ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠱᠠᠨᠳᠦ᠋ᠩ᠎ᠳᠦ ᠤᠬᠠᠭᠤᠯᠤᠨ ᠲᠠᠢᠯᠪᠤᠷᠢᠯᠠᠪᠠ
2025-11-12 09:40:59
ᠵᠣᠬᠢᠶᠠᠭ᠍ᠴᠢ᠄
ᠵᠠᠩ ᠱᠢᠨ ᠢ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠮᠡᠳᠡᠭᠦᠯᠦᠯᠲᠡ ᠎ᠶ᠋ᠢᠨ ᠬᠤᠷᠠᠯ 11 ᠰᠠᠷ᠎ᠠ᠎ᠶ᠋ᠢᠨ 9 ᠤ᠋ ᠡᠳᠦᠷ ᠱᠠᠨᠳᠦ᠋ᠩ ᠮᠤᠵᠢ ᠎ᠶ᠋ᠢᠨ ᠵᠢᠨᠠᠨ ᠬᠤᠳᠠ ᠎ᠳᠤ ᠶᠠᠪᠤᠭ᠍ᠳᠠᠪᠠ᠃ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠤᠳᠠᠯᠳᠤᠭᠠᠨ ᠎ᠤ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠸᠠᠩ ᠸᠸᠨ ᠲᠤᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃

ᠮᠡᠳᠡᠭᠦᠯᠦᠯᠲᠡ᠎ᠶ᠋ᠢᠨ ᠬᠤᠷᠠᠯ ᠳᠡᠭᠡᠷ᠎ᠡ᠂ ᠸᠠᠩ ᠸᠸᠨ ᠲᠤᠤ ᠶᠡᠷᠦᠩᠬᠡᠢ ᠱᠦᠵᠢ ᠰᠢ ᠵᠢᠨ ᠫᠢᠩ᠎ᠦᠨ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦᠳᠡ ᠬᠤᠷᠠᠯ᠎ᠤᠨ《ᠰᠠᠨᠠᠭᠤᠯᠭ᠎ᠠ》 ᠵᠢ ᠰᠤᠷᠤᠯᠴᠠᠨ ᠲᠤᠭᠤᠱᠢᠯᠠᠭᠤᠯᠬᠤ ᠶ᠋ᠢᠨ ᠲᠣᠭᠣᠷᠢᠨ᠎ᠳᠤ᠂ ᠪᠥᠬᠥᠳᠡ ᠬᠤᠷᠠᠯ᠎ᠢ ᠬᠤᠷᠠᠯᠳᠤᠭᠤᠯᠤᠭᠰᠠᠨ ᠴᠢᠬᠤᠯᠠ ᠶᠡᠬᠡ ᠠᠴᠢ ᠬᠣᠯᠪᠣᠭ᠍ᠳᠠᠯ ᠎ᠢ ᠭᠦᠨᠵᠡᠭᠡᠶ ᠲᠠᠨᠢᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠴᠠ᠎ᠳᠠᠬᠢ ᠴᠢᠬᠤᠯᠠ ᠪᠠᠢᠷᠢ ᠰᠠᠭᠤᠷᠢ᠎ᠶ᠋ᠢ ᠣᠨᠣᠪᠴᠢᠲᠠᠢ ᠡᠵᠡᠮᠱᠢᠵᠤ᠂《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠣᠯᠤᠨ ᠭᠤᠤᠯ ᠬᠠᠷᠠᠯᠲᠠ᠎ᠶ᠋ᠢ ᠭᠦᠨᠵᠡᠭᠡᠶ ᠣᠢᠯᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ ᠴᠢᠬᠤᠯᠠ ᠶᠡᠬᠡ ᠠᠷᠭ᠎ᠠ ᠬᠡᠮᠵᠢᠶ᠎ᠡ ᠎ᠶ᠋ᠢ ᠪᠦᠬᠦ᠌ ᠲᠠᠯ᠎ᠠ ᠎ᠪᠠᠷ ᠣᠢᠯᠠᠭᠠᠵᠤ᠂ ᠨᠠᠮ ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠎ᠶ᠋ᠢ ᠪᠠᠷᠢᠮᠲᠠᠯᠠᠨ ᠴᠢᠩᠭᠠᠳᠭᠠᠵᠤ᠂ ᠳᠤᠮᠳᠠᠳᠤ ᠤᠯᠤᠰ ᠎ᠤᠨ ᠮᠠᠶᠢᠭ ᠎ᠤᠨ ᠣᠳᠣᠬᠢᠴᠢᠯᠠᠯᠲᠠ᠎ᠶ᠋ᠢ ᠠᠬᠢᠭᠤᠯᠬᠤ ᠰᠦᠷ ᠳᠠᠯᠠᠢᠴᠠᠲᠠᠶ ᠬᠦᠴᠦᠨ ᠎ᠢ ᠨᠢᠭ᠍ᠲᠠᠷᠠᠭᠤᠯᠬᠤ ᠵᠡᠷᠭᠡ ᠲᠠᠯ᠎ᠠ᠎ᠪᠠᠷ᠂ ᠪᠥᠬᠥᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠪᠠ᠃

ᠸᠠᠩ ᠸᠸᠨ ᠲᠤᠤ᠂ ᠪᠦᠬᠦᠳᠠ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠎ᠶ᠋ᠢ ᠰᠤᠷᠤᠯᠴᠠᠨ ᠣᠢᠯᠠᠭᠠᠬᠤ᠎ᠲᠠᠶ ᠤᠶᠠᠯᠳᠤᠭᠤᠯᠵᠤ᠂ ᠤᠨᠤᠯ᠎ᠢ ᠪᠣᠳᠠᠲᠠᠢ᠎ᠲᠠᠶ ᠤᠶᠠᠯᠳᠤᠭᠤᠯᠬᠤ ᠰᠤᠷᠤᠯᠴᠠᠬᠤ ᠰᠤᠷᠲᠠᠯ᠎ᠢ ᠪᠠᠷᠢᠮᠲᠠᠯᠠᠵᠤ᠂ ᠠᠰᠠᠭᠤᠳᠠᠯ ᠎ᠢᠶᠠᠷ ᠤᠳᠤᠷᠢᠳᠤᠮᠵᠢ ᠪᠣᠯᠭᠠᠬᠤ᠂ ᠦᠢᠯᠡᠳᠦᠯᠭᠡ ᠎ᠪᠡᠷ ᠤᠳᠤᠷᠢᠳᠤᠮᠵᠢ ᠪᠣᠯᠭᠠᠬᠤ᠂ ᠬᠡᠷᠡᠭ᠌ᠴᠡᠭᠡ ᠎ᠪᠡᠷ ᠤᠳᠤᠷᠢᠳᠤᠮᠵᠢ ᠪᠣᠯᠭᠠᠬᠤ ᠎ᠶ᠋ᠢ ᠲᠤᠪᠤᠢ᠌ᠯᠭᠠᠵᠤ᠂ ᠨᠡᠩ ᠤᠬᠠᠮᠰᠠᠷ᠎ᠡᠴᠡ᠎ᠪᠠᠨ ᠱᠢᠨᠵᠢᠯᠡᠬᠦ᠌ ᠤᠬᠠᠭᠠᠨᠴᠢ ᠤᠨᠤᠯ ᠵᠢᠨᠷ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠱᠢᠨ᠎ᠡ ᠪᠠᠢᠳᠠᠯ ᠎ᠢ ᠲᠠᠰᠤᠷᠠᠯᠳᠠ ᠦᠭᠡᠢ ᠡᠭᠦᠳᠬᠦ᠌ ᠬᠡᠷᠡᠭ᠌ᠲᠡᠢ ᠭᠡᠵᠤ ᠢᠯᠡᠳᠭᠡᠪᠡ᠃

9 ᠤ᠋ ᠦᠳᠡ᠎ᠶ᠋ᠢᠨ ᠬᠣᠢᠨ᠎ᠠ᠂ ᠸᠠᠩ ᠸᠸᠨ ᠲᠤᠤ ᠵᠢᠨᠠᠨ᠎ᠤ ᠲᠥᠪ ᠬᠤᠳᠠᠯᠳᠤᠭᠠᠨ᠎ᠤ ᠶᠠᠪᠤᠳᠠᠯ᠎ᠤᠨ ᠲᠣᠭᠣᠷᠢᠭ᠎ᠲᠤ ᠬᠦᠷᠴᠦ᠍᠂ ᠬᠡᠰᠡᠭ ᠭᠠᠳᠠᠭᠠᠳᠤ ᠪᠡᠯᠡ᠎ᠶ᠋ᠢᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠣᠯᠤᠨ ᠠᠵᠢᠯᠳᠠᠨ ᠠᠵᠢᠯᠴᠢᠨ᠎ᠤ ᠲᠥᠯᠥᠭᠡᠯᠡᠭ᠌ᠴᠢᠳ᠎ᠲᠡᠶ ᠰᠠᠨᠠᠯ᠎ᠢᠶᠠᠨ ᠰᠣᠯᠢᠯᠴᠠᠵᠤ᠂ ᠨᠢᠭᠤᠷᠳᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃

ᠱᠢᠨᠬᠤᠸᠠ ᠬᠣᠷᠢᠶ᠎ᠠ ᠵᠢᠨ ᠵᠢᠨᠠᠨ᠎ᠤ 11 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号