11 ᠰᠠᠷ᠎ᠠ ᠵᠢᠨ ᠤᠮᠠᠷᠠᠳᠦ ᠬᠢᠯᠢ ᠳ᠋ᠤ ᠬᠦᠢᠳᠡᠨ ᠰᠠᠯᠬᠢ ᠰᠡᠷᠴᠢᠬᠢᠨᠡᠵᠤ ᠡᠬᠢᠯᠡᠭᠰᠡᠨ ᠪᠤᠯᠪᠠᠴᠦ ᠪᠤᠭᠤᠲᠤ ᠵᠢᠨ ᠡᠬᠡ ᠭᠠᠵᠠᠷ ᠲᠤ᠌ ᠬᠠᠷᠢᠨ ᠬᠦᠷ ᠬᠦᠭᠵᠢᠶᠡᠨ ᠲᠠᠢ ᠠᠭᠤᠷ ᠠᠮᠢᠰᠬᠤᠯ ᠪᠢᠯᠬᠠᠨ᠎ᠠ᠃ ᠪᠥᠬᠥ᠌ ᠵᠢᠯ ᠤ᠋ᠨ ᠬᠠᠷᠠᠯᠲᠠ ᠡᠭᠦᠷᠭᠡ ᠵᠢ ᠪᠡᠶᠡᠯᠡᠬᠦᠯᠬᠦ ᠡᠴᠦᠰ ᠤ᠋ᠨ ᠬᠣᠶᠠᠷ ᠰᠠᠷ᠎ᠠ ᠵᠢᠨ ᠱᠢᠪᠲᠤᠯᠤᠯᠲᠠ ᠬᠢᠬᠦ᠌ ᠵᠠᠩᠭᠢᠯᠠᠭ᠎ᠠ ᠵᠢᠨ ᠴᠠᠭ ᠮᠦᠴᠡ ᠳ᠋ᠦ᠂ ᠡᠨᠡ ᠬᠦ᠌ ᠬᠠᠭᠤᠴᠢᠨ ᠠᠵᠤ ᠦᠶ᠋ᠯᠡᠳᠪᠦᠷᠢ ᠵᠢᠨ ᠰᠠᠭᠤᠷᠢᠨ ᠨᠢ ᠴᠢᠬᠤᠯᠠ ᠶᠡᠬᠡ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠵᠢ ᠡᠷᠴᠢᠮᠳᠠᠢ ᠠᠬᠢᠭᠤᠯᠵᠦ᠂ ᠴᠢᠨᠠᠷ ᠰᠠᠢᠲᠠᠶ ᠬᠥᠭ᠌ᠵᠢᠯᠲᠡ ᠵᠢᠨ ᠵᠠᠮ ᠵᠢᠡᠷ ᠳᠦᠷᠦᠭᠡ ᠴᠢᠩᠭᠠᠯᠠᠨ ᠳᠠᠪᠬᠢᠭᠤᠯᠵᠦ ᠪᠠᠢᠨ᠎ᠠ᠃
11 ᠰᠠᠷ᠎ᠠ ᠵᠢᠨ 6 ᠤ᠋ ᠡᠳᠦᠷ᠂ ᠪᠠᠶᠠᠠᠠᠤᠪᠤᠭ᠎ᠠ ᠠᠭᠤᠷᠬᠠᠢ ᠵᠢᠨ ᠤᠷᠤᠨ ᠤ᠋ ᠪᠠᠷᠠᠭᠤᠨ ᠠᠵᠤ ᠦᠢᠯᠡᠳᠪᠦᠷᠢ ᠵᠢᠨ ᠬᠦᠷᠢᠶᠡᠯᠡᠩ ᠳ᠋ᠤ ᠡᠷᠬᠦᠬᠦᠷ ᠮᠠᠰᠢᠨ᠂ ᠬᠣᠭᠣᠯᠠᠢ ᠮᠠᠲᠸᠷᠢᠶᠠᠯ ᠢ᠋ ᠡᠮᠬᠢ ᠴᠡᠭ᠌ᠴᠡ ᠲᠡᠶ ᠪᠠᠢᠷᠢᠯᠠᠭᠤᠯᠵᠦ᠂ ᠮᠠᠱᠢᠨ ᠮᠧᠬᠠᠨᠢᠭ ᠬᠦᠷᠴᠢᠬᠢᠨᠡᠨ᠂ ᠠᠵᠢᠯᠴᠢᠳ ᠨᠢᠭ᠍ᠲᠠ ᠬᠠᠮᠵᠢᠯᠴᠠᠨ ᠠᠵᠢᠯᠯᠠᠵᠠᠭᠠᠨ᠎ᠠ᠃ ᠲᠥᠷᠥᠯ ᠵᠦᠶ᠋ᠯ ᠤ᠋ᠨ ᠲᠤᠬᠠᠶ ᠵᠢᠨ ᠲᠠᠯᠠᠪᠠᠶ ᠳ᠋ᠦ ᠤᠯᠤᠰ ᠤ᠋ᠨ ᠳᠣᠲᠣᠭᠠᠳᠤ ᠳ᠋ᠦ ᠲᠦᠷᠦᠬᠦᠯᠡᠵᠦ ᠪᠠᠢᠭ᠎ᠠ ᠶᠡᠬᠡ ᠬᠡᠪᠴᠢᠶ᠎ᠡ᠂ ᠠᠯᠤᠰ ᠵᠠᠶ ᠵᠢᠨ ᠤᠰᠤᠲᠥ᠋ᠷᠥᠭ᠌ᠴᠢ ᠳᠠᠮᠵᠢᠭᠤᠯᠬᠤ ᠬᠣᠭᠣᠯᠠᠶ ᠵᠢᠨ ᠢᠨᠵᠧᠨᠧᠷᠢᠩ ᠤ᠋ᠨ ᠪᠦᠳᠦᠬᠡᠨ ᠪᠠᠢᠭᠤᠯᠤᠯᠳᠠ ᠶᠠᠭ ᠱᠠᠯᠠᠪᠳᠠᠨ ᠶᠠᠪᠤᠭᠳᠠᠵᠦ ᠪᠣᠶ᠃ ᠡᠨᠡ ᠬᠦ᠌ ᠪᠥᠬᠥ᠌ ᠣᠷᠳᠣ ᠨᠢ 195 ᠺᠢᠯᠣᠮᠧᠲ᠋ᠷ ᠤ᠋ᠨ 《ᠡᠨᠧᠷᠭᠢ ᠵᠢᠨ ᠯᠤᠭ᠍ᠰᠢᠭᠤᠨ ᠰᠤᠳᠠᠯ》 ᠤ᠋ᠨ ᠶᠡᠷᠦᠩᠬᠡᠶ ᠪᠠᠯᠠ ᠣᠷᠣᠭᠤᠯᠤᠯᠲᠠ 11.26 ᠳ᠋ᠦᠩᠱᠢᠭᠤᠷ ᠲᠥᠭᠥᠷᠢᠭ ᠲᠣ᠌ ᠬᠦᠷᠴᠦ᠍᠂ ᠪᠠᠢᠭᠤᠯᠵᠤ ᠳᠠᠭᠤᠰᠤᠭ᠍ᠰᠠᠨ ᠤ᠋ ᠳᠠᠷᠠᠭ᠎ᠠ ᠪᠤᠬᠢᠷᠳᠦᠯ ᠦᠭᠡᠢ ᠤᠰᠤᠲᠥ᠋ᠷᠥᠭ᠌ᠴᠢ ᠵᠢᠨ ᠲᠡᠭᠡᠭᠡᠪᠦᠷᠢ ᠵᠢᠨ ᠥᠪᠡᠷ ᠤ᠋ᠨ ᠥᠷᠲᠡᠭ ᠢ᠋ ᠣᠲᠣ ᠵᠢᠨ ᠺᠢᠯᠣᠭ᠌ᠷᠠᠮ ᠪᠦᠷᠢ ᠳ᠋ᠤ 13 ᠲᠦᠭᠦᠷᠢᠭ ᠪᠠᠢᠬᠤ ᠵᠢ ᠺᠢᠯᠣᠭ᠌ᠷᠠᠮ ᠪᠦᠷᠢ ᠳ᠋ᠤ 3 ᠲᠦᠭᠦᠷᠢᠭ ᠡᠴᠡ ᠳᠣᠷᠣᠭ᠍ᠰᠢ ᠪᠤᠯᠭᠠᠵᠦ᠂ ᠪᠤᠬᠢᠷᠳᠦᠯ ᠦᠭᠡᠢ ᠤᠰᠤᠲᠥ᠋ᠷᠥᠭ᠌ᠴᠢ ᠵᠢᠨ ᠵᠠᠬ᠎ᠠ ᠳᠡᠯᠭᠡᠭᠦᠷ ᠤ᠋ᠨ ᠥᠷᠢᠰᠦᠯᠳᠦᠬᠦ᠌ ᠬᠦᠴᠦᠨ ᠢ᠋ ᠲᠤᠢᠯ ᠤ᠋ᠨ ᠶᠡᠬᠡ ᠪᠡᠷ ᠳᠡᠭᠡᠭ᠌ᠰᠢᠯᠡᠭᠦᠯᠬᠦ᠌ ᠪᠣᠯᠤᠨ᠎ᠠ᠃ ᠣᠳᠣᠬᠠᠨ ᠳ᠋ᠦ ᠪᠤᠭᠤᠲᠤ ᠬᠣᠲᠠ ᠨᠢᠭᠡᠨᠲᠡ 20 ᠭᠠᠷᠤᠢ ᠠᠵᠤ ᠦᠶ᠋ᠯᠡᠰ ᠤ᠋ᠨ ᠬᠡᠯᠬᠢᠶ᠎ᠡ ᠵᠢᠨ ᠳᠠᠭᠠᠭᠤᠯᠤᠭᠴᠢ ᠠᠵᠤ ᠠᠬᠤᠢᠯᠠᠯ ᠢ᠋ ᠲᠦᠪᠯᠡᠷᠡᠬᠦᠯᠵᠦ᠂ ᠤᠰᠤᠲᠥ᠋ᠷᠥᠭ᠌ᠴᠢ ᠦᠶ᠋ᠯᠡᠳᠬᠦ᠌᠂ ᠬᠠᠳᠠᠭᠠᠯᠠᠵᠤ ᠲᠡᠭᠡᠭᠡᠪᠦᠷᠢᠯᠡᠬᠦ᠌᠂ ᠨᠡᠮᠡᠵᠦ ᠤᠷᠤᠭᠤᠯᠬᠤ ᠡᠴᠡ ᠣᠯᠠᠨ ᠡᠱᠢᠲᠦ ᠬᠡᠷᠡᠭ᠌ᠯᠡᠭᠡᠬᠦᠷᠳᠡᠯᠡᠬᠢ ᠪᠦᠷᠢᠨ ᠪᠦᠲᠦᠨ ᠠᠵᠤ ᠦᠶ᠋ᠯᠡᠰ ᠤ᠋ᠨ ᠬᠡᠯᠬᠢᠶ᠎ᠡ ᠵᠢ ᠪᠦᠷᠢᠯᠳᠦᠭᠦᠯᠪᠡ᠃
ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠤ᠋ ᠥᠷᠭᠡᠨ ᠠᠭᠤᠳᠠᠮ ᠲᠠᠯ᠎ᠠ ᠨᠤᠲᠤᠭ ᠲᠦ᠍ 59.88 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠯᠳᠠ ᠲᠠᠢ ᠪᠤᠭᠤᠲᠤ ᠵᠢᠨ ᠬᠥᠩᠭᠡᠨᠴᠠᠭᠠᠨ ᠤ᠋ ᠦᠶ᠋ᠯᠡᠰ ᠤ᠋ᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠤ᠋ 120 ᠲᠦᠮᠡᠨ ᠺᠢᠯᠦᠸᠠᠲ ᠤ᠋ᠨ ᠱᠢᠨ᠎ᠡ ᠡᠨᠧᠷᠭᠢ ᠵᠢᠨ ᠲᠥᠷᠥᠯ ᠵᠦᠶ᠋ᠯ ᠨᠢᠭᠡᠨᠲᠡ ᠪᠥᠬᠥ᠌ ᠪᠠᠭ᠍ᠲᠠᠭᠠᠮᠵᠢ ᠪᠡᠷ ᠵᠢᠡᠨ ᠲᠤᠤᠷ ᠲᠦ᠍ ᠨᠡᠢᠯᠡᠬᠦᠯᠬᠦ ᠵᠢ ᠪᠡᠶᠡᠯᠡᠬᠦᠯᠪᠡ᠃ ᠡᠨᠡ ᠬᠦ᠌ ᠤᠯᠤᠰ ᠤ᠋ᠨ ᠳᠣᠲᠣᠭᠠᠳᠤ ᠭᠠᠳᠠᠭᠠᠳᠤ ᠵᠢᠨ ᠢᠵᠢᠯ ᠠᠵᠢᠯ ᠲᠦᠷᠦᠯ ᠤ᠋ᠨ ᠬᠢᠨ ᠤ᠋ ᠭᠤᠷᠪᠠᠨ ᠵᠦᠢᠯ ᠤ᠋ᠨ ᠲᠡᠮᠳᠡᠭ᠌ᠯᠡᠯ ᠢ᠋ ᠡᠭᠦᠳᠦᠭ᠌ᠰᠡᠨ ᠲᠡᠰ ᠡᠴᠡ ᠳᠠᠪᠠᠭ᠍ᠰᠠᠨ ᠢᠨᠵᠧᠨᠧᠷᠢᠩ ᠨᠢ ᠤᠯᠤᠰ ᠤ᠋ᠨ ᠳᠣᠲᠣᠭᠠᠳᠤ ᠵᠢᠨ ᠠᠩᠬᠠᠳᠠᠭ᠍ᠴᠢ ᠥᠪᠡᠷ ᠵᠢᠡᠨ ᠪᠡᠯᠡᠳᠭᠡᠭ᠌ᠰᠡᠨ ᠢᠯᠴᠢ ᠵᠢᠨ ᠴᠠᠬᠢᠯᠭᠠᠨ᠂ ᠣᠨᠳᠣᠣ ᠭᠠᠵᠠᠷ ᠤ᠋ᠨ ᠱᠢᠨ᠎ᠡ ᠡᠨᠧᠷᠭᠢ᠂ ᠬᠦᠷᠢᠶᠡᠯᠡᠩ ᠲᠣᠭᠣᠷᠢᠭ ᠤ᠋ᠨ ᠪᠤᠬᠢᠷᠳᠦᠯ ᠦᠭᠡᠢ ᠴᠠᠬᠢᠯᠭᠠᠨ ᠤ᠋ ᠱᠢᠭᠤᠳ ᠬᠠᠩᠭᠠᠯᠭ᠎ᠠ ᠵᠢ ᠪᠠᠭ᠍ᠲᠠᠭᠠᠭ᠍ᠰᠠᠨ ᠪᠤᠳᠤᠯᠢᠶᠠᠨᠲᠠᠢ 《ᠡᠨ᠋ᠸᠷᠬᠢ ᠲᠣᠣᠷ ᠳᠠᠭᠠᠭᠠᠴᠠ ᠨᠦᠭᠡᠴᠡ ᠵᠢ ᠨᠢᠭᠡ ᠴᠤᠬ᠍ᠴᠠᠵᠢᠭᠤᠯᠬᠤ》 ᠱᠢᠰᠲ᠋ᠧᠮ ᠢ᠋ ᠪᠠᠢᠭᠤᠯᠵᠤ᠂ ᠵᠢᠯ ᠤ᠋ᠨ ᠳᠤᠮᠳᠠᠴᠢ ᠴᠠᠬᠢᠯᠭᠠᠨ ᠭᠠᠷᠭᠠᠬᠤ ᠬᠡᠮᠵᠢᠢ᠎ᠡ ᠨᠢ ᠪᠠᠷᠤᠭ 35 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍᠂ 124.9 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠢ ᠠᠷᠪᠢᠯᠠᠭᠰᠠᠨ ᠲᠠᠢ ᠲᠡᠩᠴᠡᠵᠦ᠂ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠵᠢᠯ ᠤ᠋ᠨ ᠭᠠᠳᠠᠭ᠍ᠰᠢᠯᠠᠭᠤᠯᠤᠯᠲᠠ ᠵᠢᠨ ᠬᠡᠮᠵᠢᠶ᠎ᠠ ᠵᠢ ᠪᠠᠷᠤᠭ 300 ᠲᠦᠮᠡᠨ ᠲᠣᠨ ᠪᠠᠭᠠᠰᠬᠠᠪᠠ᠃
ᠳ᠋ᠦᠩ ᠾᠧ ᠲᠣᠭᠣᠷᠢᠭ ᠲᠦ᠍᠂ ᠡᠳ᠋ ᠪᠠᠷᠠᠭᠠᠨ ᠤ᠋ ᠭᠦᠢᠯᠭᠡᠭᠡ ᠵᠢᠨ ᠠᠵᠤ ᠦᠢᠯᠡᠰ ᠤ᠋ᠨ ᠬᠥᠭ᠌ᠵᠢᠯᠲᠡ 《ᠬᠤᠷᠳᠤ ᠨᠡᠮᠡᠬᠦ ᠬᠤᠭᠤᠴᠠᠭ᠎ᠠ》 ᠳ᠋ᠠᠭᠠᠨ ᠤᠷᠤᠯ᠎ᠠ᠃ ᠵᠦᠩ ᠵᠧᠦ ᠱᠢᠨ᠎ᠡ ᠡᠨᠧᠷᠭᠢ ᠵᠢᠨ ᠣᠶᠤᠨᠴᠢ ᠡᠳ᠋ ᠪᠠᠷᠠᠭᠠᠨ ᠤ᠋ ᠭᠦᠢᠯᠭᠡᠬᠡ ᠵᠢᠨ ᠭᠠᠷᠠᠮ ᠢ᠋ ᠨᠢᠭᠡᠨᠲᠡ ᠪᠠᠢᠭᠤᠯᠵᠤ ᠳᠠᠭᠤᠰᠭᠠᠭ᠍ᠰᠠᠨ ᠪᠥᠭᠡᠳ ᠠᠱᠢᠭ᠍ᠯᠠᠯᠲᠠ ᠳ᠋ᠦ ᠣᠷᠣᠭᠤᠯᠵᠤ᠂ ᠵᠢᠯ ᠳ᠋ᠤ 500 ᠲᠦᠮᠡ ᠭᠠᠷᠤᠢ ᠲᠣᠨ ᠨᠡᠭᠦᠷᠡᠰᠦ ᠲᠡᠭᠡᠭᠡᠪᠦᠷᠢᠯᠡᠬᠦ᠌ ᠬᠦᠨᠳᠦ ᠬᠡᠯᠪᠡᠷᠢ ᠵᠢᠨ ᠠᠴᠢᠶᠠᠨ ᠤ᠋ ᠮᠠᠰᠢᠨ ᠳ᠋ᠦ ᠱᠢᠨ᠎ᠡ ᠡᠨᠧᠷᠭᠢ ᠵᠢᠨ ᠬᠥᠳᠡᠯᠭᠡᠬᠦ᠌ ᠬᠦᠴᠦᠨ ᠬᠠᠩᠭᠠᠪᠠ; ᠣᠲᠣ ᠦᠶ᠎ᠡ ᠵᠢᠨ ᠤᠶᠤᠨᠴᠢ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠶ᠋ᠯᠭᠡᠭᠡ ᠵᠢᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ ᠤ᠋ᠨ ᠬᠦᠶ᠋ᠲᠡᠨ ᠬᠥᠮᠥᠷᠭᠡ ᠵᠢᠨ ᠪᠠᠭ᠍ᠲᠠᠭᠠᠮᠵᠢ ᠨᠢ 3.6 ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠣ᠌ ᠬᠦᠷᠴᠦ᠍᠂ ᠦᠶ᠋ᠯᠡᠴᠢᠯᠡᠭᠡᠨ ᠤ᠋ ᠬᠡᠪᠴᠢᠶ᠎ᠡ ᠨᠢ ᠬᠥᠬᠡᠬᠣᠲᠠ ᠪᠤᠭᠤᠲᠤ ᠣᠷᠳᠣᠰ ᠤ᠋ᠨ ᠬᠣᠲᠠ ᠵᠢᠨ ᠪᠦᠯᠦᠭᠵᠢᠯ ᠢ᠋ ᠬᠠᠮᠤᠷᠴᠠᠢ; ᠵᠠᠮ ᠬᠠᠷᠢᠯᠴᠠᠭᠠᠨ ᠤ᠋ ᠪᠡᠯᠡ ᠤᠷᠤᠭᠤᠯᠤᠯᠳᠠ ᠵᠢᠨ ᠪᠦᠯᠦᠭᠯᠡᠯ ᠺᠤᠮᠫᠠᠨᠢ ᠵᠢᠨ ᠠᠭᠠᠷ ᠤ᠋ᠨ ᠲᠡᠭᠡᠭᠡᠪᠦᠷᠢ ᠵᠢᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠶ᠋ᠯᠭᠡᠭᠡ ᠵᠢᠨ ᠬᠦᠷᠢᠶᠡᠯᠡᠩ ᠤ᠋ᠨ ᠲᠥᠷᠥᠯ ᠵᠦᠶ᠋ᠯ ᠨᠢ ᠵᠢᠱ᠌ᠢᠯᠲᠡ ᠪᠡᠷ ᠵᠢᠯ ᠳ᠋ᠤ 25 ᠲᠦᠮᠡᠨ ᠲᠣᠨ ᠣᠷᠴᠢᠮ ᠤ᠋ᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠶ᠋ᠯᠭᠡᠭᠡ ᠵᠢᠨ ᠬᠡᠮᠵᠢᠶ᠎ᠡ ᠵᠢ ᠪᠦᠷᠢᠯᠳᠦᠬᠦᠯᠬᠦ ᠪᠤᠯᠤᠨ᠎ᠠ᠃ ᠡᠲᠡᠭᠡᠷ ᠲᠦᠷᠦᠯ ᠵᠦᠢᠯ ᠨᠢ ᠪᠤᠭᠤᠲᠤ ᠬᠣᠲᠠ ᠵᠢ ᠣᠷᠣᠨ ᠪᠦᠰᠡ ᠵᠢᠨ ᠡᠳ᠋ ᠪᠠᠷᠠᠭᠠᠨ ᠤ᠋ ᠭᠦᠶ᠋ᠯᠭᠡᠭᠡ ᠵᠢᠨ ᠬᠦᠶ᠋ᠰᠦ ᠪᠣᠯᠭᠠᠭ᠍ᠰᠠᠨ ᠵᠢᠷᠤᠭ ᠲᠦᠰᠦᠪ ᠢ᠋ ᠬᠠᠮᠳᠦ ᠪᠡᠷ ᠵᠢᠷᠤᠭ᠍ᠯᠠᠵᠠᠢ᠃
ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠬᠡᠬᠦ ᠳ᠋ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ 《ᠬᠠᠲᠠᠭᠤ ᠲᠤᠯᠭᠠᠭᠤᠷᠢᠯᠠᠯ》 ᠡᠴᠡ ᠰᠠᠯᠵᠤ ᠴᠢᠳᠠᠬᠤ ᠥᠬᠡᠶ ᠶᠤᠮ᠃ ᠪᠤᠭᠤᠲᠤ ᠬᠣᠲᠠ ᠵᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠴᠡ ᠮᠥᠩᠭᠥᠨ ᠭᠦᠶ᠋ᠯᠭᠡᠭᠡᠨ ᠤ᠋ ᠬᠢᠨᠠᠯᠲᠠ ᠬᠠᠮᠢᠶᠠᠷᠤᠯᠲᠠ ᠵᠢᠨ ᠬᠤᠪᠢᠶᠠᠷᠢ ᠲᠣᠪᠴᠢᠶ᠎ᠠ ᠲᠠᠶ ᠬᠠᠮᠲᠤᠷᠠᠨ ᠪᠠᠢᠭᠤᠯᠤᠭ᠍ᠰᠠᠨ ᠪᠠᠭ᠎ᠠ ᠵᠢᠵᠢᠭ ᠠᠵᠤ ᠠᠬᠤᠢᠯᠠᠯ ᠤ᠋ᠨ ᠪᠠᠯᠠ ᠬᠤᠷᠠᠮᠳᠤᠭᠤᠯᠭ᠎ᠠ ᠵᠢ ᠵᠤᠬᠢᠴᠠᠭᠤᠯᠬᠤ᠌ ᠠᠵᠢᠯ ᠤ᠋ᠨ ᠲᠣᠭ᠍ᠲᠠᠴᠠ ᠢᠯᠡᠳᠲᠡ ᠦᠷ᠎ᠡ ᠪᠦᠲᠦᠮᠵᠢ ᠣᠯᠵᠤ᠂ ᠪᠥᠬᠥ᠌ ᠬᠣᠲᠠ ᠳ᠋ᠦ ᠨᠢᠭᠡᠨᠲᠡ ᠪᠠᠭ᠎ᠠ ᠵᠢᠵᠢᠭ ᠠᠵᠤ ᠠᠬᠤᠢᠯᠠᠯ᠂ ᠬᠤᠪᠢ ᠵᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠵᠡᠷᠭᠡ 5 ᠲᠥᠷᠥᠯ ᠤ᠋ᠨ ᠡᠵᠡᠩᠨᠡᠯᠲᠡ ᠵᠢᠨ ᠭᠤᠤᠯ ᠴᠣᠭ᠍ᠴᠠ ᠵᠢᠨ 22.1 ᠲᠦᠮᠡᠨ ᠡᠷᠦᠬᠡ ᠪᠡᠷ ᠶᠠᠪᠤᠵᠤ ᠪᠠᠢᠳᠠᠯ ᠢ᠋ ᠤᠢᠯᠠᠭᠠᠬᠤ ᠵᠢᠨ ᠬᠠᠮᠳᠤ᠂ ᠨᠡᠢᠲᠡ 509 ᠳ᠋ᠦᠩᠱᠢᠭᠤᠷ ᠲᠥᠭᠥᠷᠢᠭ ᠤ᠋ᠨ ᠢᠲᠡᠭᠡᠮᠵᠢᠲᠦ ᠵᠢᠭᠡᠯᠡᠯᠭᠡ ᠣᠯᠭᠣᠬᠤ ᠪᠡᠷ ᠲᠤᠭᠳᠠᠵᠤ᠂ ᠨᠢᠬᠡᠨᠳᠡ 357.7 ᠳ᠋ᠦᠩᠱᠢᠭᠤᠷ ᠲᠥᠭᠥᠷᠢᠭ ᠤ᠋ᠨ ᠵᠢᠭᠡᠯᠡᠯᠭᠡ ᠲᠠᠷᠬᠠᠭᠠᠪᠠ᠃ ᠣᠯᠠᠨ ᠨᠡᠢᠲᠡ ᠵᠢᠨ ᠡᠬᠢ ᠪᠠᠶᠠᠯᠢᠭ ᠤ᠋ᠨ ᠰᠣᠯᠢᠯᠴᠠᠭᠠᠨ ᠤ᠋ ᠬᠦᠷᠢᠶᠡᠨ ᠳ᠋ᠡᠬᠢ 《ᠢᠲᠡᠭᠡᠮᠵᠢ ᠪᠡᠷ ᠡᠨᠧᠷᠭᠢ ᠣᠯᠭᠣᠵᠤ᠂ ᠠᠮᠠᠯᠠᠯᠲᠠ ᠪᠡᠨ ᠰᠠᠭᠠᠳ ᠥᠬᠡᠶ ᠬᠦᠢᠴᠡᠳᠬᠡᠬᠦ》 ᠱᠢᠨ᠎ᠡ ᠵᠢ ᠡᠭᠦᠳᠬᠦ᠌ ᠠᠷᠭ᠎ᠠ ᠬᠡᠮᠵᠢᠶ᠎ᠡ ᠨᠢ ᠢᠲᠡᠭᠡᠮᠵᠢ ᠵᠢᠨ ᠠᠮᠠᠯᠠᠯᠲᠠ ᠵᠢᠨ ᠲᠦᠷᠢᠮ ᠢ᠋ ᠬᠡᠷᠡᠭ᠌ᠵᠢᠭᠦᠯᠬᠦ᠌᠂ 《ᠢᠲᠡᠭᠡᠮᠵᠢ +》 ᠬᠡᠷᠡᠭ᠌ᠯᠡᠭᠡᠨ ᠤ᠋ ᠪᠠᠢᠳᠠᠯ ᠢ᠋ ᠥᠷᠭᠡᠳᠭᠡᠬᠦ᠌ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ 8755 ᠠᠵᠤ ᠠᠬᠤᠢᠯᠠᠯ ᠳ᠋ᠦ 8.95 ᠳ᠋ᠦᠩᠱᠢᠭᠤᠷ ᠲᠥᠭᠥᠷᠢᠭ ᠤ᠋ᠨ ᠪᠠᠯᠠ ᠮᠥᠩᠭᠥ᠌ ᠡᠵᠡᠯᠡᠨ ᠬᠡᠷᠡᠭ᠌ᠯᠡᠬᠦ᠌ ᠵᠢ ᠪᠠᠭᠠᠰᠭᠠᠪᠠ᠃
ᠣᠢᠷ᠎ᠠ ᠳ᠋ᠦ᠂ ᠥᠪᠥᠷ ᠮᠣᠩᠭᠣᠯ ᠤ᠋ᠨ ᠷᠦᠢ ᠳ᠋ᠠ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠬᠢᠵᠠᠭᠠᠷᠲᠤ ᠺᠣᠮᠫᠠᠨᠢ ᠵᠢᠨ ᠬᠢᠨ ᠲᠤᠰᠭᠠᠢᠯᠠᠨ ᠵᠢᠦᠶᠤᠸᠠᠨ ᠲᠣᠭᠣᠷᠢᠭ ᠤ᠋ᠨ ᠠᠷᠠᠳ ᠤ᠋ᠨ ᠡᠵᠡᠩᠨᠡᠯᠲᠡ ᠵᠢᠨ ᠠᠵᠤ ᠠᠬᠤᠶ ᠵᠢᠨ ᠬᠥᠭ᠌ᠵᠢᠯᠲᠡ ᠵᠢᠨ ᠦᠶ᠋ᠯᠡᠴᠢᠯᠡᠭᠡᠨ ᠤ᠋ ᠲᠥᠪ ᠲᠣ᠌ ᠬᠡᠮᠡᠷᠯᠢᠭ ᠲᠣᠭ ᠬᠦᠷᠭᠡᠵᠦ᠍᠂ ᠳᠡᠳᠡᠨ ᠤ᠋ ᠠᠵᠤ ᠠᠬᠤᠢᠯᠠᠯ ᠳ᠋ᠦ ᠲᠤᠯᠭᠠᠷᠠᠵᠤ ᠪᠠᠢᠭ᠎ᠠ ᠪᠠᠯᠠ ᠬᠤᠷᠠᠮᠳᠤᠭᠤᠯᠭ᠎ᠠ ᠪᠠ ᠭᠠᠵᠠᠷ ᠱᠢᠷᠣᠶ ᠵᠢᠨ ᠴᠢᠬᠤᠯᠠ ᠡᠯᠧᠮᠧᠨ᠋ᠲ ᠤ᠋ᠨ ᠪᠠᠲᠤᠯᠠᠭ᠎ᠠ ᠵᠢᠨ ᠬᠦᠴᠢᠷ ᠠᠰᠠᠭᠤᠳᠠᠯ ᠢ᠋ ᠣᠨᠣᠪᠴᠢᠲᠠᠶ ᠱᠢᠶ᠋ᠳᠪᠦᠷᠢᠯᠡᠵᠤ ᠦᠭᠬᠦᠭᠰᠡᠨ ᠳ᠋ᠤ ᠲᠠᠯᠠᠷᠬᠠᠵᠤ ᠪᠠᠢᠬᠤ ᠪᠡᠨ ᠢᠯᠡᠳᠬᠡᠪᠡ᠃ ᠡᠨᠡ ᠬᠦ᠌ ᠰᠡᠳᠬᠢᠯ ᠳᠤᠯᠠᠭᠠᠴᠠᠭᠤᠯᠤᠭᠰᠠᠨ ᠦᠵᠡᠭ᠌ᠳᠡᠯ ᠨᠢ ᠶᠠᠭ ᠪᠤᠭᠤᠲᠤ ᠵᠢᠨ ᠦᠢᠯᠡᠴᠢᠯᠡᠭᠡᠨ ᠤ᠋ ᠠᠷᠭ᠎ᠠ ᠬᠡᠯᠪᠡᠷᠢ ᠵᠢᠨ ᠱᠢᠨ᠎ᠡ ᠵᠢ ᠡᠭᠦᠳᠴᠦ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠦᠭ᠌ᠰᠡᠨ ᠤ᠋ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ 《ᠠᠵᠤ ᠠᠬᠤᠢᠯᠠᠯ ᠡᠴᠡ ᠱᠢᠶ᠋ᠳᠪᠦᠷᠢᠯᠡᠬᠦ᠌ ᠴᠢᠬᠤᠯᠠᠳᠠᠢ ᠠᠰᠠᠭᠤᠳᠠᠯ ᠤ᠋ᠨ ᠬᠠᠭᠤᠳᠠᠰᠤ ᠭᠠᠷᠭᠠᠵᠦ᠂ ᠵᠠᠰᠠᠭ ᠤ᠋ᠨ ᠣᠷᠳᠣᠨ ᠡᠴᠡ ᠠᠰᠠᠭᠤᠳᠠᠯ ᠢ᠋ ᠱᠢᠶ᠋ᠳᠪᠦᠷᠢᠯᠡᠬᠦ᠌》 ᠠᠵᠢᠯ ᠤ᠋ᠨ ᠲᠣᠭ᠍ᠲᠠᠴᠠ ᠪᠠᠢᠭᠤᠯᠬᠤ ᠪᠡᠷ ᠳᠠᠮᠵᠢᠨ᠂ ᠪᠥᠬᠥ᠌ ᠬᠣᠲᠠ ᠨᠢᠭᠡᠨᠳᠡ ᠠᠰᠠᠭᠤᠳᠠᠯ ᠢ᠋ ᠴᠤᠭ᠍ᠯᠠᠭᠤᠯᠬᠤ᠂ ᠬᠤᠪᠢᠳᠠᠨ ᠭᠦᠶ᠋ᠴᠡᠳᠭᠡᠬᠦ᠌᠂ ᠱᠢᠶ᠋ᠳᠪᠦᠷᠢᠯᠡᠬᠦ᠌᠂ ᠬᠠᠷᠢᠭᠤ ᠲᠤᠰᠭᠠᠬᠤ ᠪᠦᠷᠢᠨ ᠪᠦᠲᠦᠨ ᠪᠢᠲᠡᠭᠦᠦ ᠭᠣᠭ᠍ᠴᠣᠭᠠ ᠵᠢ ᠪᠣᠶ ᠪᠣᠯᠭᠠᠵᠤ᠂ ᠠᠵᠤ ᠠᠬᠤᠢᠯᠠᠯ ᠤ᠋ᠨ ᠬᠥᠭ᠌ᠵᠢᠯᠲᠡ ᠵᠢ ᠨᠥᠯᠥᠭᠡᠯᠡᠵᠦ᠍ ᠪᠠᠢᠭ᠎ᠠ ᠡᠯ᠎ᠡ ᠲᠥᠷᠥᠯ ᠤ᠋ᠨ ᠬᠦᠴᠢᠷ ᠠᠰᠠᠭᠤᠳᠠᠯ ᠢ᠋ ᠬᠦᠴᠦᠯᠡᠨ ᠱᠢᠶ᠋ᠳᠪᠦᠷᠢᠯᠡᠬᠦ ᠵᠢ ᠠᠬᠢᠭᠤᠯᠪᠠ᠃
ᠤᠳᠤ ᠪᠤᠭᠤᠲᠤ ᠬᠤᠳᠠ ᠶᠠᠭ 《ᠵᠢᠷᠠᠨ ᠡᠳᠦᠷ ᠤ᠋ᠨ ᠰᠢᠢᠳᠪᠦᠷᠢᠳᠦ ᠳᠠᠢᠯᠠᠯᠳᠤᠭᠠᠨ ᠬᠢᠵᠦ ᠪᠦᠬᠦ ᠵᠢᠯ ᠤ᠋ᠨ ᠬᠠᠷᠠᠯᠳᠠ ᠡᠬᠦᠷᠭᠡ ᠵᠢ ᠪᠡᠶᠡᠯᠡᠬᠦᠯᠬᠦ》 ᠡᠷᠡᠮᠡᠬᠡᠢᠯᠡᠨ ᠲᠡᠮᠡᠴᠡᠬᠦ ᠳᠦᠷᠰᠦ ᠪᠠᠢᠳᠠᠯ ᠵᠢᠡᠷ ᠴᠢᠬᠤᠯᠠ ᠶᠡᠬᠡ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠵᠢ ᠡᠷᠴᠢᠮᠳᠠᠢ ᠠᠬᠢᠭᠤᠯᠵᠤ ᠪᠠᠢᠨ᠎ᠠ᠃ ᠤᠰᠤᠲᠥ᠋ᠷᠥᠭ᠌ᠴᠢ ᠡᠨᠧᠷᠭᠢ ᠵᠢᠨ ᠠᠵᠤ ᠦᠶ᠋ᠯᠡᠰ ᠨᠢ ᠤᠯᠤᠰ ᠤ᠋ᠨ 《ᠬᠤᠤᠰ ᠲᠤᠷᠱᠢᠯᠲᠠ》 ᠳ᠋ᠤ ᠣᠷᠣᠭ᠍ᠰᠠᠨ ᠡᠴᠡ ᠠᠪᠤᠭᠠᠳ ᠬᠥᠩᠭᠡᠨᠴᠠᠭᠠᠨ ᠤ᠋ ᠦᠶ᠋ᠯᠡᠰ ᠤ᠋ᠨ ᠱᠢᠨ᠎ᠡ ᠡᠨᠧᠷᠭᠢ ᠵᠢᠨ ᠲᠥᠷᠥᠯ ᠵᠦᠶ᠋ᠯ ᠣᠯᠠᠨ ᠵᠦᠶ᠋ᠯ ᠤ᠋ᠨ ᠲᠡᠮᠳᠡᠭ᠌ᠯᠡᠯ ᠢ᠋ ᠡᠭᠦᠳᠦᠭ᠌ᠰᠡᠨ ᠬᠦᠷᠲᠡᠯ᠎ᠡ᠂ ᠳᠠᠬᠢᠭᠠᠳ ᠡᠳ᠋ ᠪᠠᠷᠠᠭᠠᠨ ᠤ᠋ ᠭᠦᠶ᠋ᠯᠭᠡᠭᠡ ᠵᠢᠨ ᠠᠵᠤ ᠦᠶ᠋ᠯᠡᠰ ᠤ᠋ᠨ ᠬᠥᠭ᠌ᠵᠢᠯᠲᠡ 《ᠬᠤᠷᠳᠤ ᠨᠡᠮᠡᠬᠦ ᠬᠤᠭᠤᠴᠠᠭ᠎ᠠ》 ᠳ᠋ᠤ ᠤᠷᠤᠭᠰᠠᠨ ᠬᠦᠷᠲᠡᠯ᠎ᠡ᠂ ᠡᠲᠡᠭᠡᠷ ᠦᠨᠡᠨ ᠪᠣᠳᠠᠲᠠᠶ ᠴᠢᠬᠤᠯᠠ ᠶᠡᠬᠡ ᠲᠥᠷᠥᠯ ᠵᠦᠶ᠋ᠯ᠂ ᠱᠢᠪᠲᠤᠯᠤᠯᠲᠠ ᠵᠢᠨ ᠴᠢᠨᠠᠷᠲᠠᠶ ᠠᠵᠤ ᠦᠶ᠋ᠯᠡᠰ ᠤ᠋ᠨ ᠠᠬᠢᠴᠠ ᠨᠢ ᠶᠠᠭ ᠬᠠᠭᠤᠴᠢᠨ ᠠᠵᠤ ᠦᠶ᠋ᠯᠡᠳᠪᠦᠷᠢ ᠵᠢᠨ ᠰᠠᠭᠤᠷᠢᠨ ᠳ᠋ᠦ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠤ᠋ ᠬᠦᠳᠡᠯᠬᠡᠬᠦ ᠬᠦᠴᠦᠨ ᠢ᠋ ᠨᠡᠮᠡᠷᠢᠯᠡᠵᠦ᠍ ᠪᠠᠢᠨ᠎ᠠ᠃ ᠪᠤᠭᠤᠲᠤ ᠬᠣᠲᠠ ᠵᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤ᠋ᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠡᠴᠡ᠂ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ ᠤ᠋ᠨ ᠲᠣᠭ᠍ᠲᠠᠴᠠ ᠪᠠ ᠲᠤᠰᠭᠠᠶ ᠠᠵᠢᠯ ᠤ᠋ᠨ ᠳᠤᠭᠤᠢᠯᠠᠩ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ 《ᠳᠤᠲᠠᠭ᠍ᠳᠠᠵᠤ ᠪᠠᠢᠬᠤ ᠵᠢ ᠠᠭᠤᠴᠢᠯᠠᠨ ᠱᠢᠶ᠋ᠳᠪᠦᠷᠢᠯᠡᠬᠦ᠌᠂ ᠨᠡᠢᠯᠡᠭᠦᠯᠦᠨ ᠰᠢᠢᠳᠪᠦᠷᠢᠯᠡᠬᠦ》 ᠵᠢ ᠪᠥᠬᠥ᠌ ᠲᠠᠯ᠎ᠠ ᠪᠡᠷ ᠠᠬᠢᠭᠤᠯᠵᠤ᠂ ᠴᠢᠬᠤᠯᠠ ᠶᠡᠬᠡ ᠲᠥᠷᠥᠯ ᠵᠦᠶ᠋ᠯ ᠢ᠋ ᠲᠦᠷᠭᠡᠳᠬᠡᠨ ᠨᠠᠢᠳᠠᠪᠤᠷᠢᠵᠢᠭᠤᠯᠵᠦ ᠪᠥᠲᠥᠭᠡᠨ ᠪᠠᠢᠭᠤᠯᠬᠤ ᠵᠢ ᠦᠨᠡᠨ ᠬᠦ᠌ ᠪᠠᠲᠤᠯᠠᠨ᠂ 《ᠡᠪᠦᠯ ᠤ᠋ᠨ ᠤᠯᠠᠷᠢᠯ ᠤ᠋ᠨ ᠢᠨᠵᠧᠨᠧᠷᠢᠩ》 ᠢ᠋ ᠰᠠᠢᠲᠤᠷ ᠬᠢᠵᠦ᠍᠂ ᠡᠯ᠎ᠡ ᠣᠷᠣᠨ ᠪᠦᠰᠡ ᠵᠢᠨ ᠬᠠᠷᠢᠭᠤᠴᠠᠯᠭ᠎ᠠ ᠵᠢ ᠪᠣᠳᠠᠲᠠᠢᠵᠢᠭᠤᠯᠤᠨ᠂ ᠠᠷᠭ᠎ᠠ ᠪᠦᠬᠦᠨ ᠢ᠋ ᠰᠦᠪᠡᠭ᠌ᠴᠢᠯᠡᠨ ᠵᠢᠯ ᠤ᠋ᠨ ᠡᠬᠢᠨ ᠳ᠋ᠤ ᠲᠣᠭ᠍ᠲᠠᠭᠠᠭ᠍ᠰᠠᠨ ᠬᠠᠷᠠᠯᠲᠠ ᠡᠬᠦᠷᠭᠡ ᠪᠡᠨ ᠪᠡᠶᠡᠯᠡᠭᠦᠯᠦᠨ᠎ᠡ ᠭᠡᠵᠦ ᠢᠯᠡᠷᠬᠡᠢᠯᠡᠪᠡ᠃