11 ᠰᠠᠷ᠎ᠠ᠎ᠶ᠋ᠢᠨ 10 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ᠂ ᠮᠠᠨᠵᠤᠤᠷ᠂ ᠱᠢᠯᠢ᠎ᠶ᠋ᠢᠨ ᠭᠣᠣᠯ᠎ᠳᠤ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠲᠡᠶ ᠰᠠᠨᠠᠯ᠎ᠢᠶᠠᠨ ᠰᠣᠯᠢᠯᠴᠠᠪᠠ᠃
ᠬᠥᠬᠡᠬᠣᠲᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠳᠡᠳ᠋ ᠵᠠᠬᠢᠷᠤᠯ ᠠᠨ ᠵᠢᠨᠭ ᠽᠢ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠠ᠃ ᠠᠨ ᠵᠢᠨᠭ ᠽᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠡᠦᠬᠡᠨ ᠪᠠᠢᠷᠢ ᠰᠠᠭᠤᠷᠢ᠎ᠶ᠋ᠢ ᠣᠨᠣᠪᠴᠢᠲᠠᠢ ᠡᠵᠡᠮᠳᠡᠬᠦ᠌᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ ᠪᠠ ᠭᠣᠣᠯ ᠬᠠᠷᠠᠯᠲᠠ᠎ᠶ᠋ᠢ ᠭᠦᠨᠵᠡᠭᠡᠢ ᠣᠢᠯᠠᠭᠠᠬᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠢ᠎ᠡ᠎ᠶ᠋ᠢ ᠪᠦᠬᠦ᠌ ᠲᠠᠯ᠎ᠠ᠎ᠪᠠᠷ ᠣᠢᠯᠠᠭᠠᠬᠤ ᠵᠡᠷᠭᠡ ᠭᠤᠷᠪᠠᠨ ᠲᠠᠯ᠎ᠠ᠎ᠠᠴᠠ ᠭᠦᠨᠵᠡᠭᠡᠢ ᠪᠥᠭᠡᠳ ᠣᠢᠯᠠᠭᠠᠮᠵᠢᠲᠠᠢ᠂ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠪᠠ᠃
ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠨᠡᠪᠲᠡᠷᠬᠡᠢ᠂ ᠠᠭᠤᠯᠤᠭ᠍ᠳᠠᠬᠤᠨ ᠭᠦᠨᠵᠡᠭᠡᠢ᠃ ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠵᠢᠭᠠᠨ ᠰᠤᠳᠤᠯᠬᠤ ᠲᠠᠰᠤᠭ᠎ᠤᠨ ᠳᠡᠳ᠋ ᠡᠷᠬᠢᠯᠡᠭ᠌ᠴᠢ ᠯᠢᠦ ᠴᠠᠩ᠄ 《ᠬᠤᠲᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠨᠢᠭᠡ ᠭᠡᠱᠢᠭᠦᠨ ᠪᠣᠯᠤᠭ᠍ᠰᠠᠨ᠎ᠤ ᠬᠤᠪᠢ᠎ᠳᠤ ᠪᠢ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠵᠦ ᠪᠠᠢᠨ᠎ᠠ᠃ ᠪᠢ ᠮᠡᠳᠡᠭᠦᠯᠦᠯᠲᠡ᠎ᠶ᠋ᠢᠨ ᠬᠤᠷᠠᠯ᠎ᠤᠨ ᠭᠤᠤᠯ ᠴᠢᠮᠥᠭᠡ ᠪᠠ ᠴᠢᠬᠤᠯᠠ ᠠᠭᠤᠯᠭ᠎ᠠ᠎ᠶ᠋ᠢ ᠣᠷᠣᠨ᠎ᠤ ᠲᠥᠪ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠂ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠦ ᠰᠣᠨᠣᠰᠴᠤ᠌ ᠣᠢᠯᠠᠭᠠᠬᠤ ᠦᠭᠡ ᠬᠡᠯᠡ᠂ ᠣᠯᠠᠨ ᠲᠦᠮᠡᠨ᠎ᠲᠡᠶ ᠣᠢᠷᠠᠲᠤᠭ᠍ᠰᠠᠨ ᠬᠡᠷᠡᠭ᠎ᠦᠨ ᠵᠢᠱ᠌ᠢᠶ᠎ᠡ᠎ᠪᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ᠂ ᠨᠡᠪᠲᠡᠷᠡᠲᠡᠯ᠎ᠡ ᠶᠠᠷᠢᠵᠤ᠂ ᠪᠦᠷᠢᠨ ᠶᠠᠷᠢᠵᠤ᠂ ᠣᠨᠣᠪᠴᠢᠲᠠᠶ ᠶᠠᠷᠢᠵᠤ᠂ ᠬᠥᠬᠡᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠠᠨ ᠵᠢᠨᠭ ᠽᠢ ᠪᠠᠰᠠ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠵᠠᠮ᠎ᠤᠨ ᠵᠡᠭᠡᠯᠢ ᠭᠤᠳᠤᠮᠵᠢ᠎ᠶ᠋ᠢᠨ ᠰᠢ ᠱᠢᠩ ᠨᠡᠢᠭᠡᠮ ᠲᠣᠭᠣᠷᠢᠭ᠎ᠲᠤ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠲᠡᠶ ᠠᠷᠠᠳ᠎ᠤᠨ ᠠᠮᠢᠳᠤᠷᠠᠯ ᠪᠠ ᠡᠷᠡᠭᠦᠯ ᠮᠡᠨᠳᠦ ᠵᠡᠷᠭᠡ ᠠᠰᠠᠭᠤᠳᠠᠯ᠎ᠤᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
ᠮᠠᠨᠵᠤᠤᠷ ᠬᠤᠳᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠳ᠋ᠦ᠋ ᠹᠸᠩ ᠯᠢᠶᠠᠨ ᠲᠤᠰᠭᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠳ᠋ᠦ᠋ ᠹᠸᠩ ᠯᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ᠋ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠴᠠ᠎ᠳᠠᠬᠢ ᠵᠠᠩᠭᠢᠯᠠᠭ᠎ᠠ᠎ᠶ᠋ᠢᠨ ᠪᠠᠢᠷᠢ ᠰᠠᠭᠤᠷᠢ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠶᠡᠬᠡ ᠵᠠᠷᠴᠢᠮ᠂ ᠭᠣᠣᠯ ᠬᠠᠷᠠᠯᠲᠠ᠂ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠵᠢᠴᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠵᠡᠷᠭᠡ ᠭᠣᠣᠯ ᠠᠭᠤᠯᠭ᠎ᠠ᠎ᠶ᠋ᠢᠨ ᠲᠣᠭᠣᠷᠢᠨ᠎ᠳᠤ ᠪᠦᠬᠦ᠌ ᠲᠠᠯ᠎ᠠ᠎ᠪᠠᠷ ᠱᠢᠰᠲ᠋ᠧᠮ᠎ᠲᠡᠶ᠂ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠪᠠ᠃
ᠪᠦᠬᠦᠢᠯᠡ ᠮᠡᠳᠡᠭᠦᠯᠦᠯᠲᠡ᠎ᠶ᠋ᠢᠨ ᠠᠭᠤᠯᠭ᠎ᠠ ᠨᠢ ᠪᠠᠶᠠᠯᠢᠭ᠂ ᠦᠬᠦᠯᠡᠮᠵᠢ ᠲᠤᠳᠤᠷᠬᠠᠢ ᠪᠠᠢᠵᠤ᠂ ᠤᠨᠤᠯ᠎ᠤᠨ ᠦᠨᠳᠦᠷᠴᠡ ᠲᠠᠢ ᠪᠥᠭᠡᠳ ᠦᠨᠡᠨ ᠪᠣᠳᠠᠲᠠᠢ᠎ᠲᠠᠶ ᠨᠢᠭ᠍ᠲᠠ ᠤᠶᠠᠯᠳᠤᠨ᠂ ᠬᠤᠷᠠᠯ᠎ᠳᠤ ᠣᠷᠣᠯᠴᠠᠭ᠍ᠰᠠᠳ᠎ᠲᠤ ᠭᠦᠨ ᠰᠡᠩᠬᠡᠷᠡᠭᠦᠯᠦᠯ ᠥᠭ᠌ᠴᠡᠢ᠃ ᠮᠠᠨᠵᠤᠤᠷ ᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠯᠢ ᠶᠠᠩ ᠢᠯᠡᠷᠬᠡᠢᠯᠡᠬᠦ᠌᠎ᠳᠡᠭᠡᠨ᠂ ᠤᠬᠠᠭᠤᠯᠤᠨ ᠲᠠᠢᠯᠪᠤᠷᠢᠯᠠᠯᠳᠠ ᠮᠠᠰᠢ ᠴᠢᠩᠭ᠎ᠠ ᠵᠢᠯᠣᠭᠣᠳᠭᠤ ᠴᠢᠨᠠᠷᠲᠠᠶ ᠪᠤᠯᠵᠠᠢ᠂ ᠲᠠᠷᠠᠭᠠᠴᠢ᠎ᠶ᠋ᠢᠨ ᠠᠯᠬᠤᠮ᠎ᠳᠤ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠤᠨ᠂ ᠣᠳᠣᠬᠢᠴᠢᠯᠠᠭ᠍ᠰᠠᠨ ᠡᠬᠡ ᠬᠠᠭᠤᠷᠠᠶ᠎ᠶ᠋ᠢᠨ ᠭᠠᠷᠠᠮ᠎ᠤᠨ ᠪᠥᠲᠥᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠷᠡᠭᠡᠳᠦᠶ᠎ᠶ᠋ᠢᠨ ᠠᠵᠤ ᠦᠶ᠋ᠯᠡᠰ᠎ᠢ ᠪᠤᠳᠠᠳᠠᠢ ᠳ᠋ᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ᠂ ᠬᠣᠲᠠ᠎ᠶ᠋ᠢᠨ ᠲᠠᠲᠠᠬᠤ ᠬᠦᠴᠦᠨ᠎ᠢ ᠦᠷᠭᠦᠯᠵᠢᠯᠡᠨ ᠨᠡᠮᠡᠭ᠌ᠳᠡᠭᠦᠯᠬᠦ᠌ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠦᠷᠭᠦᠯᠵᠢᠯᠡᠨ ᠬᠦᠴᠦᠯᠡᠵᠦ᠍᠂ ᠮᠠᠨᠵᠤᠤᠷ᠎ᠢ ᠭᠠᠷᠠᠮ ᠠᠵᠤ ᠦᠶ᠋ᠯᠡᠰ ᠬᠣᠲᠠ ᠭᠦᠨᠵᠡᠭᠡᠶ ᠠᠭᠤᠰᠤᠯᠴᠠᠭᠰᠠᠨ ᠣᠳᠣᠬᠢᠴᠢᠯᠠᠭ᠍ᠰᠠᠨ ᠪᠣᠭᠣᠮᠲᠠ᠎ᠶ᠋ᠢᠨ ᠬᠣᠲᠠ ᠪᠣᠯᠭᠠᠨ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠡᠶ᠃
ᠳ᠋ᠦ᠋ ᠹᠸᠩ ᠯᠢᠶᠠᠨ ᠪᠠᠰᠠ ᠮᠠᠨᠵᠤᠤᠷ ᠬᠤᠳᠠ᠎ᠶ᠋ᠢᠨ ᠠᠵᠤ ᠠᠬᠤᠢ᠎ᠶ᠋ᠢᠨ ᠰᠠᠯᠠᠭ᠎ᠠ ᠮᠥᠴᠢᠷ᠎ᠲᠦ ᠬᠦᠷᠴᠦ᠍᠂ ᠬᠠᠮᠢᠶ᠎ᠠ ᠪᠦᠬᠦᠢ ᠬᠠᠷᠢᠭᠤᠴᠠᠯᠭᠠᠲᠠᠨ᠎ᠲᠠᠶ ᠰᠠᠨᠠᠯ᠎ᠢᠶᠠᠨ ᠰᠣᠯᠢᠯᠴᠠᠪᠠ᠃ ᠬᠣᠶᠠᠷ ᠲᠠᠯ᠎ᠠ᠎ᠪᠠᠷ᠎ᠢᠶᠠᠨ ᠣᠳᠣᠬᠠᠨ᠎ᠤ ᠭᠠᠳᠠᠭᠠᠳᠤ᠎ᠠᠴᠠ ᠣᠷᠣᠭᠤᠯᠬᠤ ᠶᠡᠬᠡ ᠬᠡᠮᠵᠢᠶᠡᠨ᠎ᠦ ᠡᠬᠢ ᠪᠠᠶᠠᠯᠢᠭ᠎ᠤᠨ ᠬᠡᠯᠪᠡᠷᠢ᠎ᠶ᠋ᠢᠨ ᠲᠠᠸᠠᠷ᠎ᠢ ᠨᠤᠳᠤᠭᠰᠢᠭᠤᠯᠤᠨ ᠪᠤᠯᠪᠠᠰᠤᠷᠠᠭᠤᠯᠬᠤ᠂ ᠲᠣᠭ᠎ᠠ ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠬᠦ᠌ ᠶᠠᠪᠤᠴᠠ᠎ᠳᠤ ᠣᠷᠣᠱᠢᠵᠤ ᠪᠠᠢᠭ᠎ᠠ ᠬᠦᠴᠢᠷ ᠠᠰᠠᠭᠤᠳᠠᠯ᠂ ᠲᠦᠭ᠌ᠵᠢᠷᠡᠯ ᠠᠰᠠᠭᠤᠳᠠᠯ ᠵᠢᠴᠢ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠰᠡᠳᠭᠢᠴᠡ᠎ᠶ᠋ᠢᠨ ᠲᠤᠬᠠᠶ ᠰᠠᠨᠠᠯ᠎ᠢᠶᠠᠨ ᠭᠦᠨᠵᠡᠭᠡᠶ ᠰᠣᠯᠢᠯᠴᠠᠪᠠ᠃
ᠱᠢᠯᠢ᠎ᠶ᠋ᠢᠨ ᠭᠤᠤᠯ ᠠᠢᠮᠠᠭ᠎ᠲᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠦᠨᠡᠨᠴᠢ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥᠳᠡ ᠬᠤᠷᠠᠯ᠎ᠤᠨ 《ᠰᠠᠨᠠᠭᠤᠯᠭ᠎ᠠ》 ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ ᠪᠥᠬᠥ᠌ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃
《ᠥᠨᠥᠳᠦᠷ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠡᠭᠦᠷᠭᠡ ᠬᠠᠷᠢᠭᠤᠴᠠᠯᠭ᠎ᠠ ᠬᠦᠨᠳᠦ ᠬᠡᠳᠡᠭᠵᠢᠡᠨ ᠮᠡᠳᠡᠷᠡᠯ᠎ᠡ᠃ ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠲᠠᠩᠬᠢᠮ ᠪᠠ ᠦᠨᠳᠦᠰᠦᠨ ᠱᠠᠲᠤᠨ᠎ᠤ ᠣᠨᠣᠯ᠎ᠤᠨ ᠤᠬᠠᠭᠤᠯᠤᠨ ᠲᠠᠢᠯᠪᠤᠷᠢᠯᠠᠬᠤ ᠳᠤᠮᠳᠠ ᠦᠳᠲᠡᠷ ᠲᠦᠷᠭᠡᠨ ᠠᠭᠤᠰᠭᠠᠨ ᠣᠷᠣᠭᠤᠯᠵᠤ᠂ ᠰᠣᠷᠣᠭ᠍ᠴᠢ ᠪᠠ ᠣᠯᠠᠨ ᠲᠦᠮᠡᠨ᠎ᠦ ᠣᠢᠯᠠᠭᠠᠵᠤ ᠲᠡᠢᠯᠬᠦ᠂ ᠴᠡᠭᠡᠵᠢᠯᠡᠵᠦ ᠴᠢᠳᠠᠬᠤ᠂ ᠦᠶ᠋ᠯᠡᠳᠦᠯᠭᠡᠵᠢᠭᠦᠯᠵᠦ᠍ ᠳᠡᠢᠯᠬᠦ᠌ ᠦᠭᠡ ᠬᠡᠯᠡ᠎ᠪᠡᠷ ᠪᠥᠬᠥᠳᠡ ᠬᠤᠷᠠᠯ᠎ᠤᠨ ᠭᠤᠤᠯ ᠠᠭᠤᠯᠭ᠎ᠠ ᠴᠢᠬᠤᠯᠠ ᠠᠭᠤᠯᠭ᠎ᠠ᠎ᠶ᠋ᠢ ᠲᠣᠳᠣᠷᠬᠠᠶ ᠲᠠᠢᠯᠪᠤᠷᠢᠯᠠᠵᠤ᠂ ᠣᠨᠣᠯ᠎ᠤᠨ ᠤᠬᠠᠭᠤᠯᠤᠨ ᠲᠠᠢᠯᠪᠤᠷᠢᠯᠠᠯᠳᠠ ᠪᠠ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠳᠤᠮᠳᠠ ᠢᠲᠡᠭᠡᠯ ᠪᠢᠱᠢᠷᠡᠯ᠎ᠦᠨ ᠰᠠᠭᠤᠷᠢ᠎ᠵᠢ ᠪᠡᠬᠢᠵᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠵᠤ᠂ ᠵᠠᠯᠠᠭᠤᠴᠤᠳ᠎ᠤᠨ ᠬᠤᠪᠢ ᠬᠥᠮᠦᠨ᠎ᠦ ᠬᠦᠰᠡᠯᠡᠩ᠎ᠢᠶᠡᠨ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠭᠤᠯᠬᠤ᠎ᠶ᠋ᠢ ᠬᠥᠲᠥᠯᠥᠨ ᠵᠢᠯᠣᠭᠣᠳᠴᠤ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠱᠢᠯᠢ᠎ᠶ᠋ᠢᠨ ᠭᠣᠣᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠍ ᠤᠨᠤᠯ᠎ᠤᠨ ᠬᠡᠯᠲᠡᠰ᠎ᠦᠨ ᠳᠡᠳ᠋ ᠫᠷᠤᠹᠸᠰᠰᠤᠷ ᠮᠢ ᠡᠯ ᠸᠸᠨ ᠬᠡᠯᠡᠪᠡ᠃
ᠦᠨᠡᠨᠴᠢ ᠪᠠᠰᠠ ᠱᠢᠯᠢ᠎ᠶ᠋ᠢᠨ ᠭᠤᠤᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠬᠦᠷᠴᠦ᠍᠂ ᠪᠠᠭ᠍ᠰᠢ ᠰᠤᠷᠤᠭ᠍ᠴᠢᠳ᠎ᠤᠨ ᠲᠥᠯᠥᠭᠡᠯᠡᠭ᠌ᠴᠢᠳ ᠲᠡᠶ ᠰᠠᠨᠠᠯ᠎ᠢᠶᠠᠨ ᠰᠣᠯᠢᠯᠴᠠᠵᠤ᠂ 《ᠵᠢᠵᠢᠭ ᠰᠠᠵᠢᠭ ᠵᠦᠶ᠋ᠯ》 ᠵᠢᠡᠷ 《ᠶᠡᠬᠡ ᠭᠤᠤᠯ ᠰᠡᠳᠦᠪ》 ᠢ᠋ ᠲᠠᠢᠯᠪᠤᠷᠢᠯᠠᠵᠤ᠂ ᠪᠠᠭ᠍ᠰᠢ ᠰᠤᠷᠤᠭ᠍ᠴᠢᠳ᠎ᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠵᠤ᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠵᠢ ᠬᠦᠳᠦᠯᠦᠨ ᠵᠢᠯᠤᠭᠤᠳᠪᠠ᠃
《ᠵᠠᠯᠠᠭᠤᠴᠤᠳ ᠪᠣᠯ ᠤᠯᠤᠰ ᠪᠠ ᠦᠨᠳᠦᠰᠦᠲᠡᠨ᠎ᠦ ᠢᠷᠡᠭᠡᠳᠦᠢ ᠮᠥᠨ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠴᠢᠬᠤᠯᠠ ᠬᠦᠴᠦᠨ ᠮᠥᠨ ᠭᠡᠳᠡᠭ᠎ᠢ ᠪᠢ ᠭᠦᠨᠵᠡᠭᠡᠢ ᠲᠠᠨᠢᠵᠤ ᠤᠯᠪᠠ᠃ ᠬᠣᠢᠱᠢᠳᠠ ᠪᠢ ᠬᠠᠮᠲᠦ ᠰᠤᠷᠤᠯᠭᠠᠲᠠᠨ ᠵᠢᠡᠨ ᠵᠣᠬᠢᠶᠠᠨ ᠪᠠᠢᠭᠤᠯᠤᠨ ᠰᠠᠢ᠌ᠨ ᠳᠤᠷ᠎ᠠ᠎ᠶ᠋ᠢᠨ ᠦᠢᠯᠡᠴᠢᠯᠡᠭᠡ᠂ ᠨᠡᠢᠭᠡᠮ᠎ᠦᠨ ᠪᠠᠢᠴᠠᠭᠠᠨ ᠰᠤᠳᠤᠯᠤᠯᠲᠠ ᠵᠡᠷᠭᠡ᠎ᠳᠦ ᠢᠳᠡᠪᠬᠢᠲᠡᠢ ᠣᠷᠣᠯᠴᠠᠭᠤᠯᠵᠤ᠂ ᠨᠡᠢᠭᠡᠮ᠎ᠦᠨ ᠬᠠᠷᠢᠭᠤᠴᠠᠯᠭᠠᠲᠤ ᠰᠡᠳᠭᠢᠯᠭᠡ᠎ᠶ᠋ᠢ ᠨᠢ ᠨᠡᠮᠡᠭ᠌ᠳᠡᠭᠦᠯᠦᠨ᠎ᠡ》 ᠬᠡᠵᠦ ᠰᠤᠷᠤᠭ᠍ᠴᠢ ᠵᠠᠩ ᠴᠢ ᠬᠡᠯᠡᠪᠡ᠃