2025 ᠣᠨ᠎ᠤ ᠬᠢᠳᠠᠨ ᠦᠰᠦᠭ ᠬᠢᠭᠡᠳ ᠵᠦᠷᠴᠢᠨ ᠦᠰᠦᠭ᠎ᠤᠨ ᠰᠤᠳᠤᠯᠭᠠᠨ᠎ᠤ ᠡᠷᠳᠡᠮ ᠱᠢᠨᠵᠢᠯᠡᠭᠡᠨ᠎ᠦ ᠬᠤᠷᠠᠯ ᠶᠠᠪᠤᠬᠳᠠᠪᠠ
2025-11-11 10:00:16
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 8 — 9 ᠎ᠤ᠋ ᠡᠳᠦᠷ᠂ ᠦᠪᠦᠷ ᠮᠤᠨᠭᠭᠤᠯ᠎ᠤᠨ ᠶᠡᠬᠡ ᠰᠤᠷᠭᠠᠭᠤᠯᠢ᠎ᠶᠢᠨ ᠮᠤᠨᠭᠭᠤᠯ ᠰᠤᠳᠤᠯᠤᠯ᠎ᠤᠨ ᠳᠡᠬᠡᠳᠦ ᠰᠤᠷᠭᠠᠭᠤᠯᠢ ᠡᠴᠡ ᠭᠤᠤᠯᠯᠠᠨ ᠡᠷᠬᠢᠯᠡᠭᠰᠡᠨ 2025ᠣᠨ᠎ᠤ ᠬᠢᠳᠠᠨ ᠦᠰᠦᠭ ᠬᠢᠭᠡᠳ ᠵᠦᠷᠴᠢᠨ ᠦᠰᠦᠭ᠎ᠤᠨ ᠰᠤᠳᠤᠯᠭᠠᠨ᠎ᠤ ᠡᠷᠳᠡᠮ ᠱᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠬᠦᠬᠡᠬᠤᠳᠡ᠎ᠳᠤ ᠶᠠᠪᠤᠬᠳᠠᠪᠠ᠃

ᠲᠤᠰ ᠤᠳᠠᠭᠠᠨ᠎ᠤ ᠡᠷᠳᠡᠮ ᠰᠢᠨᠵᠢᠯᠡᠬᠡᠨ᠎ᠤ ᠰᠤᠳᠤᠯᠤᠨ ᠶᠠᠷᠢᠯᠴᠠᠬᠤ ᠬᠤᠷᠠᠯ ᠨᠢ ᠬᠢᠳᠠᠨ ᠦᠰᠦᠭ ᠵᠦᠷᠴᠢᠨ ᠦᠰᠦᠭ᠎ᠤᠨ ᠰᠤᠳᠤᠯᠭᠠᠨ᠎ᠤ ᠲᠤᠬᠠᠢ ᠦᠵᠡᠯᠳᠡ ᠲᠠᠨᠢᠯᠳᠡ ᠪᠠ ᠦᠷ᠎ᠡ ᠪᠦᠲᠦᠭᠡᠯ ᠵᠢᠨᠨ ᠬᠤᠪᠢᠶᠠᠯᠴᠠᠬᠤ ᠪᠡᠷ ᠳᠡᠮᠵᠢᠨ ᠡᠷᠳᠡᠮ ᠱᠢᠨᠵᠢᠯᠡᠭᠡᠨ᠎ᠦ ᠬᠠᠮᠲᠤ᠎ᠶ᠋ᠢᠨ ᠲᠠᠨᠢᠯᠲᠠ ᠪᠠᠨ ᠨᠢᠭ᠍ᠲᠠᠷᠠᠭᠤᠯᠤᠨ᠂ ᠰᠤᠳᠤᠯᠭᠠᠨ᠎ᠤ ᠬᠠᠷᠠᠭ᠎ᠠ᠎ᠪᠠᠨ ᠥᠷᠭᠡᠳᠭᠡᠵᠦ᠍᠂ ᠬᠢᠳᠠᠨ ᠦᠰᠦᠭ ᠬᠢᠭᠡᠳ ᠵᠦᠷᠴᠢᠨ ᠦᠰᠦᠭ᠎ᠤᠨ ᠰᠤᠳᠤᠯᠭᠠᠨ᠎ᠤ ᠬᠦᠭᠵᠢᠯᠳᠡ ᠵᠢ ᠬᠠᠮᠳᠤ ᠪᠡᠷ ᠠᠬᠢᠭᠤᠯᠬᠤ ᠪᠡᠷ ᠵᠤᠷᠢᠯᠳᠡ ᠪᠠᠨ ᠪᠤᠯᠭᠠᠨ᠂ ᠳᠤᠮᠳᠠᠳᠤ ᠤᠯᠤᠰ᠂ ᠬᠠᠩᠭᠠᠷᠢ᠂ ᠶᠠᠫᠣᠨ᠂ ᠺᠣᠷᠢᠶᠠ᠂ ᠠᠮᠧᠷᠢᠺᠠ᠂ ᠹᠷᠠᠨᠼᠢ ᠪᠣᠯᠤᠨ ᠮᠣᠩᠭᠣᠯ ᠤᠯᠤᠰ ᠵᠡᠷᠭᠡ 7 ᠤᠯᠤᠰ᠎ᠤᠨ 50 ᠭᠠᠷᠤᠢ ᠲᠤᠰᠭᠠᠢ ᠮᠡᠷᠭᠡᠵᠢᠯᠲᠡᠨ ᠪᠠ ᠡᠷᠳᠡᠮᠲᠡᠨ ᠮᠡᠷᠭᠡᠵᠢᠯᠳᠡᠨ ᠤᠷᠤᠯᠴᠠᠵᠦ᠂ ᠬᠢᠳᠠᠨ ᠦᠰᠦᠭ ᠪᠣᠯᠤᠨ ᠵᠦᠷᠴᠢᠨ ᠦᠰᠦᠭ᠎ᠤᠨ ᠰᠤᠳᠤᠯᠭᠠᠨ᠎ᠤ ᠲᠠᠯ᠎ᠠ ᠪᠡᠷ ᠬᠦᠨᠵᠡᠬᠡᠢ ᠰᠤᠳᠤᠯᠤᠨ ᠶᠠᠷᠢᠯᠴᠠᠵᠠᠢ᠃

ᠬᠤᠶᠠᠷ ᠡᠳᠦᠷ᠎ᠤᠨ ᠲᠤᠷᠰᠢ  ᠬᠤᠷᠠᠯ᠎ᠳᠤ ᠤᠷᠤᠯᠴᠠᠬᠰᠠᠨ ᠡᠷᠳᠡᠮᠳᠡᠨ ᠮᠡᠷᠭᠡᠵᠢᠯᠳᠡᠳ ᠬᠢᠳᠠᠨ᠎ᠤ ᠦᠭᠡ ᠬᠡᠯᠡ ᠦᠰᠦᠭ ᠪᠢᠴᠢᠭ᠂ ᠵᠦᠷᠴᠢᠨ ᠦᠰᠦᠭ᠂ ᠯᠢᠶᠣᠤ ᠤᠯᠤᠰ᠎ᠤᠨ ᠦᠶ᠎ᠡ᠎ᠶ᠋ᠢᠨ ᠬᠢᠲᠠᠳ ᠦᠰᠦᠭ᠎ᠤᠨ ᠬᠥᠱᠢᠶᠠᠨ ᠪᠢᠴᠢᠭ᠂ ᠯᠢᠶᠣᠤ ᠤᠯᠤᠰ᠎ᠤᠨ ᠲᠡᠦᠬᠡ ᠰᠣᠶᠣᠯ ᠵᠡᠷᠭᠡ ᠰᠤᠳᠤᠯᠭᠠᠨ᠎ᠤ ᠰᠠᠳᠤᠪ᠎ᠤᠨ ᠲᠤᠭᠤᠷᠢᠨ᠎ᠳᠤ ᠰᠤᠳᠤᠯᠤᠨ ᠶᠠᠷᠢᠯᠴᠠᠵᠠᠢ᠃ ᠲᠤᠰ ᠤᠳᠠᠭᠠᠨ᠎ᠤ ᠡᠷᠳᠡᠮ ᠰᠢᠨᠵᠢᠯᠡᠭᠡᠨ᠎ᠤ ᠬᠤᠷᠠᠯ᠎ᠤᠨ ᠴᠢᠬᠤᠯᠡ ᠨᠢᠭᠡᠨ ᠤᠨᠴᠠᠯᠢᠭ ᠭᠡᠪᠡᠯ ᠲᠤᠮᠳᠠᠳᠤ ᠤᠯᠤᠰ᠎ᠤᠨ ᠴᠦᠬᠡᠨ ᠲᠤᠭᠠᠳᠤ ᠦᠨᠳᠦᠰᠦᠳᠠᠨ᠎ᠤ ᠬᠡᠯᠡ ᠤᠳᠭ᠎ᠠ ᠵᠤᠬᠢᠶᠠᠯ᠎ᠤᠨ ᠲᠤᠰᠬᠠᠢ ᠮᠡᠷᠭᠡᠵᠢᠯ᠎ᠤᠨ ᠰᠤᠳᠤᠨ ᠰᠤᠷᠤᠬᠴᠢᠳ᠎ᠤᠨ ᠶᠠᠷᠢᠶᠠᠨ᠎ᠤ ᠲᠠᠪᠴᠠᠡᠭ᠎ᠢ ᠲᠤᠭᠢᠷᠠᠭᠤᠯᠤᠨ᠂ ᠵᠠᠯᠠᠭᠤ ᠡᠷᠳᠡᠮᠲᠡᠳ ᠪᠠ ᠳ᠋ᠣᠺᠲ᠋ᠣᠷᠠᠨᠲ᠂ ᠠᠰᠫᠢᠷᠠᠨᠲ ᠵᠢᠴᠢ ᠵᠢᠩᠬᠢᠨᠢ ᠠᠩᠭᠢ᠎ᠶ᠋ᠢᠨ ᠰᠣᠷᠣᠭ᠍ᠴᠢ ᠢᠳᠡᠪᠬᠢᠲᠡᠶ ᠤᠷᠤᠯᠴᠠᠵᠦ᠂ ᠬᠢᠳᠠᠨ ᠦᠰᠦᠭ᠂ ᠵᠦᠷᠴᠢᠨ ᠦᠰᠦᠭ ᠵᠢᠴᠢ ᠯᠢᠶᠣᠤ ᠤᠯᠤᠰ᠂ ᠠᠯᠲᠠᠨ ᠤᠯᠤᠰ᠎ᠤᠨ ᠲᠡᠦᠬᠡ᠎ᠶᠢᠨ ᠰᠤᠳᠤᠯᠭᠠᠨ᠎ᠤ ᠤᠯᠠᠮ ᠨᠢᠭᠡ ᠠᠯᠬᠤᠮ ᠭᠦᠨᠵᠡᠭᠡᠢᠷᠡᠬᠦ ᠪᠠ ᠡᠷᠳᠡᠮ ᠱᠢᠨᠵᠢᠯᠡᠭᠡᠨ᠎ᠦ ᠪᠡᠯᠡᠳᠭᠡᠯ ᠬᠦᠴᠦᠨ᠎ᠢ ᠬᠥᠮᠦᠵᠢᠭᠦᠯᠬᠦ᠌᠎ᠳᠦ ᠴᠢᠬᠤᠯᠠ ᠠᠬᠢᠭᠤᠯᠬᠤ ᠦᠢᠯᠡᠳᠦᠯ ᠦᠵᠡᠬᠦᠯᠦᠭᠰᠡᠨ ᠶᠠᠪᠤᠳᠠᠯ ᠪᠤᠯᠤᠨ᠎ᠠ᠃

ᠦᠪᠦᠷ ᠮᠤᠨᠭᠭᠤᠯ᠎ᠤᠨ ᠶᠡᠬᠡ ᠰᠤᠷᠭᠠᠭᠤᠯᠢ᠎ᠶᠢᠨ ᠮᠤᠨᠭᠭᠤᠯ ᠰᠤᠳᠤᠯᠤᠯ᠎ᠤᠨ ᠳᠡᠬᠡᠳᠦ ᠰᠤᠷᠭᠠᠭᠤᠯᠢ᠎ᠶᠢᠨ ᠵᠠᠬᠢᠷᠤᠯ᠂ ᠫᠷᠤᠹᠧᠰᠰᠤᠷ ᠡᠦ ᠶᠢᠡᠭ ᠵᠧ᠄ 《ᠤᠢᠷ᠎ᠠ᠎ᠶᠢᠨ ᠵᠢᠯ᠎ᠳᠤ ᠮᠠᠨ᠎ᠤ ᠰᠤᠷᠭᠠᠭᠤᠯᠢ᠎ᠶᠢᠨ ᠬᠢᠳᠠᠨ ᠦᠰᠦᠭ᠎ᠤᠨ ᠰᠤᠳᠤᠯᠭᠠᠨ ᠢᠯᠡᠳᠳᠡ ᠦᠷ᠎ᠠ ᠪᠦᠳᠦᠮᠵᠢ ᠤᠯᠵᠠᠢ᠂ ᠪᠢᠳᠡ ᠦᠷᠬᠦᠯᠵᠢᠯᠡᠨ ᠴᠢᠳᠠᠪᠦᠷᠢᠳᠠᠨ᠎ᠤ ᠬᠦᠮᠦᠵᠢᠯ᠂ ᠰᠤᠳᠤᠯᠭᠠᠨ᠎ᠤ ᠡᠩᠨᠡᠭᠡ᠂ ᠨᠡᠢᠭᠡᠮ᠎ᠤᠨ ᠦᠢᠯᠡᠴᠢᠯᠡᠭᠡ ᠵᠡᠷᠭᠡ ᠲᠠᠯ᠎ᠠ ᠪᠡᠷ ᠬᠢᠳᠡᠨ ᠦᠰᠦᠭ᠎ᠤᠨ ᠰᠤᠳᠤᠯᠭᠠᠨ᠎ᠢᠶᠡᠨ ᠬᠦᠭᠵᠢᠬᠦᠯᠵᠦ ᠪᠠᠢᠨ᠎ᠠ᠂ ᠤᠨᠴᠠᠭᠠᠢᠯᠠᠨ ᠰᠤᠳᠤᠯᠭᠠᠨ᠎ᠤ ᠲᠠᠯ᠎ᠠ ᠪᠡᠷ ᠬᠢᠳᠠᠨ ᠦᠰᠦᠭ᠎ᠤᠨ ᠦᠰᠦᠭ᠎ᠤᠨ ᠲᠦᠷᠰᠦ ᠵᠢ ᠡᠮᠬᠢᠳᠬᠡᠬᠦ᠂ ᠬᠢᠳᠠᠨ ᠬᠡᠯᠡᠨ᠎ᠤ ᠤᠤᠭᠠᠯ ᠦᠭᠡ ᠪᠠ ᠦᠢᠯᠡ ᠦᠬᠡ ᠵᠢ ᠲᠠᠢᠯᠪᠤᠷᠢᠯᠡᠨ ᠤᠨᠭᠰᠢᠬᠤ᠂ ᠬᠢᠳᠠᠨ ᠬᠡᠯᠡᠨ᠎ᠤ ᠠᠪᠢᠶᠠᠨ᠎ᠤ ᠬᠤᠪᠢᠷᠠᠯ᠎ᠤᠨ ᠵᠢᠮ᠎ᠠ ᠬᠠᠤᠯᠢ ᠵᠢᠴᠢ ᠠᠪᠢᠶᠠᠨ᠎ᠤ ᠲᠤᠬᠢᠷᠠᠯᠴᠠᠭ᠎ᠠ ᠵᠢ ᠰᠤᠳᠤᠯᠬᠤ ᠵᠡᠷᠭᠡ ᠲᠠᠯ᠎ᠠ ᠪᠡᠷ ᠤᠯᠠᠮ ᠨᠢᠬᠡ ᠠᠯᠬᠤᠮ ᠬᠦᠨᠵᠡᠬᠡᠢᠷᠡᠬᠦᠯᠬᠦ ᠪᠡᠷ ᠪᠠᠢᠨ᠎ᠠ》 ᠬᠡᠵᠦ ᠰᠤᠷᠪᠤᠯᠵᠢᠯᠠᠭ᠎ᠠ ᠬᠦᠯᠢᠶᠡᠬᠦ᠎ᠳᠡᠭᠡᠨ ᠬᠡᠯᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号