ᠤᠯᠠᠭᠠᠨᠬᠠᠳᠠ ᠬᠤᠲᠠ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠠᠷᠠᠳ ᠣᠯᠠᠨ᠎ᠤ 《ᠠᠮᠤᠭᠤᠯᠠᠩ ᠣᠷᠣᠨ ᠰᠠᠭᠤᠴᠠ᠎ᠶ᠋ᠢᠨ ᠵᠡᠭᠦᠳᠦ》 ᠶ᠋ᠢ ᠲᠡᠷᠭᠡᠯᠱᠢᠭᠦᠯᠵᠦ ᠪᠤᠢ
2025-11-10 09:39:51
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

《ᠣᠳᠣᠬᠠᠨ᠎ᠳᠤ ᠪᠢ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠠᠩᠰᠠᠨ ᠡᠷᠦᠬᠡ᠎ᠲᠠᠢ ᠪᠣᠯᠵᠤ᠂ ᠲᠣᠭ᠍ᠲᠠᠭᠠᠯ ᠶᠣᠰᠣᠭᠠᠷ 6 ᠰᠠᠷ᠎ᠠ ᠲᠤᠱᠢᠶᠠᠪᠠᠯ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠵᠢᠭᠡᠯᠡᠯᠭᠡ᠎ᠶ᠋ᠢ ᠭᠤᠶᠤᠴᠢᠯᠠᠵᠤ ᠭᠡᠷ ᠬᠤᠳᠠᠯᠳᠤᠨ ᠠᠪᠴᠤ᠌ ᠪᠣᠯᠤᠨ᠎ᠠ᠃ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥᠨ᠎ᠤ ᠵᠢᠭᠡᠯᠡᠯᠭᠡ᠎ᠶ᠋ᠢᠨ ᠬᠦᠦ ᠮᠥᠩᠭᠥ᠌ ᠳᠣᠣᠷ᠎ᠠ ᠲᠤᠯᠠ ᠪᠠᠭ᠎ᠠ ᠪᠤᠰᠤ ᠥᠷᠢᠲᠦᠯ᠎ᠢ ᠪᠠᠭᠠᠰᠭᠠᠵᠤ ᠴᠢᠳᠠᠨ᠎ᠠ》 ᠭᠡᠵᠦ ᠠᠮᠢᠳᠤᠯᠢᠭ᠎ᠢᠶᠠᠷ ᠠᠵᠢᠯ ᠤᠯᠭᠤᠭᠰᠠᠨ ᠬᠦᠮᠦᠨ ᠬᠠᠨ ᠸᠧᠨ ᠪᠥᠸᠧ ᠰᠡᠳᠭᠢᠯ ᠳᠣᠭ᠍ᠳᠣᠯᠤᠨ ᠶᠠᠷᠢᠨ᠎ᠠ᠃ ᠡᠮᠦᠨᠡᠬᠡᠨ ᠲᠡᠷᠡ ᠠᠮᠢᠳᠤᠯᠢᠭ᠎ᠢᠶᠠᠷ ᠠᠵᠢᠯ ᠣᠯᠭᠤᠭᠰᠠᠨ ᠬᠦᠮᠦᠰ᠎ᠤᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ ᠲᠤᠱᠢᠶᠠᠵᠤ ᠬᠠᠳᠠᠭᠠᠯᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ᠎ᠲᠤ ᠬᠦᠷᠴᠦ᠍ ᠠᠰᠠᠭᠤᠨ ᠯᠠᠪᠯᠠᠵᠤ᠂ ᠬᠡᠳᠦᠬᠡᠨ ᠮᠢᠨᠦ᠋ᠲ᠎ᠬᠡᠷᠡᠭᠯᠡᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠠᠩᠰᠠ ᠵᠢ ᠨᠡᠭᠡᠭᠡᠵᠡᠢ᠃

ᠠᠮᠢᠳᠤᠯᠢᠭ᠎ᠢᠶᠠᠷ ᠠᠵᠢᠯ ᠣᠯᠭᠤᠭᠰᠠᠨ ᠬᠦᠮᠦᠰ᠎ᠤᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠌ ᠲᠤᠱᠢᠶᠠᠨ ᠬᠠᠳᠠᠭᠠᠯᠠᠬᠤ ᠲᠥᠷᠥ᠎ᠶ᠋ᠢᠨ ᠪᠣᠳᠣᠯᠭ᠎ᠠ ᠪᠣᠯ ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ᠎ᠤᠨ ᠱᠢᠨ᠎ᠡ ᠪᠠᠢᠳᠠᠯ᠎ᠢ ᠠᠷᠭᠠᠴᠠᠭᠠᠬᠤ ᠱᠢᠨ᠎ᠡ ᠠᠷᠭ᠎ᠠ ᠬᠡᠮᠵᠢᠶ᠎ᠡ ᠪᠣᠯᠤᠨ᠎ᠠ᠃ ᠣᠳᠣᠬᠠᠨ᠎ᠳᠤ᠂ ᠬᠡᠷ ᠭᠠᠵᠠᠷ ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠬᠠᠷᠢᠴᠠᠭ᠎ᠠ᠎ᠶ᠋ᠢᠨ ᠬᠤᠪᠢᠷᠠᠯᠲᠠ ᠢᠯᠡᠳᠲᠡ ᠪᠣᠯᠵᠣ᠂ ᠣᠯᠠᠨ ᠲᠦᠮᠡᠨ᠎ᠤ ᠣᠷᠣᠨ ᠰᠠᠭᠤᠴᠠ᠎ᠶ᠋ᠢᠨ ᠱᠠᠭᠠᠷᠳᠠᠯᠭ᠎ᠠ 《ᠪᠠᠢᠬᠤ ᠡᠰᠡᠬᠦ᠌》 ᠡᠴᠡ 《ᠰᠠᠢᠨ ᠡᠰᠡᠬᠦ᠌》 ᠲᠡᠢᠰᠢ ᠱᠢᠯᠵᠢᠵᠦ᠂ ᠡᠨᠡ᠎ᠨᠢ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠠᠵᠢᠯ᠎ᠳᠤ ᠨᠠᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃

ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ᠎ᠠᠴᠠ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠠᠵᠢᠯ᠎ᠢ ᠬᠤᠲᠠ᠎ᠶ᠋ᠢᠨ ᠬᠥᠭ᠌ᠵᠢᠯᠲᠡ᠎ᠶ᠋ᠢᠨ 《ᠦᠢᠯᠡᠳᠪᠦᠷᠢᠯᠡᠯ᠂ ᠬᠤᠲᠠ᠂ ᠬᠥᠮᠦᠨ᠂ ᠬᠡᠷ ᠪᠠᠢᠱᠢᠩ》 ᠎ᠤᠨ ᠬᠢᠨ ᠲᠠᠢ ᠬᠠᠮᠵᠢᠯᠴᠠᠨ ᠬᠥᠳᠡᠯᠦᠯᠴᠡᠵᠦ᠍᠂ 《ᠠᠷᠠᠳ ᠲᠦᠮᠡᠨ᠎ᠤ ᠣᠷᠣᠱᠢᠨ ᠰᠠᠭᠤᠬᠤ᠎ᠳᠤ ᠲᠣᠬᠢᠷᠠᠮᠵᠢᠲᠠᠶ ᠣᠷᠣᠨ ᠰᠠᠭᠤᠴᠠ》 ᠪᠠᠷ ᠦᠨᠳᠦᠰᠦ ᠪᠣᠯᠭᠠᠵᠤ᠂ ᠪᠠᠢᠴᠠᠭᠠᠨ ᠰᠤᠳᠤᠯᠤᠯᠲᠠ ᠬᠢᠬᠦ᠌᠎ᠪᠠᠷ ᠳᠠᠮᠵᠢᠭᠤᠯᠤᠨ ᠣᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ ᠵᠣᠯᠭᠠᠭᠤᠯᠵᠤ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢ ᠣᠯᠠᠨ ᠲᠦᠮᠡᠨ᠎ᠤ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ 《ᠰᠡᠳᠭᠢᠯ᠎ᠢ ᠠᠮᠤᠷᠵᠢᠭᠤᠯᠬᠤ ᠡᠮ》 ᠪᠣᠯᠭᠠᠪᠠ᠃

ᠤᠯᠠᠭᠠᠨᠬᠠᠳᠠ ᠬᠤᠲᠠ ᠠᠮᠢᠳᠤᠯᠢᠭ᠎ᠢᠶᠠᠷ ᠠᠵᠢᠯ ᠣᠯᠭᠤᠭᠰᠠᠨ ᠬᠦᠮᠦᠰ᠂ ᠱᠢᠨ᠎ᠡ ᠠᠵᠢᠯ ᠣᠯᠭᠤᠯᠲᠠ᠎ᠶ᠋ᠢᠨ ᠬᠡᠯᠪᠡᠷᠢ᠎ᠶ᠋ᠢᠨ ᠬᠥᠳᠡᠯᠮᠦᠷᠢᠴᠢᠨ ᠵᠢᠴᠢ ᠵᠠᠯᠠᠭᠤᠴᠤᠳ ᠪᠠᠭᠠᠴᠤᠳ᠎ᠢᠶᠠᠷ ᠭᠤᠣᠯᠳᠠᠯᠭ᠎ᠠ᠎ᠲᠠᠢ ᠦᠢᠯᠡᠴᠢᠯᠡᠬᠦ᠌ ᠡᠲᠡᠭᠡᠳ᠎ᠢᠶᠠᠨ ᠪᠣᠯᠭᠠᠵᠤ᠂ ᠣᠨᠴᠠᠯᠢᠭ ᠲᠤ᠌ ᠨᠢ ᠲᠣᠬᠢᠷᠠᠭᠤᠯᠤᠭ᠍ᠰᠠᠨ ᠲᠤᠱᠢᠶᠠᠬᠤ ᠬᠠᠳᠠᠭᠠᠯᠠᠬᠤ ᠬᠡᠷᠡᠭ᠌ᠯᠡᠬᠦ᠌ ᠲᠣᠭ᠍ᠲᠠᠴᠠ᠎ᠶ᠋ᠢ ᠪᠠᠢᠭᠤᠯᠪᠠ᠃ ᠠᠮᠢᠳᠤᠯᠢᠭ᠎ᠢᠶᠠᠷ ᠠᠵᠢᠯ ᠣᠯᠭᠤᠭᠰᠠᠨ ᠬᠦᠮᠦᠰ᠎ᠲᠤ ᠴᠢᠭ᠌ᠯᠡᠭᠦᠯᠦᠨ᠂ 2025 ᠣᠨ᠎ᠤ 4 ᠰᠠᠷ᠎ᠠ᠎ᠠᠴᠠ ᠡᠬᠢᠯᠡᠨ ᠲᠤᠱᠢᠶᠠᠨ ᠬᠠᠳᠠᠭᠠᠯᠠᠭᠤᠯᠬᠤ ᠲᠤᠰᠭᠠᠶ ᠲᠥᠷᠥ᠎ᠶ᠋ᠢᠨ ᠪᠣᠳᠣᠯᠭ᠎ᠠ ᠭᠠᠷᠭᠠᠵᠤ᠂ ᠲᠤᠱᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠬᠢᠭᠡᠳ ᠬᠠᠷᠢᠴᠠᠯ᠎ᠢ ᠬᠤᠪᠢ ᠬᠥᠮᠦᠨ ᠡᠵᠡᠨ ᠮᠡᠳᠡᠨ ᠲᠣᠭ᠍ᠲᠠᠭᠠᠵᠤ᠂ ᠴᠢᠯᠥᠭᠡᠲᠡᠶ ᠭᠠᠷᠭᠠᠨ ᠠᠪᠬᠤ ᠪᠠ ᠤᠬᠤᠷᠢᠨ ᠭᠠᠷᠬᠤ ᠵᠠᠭ᠍ᠪᠤᠷ᠎ᠢ ᠳᠣᠭᠢᠷᠠᠭᠤᠯᠤᠨ᠂ ᠲᠣᠰ ᠬᠥᠮᠦᠨ᠎ᠤ ᠪᠡᠶ᠎ᠡ᠎ᠶ᠋ᠢᠨ ᠦᠨᠡᠮᠯᠡᠯ᠂ ᠨᠢᠭᠡᠳᠦᠭᠡᠷ ᠲᠥᠷᠥᠯ᠎ᠤᠨ ᠵᠢᠭᠡᠯᠡᠨ ᠲᠡᠮᠳᠡᠭ᠌ᠯᠡᠬᠦ᠌ ᠺᠠᠷᠲ᠎ᠢᠶᠠᠷ ᠬᠠᠮᠢᠶ᠎ᠠ ᠪᠥᠬᠦᠶ ᠬᠡᠯᠡᠯᠴᠡᠭᠡᠷ ᠲᠣᠭ᠍ᠲᠠᠭ᠍ᠰᠠᠨ᠎ᠤ ᠳᠠᠷᠠᠭ᠎ᠠ ᠳᠠᠷᠤᠶ ᠱᠢᠢᠳᠪᠦᠷᠢᠯᠡᠵᠦ᠍ ᠪᠣᠯᠣᠨ᠎ᠠ᠃ ᠲᠤᠰ ᠭᠠᠵᠠᠷ ᠣᠷᠣᠨ᠎ᠳᠤ᠎ᠪᠠᠨ ᠰᠤᠷᠤᠯᠴᠠᠵᠤ ᠪᠠᠢᠭ᠎ᠠ ᠵᠢᠩᠬᠢᠨᠢ ᠠᠩᠭᠢ᠎ᠶ᠋ᠢᠨ ᠣᠶᠤᠲᠠᠳ ᠲᠤ᠌ ᠲᠤᠬᠢᠷᠠᠭᠤᠯᠤᠨ 《ᠵᠠᠯᠠᠭᠤ ᠨᠠᠰᠤᠨ ᠳ᠋ᠤ ᠦᠨᠡᠨᠴᠢ ᠪᠠᠢᠬᠤ ᠶᠤᠰᠤᠲᠠᠢ》 ᠲᠦᠷᠦᠯ ᠲᠡᠮᠳᠡᠭ᠎ᠤᠨ ᠲᠥᠯᠥᠪᠯᠡᠭᠡ ᠭᠠᠷᠭᠠᠵᠤ᠂ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳ᠎ᠤᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠌ ᠲᠤᠱᠢᠶᠠᠨ ᠬᠠᠳᠠᠭᠠᠯᠠᠬᠤ᠎ᠶ᠋ᠢ ᠳᠠᠮᠵᠢᠵᠤ᠂ ᠣᠯᠠᠨ ᠵᠦᠢᠯ᠎ᠤᠨ ᠪᠡᠯᠡ ᠮᠥᠩᠭᠦ᠎ᠶ᠋ᠢᠨ ᠨᠥᠬᠦᠪᠥᠷᠢ ᠣᠯᠭᠤᠵᠤ᠂ 《ᠠᠷᠪᠠᠨ ᠲᠦᠮᠡᠨ ᠵᠠᠯᠠᠭᠤᠴᠤᠳ ᠤᠯᠠᠭᠠᠨᠬᠠᠳᠠ᠎ᠳᠤ ᠦᠯᠡᠳᠡᠬᠦ᠌》ᠠᠵᠢᠯᠯᠠᠭ᠎ᠠ᠎ᠶ᠋ᠢ ᠵᠣᠯᠭᠠᠭᠤᠯᠤᠨ᠎ᠠ᠃ ᠴᠢᠯᠦᠭᠡᠲᠡᠢ ᠲᠤᠱᠢᠶᠠᠬᠤ ᠲᠤᠬᠠᠢᠯᠠᠭ᠍ᠰᠠᠨ ᠠᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠪᠦᠬᠦ᠌ ᠬᠤᠲᠠ᠎ᠳᠤ ᠨᠢᠭᠡᠨᠲᠡ 774 ᠨᠡᠷᠡᠰ ᠠᠮᠢᠳᠤᠯᠢᠭ᠎ᠢᠶᠠᠷ ᠠᠵᠢᠯ ᠣᠯᠭᠤᠭᠰᠠᠨ ᠬᠦᠮᠦᠰ ᠠᠱᠢᠭ ᠬᠦᠷᠲᠡᠵᠦ᠍᠂ 898.76 ᠲᠦᠮᠡᠨ ᠲᠥᠭᠦᠷᠢᠭ᠎ᠤᠨ ᠪᠡᠯᠡ ᠮᠥᠩᠭᠦ᠌ ᠴᠤᠭ᠍ᠯᠠᠭᠤᠯᠵᠠᠢ᠃

ᠲᠦᠷᠦ᠍᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠬᠦ᠌ ᠪᠣᠯ ᠰᠠᠭᠤᠬᠤ᠎ᠠᠴᠠ ᠣᠷᠣᠨ ᠰᠠᠭᠤᠴᠠ᠎ᠲᠠᠢ᠂ ᠣᠷᠣᠱᠢᠨ ᠰᠠᠭᠤᠬᠤ᠎ᠳᠤ ᠲᠣᠬᠢᠷᠠᠮᠵᠢᠲᠠᠢ ᠪᠠᠢᠬᠤ᠎ᠶ᠋ᠢ ᠠᠬᠢᠭᠤᠯᠬᠤ᠎ᠶ᠋ᠢᠨ ᠵᠠᠩᠭᠢᠯᠠᠭ᠎ᠠ ᠪᠣᠯᠤᠨ᠎ᠠ᠃ ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ ᠤᠷᠢᠳ ᠬᠤᠵᠢᠳ ᠣᠷᠣᠨ᠎ᠤ ᠳᠣᠲᠣᠷ᠎ᠠ ᠭᠠᠳᠠᠨᠠᠬᠢ 10 ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ᠎ᠲᠤ ᠬᠦᠷᠴᠦ᠍ ᠱᠢᠨᠵᠢᠯᠡᠨ ᠪᠠᠢᠴᠠᠭᠠᠵᠤ ᠰᠤᠷᠤᠯᠴᠠᠵᠤ᠂ 8 ᠤᠳᠠᠭᠠᠨ᠎ᠤ ᠲᠤᠰᠭᠠᠶ ᠪᠣᠯᠪᠠᠰᠤᠷᠠᠯ᠎ᠤᠨ ᠠᠩᠭᠢ᠎ᠳᠤ ᠣᠷᠣᠯᠴᠠᠵᠤ᠂ ᠱᠢᠨᠵᠢᠯᠡᠨ ᠪᠠᠢᠴᠠᠭᠠᠭ᠍ᠰᠠᠨ ᠦᠷ᠎ᠡ ᠳ᠋ᠦᠩ᠎ᠢ ᠠᠷᠠᠳ᠎ᠲᠤ ᠠᠱᠢᠭ ᠬᠦᠷᠲᠡᠭᠡᠬᠦ᠌ 15 ᠵᠦᠢᠯ᠎ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠳᠠᠯᠢ ᠪᠤᠰᠤ ᠬᠥᠮᠦᠨ᠎ᠤ ᠠᠮᠢᠳᠤᠷᠠᠯ᠎ᠤᠨ ᠱᠠᠲᠤᠨ᠎ᠤ ᠣᠷᠣᠨ ᠰᠠᠭᠤᠴᠠ᠎ᠶ᠋ᠢᠨ ᠬᠡᠷᠡᠭ᠌ᠴᠡᠭᠡ᠎ᠳᠤ ᠵᠣᠬᠢᠴᠠᠬᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠪᠠ᠃

《ᠪᠢᠳᠡ ᠬᠤᠪᠢ ᠬᠥᠮᠦᠨ᠎ᠤ ᠣᠷᠣᠨ ᠰᠠᠭᠤᠴᠠ᠎ᠶ᠋ᠢᠨ ᠬᠤᠳᠠᠯᠳᠤᠭᠠᠨ᠎ᠤ ᠵᠢᠭᠡᠯᠡᠯᠭᠡ᠎ᠶ᠋ᠢ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠵᠢᠭᠡᠯᠡᠯᠭᠡ ᠪᠣᠯᠭᠠᠨ ᠬᠤᠪᠢᠷᠠᠭᠤᠯᠬᠤ᠂ ᠵᠢᠭᠡᠯᠡᠯᠭᠡ᠎ᠶ᠋ᠢ ᠵᠣᠯᠭᠠᠭᠤᠯᠬᠤ ᠥᠬᠡᠶ᠎ᠪᠠᠷ ᠬᠢᠨᠠᠨ ᠵᠥᠪᠱᠢᠶᠡᠷᠡᠬᠦ᠂ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢ ᠬᠡᠷᠡᠭ᠌ᠯᠡᠬᠦ᠌᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠵᠡᠷᠭᠡ ᠤᠨᠴᠠᠯᠢᠬ᠍ᠳᠤ ᠲᠤᠬᠠᠢᠯᠠᠭ᠍ᠰᠠᠨ ᠠᠵᠢᠯ᠎ᠢ ᠬᠡᠷᠡᠭᠵᠢᠭᠦᠯᠬᠦ ᠵᠢᠨ ᠬᠠᠮᠲᠤ ᠵᠢᠭᠡᠯᠡᠯᠭᠡ᠎ᠶ᠋ᠢᠨ ᠲᠤᠭ᠎ᠠ ᠬᠡᠮᠵᠢᠶ᠎ᠡ᠎ᠶ᠋ᠢ ᠬᠠᠮᠤᠭ᠎ᠤᠨ ᠥᠨᠳᠥᠷ᠎ᠲᠡᠭᠡᠨ 200 ᠲᠦᠮᠡᠨ ᠲᠥᠭᠦᠷᠢᠭ ᠪᠣᠯᠭᠠᠨ ᠳᠡᠭᠡᠭ᠌ᠰᠢᠯᠡᠭᠦᠯᠵᠦ᠍᠂ ᠬᠡᠷ ᠪᠠᠢᠱᠢᠩ᠎ᠤᠨ ᠢᠷᠡᠯᠲᠡ᠎ᠶ᠋ᠢᠨ ᠭᠡᠷᠡᠴᠢᠯᠡᠯ᠂ ᠬᠤᠪᠢ ᠬᠥᠮᠦᠨ᠎ᠤ ᠢᠲᠡᠭᠡᠮᠵᠢ᠎ᠶ᠋ᠢᠨ ᠮᠡᠳᠡᠭᠦᠯᠦᠯᠲᠡ ᠵᠡᠷᠭᠡ ᠮᠠᠲ᠋ᠧᠷᠢᠶᠠᠯ᠎ᠢ ᠬᠦᠴᠦᠨ ᠥᠬᠡᠶ ᠪᠣᠯᠭᠠᠵᠤ᠂ ᠵᠢᠭᠡᠯᠡᠯᠭᠡ᠎ᠶ᠋ᠢᠨ ᠶᠠᠪᠤᠴᠠ᠎ᠶ᠋ᠢ ᠳᠥᠭᠦᠮᠴᠢᠯᠡᠵᠦ᠍᠂ ᠣᠷᠣᠨ ᠰᠠᠭᠤᠴᠠ᠎ᠶ᠋ᠢᠨ ᠬᠡᠷᠡᠭ᠌ᠯᠡᠭᠡ᠎ᠶ᠋ᠢ ᠪᠦᠲᠦᠮᠵᠢᠲᠡᠶ ᠠᠬᠢᠭᠤᠯᠪᠠ》 ᠭᠡᠵᠦ ᠤᠯᠠᠭᠠᠨᠬᠠᠳᠠ ᠬᠣᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥᠨ᠎ᠤ ᠲᠥᠪ᠎ᠦᠨ ᠡᠷᠬᠢᠯᠡᠭ᠌ᠴᠢ ᠯᠢᠦ ᠭᠠᠩ ᠬᠡᠯᠡᠪᠡ᠃

ᠲᠣᠭᠠᠴᠢᠯᠲᠠ ᠨᠢ ᠦᠢᠯᠡᠴᠢᠯᠡᠭᠡ᠎ᠶᠢ ᠨᠡᠩ ᠥᠨᠳᠥᠷ ᠪᠦᠲᠦᠮᠵᠢᠲᠡᠢ ᠪᠣᠯᠭᠠᠨ᠎ᠠ᠃ ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ᠎ᠲᠤ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠤᠰᠭᠠᠶ ᠠᠩᠭᠢ ᠪᠠᠢᠭᠤᠯᠵᠤ᠂ 13 ᠲᠦᠮᠡ ᠭᠠᠷᠤᠶ ᠵᠤᠷᠪᠤᠰ ᠲᠤᠭ᠎ᠠ ᠪᠠᠷᠢᠮᠲᠠ᠎ᠶ᠋ᠢᠨ ᠠᠰᠠᠭᠤᠳᠠᠯ᠎ᠢ ᠪᠥᠬᠦ᠌ ᠲᠠᠯ᠎ᠠ᠎ᠪᠠᠷ ᠬᠠᠷᠭᠤᠭᠤᠯᠵᠤ᠂ 2024 ᠣᠨ᠎ᠤ 11 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠬᠢᠨᠠᠨ ᠬᠠᠮᠢᠶᠠᠷᠬᠤ ᠦᠢᠯᠡᠴᠢᠯᠡᠭᠡᠨ᠎ᠤ ᠲᠠᠪᠴᠠᠩ 《ᠲᠤᠭ᠎ᠠ ᠪᠠᠷᠢᠮᠲᠠ᠎ᠶ᠋ᠢ ᠬᠢᠨᠠᠨ ᠱᠢᠯᠭᠠᠬᠤ ᠳ᠋ᠤ ᠤᠷᠤᠰᠢᠵᠤ ᠪᠠᠢᠭ᠎ᠠ ᠠᠰᠠᠭᠤᠳᠠᠯ᠎ᠤᠨ ᠲᠤᠭ᠎ᠠ᠂ ᠠᠰᠠᠭᠤᠳᠠᠯ᠎ᠤᠨ ᠡᠭᠦᠰᠭᠦ ᠨᠣᠷᠮ᠎ᠠ ᠬᠤᠶᠠᠷ᠎ᠢ ᠴᠦᠮ ᠲᠡᠭ ᠪᠤᠯᠭᠠᠬᠤ》 ᠶ᠋ᠢ ᠪᠡᠶᠡᠯᠡᠭᠦᠯᠦᠭ᠌ᠰᠡᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ ᠪᠣᠯᠪᠠ; ᠠᠷᠠᠳ᠎ᠤᠨ ᠪᠠᠩᠬᠢ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ᠎ᠳᠤ ᠵᠠᠯᠭᠠᠨ ᠣᠷᠣᠭᠤᠯᠵᠤ᠂ ᠣᠯᠠᠨ ᠰᠠᠯᠠᠭ᠎ᠠ ᠮᠥᠴᠢᠷ᠎ᠤᠨ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠪᠡ; ᠣᠶᠤᠨᠴᠢ ᠦᠢᠯᠡᠴᠢᠯᠡᠭᠡᠨ᠎ᠤ ᠪᠡᠶᠡᠴᠢᠯᠡᠨ ᠣᠢᠯᠠᠭᠠᠬᠤ ᠲᠣᠭᠤᠷᠢᠭ᠎ᠢ ᠪᠠᠢᠭᠤᠯᠵᠤ᠂ ᠲᠣᠭᠠᠴᠢᠯᠠᠭ᠍ᠰᠠᠨ ᠬᠥᠮᠦᠨ᠎ᠤ ᠮᠡᠷᠭᠡᠵᠢᠯ᠎ᠢ ᠬᠡᠷᠡᠭ᠌ᠯᠡᠨ ᠵᠥᠪᠯᠡᠯᠭᠡ ᠬᠠᠩᠭᠠᠨ᠎ᠠ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠡᠷᠦᠩᠬᠡᠢᠯᠡᠭ᠌ᠰᠡᠨ ᠨᠢᠭᠡ ᠴᠣᠩᠬᠤᠪᠴᠢ᠎ᠲᠠᠢ ᠵᠣᠯᠭᠠᠭᠤᠯᠵᠤ᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢᠴᠡᠳᠭᠡᠬᠦ᠌》 ᠦᠢᠯᠡᠴᠢᠯᠡᠭᠡ᠎ᠶ᠋ᠢ ᠨᠡᠪᠲᠡᠷᠡᠭᠦᠯᠵᠦ᠍᠂ ᠦᠢᠯᠡᠴᠢᠯᠡᠭᠡᠨ᠎ᠤ ᠪᠠᠷᠢᠮᠵᠢᠶᠠᠵᠢᠭᠤᠯᠤᠯᠲᠠ᠂ ᠳᠥᠭᠦᠮᠴᠢᠯᠡᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃

ᠠᠯᠢ ᠣᠯᠠᠨ ᠪᠦᠲᠦᠮᠵᠢᠲᠡᠢ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ ᠡᠴᠡ ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠠᠵᠢᠯ᠎ᠤᠨ ᠬᠢᠯᠠᠰ ᠴᠡᠭ ᠵᠠᠯᠭᠠᠭ᠎ᠠ᠎ᠪᠠᠷ ᠢᠯᠡᠷᠡᠪᠡ᠃

ᠪᠥᠬᠦ᠌ ᠣᠷᠣᠨ᠎ᠳᠤ 《ᠵᠠᠰᠠᠭ᠎ᠤᠨ ᠣᠷᠳᠣᠨ᠎ᠠᠴᠠ ᠲᠦᠯᠦᠪᠵᠢᠭᠦᠯᠭᠡ ᠬᠢᠬᠦ + ᠬᠤᠲᠠ ᠱᠢᠶᠠᠨ ᠬᠤᠯᠪᠣᠭᠠᠯᠠᠨ ᠬᠥᠳᠡᠯᠦᠯᠴᠡᠬᠦ᠌》 ᠲᠥᠪᠯᠡᠷᠡᠭᠦᠯᠦᠨ ᠬᠡᠪᠴᠢᠶ᠎ᠡ᠎ᠶ᠋ᠢ ᠥᠷᠭᠡᠳᠭᠡᠬᠦ᠌ ᠲᠣᠭ᠍ᠲᠠᠴᠠ᠎ᠶ᠋ᠢ ᠠᠩᠬ᠎ᠠ ᠡᠭᠦᠳᠴᠦ᠍᠂ ᠬᠤᠲᠠ᠂ ᠱᠢᠶᠠᠨ ᠬᠤᠶᠠᠷ ᠱᠠᠲᠤᠨ᠎ᠤ ᠴᠤᠭ᠍ᠯᠠᠭᠤᠯᠤᠨ ᠬᠡᠪᠴᠢᠶ᠎ᠡ᠎ᠶ᠋ᠢ ᠥᠷᠭᠡᠳᠭᠡᠬᠦ᠌ ᠠᠬᠢᠭᠤᠯᠬᠤ ᠳᠤᠭᠤᠢᠯᠠᠩ᠎ᠢ ᠪᠠᠢᠭᠤᠯᠵᠤ᠂ ᠲᠦᠷᠢᠮ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠪᠠ᠃

ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ᠎ᠠᠴᠠ ᠠᠩᠬ᠎ᠠ ᠤᠳᠠᠭ᠎ᠠ 《ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ + ᠪᠠᠩᠭᠢ + ᠠᠵᠤ ᠠᠬᠤᠢᠯᠠᠯ᠎ᠤᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠣᠨ》᠎ᠢ᠋ ᠳᠤᠷᠠᠳᠴᠤ᠌᠂ ᠪᠠᠩᠬᠢ᠎ᠶ᠋ᠢᠨ ᠯᠠᠩᠭᠦᠶ᠎ᠵᠢᠨ ᠦᠢᠯᠡᠴᠢᠯᠡᠭᠡ᠎ᠶ᠋ᠢ ᠤᠷᠲᠤᠳᠭᠠᠬᠤ᠎ᠶ᠋ᠢ ᠬᠠᠢᠨ ᠰᠦᠪᠡᠭ᠌ᠴᠢᠯᠡᠵᠦ᠍᠂ ᠪᠥᠬᠦ᠌ ᠲᠤᠬᠠᠢᠯᠠᠭ᠍ᠰᠠᠨ ᠠᠵᠢᠯ᠎ᠤᠨ 8 《ᠬᠤᠱᠢᠭᠤᠴᠢ ᠳᠡᠯᠭᠡᠭᠦᠷ》 ᠪᠠ ᠳᠥᠭᠦᠮ ᠦᠵᠡᠭᠦᠯᠬᠦ᠌ 2 ᠳᠡᠯᠭᠡᠭᠦᠷ ᠭᠠᠷᠭᠠᠵᠤ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ +  ᠪᠠᠩᠬᠢ᠎ᠵᠢᠨ15 ᠮᠢᠨᠦ᠋ᠲ᠎ᠤᠨ ᠠᠷᠠᠳ᠎ᠲᠤ ᠲᠥᠬᠦᠮ ᠦᠵᠡᠭᠦᠯᠬᠦ᠌ ᠲᠣᠭᠤᠷᠢᠭ》 ᠢ᠋ ᠪᠠᠢᠭᠤᠯᠪᠠ᠃

ᠪᠥᠬᠦ᠌ ᠣᠷᠣᠨ᠎ᠤ 《ᠮᠥᠩᠭᠦᠨ ᠭᠦᠢᠯᠭᠡᠭᠡᠨ᠎ᠤ ᠠᠵᠤ ᠠᠬᠤᠢᠯᠠᠯ》 ᠢ᠋ ᠬᠠᠮᠵᠢᠯᠴᠠᠨ ᠢᠯᠭᠠᠷᠠᠭᠤᠯᠤᠨ ᠬᠤᠷᠢᠶᠠᠬᠤ ᠵᠠᠭ᠍ᠪᠤᠷ᠎ᠢ ᠠᠩᠬ᠎ᠠ ᠡᠭᠦᠳᠴᠦ᠍᠂ ᠬᠤᠲᠠ᠎ᠶ᠋ᠢᠨ ᠪᠠᠯᠠ ᠣᠷᠣᠭᠤᠯᠤᠯᠲᠠ᠎ᠶ᠋ᠢᠨ ᠳᠠᠭᠠᠭᠠᠯᠲᠠ᠎ᠶ᠋ᠢᠨ ᠪᠦᠯᠦᠭ᠌ᠯᠡᠯ᠎ᠯᠦᠭᠡ 《ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠬᠤᠭᠤᠴᠠᠭ᠎ᠠ ᠬᠡᠲᠦᠷᠡᠭ᠌ᠰᠡᠨ ᠵᠢᠭᠡᠯᠡᠯᠭᠡ᠎ᠶ᠋ᠢ ᠱᠠᠭᠠᠷᠳᠠᠨ ᠬᠤᠷᠢᠶᠠᠬᠤ ᠬᠠᠮᠢᠶᠠᠷᠤᠯᠲᠠ᠎ᠶ᠋ᠢᠨ ᠨᠠᠢᠳᠠᠯᠭ᠎ᠠ᠎ᠶ᠋ᠢᠨ ᠵᠥᠪᠯᠡᠯᠴᠡᠭᠡᠷ》 ᠲᠤ᠌ ᠭᠠᠷ᠎ᠤᠨ ᠥᠰᠥᠭ ᠵᠢᠷᠤᠵᠤ᠂ ᠵᠢᠭᠡᠯᠡᠯᠭᠡ᠎ᠶ᠋ᠢᠨ ᠬᠤᠭᠤᠴᠠᠭ᠎ᠠ᠎ᠠᠴᠠ ᠬᠡᠲᠦᠷᠡᠭ᠌ᠰᠡᠨ ᠨᠣᠷᠮ᠎ᠠ᠎ᠶ᠋ᠢ ᠵᠢᠯ᠎ᠤᠨ ᠡᠬᠢᠨ᠎ᠤ 2 ᠡᠴᠡ 0.5 ᠪᠣᠯᠭᠠᠨ ᠪᠠᠭᠤᠷᠠᠭᠤᠯᠪᠠ᠃

ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ᠎ᠶ᠋ᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠥᠪ᠎ᠠᠴᠠ ᠦᠷᠭᠦᠯᠵᠢᠯᠡᠨ 《ᠦᠨᠡᠨᠴᠢ ᠱᠢᠳᠤᠷᠭᠤ ᠪᠡᠷ ᠤᠯᠠᠨ ᠲᠦᠮᠡᠨ ᠳ᠋ᠤ ᠦᠢᠯᠡᠴᠢᠯᠡᠵᠦ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ ᠪᠡᠷ ᠠᠷᠠᠳ᠎ᠤᠨ ᠲᠥᠯᠥᠭᠡ ᠠᠵᠢᠯᠯᠠᠬᠤ》 ᠲᠦᠷᠦᠯ ᠲᠡᠮᠳᠡᠭ᠎ᠤᠨ ᠤᠢ᠍ᠢᠯᠠᠭᠠᠭ᠍ᠳᠠᠬᠤᠨ᠎ᠢ ᠪᠠᠷᠢᠮᠲᠠᠯᠠᠵᠤ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠲᠦᠷᠢᠮ᠎ᠢ ᠣᠳᠣᠬᠢᠴᠢᠯᠠᠭ᠍ᠰᠠᠨ ᠬᠤᠳᠠ᠎ᠶ᠋ᠢᠨ ᠪᠦᠳᠦᠭᠡᠨ ᠪᠠᠢᠭᠤᠯᠤᠯᠲᠠ᠎ᠳᠤ ᠨᠡᠩ ᠰᠠᠢᠲᠤᠷ ᠦᠢᠯᠡᠴᠢᠯᠡᠭᠦᠯᠵᠦ᠍᠂ ᠤᠯᠠᠨ ᠲᠦᠮᠡᠨ᠎ᠤ 《ᠣᠷᠣᠱᠢᠨ ᠰᠠᠭᠤᠬᠤ᠎ᠳᠤ ᠲᠣᠬᠢᠷᠠᠮᠵᠢᠲᠠᠢ᠂ ᠣᠷᠣᠱᠢᠨ ᠰᠠᠭᠤᠬᠤ᠎ᠳᠤ ᠱᠢᠯᠢᠳᠡᠭ》 ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠳᠤ ᠬᠦᠴᠦᠨ ᠨᠡᠮᠡᠷᠢᠯᠡᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号