ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠦᠨ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠮᠡᠳᠡᠭᠦᠯᠦᠯᠲᠡ᠎ᠶᠢᠨ ᠬᠤᠷᠠᠯ 11 ᠰᠠᠷ᠎ᠠ ᠶᠢᠨ 7 ᠤ᠋ ᠡᠳᠦᠷ ᠭᠦᠢᠵᠧᠦ ᠮᠤᠵᠢ᠎ᠶᠢᠨ ᠭᠦᠢᠶᠠᠩ ᠬᠤᠳᠠ᠎ᠳᠤ ᠶᠠᠪᠤᠭᠳᠠᠪᠠ᠃ ᠲᠥᠪ ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠰᠣᠶᠣᠯ ᠪᠠ ᠵᠢᠭᠤᠯᠴᠢᠯᠠᠯ ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠰᠦᠨ ᠶᠧ ᠯᠢ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃
ᠮᠡᠳᠡᠭᠦᠯᠦᠯᠲᠡ᠎ᠶᠢᠨ ᠬᠤᠷᠠᠯ ᠳᠡᠭᠡᠷ᠎ᠡ᠂ ᠰᠦᠨ ᠶᠧ ᠯᠢ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠦᠭᠦᠳᠡ ᠬᠤᠷᠠᠯ᠎ᠤᠨ 《ᠰᠠᠨᠠᠭᠤᠯᠭ᠎ᠠ》 ᠶ᠋ᠢᠨ ᠲᠣᠭᠣᠷᠢᠨ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠦ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠠᠬᠢ ᠴᠢᠬᠤᠯᠠ ᠪᠠᠢᠷᠢ ᠰᠠᠭᠤᠷᠢ᠎ᠶᠢ ᠣᠨᠣᠪᠴᠢᠲᠠᠶ ᠡᠵᠡᠮᠰᠢᠬᠦ᠂《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ ᠪᠠ ᠭᠣᠣᠯ ᠬᠠᠷᠠᠯᠲᠠ᠎ᠶᠢ ᠭᠦᠨᠵᠡᠭᠡᠢ ᠣᠢᠯᠠᠭᠠᠬᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ ᠦᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠣᠢᠯᠠᠭᠠᠬᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠵᠡᠷᠭᠡ ᠲᠠᠯ᠎ᠠ᠎ᠪᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠤᠬᠠᠭᠤᠯᠤᠨ ᠲᠠᠢᠯᠪᠤᠷᠢᠯᠠᠵᠤ ᠰᠢᠰᠲᠧᠮ᠎ᠲᠠᠢ ᠲᠤᠳᠤᠷᠬᠠᠢᠯᠠᠪᠠ᠃
ᠰᠦᠨ ᠶᠧ ᠯᠢ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠰᠠᠢᠲᠤᠷ ᠲᠣᠭᠲᠠᠭᠠᠨ ᠬᠡᠷᠡᠭᠵᠢᠭᠦᠯᠬᠦ ᠨᠢ ᠮᠠᠨ ᠤ ᠤᠯᠤᠰ ᠤᠨ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠱᠠᠲᠤ ᠬᠤᠪᠢᠶᠠᠨ ᠠᠯᠬᠤᠮ ᠳᠠᠷᠠᠭ᠎ᠠ᠎ᠲᠠᠢ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠬᠡᠲᠦ᠎ᠶᠢᠨ ᠠᠴᠢ ᠬᠣᠯᠪᠣᠭᠳᠠᠯ᠎ᠲᠠᠢ ᠶᠤᠮ᠃ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠢ ᠰᠢ ᠵᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠣᠢᠯᠠᠭᠠᠬᠤ᠎ᠲᠠᠢ ᠤᠶᠠᠯᠳᠤᠭᠤᠯᠵᠤ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢᠨ ᠲᠥᠯᠥᠭᠡ ᠬᠠᠮᠲᠤ᠎ᠪᠠᠷ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠪᠠᠢᠳᠠᠯ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ ᠭᠡᠵᠦ ᠢᠯᠡᠳᠬᠡᠵᠡᠢ᠃
(ᠰᠢᠨᠬᠤᠸᠠ ᠬᠣᠷᠢᠶ᠎ᠡ ᠵᠢᠨ ᠭᠦᠢᠶᠠᠩ᠎ᠤᠨ 11 ᠰᠠᠷ᠎ᠠ᠎ᠶᠢᠨ 7 ᠤ᠋ ᠴᠠᠬᠢᠯᠭᠠᠨ ᠮᠡᠳᠡᠭᠡ)