮᠲᠤ᠎ᠪᠠᠷ ᠲᠡᠷᠭᠡᠯᠱᠢᠭᠦᠯᠦᠶ᠎ᠡ》 ᠵᠡᠷᠭᠡ ᠦᠰᠦᠭ ᠭᠡᠷᠡᠯ ᠭᠢᠯᠪᠠᠭ᠎ᠠ ᠰᠠᠴᠤᠷᠠᠭᠤᠯᠵᠤ᠂ ᠦᠵᠡᠭ᠌ᠴᠢᠳ᠎ᠦᠨ ᠭᠠᠢᠬᠠᠰᠢ ᠵᠢ ᠠᠯᠳᠠᠭᠤᠯᠤᠨ᠎ᠠ᠃

ᠳᠠᠷᠠᠭ᠎ᠠ ᠨᠢ ᠨᠡᠯᠦᠭᠡᠷ ᠶᠡᠬᠡ ᠰᠥᠨᠢ᠎ᠶ᠋ᠢᠨ ᠬᠥᠱᠢᠭᠡᠨ ᠳᠤᠤᠷ᠎ᠠ᠂ ᠥᠩᠭᠡ ᠢᠯᠭᠠᠷᠠᠭ᠍ᠰᠠᠨ ᠬᠤᠸᠠᠷ ᠫᠤᠤᠵᠢᠩ ᠤᠭᠳᠠᠷᠭᠤᠢ ᠳ᠋ᠤ ᠲᠤᠶᠠᠭᠠᠷᠠᠵᠦ᠂ ᠵᠠᠭᠤᠨ ᠴᠡᠴᠡᠭ ᠳᠡᠯᠭᠡᠷᠡᠭᠰᠡᠨ ᠮᠡᠲᠦ ᠪᠤᠯᠵᠤ᠂ ᠰᠥᠨᠢ᠎ᠶ᠋ᠢᠨ ᠣᠭ᠍ᠲᠠᠷᠭᠤᠶ᠎ᠶ᠋ᠢ ᠬᠡᠷᠡᠯ ᠭᠢᠯᠪᠠᠭ᠎ᠠ ᠪᠡᠷ ᠴᠢᠮᠡᠵᠡᠶ᠃

ᠫᠤᠤᠵᠢᠩ ᠬᠠᠷᠪᠤᠵᠤ ᠪᠠᠷᠠᠭᠰᠠᠨ ᠤ᠋ ᠳᠠᠷᠠᠭ᠎ᠠ᠂ ᠠᠽᠢᠶ᠎ᠠ ᠲᠢᠪ ᠎ᠦᠨ ᠬᠠᠮᠤᠭ᠎ᠤᠨ ᠲᠤᠮᠤ  ᠬᠡᠪᠴᠢᠶᠡᠨ ᠎ᠤ  ᠯᠠᠢᠰᠧᠷ ᠤᠰᠤᠨ ᠬᠥᠱᠢᠭᠡ᠎ᠶ᠋ᠢᠨ ᠳᠠᠭᠤᠤ ᠬᠥᠭ᠌ᠵᠢᠮᠳᠤ ᠪᠤᠯᠠᠭ᠎ᠤᠨ ᠲᠣᠭ᠍ᠯᠠᠯᠲᠠ ᠡᠬᠢᠯᠡᠵᠤ᠂ ᠤᠰᠤᠨ ᠬᠥᠱᠢᠭᠡ ᠨᠢ ᠰᠣᠩᠭᠣᠳᠠᠭ ᠳᠠᠭᠤᠤ ᠬᠥᠭ᠌ᠵᠢᠮ᠎ᠢ ᠳᠠᠭᠠᠯᠳᠤᠨ ᠪᠥᠵᠢᠭ᠌ᠯᠡᠵᠦ᠍᠂ ᠦᠵᠡᠭ᠌ᠴᠢᠳ᠎ᠲᠦ ᠵᠡᠭᠦᠳᠦ ᠵᠡᠷᠭᠡᠯᠭᠡᠨ ᠮᠡᠲᠦ ᠭᠠᠢᠬᠠᠮᠰᠢᠭ ᠦᠵᠡᠮᠵᠢ ᠵᠢ ᠦᠵᠡᠭᠦᠯᠪᠡ᠃

《ᠦᠨᠡᠬᠡᠷ ᠰᠠᠢᠬᠠᠨ!》᠂ ᠰᠸᠴᠤᠸᠠᠨ ᠤ᠋ ᠨᠢᠤ ᠠᠪᠠᠬᠠᠶ ᠨᠥᠬᠥᠷ᠎ᠲᠡᠶ᠎ᠪᠡᠨ ᠠᠩᠬ᠎ᠠ ᠤᠳᠠᠭ᠎ᠠ ᠣᠷᠳᠣᠰ᠎ᠲᠤ ᠢᠷᠡᠵᠦ᠍ ᠪᠠᠢᠨ᠎ᠠ᠂ ᠲᠡᠷᠡ᠄ 《ᠪᠢᠳᠡ ᠰᠦᠯᠵᠢᠶᠡᠨ ᠳᠡᠭᠡᠷ᠎ᠡ ᠤᠯᠤᠰ᠎ᠤᠨ ᠪᠠᠶᠠᠷ᠎ᠤᠨ ᠣᠷᠣᠶ ᠬᠢᠶ᠎ᠠ ᠪᠠᠭ᠍ᠰᠢ ᠲᠣᠭᠣᠷᠢᠭ᠎ᠲᠤ ᠵᠢᠯᠣᠭᠣᠴᠢ ᠥᠬᠡᠶ ᠨᠢᠰᠭᠡᠯ᠂ ᠬᠤᠸᠠᠷ ᠫᠤᠤᠵᠢᠩ ᠪᠠ ᠳᠠᠭᠤᠤ ᠬᠥᠭ᠌ᠵᠢᠮᠳᠤ ᠪᠤᠯᠠᠭ ᠵᠡᠷᠭᠡ ᠭᠤᠷᠪᠠᠨ ᠲᠣᠭ᠍ᠯᠠᠯᠲᠠ ᠪᠠᠢᠬᠤ ᠵᠢ ᠮᠡᠳᠡᠭᠡᠳ ᠲᠤᠰᠭᠠᠢᠯᠠᠨ ᠢᠷᠡᠵᠦ᠍ ᠦᠵᠡᠭ᠌ᠰᠡᠨ ᠶᠤᠮ᠃ ᠵᠢᠯᠣᠭᠣᠴᠢ ᠥᠬᠡᠶ ᠨᠢᠰᠭᠡᠯ᠎ᠦᠨ ᠡᠩᠨᠡᠭᠡ᠎ᠶ᠋ᠢᠨ ᠵᠢᠷᠤᠭ ᠳᠦᠷᠰᠦ ᠨᠢ ᠮᠠᠰᠢ ᠪᠦᠲᠦᠭᠡᠯᠴᠢ ᠰᠡᠳᠬᠢᠬᠦᠢ ᠲᠠᠢ ᠪᠠᠢᠵᠤ᠂ ᠬᠤᠸᠠᠷ ᠫᠤᠤᠵᠢᠩ ᠪᠠ ᠳᠠᠭᠤᠤ ᠬᠥᠭ᠌ᠵᠢᠮᠳᠤ ᠪᠤᠯᠠᠭ ᠨᠢ ᠴᠦ᠍ ᠬᠥᠮᠦᠰ ᠢ᠋ ᠭᠠᠢᠬᠠᠰᠢᠷᠠᠭᠤᠯᠤᠨ᠎ᠠ᠃ ᠡᠭᠦᠨ᠎ᠢᠶᠡᠷ ᠪᠠᠷᠠᠬᠤ ᠥᠬᠡᠶ᠂ ᠣᠷᠳᠣᠰ᠎ᠤᠨ ᠪᠢᠳᠡᠨ᠎ᠳᠦ ᠥᠭ᠌ᠭᠦᠭ᠌ᠰᠡᠨ ᠰᠠᠭᠤᠭ᠍ᠳᠠᠯ ᠪᠣᠯ ᠬᠣᠲᠠ᠎ᠶ᠋ᠢᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ ᠨᠢ ᠮᠠᠰᠢ ᠰᠠᠢᠨ᠂ ᠵᠡᠭᠡᠯᠢ ᠭᠤᠳᠤᠮᠵᠢ ᠨᠢ ᠴᠡᠪᠡᠷ ᠴᠡᠮᠴᠡᠭᠡᠷ᠂ ᠴᠡᠴᠡᠷᠯᠢᠭ ᠪᠠ ᠠᠭᠤᠳᠠᠮ ᠲᠠᠯᠠᠪᠠᠶ ᠳ᠋ᠤᠨᠢ ᠡᠪᠡᠰᠦ ᠮᠣᠳᠣ ᠬᠥᠬᠡᠷᠡᠨ ᠨᠣᠭᠣᠭᠠᠷᠠᠵᠤ᠂ ᠮᠠᠰᠢ ᠰᠠᠢᠨ ᠵᠢᠭᠤᠯᠴᠢᠯᠠᠯ᠎ᠤᠨ ᠬᠣᠲᠠ ᠪᠣᠯᠵᠣ᠂ ᠬᠣᠵᠢᠮ ᠲᠣᠬᠢᠶᠠᠯ ᠳᠠᠭᠠᠷᠠᠪᠠᠯ ᠪᠢᠳᠡ ᠪᠠᠰᠠ ᠳᠠᠬᠢᠭᠠᠳ ᠢᠷᠡᠨ᠎ᠡ》 ᠭᠡᠨ᠎ᠠ᠃

ᠬᠢᠶ᠎ᠠ ᠪᠠᠭ᠍ᠰᠢ ᠲᠣᠭᠣᠷᠢᠭ᠎ᠤᠨ ᠰᠥᠨᠢ᠎ᠶ᠋ᠢᠨ ᠲᠣᠭ᠍ᠯᠠᠯᠲᠠ ᠨᠢ ᠪᠠᠶᠠᠷ ᠳᠤᠷᠠᠰᠭᠠᠯ᠎ᠤᠨ ᠡᠳᠦᠷ ᠤᠷᠮ᠎ᠠ᠎ᠶ᠋ᠢ ᠬᠥᠭ᠌ᠵᠢᠭᠡᠬᠦ᠌᠎ᠪᠡᠷ ᠪᠠᠷᠠᠬᠤ ᠥᠬᠡᠶ᠂ ᠨᠠᠩ ᠴᠤ᠌ ᠣᠷᠳᠣᠰ᠎ᠤᠨ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢᠨ ᠬᠤᠷᠢᠶᠠᠩᠭᠤᠶ ᠳᠦᠷᠰᠦ ᠪᠣᠯᠬᠤ ᠶᠤᠮ᠃ ᠲᠡᠷᠡ ᠨᠢ ᠤᠯᠠᠮᠵᠢᠯᠠᠯᠲᠤ ᠰᠣᠶᠣᠯ ᠪᠣᠯᠤᠨ ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠪᠦᠷᠢᠨ ᠲᠡᠭᠦᠯᠳᠡᠷ ᠤᠶᠠᠯᠳᠤᠭᠤᠯᠵᠤ᠂ ᠲᠡᠦᠬᠡ ᠪᠣᠯᠤᠨ ᠤᠳᠤ ᠴᠠᠭ ᠢ᠋ ᠠᠭᠤᠰᠤᠯᠴᠠᠭᠤᠯᠵᠤ᠂  ᠭᠦᠨ ᠵᠤᠵᠠᠭᠠᠨ ᠰᠣᠶᠣᠯ ᠎ᠤᠨ ᠠᠭᠤᠯᠤᠭ᠍ᠳᠠᠬᠤᠨ᠎ᠲᠠᠶ ᠪᠥᠭᠡᠳ ᠤᠳᠤ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠤᠷᠳᠤᠰ᠎ᠢ ᠬᠠᠷᠠᠭᠤᠯᠪᠠ᠃

ᠰᠥᠨᠢ᠎ᠶ᠋ᠢᠨ ᠲᠣᠭ᠍ᠯᠠᠯᠲᠠ ᠪᠣᠯ ᠬᠢᠶ᠎ᠠ ᠪᠠᠭ᠍ᠰᠢ ᠲᠣᠭᠣᠷᠢᠭ᠎ᠤᠨ《ᠦᠵᠡᠮᠵᠢ ᠬᠣᠲᠠ᠎ᠶ᠋ᠢ ᠨᠢᠭᠡ ᠴᠤᠭ᠍ᠴᠠᠵᠢᠭᠤᠯᠬᠤ》 ᠪᠥᠬᠥ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠦᠭ᠌ᠰᠡᠨ ᠬᠤᠷᠢᠶᠠᠩᠭᠤᠶ ᠳᠦᠷᠰᠦ ᠪᠠᠢᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠭ᠍ᠰᠠᠨ ᠬᠣᠲᠠ᠎ᠶ᠋ᠢᠨ ᠪᠥᠲᠥᠭᠡᠨ ᠪᠠᠢᠭᠤᠯᠤᠯᠲᠠ᠂ ᠥᠨᠳᠥᠷ ᠪᠠᠷᠢᠮᠵᠢᠶᠠᠲᠤ ᠣᠯᠠᠨ ᠨᠡᠢᠲᠡ᠎ᠶ᠋ᠢᠨ ᠦᠶ᠋ᠯᠡᠴᠢᠯᠡᠭᠡ ᠵᠢᠴᠢ ᠣᠷᠣᠱᠢᠨ ᠰᠠᠭᠤᠬᠤ᠎ᠳᠤ ᠲᠣᠬᠢᠷᠠᠮᠵᠢᠲᠠᠶ ᠵᠢᠭᠤᠯᠴᠢᠯᠠᠬᠤ᠎ᠳᠤ ᠲᠣᠬᠢᠷᠠᠮᠵᠢᠲᠠᠶ ᠶᠠᠰᠤ ᠴᠢᠨᠠᠷ᠎ᠤᠨ ᠬᠥᠭᠡᠭᠡᠴᠡᠯᠳᠦᠯ᠎ᠲᠡᠶ ᠬᠣᠯᠪᠣᠭ᠍ᠳᠠᠵᠤ ᠪᠠᠢᠳᠠᠭ᠃ ᠲᠣᠰ ᠠᠵᠢᠯᠯᠠᠭ᠎ᠠ᠎ᠶ᠋ᠢ ᠤᠯᠠᠭᠠᠨᠮᠥ᠋ᠷᠡᠨ ᠨᠠᠭᠤᠷ᠎ᠤᠨ ᠤᠷᠤᠨ ᠎ᠳᠦ ᠪᠠᠢᠷᠢᠯᠠᠭᠤᠯᠵᠤ᠂ ᠰᠥᠨᠢ᠎ᠶ᠋ᠢᠨ ᠵᠢᠭᠤᠯᠴᠢᠯᠠᠯ᠂ ᠰᠥᠨᠢ᠎ᠶ᠋ᠢᠨ ᠢᠳᠡᠭᠡᠨ᠂ ᠰᠥᠨᠢ ᠎ᠶ᠋ᠢᠨ ᠲᠣᠭ᠍ᠯᠠᠯᠲᠠ ᠵᠡᠷᠭᠡ ᠡᠵᠡᠩᠨᠡᠯᠲᠡ᠎ᠶ᠋ᠢᠨ ᠪᠠᠢᠳᠠᠯ᠎ᠲᠠᠶ ᠤᠶᠠᠯᠳᠤᠭᠤᠯᠤᠨ᠂ ᠵᠢᠭᠤᠯᠴᠢᠯᠠᠭ᠍ᠴᠢᠳ᠎ᠤᠨ ᠰᠠᠭᠠᠲᠠᠬᠤ ᠴᠠᠭ᠎ᠢ ᠤᠷᠲᠤᠳᠭᠠᠵᠤ᠂ 《ᠤᠷᠤᠰᠴᠠ》 ᠶ᠋ᠢ 《ᠰᠠᠭᠠᠳᠠᠬᠤ ᠬᠡᠮᠵᠢᠶ᠎ᠡ》 ᠪᠣᠯᠭᠠᠬᠤ᠎ᠶ᠋ᠢᠨ ᠬᠠᠮᠲᠤ ᠰᠥᠨᠢ᠎ᠶ᠋ᠢᠨ ᠬᠡᠷᠡᠭ᠌ᠯᠡᠭᠡ᠎ᠶ᠋ᠢ ᠠᠬᠢᠭᠤᠯᠪᠠ᠃

ᠤᠯᠠᠭᠠᠨᠴᠠᠪ ᠬᠣᠲᠠ᠎ᠡᠴᠡ ᠢᠷᠡᠭ᠌ᠰᠡᠨ 77 ᠨᠠᠰᠤᠲᠠᠶ ᠵᠢᠭᠤᠯᠴᠢᠯᠠᠭ᠍ᠴᠢ ᠵᠠᠩ ᠸᠸᠨ ᡁᠢ᠄ 《ᠣᠷᠳᠣᠰ᠎ᠤᠨ ᠵᠢᠯᠣᠭᠣᠴᠢ ᠥᠬᠡᠶ ᠨᠢᠰᠭᠡᠯ᠂ ᠬᠤᠸᠠᠷ ᠫᠤᠤᠵᠢᠩ ᠪᠠ ᠳᠠᠭᠤᠤ ᠬᠥᠭ᠌ᠵᠢᠮᠳᠤ ᠪᠤᠯᠠᠭ ᠵᠡᠷᠭᠡ〈ᠭᠤᠷᠪᠠᠨ ᠦᠵᠡᠮᠵᠢ〉 ᠨᠢ ᠪᠥᠬᠥ᠌ ᠤᠯᠤᠰ᠎ᠲᠤ ᠨᠡᠷ᠎ᠡ ᠠᠯᠳᠠᠷᠱᠢᠵᠤ ᠪᠠᠢᠬᠤ᠎ᠶ᠋ᠢ ᠠᠯᠢ ᠡᠷᠲᠡ ᠰᠣᠨᠣᠰᠤᠭ᠍ᠰᠠᠨ ᠶᠤᠮ᠂ ᠥᠨᠥᠳᠦᠷ ᠲᠤᠰᠭᠠᠢᠯᠠᠨ ᠬᠡᠳᠦᠨ ᠬᠠᠮᠲᠤ ᠰᠣᠷᠣᠭ᠍ᠴᠢ᠎ᠲᠠᠶ᠎ᠪᠠᠨ ᠪᠣᠯᠵᠣᠵᠤ ᠦᠪᠡᠷ ᠵᠢᠡᠨ ᠮᠠᠰᠢᠨ ᠪᠠᠷᠢᠨ ᠡᠨᠳᠡ ᠢᠷᠡᠵᠦ᠍ ᠪᠡᠶᠡᠴᠢᠯᠡᠨ ᠣᠢᠯᠠᠭᠠᠭᠠᠳ ᠰᠠᠶᠢ ᠣᠷᠳᠣᠰ ᠬᠣᠲᠠ ᠠᠵᠤ ᠠᠬᠤᠶ᠎ᠶ᠋ᠢᠨ ᠬᠥᠭ᠌ᠵᠢᠯᠲᠡ ᠰᠠᠢᠨ᠎ᠢᠶᠠᠷ ᠪᠠᠷᠠᠬᠤ ᠥᠬᠡᠶ᠂ ᠰᠣᠶᠣᠯ ᠢᠷᠭᠡᠨᠱᠢᠯ᠂ ᠵᠢᠭᠤᠯᠴᠢᠯᠠᠯ ᠵᠡᠷᠭᠡ ᠡᠯ᠎ᠡ ᠲᠠᠯ᠎ᠠ᠎ᠪᠠᠷ ᠴᠥᠮ ᠮᠠᠰᠢ ᠰᠠᠢᠨ ᠬᠥᠭ᠌ᠵᠢᠵᠦ᠍ ᠪᠠᠢᠬᠤ᠎ᠶ᠋ᠢ ᠣᠯᠵᠤ ᠮᠡᠳᠡᠵᠡᠶ》 ᠭᠡᠵᠦ ᠲᠤᠭᠳᠤᠯᠤᠭᠰᠠᠨ ᠰᠡᠳᠭᠢᠯ ᠵᠢᠡᠷ ᠬᠡᠯᠡᠨ᠎ᠡ᠃

ᠣᠢᠷ᠎ᠠ᠎ᠶ᠋ᠢᠨ ᠵᠢᠯ᠎ᠦᠳ᠎ᠲᠦ᠂ ᠣᠷᠳᠣᠰ ᠬᠣᠲᠠ᠎ᠶ᠋ᠢᠨ ᠬᠢᠶ᠎ᠠ ᠪᠠᠭ᠍ᠰᠢ ᠲᠣᠭᠣᠷᠢᠭ ᠵᠢᠯᠣᠭᠣᠴᠢ ᠥᠬᠡᠶ ᠨᠢᠰᠭᠡᠯ᠂ ᠬᠤᠸᠠᠷ ᠫᠤᠤᠵᠢᠩ᠂ ᠪᠤᠯᠠᠭ ᠵᠡᠷᠭᠡ 《ᠳᠤᠯᠠᠭᠠᠨ ᠬᠣᠲᠠ ᠵᠢᠨ ᠭᠤᠷᠪᠠᠨ ᠦᠵᠡᠮᠵᠢ》 ᠶ᠋ᠢᠨ ᠲᠣᠭ᠍ᠯᠠᠯᠲᠠ᠎ᠶ᠋ᠢ ᠨᠠᠷᠢᠨ ᠨᠢᠮᠪᠠᠶ ᠦᠷᠨᠢᠭᠦᠯᠬᠦ᠎ᠪᠡᠷ ᠳᠠᠮᠵᠢᠭᠤᠯᠤᠨ᠂ ᠥᠪᠡᠷᠮᠢᠴᠡ ᠣᠨᠴᠠᠯᠢᠭ ᠪᠥᠬᠥᠶ ᠬᠣᠲᠠ᠎ᠶ᠋ᠢᠨ ᠬᠠᠷᠠᠭᠠᠰᠤ ᠵᠢᠨ ᠨᠡᠷ᠎ᠡ᠎ᠶ᠋ᠢᠨ ᠬᠠᠭᠤᠳᠠᠰᠤ᠎ᠶ᠋ᠢ ᠪᠣᠶ ᠪᠣᠯᠭᠠᠭ᠍ᠰᠠᠨ᠎ᠢᠶᠠᠷ ᠪᠠᠷᠠᠬᠤ ᠥᠬᠡᠶ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠲᠠᠰ ᠳᠠᠪᠱᠢᠯᠲᠠ ᠪᠠ ᠬᠣᠲᠠ᠎ᠶ᠋ᠢᠨ ᠲᠦᠷᠦᠯ ᠲᠡᠮᠳᠡᠭ ᠎ᠢ ᠡᠭᠦᠳᠬᠦ ᠭᠦᠨ ᠳᠠᠪᠬᠤᠷᠭ᠎ᠠ᠎ᠶ᠋ᠢᠨ ᠤᠳᠭ᠎ᠠ ᠠᠭᠤᠯᠭ᠎ᠠ᠎ᠶ᠋ᠢ ᠨᠠᠩ ᠱᠢᠰᠲ᠋ᠧᠮ᠎ᠲᠡᠶ ᠳᠠᠮᠵᠢᠭᠤᠯᠪᠠ᠃

ᠲᠣᠰ ᠤᠳᠠᠭᠠᠨ᠎ᠤ 《ᠳᠤᠯᠠᠭᠠᠨ ᠬᠣᠲᠠ ᠵᠢᠨ ᠭᠤᠷᠪᠠᠨ ᠦᠵᠡᠮᠵᠢ》 ᠵᠢᠨ ᠲᠣᠭ᠍ᠯᠠᠯᠲᠠ ᠨᠢ ᠡᠨᠡ ᠵᠢᠯ᠎ᠦᠨ ᠣᠷᠳᠣᠰ ᠬᠣᠲᠠ᠎ᠶ᠋ᠢᠨ 《ᠬᠤᠤᠰ ᠪᠠᠶᠠᠷ》 ᠤ᠋ᠨ ᠱᠢᠷᠢᠰ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶ᠋ᠢᠨ ᠬᠥᠱᠢᠭᠡ᠎ᠶ᠋ᠢ ᠰᠡᠬᠦᠪᠡ᠂ ᠵᠠᠯᠭᠠᠭᠠᠳ ᠬᠢᠶ᠎ᠠ ᠪᠠᠭ᠍ᠰᠢ ᠲᠣᠭᠣᠷᠢᠭ ᠪᠠᠰᠠ ᠳᠤᠯᠠᠭᠠᠨ ᠬᠣᠲᠠ᠎ᠶ᠋ᠢᠨ ᠠᠮᠲᠠᠲᠤ ᠢᠳᠡᠭᠡᠨ᠎ᠦ ᠭᠠᠷᠠᠭ᠂ ᠳᠤᠯᠠᠭᠠᠨ ᠬᠣᠲᠠ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠡᠩᠬᠡᠭᠦᠨ ᠨᠠᠢᠷ᠂ ᠳᠤᠯᠠᠭᠠᠨ ᠬᠣᠲᠠ᠎ᠶ᠋ᠢᠨ ᠨᠣᠮ᠎ᠤᠨ ᠦᠵᠡᠭᠦᠯᠭᠡ᠂ ᠳᠤᠯᠠᠭᠠᠨ ᠬᠣᠲᠠ᠎ᠶ᠋ᠢᠨ ᠢᠨᠠᠭ᠎ᠤᠨ ᠳᠠᠭᠤᠤ ᠬᠥᠭ᠌ᠵᠢᠮ᠎ᠦᠨ ᠴᠤᠭ᠍ᠯᠠᠭᠠᠨ᠂ ᠮᠠᠱᠢᠨ ᠲᠡᠷᠭᠡ᠎ᠪᠡᠷ ᠵᠢᠭᠤᠯᠴᠢᠯᠠᠬᠤ ᠵᠡᠷᠭᠡ ᠱᠢᠷᠢᠰ ᠠᠵᠢᠯᠯᠠᠭ᠎ᠠ ᠥᠷᠨᠢᠭᠦᠯᠵᠦ᠍᠂ ᠡᠯ᠎ᠡ ᠲᠣᠮᠣ ᠦᠵᠡᠮᠵᠢ᠎ᠶ᠋ᠢᠨ ᠣᠷᠣᠨ ᠴᠤ᠌ ᠥᠪᠡᠷᠮᠢᠴᠡ ᠣᠨᠴᠠᠯᠢᠭ ᠪᠥᠬᠥᠶ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠍᠂ ᠬᠣᠲᠠ᠎ᠶ᠋ᠢᠨ ᠠᠷᠠᠳ᠎ᠤᠨ ᠵᠢᠭᠤᠯᠴᠢᠯᠠᠭᠴᠢᠳ᠎ᠢ ᠪᠠᠶᠠᠷ ᠬᠥᠷ᠎ᠲᠡᠶ ᠪᠥᠭᠡᠳ ᠤᠳᠬ᠎ᠠ ᠲᠡᠭᠦᠯᠳᠡᠷ ᠵᠢᠡᠷ ᠤᠯᠤᠰ᠎ᠤᠨ ᠪᠠᠶᠠᠷ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭ᠎ᠠ᠎ᠶ᠋ᠢ ᠥᠩᠭᠡᠷᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号