ᠥᠷᠦᠨ ᠲᠤᠶᠠᠭ᠎ᠠ ᠲᠠᠯ᠎ᠠ ᠨᠤᠲᠤᠭ ᠪᠠ ᠭᠤᠪᠢ ᠴᠦᠯ ᠢ᠋ ᠭᠡᠢᠭᠦᠯᠵᠦ᠂ ᠬᠦᠰᠡᠯ ᠮᠦᠷᠦᠭᠡᠳᠦᠯ ᠡᠪᠦᠷᠯᠡᠭᠰᠡᠨ ᠨᠢᠭᠡ ᠪᠦᠯᠦᠭ ᠵᠠᠯᠠᠭᠤᠴᠤᠳ ᠦᠨᠳᠦᠰᠦᠨ ᠱᠠᠲᠤᠨ ᠳ᠋ᠦ ᠪᠠᠭᠤᠵᠠᠢ᠃ ᠲᠡᠳᠡ ᠪᠤᠯ ᠦᠨᠳᠦᠰᠦ ᠬᠠᠳᠭᠤᠭ᠍ᠴᠢ ᠮᠦᠨ᠂ ᠲᠡᠳᠡ ᠪᠤᠯ ᠪᠦᠲᠦᠭᠡᠨ ᠪᠠᠢᠭᠤᠯᠤᠭ᠍ᠴᠢ ᠮᠦᠨ᠃ ᠥᠪᠡᠷᠲᠡᠭᠡᠨ ᠵᠠᠰᠠᠬᠤ ᠣᠷᠣᠨ ᠤ᠋ ᠡᠪᠯᠡᠯᠦᠨ ᠬᠤᠷᠢᠶ᠎ᠠ ᠶ᠋ᠢᠨ 《ᠵᠠᠯᠠᠭᠤ ᠰᠢᠷᠭᠠᠭᠤ ᠠᠵᠢᠯᠯᠠᠬᠴᠢ ᠶ᠋ᠢᠨ ᠲᠥᠯᠥᠪᠯᠡᠭᠡ》 ᠵᠢᠨ ᠠᠬᠢᠭᠤᠯᠤᠯ ᠵᠢᠡᠷ ᠲᠡᠳᠡ ᠵᠠᠯᠠᠭᠤ ᠨᠠᠰᠤ ᠪᠠ ᠪᠤᠳᠠᠳᠤ ᠦᠢᠯᠡᠳᠦᠯᠭᠡ ᠶ᠋ᠢᠨ ᠬᠣᠣᠰ ᠴᠢᠭᠯᠡᠯᠲᠦ ᠠᠶᠠᠯᠠᠯ ᠶ᠋ᠢᠡᠨ ᠡᠬᠢᠯᠡᠭᠦᠯᠪᠡ᠃
《ᠦᠨᠳᠦᠰᠦᠨ ᠱᠠᠲᠤᠨ ᠳ᠋ᠦ ᠪᠠᠭᠤᠵᠤ᠂ ᠡᠬᠡ ᠤᠯᠤᠰ ᠤ᠋ᠨ ᠶ᠋ᠢᠡᠨ ᠬᠠᠮᠤᠭ ᠤ᠋ᠨ ᠬᠡᠷᠡᠭ᠌ᠴᠡᠭᠡᠲᠡᠶ ᠭᠠᠵᠠᠷ ᠲᠦ᠍ ᠣᠴᠢᠨ᠎ᠠ》— ᠡᠨᠡ ᠬᠦ᠌ ᠰᠤᠷᠭᠠᠭᠤᠯᠢ ᠶ᠋ᠢᠨ ᠬᠦᠷᠢᠶᠡᠨᠳᠦ ᠬᠠᠡᠭᠬᠢᠨᠠᠵᠤ ᠪᠠᠢᠭᠰᠠᠠ ᠲᠠᠩᠭᠠᠷᠢᠭ ᠨᠢ ᠤᠳᠤ ᠨᠢᠭᠡᠨᠲᠡ 235 ᠵᠠᠯᠠᠭᠤ ᠴᠢᠳᠠᠪᠤᠷᠢᠲᠠᠨ ᠤ᠋ ᠬᠠᠮᠲᠤ ᠶ᠋ᠢᠨ ᠰᠣᠩᠭᠣᠯᠲᠠ ᠪᠣᠯᠵᠠᠢ᠃ ᠲᠡᠳᠡ ᠪᠤᠯ ᠦᠪᠦᠷ ᠮᠤᠡᠭᠭᠤᠯ ᠤ᠋ᠨ 11 ᠶᠡᠬᠡ ᠳᠡᠭᠡᠳᠦ ᠰᠤᠷᠭᠠᠭᠤᠯᠢ ᠶ᠋ᠢᠨ ᠤᠶᠤᠲᠠᠨ ᠪᠠᠢᠵᠤ᠂ ᠪᠡᠶᠡᠪᠡᠨ ᠳᠠᠭᠠᠭᠠᠵᠤ ᠨᠡᠷ᠎ᠡ ᠮᠡᠳᠡᠭᠦᠯᠬᠦ᠌ ᠪᠠ ᠵᠣᠬᠢᠶᠠᠨ ᠪᠠᠢᠭᠤᠯᠤᠯᠲᠠ ᠶ᠋ᠢᠨ ᠲᠠᠨᠢᠯᠴᠠᠭᠤᠯᠭᠠᠪᠠᠷ ᠳᠡᠮᠵᠢᠨ ᠬᠥᠬᠡᠬᠣᠲᠠ᠂ ᠣᠷᠳᠣᠰ᠂ ᠲᠦᠩᠯᠢᠶᠣᠤ ᠵᠡᠷᠭᠡ 12 ᠠᠢᠮᠠᠭ ᠬᠣᠲᠠ ᠶ᠋ᠢᠨ 52 ᠬᠣᠱᠢᠭᠤ ᠱᠢᠶᠠᠨ ᠬᠣᠲᠠ ᠲᠣᠭᠣᠷᠢᠭ ᠲᠦ᠍ ᠬᠦᠷᠴᠦ᠍᠂ ᠡᠪᠯᠡᠯᠦᠨ ᠪᠠᠢᠭᠤᠯᠤᠯᠲᠠ ᠶ᠋ᠢᠨ ᠵᠢᠭᠠᠨ ᠵᠢᠯᠣᠭᠣᠳᠣᠭ᠍ᠴᠢ ᠶ᠋ᠢᠨ ᠬᠤᠪᠢᠪᠠᠷ᠂ ᠨᠢᠭᠡ ᠵᠢᠯᠦᠨ ᠬᠤᠭᠤᠴᠠᠭᠠᠪᠦᠬᠦᠢ ᠪᠣᠳᠠᠲᠤ ᠠᠵᠢᠯ ᠤ᠋ᠨ ᠪᠠᠢᠷᠢ ᠶ᠋ᠢᠨ ᠪᠣᠯᠪᠠᠰᠤᠷᠠᠯ ᠶ᠋ᠢᠡᠨ ᠡᠬᠢᠯᠡᠭᠦᠯᠪᠡ᠃
ᠲᠠᠯ᠎ᠠ ᠨᠤᠲᠤᠭ ᠤ᠋ᠨ ᠭᠦᠨᠳᠡᠬᠢ ᠠᠵᠤ ᠦᠢᠯᠡᠰᠦᠨ ᠬᠦᠯᠡᠮᠵᠢ᠂ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠲᠦᠷᠦᠯ ᠵᠦᠢᠯᠦᠨ ᠠᠬᠤᠢ ᠲᠠᠯᠠᠪᠠᠢ᠂ ᠱᠢᠶᠠᠨ ᠤ᠋ ᠬᠡᠪᠴᠢᠶᠡᠨᠦ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨᠦ ᠴᠤᠡᠭᠬᠤᠪᠴᠢ ᠁ ᠵᠠᠯᠠᠭᠤ ᠰᠢᠷᠭᠠᠭᠤ ᠠᠵᠢᠯᠯᠠᠭᠰᠠᠳᠤᠨ ᠪᠠᠷ᠎ᠠ ᠬᠠ ᠶᠠ ᠦᠭᠡᠢ ᠬᠠᠷᠠᠭ᠍ᠳᠠᠨᠠ᠃ ᠳᠡᠲᠡ ᠲᠤᠰᠬᠠᠢ ᠮᠡᠷᠭᠡᠵᠢᠯ ᠤ᠋ᠨ ᠮᠡᠳᠡᠯᠭᠡ ᠪᠠ ᠤᠷᠠᠢ ᠵᠠᠯᠠᠭᠤ ᠨᠠᠰᠤᠨ ᠤ᠋ ᠤᠷᠬᠢᠯᠤᠮ᠎ᠠ ᠬᠠᠯᠠᠭᠤᠨ ᠰᠡᠳᠬᠢᠯᠭᠡ ᠵᠢ ᠡᠪᠦᠷᠯᠡᠨ᠂ ᠬᠦᠭᠵᠢᠯᠲᠡ ᠶ᠋ᠢᠨ ᠬᠦᠴᠢᠷ ᠠᠰᠠᠭᠤᠳᠠᠯ ᠤ᠋ᠨ ᠰᠢᠢᠳᠪᠦᠷᠢᠯᠡᠭᠴᠢ ᠪᠤᠯᠵᠠᠢ᠃ ᠬᠢᠴᠢᠶᠡᠯ ᠤ᠋ᠨ ᠲᠢᠡᠭᠬᠢᠮ ᠡᠴᠡ ᠡᠮᠦᠨ᠎ᠡ ᠹᠷᠤᠨᠲ ᠬᠦᠷᠲᠠᠯ᠎ᠠ ᠂ ᠤᠨᠤᠯ ᠤ᠋ᠨ ᠰᠡᠳᠬᠢᠮᠵᠢ ᠡᠴᠡ ᠪᠤᠳᠠᠲᠠᠢ ᠳ᠋ᠦ ᠨᠠᠢᠳᠠᠪᠤᠷᠢᠵᠢᠭᠤᠯᠬᠤ ᠪᠤᠯᠲᠠᠯ᠎ᠠ᠂ ᠲᠡᠳᠡ ᠤᠮᠠᠷᠠᠲᠤ ᠬᠢᠯᠢ ᠶ᠋ᠢᠨ ᠰᠢᠮᠡᠯᠢᠭ ᠬᠦᠷᠦᠰᠦᠨ ᠳ᠋ᠦ ᠤᠶᠤᠨ ᠤᠬᠠᠭᠠᠨ ᠶ᠋ᠢᠡᠨ ᠰᠠᠴᠤᠵᠤ᠂ ᠦᠰᠦᠨ ᠪᠤᠢᠵᠢᠯᠲᠡ ᠶ᠋ᠢᠨ ᠦᠷ᠎ᠡ ᠪᠦᠲᠦᠭᠡᠯ ᠬᠦᠷᠳᠡᠨ᠎ᠡ᠃
ᠦᠨᠳᠦᠰᠦᠨ ᠱᠠᠲᠤᠨ ᠳ᠋ᠦ ᠭᠦᠨᠵᠡᠭᠡᠢᠷᠡᠨ ᠴᠢᠳᠠᠪᠤᠷᠢᠪᠠᠨ ᠳᠡᠭᠡᠭᠰᠢᠯᠡᠭᠦᠯᠵᠦ ᠡᠷᠡᠮᠡᠬᠡᠢᠯᠡᠨ ᠤᠷᠤᠭ᠍ᠰᠢᠯᠠᠵᠤ ᠣᠭ ᠰᠠᠨᠠᠭᠠᠪᠠᠨ ᠦᠶ᠋ᠯᠡᠳᠦᠯᠭᠡᠵᠢᠭᠦᠯᠦᠨᠡ
ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠹᠦ᠋ ᠵᠶ᠋ᠢ ᠱᠠᠨ ᠡᠪ ᠬᠠᠮᠲᠤ ᠵᠠᠯᠠᠭᠤᠴᠤᠳ ᠤ᠋ᠨ ᠡᠪᠯᠡᠯ ᠤ᠋ᠨ ᠬᠦᠬᠡᠬᠤᠲᠠ ᠶ᠋ᠢᠨ ᠬᠤᠲᠤᠡᠭ ᠠᠷᠠᠤᠨ ᠤᠨ ᠲᠤᠭᠤᠷᠢᠭ ᠤ᠋ᠨ ᠬᠤᠷᠢᠶ᠎ᠠ ᠳ᠋ᠦ ᠲᠤᠱᠢᠶᠠᠯ ᠡᠭᠦᠷᠭᠡᠯᠡᠵᠦ᠍ ᠪᠠᠢᠬᠤ ᠬᠤᠭᠤᠴᠠᠭᠠᠨᠳᠠᠭᠠᠨ᠂ ᠡᠳᠦᠷ ᠳᠤᠳᠤᠮ ᠤ᠋ᠨ ᠠᠵᠢᠯ ᠢ᠋ ᠠᠬᠢᠭᠤᠯᠬᠤ ᠳ᠋ᠦ ᠢᠳᠡᠪᠬᠢᠲᠡᠢ ᠣᠷᠣᠯᠴᠠᠭ᠍ᠰᠠᠨ ᠶ᠋ᠢᠡᠷ ᠪᠠᠷᠠᠬᠤ ᠦᠬᠡᠢ᠂ ᠨᠡᠩ ᠴᠤ᠌ ᠰᠠᠨᠠᠭᠠᠴᠢᠯᠠᠭᠠᠠᠴᠠᠪᠠᠨ ᠲᠦᠷᠦᠯ ᠳᠡᠮᠳᠡᠭᠦᠨ ᠲᠦᠷᠦᠯ ᠵᠦᠢᠯ ᠢ᠋ ᠤᠬᠠᠭᠠᠯᠠᠨ ᠲᠥᠰᠦᠪᠯᠡᠵᠦ᠍ ᠴᠤᠭᠴᠠᠯᠠᠪᠠ᠃ ᠲᠡᠷᠡᠪᠡᠷ 《ᠱᠢᠨ᠎ᠡ ᠴᠠᠭ ᠦᠶ᠎ᠡ ᠶ᠋ᠢᠨ ᠯᠧᠢ ᠹᠧᠩᠦᠨ ᠵᠣᠷᠢᠭ ᠰᠠᠨᠠᠭ᠎ᠠ ᠤᠮᠠᠷᠠᠲᠤ ᠬᠢᠯᠢ ᠵᠢ ᠭᠡᠢᠭᠦᠯᠬᠦ᠌》 ᠵᠠᠯᠠᠭᠤ ᠰᠠᠢᠨ ᠲᠤᠷᠠᠴᠤᠳ ᠤ᠋ᠨ ᠶᠠᠷᠢᠯᠴᠠᠬᠤ ᠬᠤᠷᠠᠯ ᠢ᠋ ᠲᠥᠰᠦᠪᠯᠡᠨ ᠵᠣᠬᠢᠶᠠᠨ ᠪᠠᠢᠭᠤᠯᠵᠤ᠂ ᠰᠠᠢᠨ ᠳᠤᠷ᠎ᠠ ᠶ᠋ᠢᠨ ᠦᠶ᠋ᠯᠡᠴᠢᠯᠡᠭᠡᠪᠡᠷ ᠠᠴᠢᠶᠠᠯᠠᠪᠤᠷᠢ ᠪᠣᠯᠭᠠᠵᠤ᠂ ᠥᠷᠭᠡᠨ ᠣᠯᠠᠨ ᠵᠠᠯᠠᠭᠤᠴᠤᠳ ᠤ᠋ᠨ ᠨᠠᠮ ᠤ᠋ᠨ ᠠᠴᠢ ᠳ᠋ᠦ ᠲᠠᠯᠠᠷᠬᠠᠬᠤ᠂ ᠨᠠᠮ ᠤ᠋ᠨ ᠦᠭᠡ ᠵᠢ ᠰᠣᠨᠣᠰᠭᠤ᠂ ᠨᠠᠮ ᠶ᠋ᠢᠡᠨ ᠲᠠᠭᠠᠵᠦ ᠤᠷᠤᠭᠰᠢᠯᠠᠬᠤ ᠬᠦᠰᠡᠯᠡᠩ ᠢᠲᠡᠭᠡᠯ ᠪᠢᠱᠢᠷᠡᠯ ᠶ᠋ᠢᠡᠨ ᠪᠠᠲᠤᠳᠭᠠᠬᠤ ᠵᠢ ᠪᠦᠲᠦᠮᠵᠢᠲᠡᠶ ᠬᠥᠲᠥᠯᠥᠨ ᠵᠢᠯᠣᠭᠣᠳᠪᠠ᠃
ᠤᠯᠠᠭᠠᠨᠬᠠᠳᠠ ᠬᠣᠲᠠ ᠶ᠋ᠢᠨ ᠯᠢᠨᠰᠢ ᠱᠢᠶᠠᠨ ᠳ᠋ᠦ ᠂ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠶᠡᠬᠡ ᠰᠤᠷᠭᠠᠭᠤᠯᠢ ᠶ᠋ᠢᠨ ᠯᠢ ᠱᠤᠸᠠᠢ ᠡᠪᠯᠡᠯᠦᠨ ᠪᠠᠢᠭᠤᠯᠤᠯᠲᠠ ᠶ᠋ᠢᠨ ᠵᠢᠭᠠᠨ ᠵᠢᠯᠣᠭᠣᠳᠣᠭ᠍ᠴᠢ ᠶ᠋ᠢᠨ ᠦᠶ᠋ᠯᠡᠳᠦᠯ ᠶ᠋ᠢᠡᠨ ᠭᠦᠶ᠋ᠴᠡᠳ ᠪᠠᠳᠠᠷᠠᠭᠤᠯᠵᠤ᠂ ᠱᠢᠷᠢᠰ ᠠᠵᠢᠯᠯᠠᠭ᠎ᠠᠪᠠᠷ 《ᠨᠠᠮ ᠤ᠋ᠨ ᠪᠠᠢᠭᠤᠯᠤᠯᠲᠠᠪᠠᠷ ᠡᠪᠯᠡᠯᠦᠨ ᠪᠠᠢᠭᠤᠯᠤᠯᠲᠠ ᠵᠢ ᠳᠠᠢᠴᠢᠯᠠᠬᠤ᠂ ᠡᠪᠯᠡᠯᠦᠨ ᠪᠠᠢᠭᠤᠯᠤᠯᠲᠠᠪᠠᠷ ᠠᠩᠭᠢ ᠶ᠋ᠢᠨ ᠪᠠᠢᠭᠤᠯᠤᠯᠲᠠ ᠵᠢ ᠠᠬᠢᠭᠤᠯᠬᠤ 》 ᠬᠥᠮᠦᠨ ᠬᠥᠮᠦᠵᠢᠭᠦᠯᠬᠦ᠌ ᠬᠡᠯᠬᠢᠶ᠎ᠡ ᠵᠢ ᠪᠠᠢᠭᠤᠯᠪᠠ᠃ 《 ᠰᠡᠳᠭᠢᠯ ᠨᠢᠭᠡᠳᠦᠨ ᠳᠤᠮᠳᠠᠳᠤ ᠶ᠋ᠢᠨ ᠵᠡᠭᠦᠳᠦ᠍ ᠵᠢ ᠬᠠᠮᠲᠤᠪᠠᠷ ᠲᠡᠷᠭᠡᠯᠱᠢᠭᠦᠯᠬᠦ᠌》ᠰᠤᠷᠤᠯᠭ᠎ᠠ ᠡᠬᠢᠯᠡᠬᠦ᠌ ᠨᠢᠭᠡᠳᠦᠭᠡᠷ ᠬᠢᠴᠢᠶᠡᠯᠳᠡᠬᠢ ᠵᠠᠯᠠᠭᠤ ᠨᠠᠰᠤᠨ ᠤ᠋ ᠰᠠᠨᠠᠭᠠᠴᠢᠯᠠᠭᠠᠠᠴᠠ᠂ ᠪᠦᠯᠬᠦᠮ ᠨᠢᠭᠡᠴᠢ ᠬᠠᠮᠲᠤᠪᠠᠷ ᠪᠠᠢᠭᠤᠯᠬᠤ ᠳᠤᠮᠳᠠ ᠵᠠᠯᠠᠭᠤᠴᠤᠳ ᠪᠠᠭᠠᠴᠤᠳ ᠢ᠋ ᠳᠠᠭᠠᠭᠤᠯᠤᠨ ᠮᠦᠽᠧᠢᠳᠦ ᠤᠴᠢᠵᠦ ᠬᠤᠪᠢᠰᠭᠠᠯ ᠤ᠋ᠨ ᠦᠯᠢᠭᠡᠷ ᠢ᠋ ᠰᠣᠨᠣᠰᠭᠤ ᠬᠦᠷᠲᠡᠯ᠎ᠡ᠂ ᠲᠠᠬᠢᠭᠠᠳ 《ᠤᠮᠠᠷᠠᠲᠤ ᠬᠢᠯᠢ ᠶ᠋ᠢᠨ ᠰᠣᠶᠣᠯ ᠤ᠋ᠨ ᠤᠬᠠᠭᠤᠯᠤᠭ᠍ᠴᠢ》 ᠵᠢᠨ ᠬᠤᠪᠢᠪᠠᠷ ᠪᠣᠳᠠᠰ ᠤ᠋ᠨ ᠪᠤᠰᠤ ᠰᠣᠶᠣᠯ ᠤ᠋ᠨ ᠥᠪᠦᠨ ᠭᠠᠷ ᠤᠷᠠᠯᠠᠯᠢ ᠰᠤᠳᠤᠯᠤᠨᠰᠤᠷᠤᠯᠴᠠᠬᠤ ᠬᠦᠷᠲᠡᠯ᠎ᠡ᠂ ᠲᠡᠷᠡ ᠢᠮᠠᠭ᠍ᠲᠠ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠡᠯ᠎ᠡ ᠵᠦᠢᠯᠦᠨ ᠠᠵᠢᠯᠯᠠᠭ᠎ᠠ ᠳ᠋ᠦ ᠲᠤᠭᠤᠱᠢᠯᠠᠭᠤᠯᠵᠤ᠂ ᠵᠠᠯᠠᠭᠤᠴᠤᠳ ᠪᠠᠭᠠᠴᠤᠳ ᠤ᠋ᠨ ᠰᠡᠳᠭᠢᠯᠳᠦ ᠤᠯᠤᠰ ᠶ᠋ᠢᠡᠨ ᠬᠠᠢᠷᠠᠯᠠᠬᠤ ᠰᠡᠳᠭᠢᠯᠭᠡ ᠪᠣᠯᠤᠨ ᠰᠣᠶᠣᠯ ᠤ᠋ᠨ ᠢᠲᠡᠭᠡᠯ ᠢ᠋ ᠭᠦᠨ ᠬᠠᠳᠠᠩᠱᠢᠭᠤᠯᠵᠠᠢ᠃
ᠪᠠᠶᠠᠨᠨᠠᠭᠤᠷ ᠬᠤᠳᠠ ᠶ᠋ᠢᠨ ᠡᠮᠨᠡᠯᠭᠡ ᠶ᠋ᠢᠨ ᠬᠤᠷᠢᠶ᠎ᠠ ᠳ᠋ᠦ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠶ᠋ᠢᠨ ᠯᠢᠦ ᠢ ᠺᠸ ᠲᠤᠰᠭᠠᠢ ᠮᠡᠷᠭᠡᠵᠢᠯᠵᠢᠡᠷ ᠵᠢᠡᠨ ᠡᠮᠴᠢ ᠡᠪᠡᠳᠴᠢᠲᠡᠨ ᠤ᠋ ᠬᠤᠭᠤᠷᠤᠨᠳᠤᠬᠢ ᠬᠠᠷᠢᠴᠠᠭ᠎ᠠ ᠵᠢ ᠬᠠᠯᠠᠮᠵᠢ ᠬᠠᠢᠷ᠎ᠠ ᠪᠠᠷ ᠲᠠᠬᠢᠨ ᠲᠠᠢᠯᠪᠤᠷᠢᠯᠠᠪᠠ᠃ ᠲᠡᠷᠡ ᠲᠤᠬᠠᠢᠯᠠᠭ᠍ᠰᠠᠨ ᠠᠵᠢᠯᠳᠠᠭᠠᠨ ᠴᠠᠭᠠᠷᠠᠭ᠍ᠰᠠᠨ ᠶ᠋ᠢᠡᠷ ᠪᠠᠷᠠᠬᠤ ᠦᠭᠡᠢ᠂ ᠨᠡᠩ ᠴᠤ᠌ ᠰᠡᠳᠭᠢᠯ ᠲᠠᠯᠪᠢᠨ ᠡᠪᠡᠳᠴᠢᠲᠡᠨ ᠤ᠋ ᠱᠠᠭᠠᠷᠳᠠᠯᠭ᠎ᠠ ᠵᠢ ᠰᠤᠨᠤᠰᠴᠤ᠂ ᠬᠠᠢᠷ᠎ᠠ ᠬᠠᠯᠠᠮᠵᠢ ᠤᠯᠭᠤᠵᠦ ᠵᠣᠪᠠᠨᠢᠯ ᠢ᠋ ᠠᠷᠢᠯᠭᠠᠵᠤ᠂ ᠡᠭᠡᠯ ᠵᠢᠷᠦᠨ ᠰᠤᠪᠢᠯᠠᠯᠲᠠ ᠶ᠋ᠢᠨ ᠠᠵᠢᠯ ᠤ᠋ᠨ ᠪᠠᠢᠷᠢ ᠳᠡᠭᠡᠷ᠎ᠡ ᠪᠠᠨ 《ᠬᠠᠶᠠ ᠡᠮᠨᠡᠨ ᠵᠠᠰᠠᠵᠤ᠂ ᠦᠷᠬᠦᠯᠵᠢ ᠬᠠᠪᠰᠤᠷᠤᠨ ᠲᠡᠳᠬᠦᠵᠦ᠂ ᠪᠠᠢᠡᠭᠭᠤ ᠲᠠᠢᠳᠭᠤᠷᠠᠭᠤᠯᠬᠤ》 ᠡᠮᠴᠢ ᠶ᠋ᠢᠨ ᠵᠣᠷᠢᠭ ᠰᠠᠨᠠᠭ᠎ᠠ ᠵᠢ ᠦᠢᠯᠡᠳᠦᠯᠭᠡᠵᠢᠭᠦᠯᠪᠠ᠃
ᠡᠳᠡᠭᠡᠷ ᠰᠤᠷᠤᠭ᠍ᠴᠢᠳ ᠦᠨᠳᠦᠰᠦᠨ ᠱᠠᠲᠤᠨ ᠳ᠋ᠦ ᠦᠨᠳᠦᠰᠦᠯᠡᠵᠦ᠍ ᠪᠠᠢᠭ᠎ᠠ ᠨᠢ ᠠᠵᠢᠯᠤᠨ ᠦᠩᠭᠡᠷᠡᠯᠳᠡ ᠵᠢᠨ ᠲᠥᠯᠥᠭᠡ ᠪᠢᠰᠢ᠂ ᠬᠠᠷᠢᠨ ᠠᠮᠢᠳᠤᠷᠠᠯ ᠤ᠋ᠨ ᠲᠤᠷᠰᠢᠯᠭ᠎ᠠ ᠪᠠᠨ ᠨᠡᠮᠡᠭᠳᠡᠭᠦᠯᠬᠦ ᠶ᠋ᠢᠨ ᠲᠥᠯᠥᠭᠡ ᠶᠤᠮ᠃ ᠲᠡᠳᠡ ᠤᠯᠠᠨ ᠲᠦᠮᠡᠨᠳᠦ ᠦᠢᠯᠡᠴᠢᠯᠡᠬᠦ᠌ ᠡᠮᠦᠨ᠎ᠡ ᠹᠷᠣᠨᠲ ᠲᠦ᠍ ᠡᠷᠳᠡᠮ ᠴᠢᠳᠠᠪᠤᠷᠢᠪᠠᠨ ᠳᠠᠪᠲᠠᠨ ᠪᠣᠯᠪᠠᠰᠤᠷᠠᠭᠤᠯᠵᠤ᠂ ᠪᠣᠳᠠᠲᠠᠢ ᠠᠵᠢᠯᠯᠠᠵᠤ ᠬᠤᠪᠢ ᠨᠡᠮᠡᠷᠢ ᠦᠵᠡᠭᠦᠯᠬᠦ᠌ ᠳᠤᠮᠳᠠ ᠳᠠᠪᠲᠠᠨ ᠪᠤᠯᠪᠠᠰᠤᠷᠠᠵᠦ᠂ ᠵᠠᠯᠠᠭᠤ ᠨᠠᠰᠤᠨ ᠤ᠋ ᠵᠢᠩᠬᠢᠨᠢ ᠦᠷᠳᠡᠭ ᠪᠣᠯ ᠶᠠᠭ ᠴᠠᠭ ᠦᠶᠡᠲᠡᠶ ᠵᠡᠷᠭᠡᠪᠡᠷ ᠤᠷᠤᠭ᠍ᠰᠢᠯᠠᠬᠤ᠂ ᠠᠷᠠᠳ ᠲᠦᠮᠡᠨᠲᠡᠶ ᠵᠡᠷᠭᠡᠪᠡᠷ ᠤᠷᠤᠭ᠍ᠰᠢᠯᠠᠬᠤ ᠲᠡᠮᠡᠴᠡᠯᠦᠨ ᠳᠤᠮᠳᠠ ᠪᠡᠶᠡᠯᠡᠭᠳᠡᠨ᠎ᠡ ᠭᠡᠳᠡᠭ ᠢ᠋ ᠪᠣᠳᠠᠲᠤ ᠠᠵᠢᠯᠯᠠᠭ᠎ᠠᠪᠠᠷ ᠶ᠋ᠢᠡᠨ ᠭᠡᠷᠡᠴᠢᠯᠡᠭ᠌ᠰᠡᠨ ᠪᠠᠢᠨ᠎ᠠ᠃
ᠰᠤᠷᠭᠠᠭᠤᠯᠢ ᠪᠠ ᠣᠷᠣᠨ ᠨᠤᠲᠤᠭ ᠬᠠᠮᠲᠤᠷᠠᠯ ᠬᠦᠴᠦᠨ ᠢ᠋ ᠪᠠᠢᠭᠤᠯᠵᠤ ᠬᠣᠣᠰ ᠴᠢᠭ᠌ᠯᠡᠯ ᠶ᠋ᠢᠡᠷ ᠬᠦᠴᠦᠨ ᠤᠯᠭᠤᠵᠤ ᠬᠠᠮᠲᠤᠪᠠᠷ ᠬᠦᠭᠵᠢᠭᠦᠯᠦᠨ᠎ᠡ
ᠵᠠᠯᠠᠭᠤ ᠰᠢᠷᠭᠠᠭᠤ ᠠᠵᠢᠯᠯᠠᠭᠰᠠᠳ ᠲᠦ᠍ 《ᠬᠥᠭᠥᠷᠭᠡ ᠲᠠᠯᠪᠢᠵᠤ ᠵᠠᠮ ᠳᠡᠪᠢᠰᠴᠦ᠍ ᠥᠭ᠌ᠬᠦ》 ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ᠋ ᠡᠪᠯᠡᠯᠦᠨ ᠬᠤᠷᠢᠶ᠎ᠠ ᠰᠤᠷᠭᠠᠭᠤᠯᠢ ᠪᠠ ᠣᠷᠣᠨ ᠨᠤᠲᠤᠭᠬᠠᠮᠲᠤᠪᠠᠷ ᠪᠠᠢᠭᠤᠯᠬᠤᠪᠠᠷ ᠲᠤᠯᠭᠠᠭᠤᠷᠢ ᠴᠡᠭ ᠪᠣᠯᠭᠠᠵᠤ᠂ ᠴᠢᠳᠠᠪᠤᠷᠢᠲᠠᠨ ᠬᠥᠮᠦᠵᠢᠭᠦᠯᠬᠦ᠌ ᠪᠠ ᠣᠷᠣᠨ ᠨᠤᠲᠤᠭ ᠤ᠋ᠨ ᠬᠥᠭ᠌ᠵᠢᠯᠲᠡ ᠶ᠋ᠢᠨ ᠬᠣᠣᠰ ᠴᠢᠭ᠌ᠯᠡᠯ ᠶ᠋ᠢᠡᠷ ᠬᠦᠴᠦᠨ ᠣᠯᠭᠣᠬᠤ ᠵᠢ ᠲᠠᠢ᠌ᠴᠢᠯᠠᠪᠠ᠃ ᠤᠯᠠᠨ ᠶᠡᠬᠡ ᠳᠡᠭᠡᠳᠦ ᠰᠤᠷᠭᠠᠭᠤᠯᠢ ᠶ᠋ᠢᠨ ᠡᠪᠯᠡᠯᠦᠨ ᠵᠣᠬᠢᠶᠠᠨ ᠪᠠᠢᠭᠤᠯᠤᠯᠲᠠ ᠰᠠᠨᠠᠭᠠᠴᠢᠯᠠᠭᠠᠠᠴᠠᠪᠠᠨ ᠣᠷᠣᠨ ᠨᠤᠲᠤᠭ ᠤ᠋ᠨ ᠬᠡᠷᠡᠭ᠌ᠴᠡᠭᠡᠲᠡᠶ ᠵᠣᠯᠭᠠᠭᠤᠯᠵᠤ᠂ ᠡᠷᠳᠡᠮ ᠱᠢᠨᠵᠢᠯᠡᠭᠡᠨᠦ ᠡᠬᠢ ᠪᠠᠶᠠᠯᠢᠭ ᠢ᠋ ᠦᠨᠳᠦᠰᠦᠨ ᠱᠠᠲᠤᠨ ᠳ᠋ᠦ ᠬᠦᠷᠭᠡᠵᠦ᠍᠂ ᠵᠠᠯᠠᠭᠤᠴᠤᠳ ᠤ᠋ᠨ ᠤᠶᠤᠨ ᠤᠬᠠᠭᠠᠨ ᠢ᠋ ᠦᠢᠯᠡᠳᠦᠯᠭᠡᠳᠦ ᠦᠨᠳᠦᠰᠦᠯᠡᠭᠦᠯᠪᠡ᠃
ᠥᠪᠥᠷ ᠮᠣᠩᠭᠣᠯ ᠤ᠋ᠨ ᠶᠡᠬᠡ ᠰᠤᠷᠭᠠᠭᠤᠯᠢ ᠶ᠋ᠢᠨ ᠡᠪᠯᠡᠯᠦᠨ ᠬᠣᠷᠢᠶ᠎ᠠ ᠰᠠᠢᠬᠠᠨ ᠲᠣᠭᠣᠷᠢᠭ᠂ ᠬᠣᠲᠣᠩ ᠠᠷᠠᠳ ᠤ᠋ᠨ ᠲᠣᠭᠣᠷᠢᠭ ᠵᠡᠷᠭᠡ ᠭᠠᠵᠠᠷ ᠢ᠋ ᠬᠣᠯᠪᠣᠭ᠍ᠰᠠᠨ ᠦᠶ᠋ᠯᠡᠳᠦᠯᠭᠡ ᠶ᠋ᠢᠨ ᠲᠠᠪᠴᠠᠩ ᠪᠠᠢᠭᠤᠯᠵᠤ᠂ ᠰᠤᠷᠤᠭ᠍ᠴᠢᠳ ᠤ᠋ᠨ ᠦᠨᠳᠦᠰᠦᠨ ᠱᠠᠲᠤᠨ ᠤ᠋ ᠵᠠᠰᠠᠯᠲᠠ ᠳ᠋ᠦ ᠣᠷᠣᠯᠴᠠᠬᠤ ᠵᠢ ᠬᠥᠲᠥᠯᠥᠨ ᠵᠢᠯᠣᠭᠣᠳᠪᠠ᠃ ᠵᠠᠯᠠᠭᠤ ᠰᠤᠷᠤᠭ᠍ᠴᠢᠳ ᠨᠡᠢᠭᠡᠮ ᠲᠣᠭᠣᠷᠢᠭ ᠵᠡᠭᠡᠯᠢ ᠭᠤᠳᠤᠮᠵᠢᠠᠴᠠ ᠠᠷᠠᠳ ᠤ᠋ᠨ ᠠᠮᠢᠳᠤᠷᠠᠯ ᠤ᠋ᠨ ᠪᠠᠢᠳᠠᠯ ᠢ᠋ ᠣᠢᠯᠠᠭᠠᠵᠤ᠂ ᠲᠤᠰᠭᠠᠶ ᠮᠡᠷᠭᠡᠵᠢᠯᠦᠨ ᠮᠡᠳᠡᠯᠭᠡ ᠪᠠᠨ ᠣᠯᠠᠨ ᠲᠦᠮᠡᠨᠳᠦ ᠦᠶ᠋ᠯᠡᠴᠢᠯᠡᠬᠦ᠌ ᠪᠣᠳᠠᠲᠠᠶ ᠴᠢᠳᠠᠪᠤᠷᠢ ᠪᠣᠯᠭᠠᠨ ᠬᠤᠪᠢᠷᠠᠭᠤᠯᠵᠤ᠂ 《ᠦᠵᠡᠭᠴᠢ》 ᠪᠠᠢᠭ᠍ᠰᠠᠨᠠᠴᠠᠪᠠᠨ 《ᠣᠷᠣᠯᠴᠠᠭ᠍ᠴᠢ》 ᠪᠣᠯᠵᠣ ᠬᠤᠪᠢᠷᠠᠬᠤ ᠵᠢ ᠪᠡᠶᠡᠯᠡᠭᠦᠯᠪᠡ᠃ ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠬᠢᠭᠡᠳ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠬᠠᠮᠲᠤᠷᠠᠨ ᠰᠤᠷᠭᠠᠭᠤᠯᠢ ᠣᠷᠣᠨ ᠨᠤᠲᠤᠭ ᠤ᠋ᠨ ᠬᠣᠯᠪᠣᠭ᠎ᠠ ᠪᠠᠢᠭᠤᠯᠵᠤ᠂ 《ᠬᠣᠯᠪᠣᠭ᠎ᠠ ᠵᠢ ᠨᠢᠭᠡᠳᠦᠯᠲᠡᠶ ᠲᠥᠯᠥᠪᠯᠡᠬᠦ᠌᠂ ᠳᠡᠭᠡᠳᠦ ᠰᠤᠷᠭᠠᠭᠤᠯᠢ ᠰᠠᠯᠪᠤᠷᠢ ᠬᠣᠯᠪᠣᠭᠠᠯᠠᠨ ᠬᠥᠳᠡᠯᠦᠯᠴᠡᠬᠦ᠌᠂ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ》 ᠠᠵᠢᠯ ᠤ᠋ᠨ ᠲᠣᠭ᠍ᠲᠠᠴᠠ ᠶ᠋ᠢᠨ ᠱᠢᠨ᠎ᠡ ᠵᠢ ᠡᠭᠦᠳᠪᠡ᠃ ᠡᠨᠡ ᠬᠦ᠌ ᠵᠠᠭ᠍ᠪᠤᠷ ᠨᠢ ᠤᠶᠤᠲᠠᠳ ᠤ᠋ᠨ ᠳᠠᠳᠤᠯᠭ᠎ᠠ ᠶ᠋ᠢᠨ ᠦᠶ᠋ᠯᠡᠳᠦᠯᠭᠡ ᠵᠢ ᠪᠠᠢᠩᠭᠤᠵᠢᠭᠤᠯᠬᠤ ᠵᠢ ᠠᠬᠢᠭᠤᠯᠤᠭ᠍ᠰᠠᠨ ᠶ᠋ᠢᠡᠷ ᠪᠠᠷᠠᠬᠤ ᠥᠬᠡᠶ᠂ ᠨᠠᠩ ᠴᠤ᠌ ᠵᠠᠯᠠᠭᠤ ᠴᠢᠳᠠᠪᠤᠷᠢᠲᠠᠨ ᠬᠢᠭᠡᠳ ᠣᠷᠣᠨ ᠨᠤᠲᠤᠭ ᠤ᠋ᠨ ᠬᠥᠭ᠌ᠵᠢᠯᠲᠡ ᠶ᠋ᠢᠨ ᠬᠠᠷᠢᠯᠴᠠᠨ ᠬᠦᠴᠦᠨ ᠤᠯᠭᠤᠬᠤ ᠰᠠᠢᠨ ᠰᠠᠢᠬᠠᠨ ᠠᠮᠢ ᠠᠬᠤᠶ ᠵᠢ ᠪᠣᠶ ᠪᠣᠯᠭᠠᠪᠠ᠃ ᠤᠯᠠᠭᠠᠨᠬᠠᠳᠠ ᠳ᠋ᠦ᠂ ᠶᠡᠬᠡ ᠳᠡᠭᠡᠳᠦ ᠰᠤᠷᠭᠠᠭᠤᠯᠢ ᠶ᠋ᠢᠨ ᠡᠪᠯᠡᠯᠦᠨ ᠬᠤᠷᠢᠶ᠎ᠠ ᠪᠣᠯᠤᠨ ᠣᠷᠣᠨ ᠨᠤᠲᠤᠭ ᠤ᠋ᠨ ᠡᠪᠯᠡᠯᠦᠨ ᠵᠣᠬᠢᠶᠠᠨ ᠪᠠᠢᠭᠤᠯᠤᠯᠲᠠ ᠶ᠋ᠢᠨ ᠬᠠᠮᠲᠤᠪᠠᠷ ᠴᠣᠭ᠍ᠴᠠᠯᠠᠭ᠍ᠰᠠᠨ 《ᠴᠢᠳᠠᠪᠤᠷᠢᠲᠠᠨ ᠢ᠋ ᠨᠢᠭ᠍ᠲᠠᠷᠠᠭᠤᠯᠬᠤ》 ᠲᠥᠯᠥᠪᠯᠡᠭᠡ ᠨᠢ 《ᠬᠠᠷᠢ ᠨᠤᠲᠤᠭ ᠲᠦ᠍ ᠰᠤᠷᠤᠯᠴᠠᠬᠤ》 ᠵᠢ 《 ᠲᠤᠬᠠᠢ ᠶ᠋ᠢᠨ ᠭᠠᠵᠠᠷ ᠲᠦ᠍ ᠵᠢᠳᠬᠦᠯ ᠦᠵᠡᠭᠦᠯᠬᠦ》 ᠪᠤᠯᠭᠠᠪᠠ ᠃ ᠣᠷᠣᠨ ᠨᠤᠲᠤᠭ ᠤ᠋ᠨ ᠠᠵᠤ ᠦᠢᠯᠡᠰᠦᠨ ᠬᠡᠷᠡᠭ᠌ᠴᠡᠭᠡ ᠪᠣᠯᠤᠨ ᠶᠡᠬᠡ ᠳᠡᠭᠡᠳᠦ ᠰᠤᠷᠭᠠᠭᠤᠯᠢ ᠶ᠋ᠢᠨ ᠤᠶᠤᠨ ᠤ᠋ ᠡᠬᠢ ᠪᠠᠶᠠᠯᠢᠭ ᠢ᠋ ᠤᠨᠤᠴᠠᠲᠠᠢ ᠵᠣᠯᠭᠠᠭᠤᠯᠬᠤᠪᠠᠷ ᠲᠠᠮᠵᠢᠨ᠂ ᠵᠠᠯᠠᠭᠤᠴᠤᠳ ᠤ᠋ᠨ ᠰᠢᠷᠭᠠᠭᠤ ᠠᠵᠢᠯᠯᠠᠬᠤ ᠴᠢᠳᠠᠪᠤᠷᠢ ᠵᠢ ᠳᠠᠪᠲᠠᠨ ᠪᠣᠯᠪᠠᠰᠤᠷᠠᠭᠤᠯᠤᠭ᠍ᠰᠠᠨ ᠪᠥᠭᠡᠳ ᠣᠷᠣᠨ ᠪᠦᠰᠡ ᠶ᠋ᠢᠨ ᠬᠥᠭ᠌ᠵᠢᠯᠲᠡᠳᠦ ᠱᠢᠨ᠎ᠡ ᠵᠢ ᠡᠭᠦᠳᠬᠦ᠌ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃
ᠡᠳᠡᠭᠡᠷ ᠦᠢᠯᠡᠳᠦᠯᠭᠡ ᠨᠢ ᠶᠡᠬᠡ ᠳᠡᠭᠡᠳᠦ ᠰᠤᠷᠭᠠᠭᠤᠯᠢ ᠪᠣᠯᠤᠨ ᠨᠡᠢᠭᠡᠮᠦᠨ ᠬᠣᠭᠣᠷᠣᠨᠳᠣᠬᠢ ᠪᠡᠬᠢᠯᠡᠯᠲᠡ ᠵᠢ ᠡᠪᠳᠡᠵᠦ᠍᠂ ᠡᠪ ᠬᠠᠮᠲᠤ ᠵᠠᠯᠠᠭᠤᠴᠤᠳ ᠤ᠋ᠨ ᠡᠪᠯᠡᠯᠦᠨ ᠵᠣᠬᠢᠶᠠᠨ ᠪᠠᠢᠭᠤᠯᠤᠯᠲᠠ ᠵᠢ ᠵᠠᠯᠠᠭᠤᠴᠤᠳ ᠤ᠋ᠨ ᠦᠰᠦᠨ ᠪᠣᠢᠵᠢᠯᠲᠠ ᠶ᠋ᠢᠨ ᠵᠠᠮ ᠳ᠋ᠡᠬᠢ ᠬᠠᠮᠲᠤ ᠤᠷᠤᠭᠰᠢᠯᠠᠭᠴᠢ ᠪᠣᠯᠭᠠᠪᠠ᠃ ᠣᠷᠣᠨ ᠨᠤᠲᠤᠭ ᠤ᠋ᠨ ᠬᠥᠭ᠌ᠵᠢᠯᠲᠡ ᠶ᠋ᠢᠨ ᠬᠡᠷᠡᠭ᠌ᠴᠡᠭᠡ ᠪᠣᠯᠤᠨ ᠵᠠᠯᠠᠭᠤᠴᠤᠳ ᠤ᠋ᠨ ᠦᠰᠦᠨ ᠪᠤᠢᠵᠢᠯᠲᠠ ᠶ᠋ᠢᠨ ᠱᠠᠭᠠᠷᠳᠠᠯᠭ᠎ᠠ ᠵᠢ ᠤᠨᠤᠴᠠᠲᠠᠢ ᠵᠣᠯᠭᠠᠭᠤᠯᠬᠤᠪᠠᠷ ᠳᠠᠮᠵᠢᠨ᠂ ᠵᠠᠯᠠᠭᠤᠴᠤᠳ ᠢ᠋ ᠬᠠᠪᠰᠤᠷᠤᠨ ᠦᠨᠳᠦᠰᠦᠨ ᠱᠠᠲᠤᠨ ᠤ᠋ ᠦᠢᠯᠡᠳᠦᠯᠭᠡ ᠳᠤᠮᠳᠠ 《ᠰᠤᠷᠭᠠᠨ ᠬᠥᠮᠦᠵᠢᠯ ᠬᠦᠷᠲᠡᠵᠦ᠂ ᠡᠷᠳᠡᠮ ᠴᠢᠳᠠᠪᠤᠷᠢᠪᠠᠨ ᠳᠡᠭᠡᠭ᠌ᠰᠢᠯᠡᠭᠦᠯᠵᠦ᠍᠂ ᠬᠤᠪᠢ ᠨᠡᠮᠡᠷᠢ ᠦᠵᠡᠭᠦᠯᠬᠦ᠌》 ᠵᠢ ᠮᠡᠳᠡᠷᠡᠭᠦᠯᠦᠭᠰᠡᠨ ᠵᠢᠡᠷ ᠪᠠᠷᠠᠬᠤ ᠦᠭᠡᠢ᠂ ᠨᠡᠩ ᠴᠤ᠌ ᠴᠢᠳᠠᠪᠤᠷᠢᠲᠠᠨ ᠬᠥᠮᠦᠵᠢᠭᠦᠯᠬᠦ᠌ ᠪᠠ ᠨᠡᠢᠭᠡᠮᠦᠨ ᠦᠢᠯᠡᠴᠢᠯᠡᠭᠡ ᠬᠠᠷᠢᠯᠴᠠᠨ ᠠᠬᠢᠭᠤᠯᠵᠤ ᠬᠠᠮᠲᠤᠪᠠᠷ ᠠᠱᠢᠭ ᠬᠦᠷᠳᠡᠬᠦ᠌ ᠱᠢᠨ᠎ᠡ ᠠᠷᠭ᠎ᠠ ᠵᠠᠮ ᠢ᠋ ᠠᠮᠵᠢᠯᠲᠠᠲᠠᠶ ᠰᠦᠪᠡᠭᠴᠢᠯᠡᠨ ᠭᠠᠷᠭᠠᠵᠤ ᠂ ᠵᠠᠯᠠᠭᠤ ᠨᠠᠰᠤᠨ ᠤ᠋ ᠬᠦᠴᠦᠨ ᠴᠢᠳᠠᠯ ᠤ᠋ᠨ ᠡᠬᠡ ᠤᠯᠤᠰ ᠤ᠋ᠨ ᠤᠮᠠᠷᠠᠲᠤ ᠬᠢᠯᠢ ᠶ᠋ᠢᠨ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠳᠤᠮᠳᠠ ᠣᠷᠣᠨ ᠪᠠᠢᠷᠢᠪᠠᠨ ᠣᠯᠵᠤ᠂ ᠭᠡᠷᠡᠯ ᠭᠢᠯᠪᠠᠭᠠᠪᠠᠨ ᠰᠠᠴᠤᠷᠠᠭᠤᠯᠬᠤ ᠵᠢ ᠠᠬᠢᠭᠤᠯᠪᠠ᠃
ᠱᠢᠨᠵᠢᠯᠡᠬᠦ᠌ ᠤᠬᠠᠭᠠᠨ ᠤ᠋ ᠰᠤᠳᠤᠯᠭᠠᠨ ᠬᠢᠭᠡᠳ ᠰᠠᠭᠤᠷᠢᠨ ᠬᠣᠣᠰ ᠴᠢᠭ᠌ᠯᠡᠯ ᠵᠢᠡᠷ ᠬᠠᠮᠵᠢᠯᠴᠠᠵᠤ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠨ᠎ᠡ
《ᠵᠠᠯᠠᠭᠤ ᠰᠢᠷᠭᠠᠭᠤ ᠠᠵᠢᠯᠯᠠᠬᠴᠢ ᠶ᠋ᠢᠨ ᠲᠥᠯᠥᠪᠯᠡᠭᠡ 》 ᠨᠢ ᠶᠡᠬᠡ ᠳᠡᠭᠡᠳᠦ ᠰᠤᠷᠭᠠᠭᠤᠯᠢ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠡᠬᠢ ᠪᠠᠶᠠᠯᠢᠭ ᠢ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠭᠣᠣᠯ ᠳᠠᠢᠨ ᠤ᠋ ᠲᠠᠯᠠᠪᠤᠷᠲᠠᠶ ᠭᠦᠨᠵᠡᠭᠡᠢ ᠵᠣᠯᠭᠠᠭᠤᠯᠬᠤ ᠵᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨ ᠦᠷ᠎ᠡ ᠪᠦᠲᠦᠭᠡᠯ ᠢ᠋ ᠲᠤᠷᠱᠢᠯᠲᠠ ᠶ᠋ᠢᠨ ᠲᠠᠰᠤᠭᠠᠴᠠ ᠰᠠᠯᠭᠠᠵᠤ᠂ ᠲᠠᠷᠢᠶᠠᠨ ᠭᠠᠵᠠᠷ ᠲᠦ᠍ ᠦᠨᠳᠦᠰᠦᠯᠡᠭᠦᠯᠪᠡ᠃ ᠵᠠᠯᠠᠭᠤ ᠡᠷᠳᠡᠮᠲᠡᠳ ᠥᠭᠦᠯᠡᠯ ᠶ᠋ᠢᠡᠨ ᠲᠠᠯ᠎ᠠ ᠨᠤᠲᠤᠭ ᠤ᠋ᠨ ᠮᠠᠯᠵᠢᠬᠤ ᠣᠷᠣᠨ ᠳ᠋ᠦ ᠪᠢᠴᠢᠵᠦ᠍᠂ ᠱᠢᠨᠵᠢᠯᠡᠬᠦ᠌ ᠤᠬᠠᠭᠠᠨ ᠤ᠋ ᠰᠤᠳᠤᠯᠭᠠᠨ ᠵᠢᠡᠨ ᠲᠠᠷᠢᠶᠠᠯᠠᠬᠤ ᠡᠷᠦᠬᠡᠳᠦ ᠬᠢᠵᠦ᠍᠂ ᠱᠢᠨᠵᠢᠯᠡᠬᠦ᠌ ᠤᠬᠠᠭᠠᠨ ᠤ᠋ ᠰᠤᠳᠤᠯᠭᠠᠨ ᠪᠠ ᠦᠶ᠋ᠯᠡᠳᠦᠯᠭᠡ ᠶ᠋ᠢᠨ ᠬᠤᠤᠰ ᠴᠢᠭ᠌ᠯᠡᠯ ᠶ᠋ᠢᠡᠷ ᠬᠦᠴᠦᠨ ᠣᠯᠭᠣᠬᠤ ᠠᠮᠢᠳᠤᠯᠢᠭ ᠪᠠᠢᠳᠠᠯ ᠢ᠋ ᠪᠦᠷᠢᠯᠳᠦᠭᠦᠯᠪᠡ᠃
ᠬᠠᠭᠤᠴᠢᠨ ᠪᠠᠷᠭᠤ ᠬᠣᠱᠢᠭᠤᠨ ᠳ᠋ᠦ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠵᠠᠯᠠᠭᠤ ᠳ᠋ᠣᠺᠲ᠋ᠣᠷᠨᠠᠷ ᠬᠢᠴᠢᠶᠡᠯᠦᠨ ᠲᠠᠩᠬᠢᠮ ᠶ᠋ᠢᠡᠨ ᠮᠠᠯᠴᠢᠳ ᠤ᠋ᠨ ᠬᠠᠱᠢᠶᠠ ᠰᠠᠷᠠᠪᠴᠢ ᠪᠠ ᠲᠠᠷᠢᠶᠠᠨ ᠭᠠᠵᠠᠷ ᠲᠦ᠍ ᠰᠢᠯᠵᠢᠭᠦᠯᠪᠡ᠃ ᠲᠠᠳᠠ ᠡᠪᠡᠰᠦ ᠪᠣᠷᠳᠣᠭᠠᠨ ᠤ᠋ ᠬᠠᠵᠠᠭᠤ ᠳ᠋ᠦ ᠠᠵᠢᠯᠯᠠᠵᠤ᠂ ᠮᠠᠯ ᠤᠨᠤᠭ᠎ᠠ ᠶ᠋ᠢᠨ ᠦᠰᠦᠯᠲᠡ ᠶ᠋ᠢᠨ ᠪᠠᠢᠳᠠᠯ ᠢ᠋ ᠨᠠᠷᠢᠨ ᠠᠵᠢᠭ᠍ᠯᠠᠵᠤ᠂ ᠱᠢᠨ᠎ᠡ ᠬᠡᠯᠪᠡᠷᠢ ᠶ᠋ᠢᠨ ᠠᠷᠠᠴᠢᠯᠠᠨ ᠲᠡᠵᠢᠭᠡᠬᠦ᠌ ᠮᠡᠷᠭᠡᠵᠢᠯ ᠢ᠋ ᠪᠡᠶᠡᠴᠢᠯᠡᠨ ᠵᠢᠯᠤᠭᠤᠳᠤᠨ᠎ᠠ — ᠡᠨᠡ ᠬᠦ᠌ ᠠᠮᠢᠵᠢᠷᠠᠯ ᠤ᠋ᠨ ᠬᠦᠴᠦᠨ ᠶ᠋ᠢᠡᠷ ᠪᠢᠯᠬᠠᠮ᠎ᠠ ᠭᠠᠵᠠᠷ ᠨᠤᠲᠤᠭᠨᠢ ᠲᠡᠳᠡᠨᠦ ᠬᠠᠮᠤᠭ ᠤ᠋ᠨ ᠠᠮᠢᠳᠤᠯᠢᠭ 《ᠲᠤᠷᠱᠢᠯᠲᠠ ᠶ᠋ᠢᠨ ᠲᠠᠰᠤᠭ》 ᠪᠣᠯᠵᠠᠶ᠃ ᠡᠨᠳᠡ᠂ ᠶᠡᠬᠡ ᠳᠡᠭᠡᠳᠦ ᠰᠤᠷᠭᠠᠭᠤᠯᠢ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨ ᠣᠶᠤᠨ ᠤᠬᠠᠭᠠᠨ ᠪᠣᠯᠤᠨ ᠲᠠᠯ᠎ᠠ ᠨᠤᠲᠤᠭ ᠤ᠋ᠨ ᠪᠣᠳᠠᠲᠤ ᠬᠡᠷᠡᠭ᠌ᠴᠡᠭᠡ ᠭᠦᠨᠵᠡᠭᠡᠶ ᠵᠤᠯᠭᠠᠯᠴᠠᠵᠤ᠂ ᠴᠢᠳᠠᠪᠤᠷᠢᠲᠠᠨ ᠤ᠋ ᠳᠠᠪᠠᠭᠤᠯᠢᠭ ᠪᠣᠯᠤᠨ ᠠᠵᠤ ᠦᠶ᠋ᠯᠡᠰᠦᠨ ᠡᠬᠢ ᠪᠠᠶᠠᠯᠢᠭ ᠪᠦᠷᠢᠨ ᠲᠡᠭᠦᠯᠳᠡᠷ ᠠᠭᠤᠰᠤᠯᠴᠠᠪᠠ᠃
ᠪᠠᠶᠠᠨᠨᠠᠭᠤᠷ ᠬᠣᠲᠠ ᠶ᠋ᠢᠨ ᠯᠢᠨ ᠾᠧ ᠲᠣᠭᠣᠷᠢᠭ ᠲᠦ᠍᠂ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠶᠡᠬᠡ ᠰᠤᠷᠭᠠᠭᠤᠯᠢ ᠶ᠋ᠢᠨ ᠠᠰᠫᠢᠷᠠᠨᠲ ᠳ᠋ᠣᠺᠲ᠋ᠣᠷᠠᠨᠲ ᠲᠣᠰᠭᠣᠨ ᠳ᠋ᠦ ᠭᠦᠨᠵᠡᠭᠡᠢᠷᠡᠵᠦ᠂ ᠲᠠᠷᠢᠶᠠᠨ ᠦᠵᠦᠭᠦᠷ ᠲᠦ᠍ ᠰᠠᠭᠤᠵᠤ ᠴᠢᠬᠢ ᠪᠠᠷᠢᠭᠰᠠᠨ ᠨᠤᠷᠮ᠎ᠠ ᠵᠢ ᠪᠠᠢᠴᠠᠭᠠᠨ ᠦᠵᠡᠵᠦ᠍᠂ ᠬᠠᠨᠵᠤᠨ ᠳᠡᠭᠡᠷ᠎ᠡ ᠰᠠᠭᠤᠵᠤ ᠠᠷᠠᠳ ᠲᠦᠮᠡᠨ ᠤ᠋ ᠰᠡᠳᠬᠢᠯ ᠤ᠋ᠨ ᠲᠠᠭᠤᠨ ᠢ᠋ ᠰᠤᠨᠤᠰᠤᠨ᠎ᠠ᠃ ᠲᠡᠳᠡ ᠲᠦᠷᠦ᠍ ᠶ᠋ᠢᠨ ᠪᠤᠳᠤᠯᠭᠠᠵᠢ ᠮᠠᠯᠴᠢᠨ ᠲᠠᠷᠢᠶᠠᠴᠢᠨᠤ ᠤᠢᠯᠠᠭᠠᠬᠤ ᠳ᠋ᠦ ᠳᠦᠬᠦᠮ ᠬᠡᠯᠪᠡᠷᠢ ᠪᠡᠷ ᠲᠠᠢᠯᠪᠤᠷᠢᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠱᠢᠨ᠎ᠡ ᠡᠭᠦᠳᠦᠯᠲᠡ ᠵᠢ ᠪᠣᠳᠠᠲᠠᠢ ᠦᠢᠯᠡᠳᠪᠦᠷᠢᠯᠡᠯᠦᠨ ᠭᠣᠭ᠍ᠴᠣᠭᠠ ᠳ᠋ᠦ ᠠᠭᠤᠰᠤᠯᠴᠠᠭᠤᠯᠪᠠ᠃ ᠨᠢᠭᠡᠨ ᠳ᠋ᠣᠺᠲ᠋ᠣᠷ ᠪᠠᠢᠴᠠᠭᠠᠨ ᠰᠤᠳᠤᠯᠤᠯᠲᠠ ᠶ᠋ᠢᠨ ᠡᠳᠦᠷᠦᠨ ᠲᠡᠮᠳᠡᠭ᠌ᠯᠡᠯᠳᠡᠭᠡᠨ᠄ 《 ᠭᠠᠭ᠍ᠴᠠ ᠬᠦ᠌ ᠬᠥᠯ ᠤ᠋ᠨ ᠤᠯᠠ ᠳ᠋ᠦ ᠰᠢᠪᠠᠷ ᠱᠢᠷᠣᠶ ᠨᠠᠭᠠᠯᠳᠤᠪᠠᠯ ᠰᠠᠶᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠦᠨᠡᠨ ᠬᠦ᠌ ᠡᠬᠡ ᠭᠠᠵᠠᠷ ᠲᠦ᠍ ᠦᠨᠳᠦᠰᠦᠯᠡᠭᠦᠯᠵᠦ᠍ ᠴᠢᠳᠠᠨ᠎ᠠ 》 ᠭᠡᠵᠦ ᠪᠢᠴᠢᠭᠰᠡᠨ ᠪᠠᠢᠯ᠎ᠠ᠃
ᠡᠳᠡᠭᠡᠷ ᠡᠮᠦᠨ᠎ᠡ ᠹᠷᠣᠨᠲ ᠲᠦ᠍ ᠦᠨᠳᠦᠰᠦᠯᠡᠭ᠌ᠰᠡᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠢᠯᠡᠳᠦᠯᠭᠡ ᠨᠢ ᠶᠡᠬᠡ ᠳᠡᠭᠡᠳᠦ ᠰᠤᠷᠭᠠᠭᠤᠯᠢ ᠶ᠋ᠢᠨ ᠨᠡᠢᠭᠡᠮᠦᠨ ᠦᠢᠯᠡᠴᠢᠯᠡᠭᠡᠨᠦ ᠴᠢᠳᠠᠮᠵᠢ ᠶ᠋ᠢᠨ ᠦᠷᠭᠦᠯᠵᠢᠯᠡᠯ ᠪᠣᠯᠬᠤ ᠪᠥᠭᠡᠳ ᠵᠠᠯᠠᠭᠤ ᠰᠤᠷᠤᠭ᠍ᠴᠢᠳ ᠤ᠋ᠨ ᠰᠢᠷᠭᠠᠭᠤ ᠠᠵᠢᠯᠯᠠᠬᠤ ᠳᠤᠮᠳᠠ ᠦᠰᠦᠨ ᠪᠣᠢᠵᠢᠬᠤ ᠲᠠᠪᠴᠠᠩ ᠪᠤᠯᠪᠠ᠃ ᠶᠡᠬᠡ ᠳᠡᠭᠡᠳᠦ ᠰᠤᠷᠭᠠᠭᠤᠯᠢ ᠶ᠋ᠢᠨ ᠵᠠᠯᠠᠭᠤᠴᠤᠳ ᠠᠳᠠᠯᠢ ᠪᠤᠰᠤ ᠲᠤᠰᠭᠠᠢ ᠮᠡᠷᠭᠡᠵᠢᠯᠦᠨ ᠬᠠᠷᠠᠭᠠᠰᠤ ᠡᠴᠡ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠴᠠᠭ ᠦᠶ᠎ᠡ ᠶ᠋ᠢᠨ ᠰᠡᠳᠦᠪᠲᠦ ᠬᠠᠮᠲᠤᠪᠠᠷ ᠬᠠᠷᠢᠭᠤᠯᠲᠠ ᠥᠭ᠌ᠴᠦ᠂ ᠦᠨᠳᠦᠰᠦᠨ ᠱᠠᠲᠤᠨ ᠤ᠋ ᠦᠢᠯᠡᠳᠦᠯᠭᠡ ᠳᠤᠮᠳᠠ 《ᠡᠷᠳᠡᠮ ᠮᠡᠳᠡᠯᠭᠡ ᠬᠥᠭᠡᠭᠡᠴᠡᠯᠳᠦᠭ᠌ᠴᠢ》 ᠡᠴᠡ 《ᠰᠢᠷᠭᠠᠭᠤ ᠠᠵᠢᠯᠯᠠᠭ᠍ᠴᠢ》 ᠪᠤᠯᠵᠤ ᠬᠤᠪᠢᠷᠠᠵᠠᠢ᠃
ᠦᠨᠳᠦᠰᠦᠨ ᠱᠠᠲᠤ ᠪᠣᠯ ᠵᠠᠯᠠᠭᠤᠴᠤᠳ ᠤ᠋ᠨ ᠦᠰᠦᠨ ᠪᠣᠢᠵᠢᠯᠲᠠ ᠶ᠋ᠢᠨ ᠬᠠᠮᠤᠭ ᠤ᠋ᠨ ᠥᠩ ᠱᠢᠮᠡᠯᠢᠭ ᠬᠥᠷᠥᠰᠥ᠍ ᠱᠢᠷᠣᠶ ᠮᠥᠨ᠂ ᠪᠣᠳᠠᠲᠠᠶ ᠠᠵᠢᠯᠯᠠᠬᠤ ᠪᠣᠯ ᠵᠠᠯᠠᠭᠤ ᠨᠠᠰᠤᠨ ᠤ᠋ ᠬᠠᠮᠤᠭ ᠤ᠋ᠨ ᠪᠠᠲᠤ ᠴᠢᠩᠭ᠎ᠠ ᠳᠦᠷᠢ ᠲᠥᠷᠬᠦ᠌ ᠮᠥᠨ᠃ 《 ᠵᠠᠯᠠᠭᠤ ᠰᠢᠷᠭᠠᠭᠤ ᠠᠵᠢᠯᠯᠠᠬᠴᠢ ᠶ᠋ᠢᠨ ᠲᠥᠯᠥᠪᠯᠡᠭᠡ》 ᠨᠢ ᠡᠪ ᠬᠠᠮᠲᠤ ᠵᠠᠯᠠᠭᠤᠴᠤᠳ ᠤ᠋ᠨ ᠡᠪᠯᠡᠯᠦᠨ ᠵᠣᠬᠢᠶᠠᠨ ᠪᠠᠢᠭᠤᠯᠤᠯᠲᠠ ᠵᠠᠯᠠᠭᠤᠴᠤᠳ ᠢ᠋ ᠬᠦᠳᠦᠯᠦᠨ ᠳᠠᠭᠠᠭᠤᠯᠵᠤ᠂ ᠵᠠᠯᠠᠭᠤᠴᠤᠳ ᠢ᠋ ᠨᠢᠭ᠍ᠲᠠᠷᠠᠭᠤᠯᠵᠤ᠂ ᠵᠠᠯᠠᠭᠤᠴᠤᠳ ᠢ᠋ ᠬᠦᠮᠦᠵᠢᠭᠦᠯᠬᠦ ᠪᠦᠲᠦᠮᠵᠢᠲᠡᠢ ᠠᠴᠢᠶᠠᠯᠠᠪᠤᠷᠢ ᠪᠣᠯᠬᠤᠪᠠᠷ ᠪᠠᠷᠠᠬᠤ ᠦᠭᠡᠢ᠂ ᠨᠡᠩ ᠴᠤ᠌ 《ᠦᠢᠯᠡᠳᠦᠯᠭᠡᠪᠡᠷ ᠬᠥᠮᠦᠨ ᠢ᠋ ᠬᠥᠮᠦᠵᠢᠭᠦᠯᠵᠦ᠍᠂ ᠬᠣᠣᠰ ᠴᠢᠭ᠌ᠯᠡᠯ ᠶ᠋ᠢᠡᠷ ᠬᠦᠴᠦᠨ ᠣᠯᠭᠣᠬᠤ》 ᠴᠤ ᠱᠢᠨ᠎ᠡ ᠠᠷᠭ᠎ᠠ ᠵᠠᠮ ᠢ᠋ ᠰᠦᠪᠡᠭ᠌ᠴᠢᠯᠡᠨ ᠭᠠᠷᠭᠠᠵᠠᠢ᠃ ᠢᠷᠡᠭᠡᠳᠦᠶᠪᠡᠨ ᠪᠠᠷᠠᠯᠠᠬᠤᠶ᠎ᠠ᠂ ᠥᠪᠡᠷᠲᠡᠭᠡᠨ ᠵᠠᠰᠠᠬᠤ ᠣᠷᠣᠨ ᠤ᠋ ᠡᠪᠯᠡᠯᠦᠨ ᠬᠣᠷᠢᠶ᠎ᠠ ᠴᠢᠳᠠᠪᠤᠷᠢᠲᠠᠨ ᠢ᠋ ᠬᠥᠮᠦᠵᠢᠭᠦᠯᠬᠦ᠌ ᠪᠠ ᠦᠶ᠋ᠯᠡᠳᠦᠯᠭᠡ ᠶ᠋ᠢᠨ ᠬᠡᠷᠡᠭ᠌ᠯᠡᠭᠡᠨᠦ ᠵᠠᠮ ᠢ᠋ ᠤᠯᠠᠮ ᠨᠢᠭᠡ ᠠᠯᠬᠤᠮ ᠨᠡᠪᠲᠡᠷᠡᠭᠦᠯᠵᠦ᠍᠂ ᠨᠠᠩ ᠣᠯᠠᠨ ᠬᠦᠰᠡᠯ ᠬᠦᠭᠡᠭᠡᠴᠡᠯᠳᠦᠯᠲᠠᠶ ᠵᠠᠯᠠᠭᠤᠴᠤᠳ ᠢ᠋ ᠦᠨᠳᠦᠰᠦᠨ ᠱᠠᠲᠤᠨ ᠳ᠋ᠦ ᠦᠨᠳᠦᠰᠦᠯᠡᠭᠦᠯᠵᠦ᠂ ᠨᠠᠩ ᠣᠯᠠᠨ ᠵᠠᠯᠠᠭᠤᠴᠤᠳ ᠤ᠋ᠨ ᠦᠨᠳᠦᠰᠦᠨ ᠱᠠᠲᠤᠨ ᠤ᠋ ᠪᠤᠳᠠᠳᠤ ᠠᠵᠢᠯᠯᠠᠭ᠎ᠠ ᠳᠤᠮᠳᠠ ᠥᠷᠲᠡᠭ ᠵᠢᠡᠨ ᠪᠡᠶᠡᠯᠡᠭᠦᠯᠬᠦ ᠵᠢ ᠳᠠᠢᠴᠢᠯᠠᠵᠤ᠂ ᠣᠷᠣᠨ ᠪᠦᠰᠡ ᠶ᠋ᠢᠨ ᠬᠥᠭ᠌ᠵᠢᠯᠲᠡᠳᠦ ᠵᠠᠯᠠᠭᠤ ᠨᠠᠰᠤᠨ ᠤ᠋ ᠬᠦᠴᠦᠨ ᠴᠢᠳᠠᠯ ᠢ᠋ ᠨᠡᠮᠡᠷᠢᠯᠡᠵᠦ ᠪᠤᠢ᠃