— ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠭᠰᠠᠨ ᠥᠪᠥᠷ ᠮᠣᠩᠭᠣᠯ ᠤ᠋ᠨ ᠦᠶ᠋ᠯᠡᠳᠦᠯᠭᠡ
8000 ᠭᠠᠵᠠᠷ ᠤ᠋ᠨ ᠬᠢᠯᠢ ᠵᠢᠨ ᠱᠤᠭᠤᠮ ᠨᠠᠮ ᠵᠠᠰᠠᠭ ᠴᠡᠷᠢᠭ ᠴᠠᠭ᠍ᠳᠠᠭᠠ ᠠᠷᠠᠳ ᠤ᠋ᠨ ᠬᠢᠯᠢ ᠬᠢᠵᠠᠭᠠᠷ ᠵᠢᠡᠨ ᠦᠨᠡᠨᠴᠢ ᠱᠢᠳᠤᠷᠭᠤ ᠰᠠᠬᠢᠨ ᠬᠠᠮᠠᠭᠠᠯᠠᠨ᠎ᠠ ᠬᠡᠰᠡᠨ ᠪᠠᠳᠤ ᠲᠠᠩᠭᠠᠷᠢᠭ ᠢ᠋ ᠭᠡᠷᠡᠴᠢᠯᠡᠵᠦ᠍᠂ 118.3 ᠲᠦᠮᠡᠨ ᠲᠡᠭ᠌ᠰᠢ ᠳᠥᠷᠪᠡᠯᠵᠢᠨ ᠺᠢᠯᠦᠮᠸᠲᠷ ᠤ᠋ᠨ ᠬᠠᠯᠠᠭᠤᠨ ᠬᠥᠷᠥᠰᠥᠨ ᠳ᠋ᠤ ᠦᠨᠳᠦᠰᠦᠲᠡᠨ ᠨᠤᠭᠦᠳ ᠤ᠋ᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠴᠠᠭ ᠦᠶ᠎ᠡ ᠵᠢᠨ ᠢᠷᠠᠭᠤ ᠬᠠᠭᠤᠳᠠᠰᠤ ᠳᠡᠯᠭᠡᠭᠳᠡᠨ᠎ᠠ᠃
ᠥᠪᠥᠷ ᠮᠣᠩᠭᠣᠯ ᠪᠣᠯ ᠡᠬᠡ ᠤᠯᠤᠰ ᠤ᠋ᠨ 《ᠤᠮᠠᠷᠠᠲᠤ ᠬᠠᠭᠠᠯᠭ᠎ᠠ》᠂ ᠨᠡᠢᠰᠯᠡᠯ ᠤ᠋ᠨ 《ᠬᠤᠳᠠ ᠵᠢᠨ ᠬᠠᠮᠠᠭᠠᠯᠠᠯᠳᠠ ᠵᠢᠨ ᠭᠤᠤᠯ》 ᠮᠥᠨ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠭᠳᠠᠭᠠᠵᠦ ᠦᠭᠭᠦᠭᠰᠡᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠵᠢᠨ ᠨᠢᠭᠡ ᠪᠣᠯ ᠡᠬᠡ ᠤᠯᠤᠰ ᠤ᠋ᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭ᠍ᠲᠠᠭᠤᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠶᠠᠪᠤᠳᠠᠯ ᠪᠣᠯᠤᠨ᠎ᠠ᠃
ᠨᠠᠮ ᠤ᠋ᠨ ᠲᠥᠪ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ ᠶᠡᠷᠦᠩᠬᠡᠢ ᠴᠣᠭ᠍ᠴᠠ ᠵᠢᠨ ᠤᠯᠤᠰ ᠤ᠋ᠨ ᠠᠮᠤᠷ ᠲᠦᠪᠱᠢᠨ ᠤ᠋ ᠦᠵᠡᠯᠲᠡ ᠵᠢ ᠭᠤᠢᠪᠢᠰᠢ ᠦᠭᠡᠢ ᠲᠤᠭᠤᠱᠢᠯᠠᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠣᠣᠯ ᠱᠢᠵᠢᠮ ᠤ᠋ᠨ ᠲᠣᠭᠣᠷᠢᠨ ᠳ᠋ᠤ ᠦᠨᠳᠦᠰᠦᠲᠡᠨ ᠨᠤᠭᠦᠳ ᠤ᠋ᠨ 2400 ᠲᠦᠮᠡ ᠭᠠᠷᠤᠢ ᠬᠥᠪᠡᠭᠦᠳ ᠥᠬᠢᠳ ᠤ᠋ᠨ ᠡᠭᠡ ᠤᠯᠤᠰ ᠤ᠋ᠨ ᠵᠢᠡᠨ ᠬᠢᠯᠢ ᠬᠢᠵᠠᠭᠠᠷ ᠢ᠋ ᠬᠠᠮᠲᠤ ᠪᠠᠷ ᠰᠠᠬᠢᠨ ᠬᠠᠮᠠᠭᠠᠯᠠᠬᠤ᠂ ᠰᠠᠢ᠌ᠨ ᠰᠠᠢᠬᠠᠨ ᠠᠮᠢᠳᠤᠷᠠᠯ ᠢ᠋ ᠬᠠᠮᠲᠤ ᠪᠠᠷ ᠴᠣᠭ᠍ᠴᠠᠯᠠᠬᠤ ᠡᠷᠡᠰ ᠪᠠᠲᠤ ᠵᠣᠷᠢᠭ ᠰᠠᠨᠠᠭ᠎ᠠ ᠪᠤᠯᠤᠨ ᠣᠷᠭᠢᠯᠤᠮ᠎ᠠ ᠬᠠᠯᠠᠭᠤᠨ ᠰᠡᠳᠭᠢᠯᠭᠡ ᠵᠢ ᠨᠢᠭ᠍ᠲᠠᠷᠠᠭᠤᠯᠪᠠ᠃
ᠭᠤᠤᠯ ᠱᠢᠵᠢᠮ ᠵᠢᠡᠷ ᠬᠥᠲᠥᠯᠥᠨ ᠳᠠᠭᠠᠭᠤᠯᠵᠤ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠪᠠ
ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠬᠡᠷᠬᠢᠨ ᠬᠥᠮᠦᠰ ᠤ᠋ᠨ ᠰᠡᠳᠭᠢᠯ ᠳ᠋ᠤ ᠭᠦᠨ ᠬᠠᠳᠠᠩᠱᠢᠭᠤᠯᠵᠤ᠂ ᠨᠢᠳᠤᠨ ᠳ᠋ᠤ ᠦᠵᠡᠭᠳᠡᠵᠤ ᠭᠠᠷ ᠲᠦ᠍ ᠪᠠᠷᠢᠭᠳᠠᠮ᠎ᠠ ᠪᠤᠯᠭᠠᠬᠤ ᠪᠤᠢ? ᠥᠪᠥᠷ ᠮᠣᠩᠭᠣᠯ ᠱᠢᠰᠲ᠋ᠧᠮᠳᠤ ᠰᠡᠳᠭᠢᠬᠦᠶ ᠪᠡᠷ ᠪᠠᠢᠷᠢᠯᠠᠭᠤᠯᠤᠯᠲᠠ ᠬᠢᠵᠦ᠍᠂ ᠯᠠᠪᠳᠠᠭᠤᠨ ᠪᠠᠲᠤᠲᠠᠶ ᠠᠵᠢᠯᠯᠠᠭ᠎ᠠ ᠪᠠᠷ ᠵᠢᠡᠨ ᠪᠤᠳᠠᠳᠠᠢ ᠬᠠᠷᠢᠭᠤᠯᠲᠠ ᠥᠭ᠌ᠴᠠᠢ᠃
— ᠲᠦᠷᠢᠮ ᠵᠢᠡᠷ ᠬᠥᠲᠥᠯᠪᠦᠷᠢ ᠪᠣᠯᠭᠠᠵᠤ᠂ ᠬᠠᠷᠢᠭᠤᠴᠠᠯᠭ᠎ᠠ ᠵᠢ ᠪᠣᠳᠠᠲᠠᠢᠵᠢᠭᠤᠯᠪᠠ᠃ ᠥᠪᠥᠷ ᠮᠣᠩᠭᠣᠯ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠭᠤᠤᠯ ᠱᠢᠵᠢᠮ ᠢ᠋ ᠪᠥᠬᠥ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠠᠷᠭ᠎ᠠ ᠬᠡᠮᠵᠢᠶ᠎ᠡ ᠨᠤᠭᠦᠳ》 ᠢ᠋ ᠲᠣᠭ᠍ᠲᠠᠭᠠᠨ ᠬᠡᠷᠡᠭ᠌ᠵᠢᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠤᠤᠯ ᠱᠢᠵᠢᠮ ᠤ᠋ᠨ ᠲᠤᠱᠢᠶᠠᠯ ᠬᠠᠷᠢᠭᠤᠴᠠᠯᠭ᠎ᠠ ᠵᠢ ᠪᠥᠬᠥ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢ ᠡᠯ᠎ᠡ ᠱᠠᠲᠤᠨ ᠤ᠋ ᠨᠠᠮ ᠵᠠᠰᠠᠭ ᠤ᠋ᠨ ᠰᠠᠯᠠᠭ᠎ᠠ ᠮᠥᠴᠢᠷ᠂ ᠣᠯᠠᠨ ᠲᠦᠮᠡᠨ ᠤ᠋ ᠪᠦᠯᠬᠦᠮ ᠤ᠋ᠨ ᠵᠣᠬᠢᠶᠠᠨ ᠪᠠᠢᠭᠤᠯᠤᠯᠲᠠ᠂ ᠠᠵᠢᠯ ᠦᠶ᠋ᠯᠡᠰ ᠤ᠋ᠨ ᠨᠢᠭᠡᠴᠢ ᠵᠢᠨ 《ᠭᠤᠷᠪᠠ ᠵᠢ ᠲᠣᠭ᠍ᠲᠠᠭᠠᠬᠤ》 ᠲᠣᠭ᠍ᠲᠠᠭᠠᠯ ᠪᠠ ᠬᠡᠷᠡᠭ ᠶᠠᠪᠤᠳᠠᠯ ᠢ᠋ ᠵᠥᠪᠯᠡᠵᠦ᠍ ᠵᠣᠬᠢᠴᠠᠭᠤᠯᠬᠤ ᠪᠠᠢᠭᠤᠯᠤᠮᠵᠢ ᠵᠢᠨ ᠠᠵᠢᠯ ᠤ᠋ᠨ ᠲᠦᠷᠢᠮ ᠳ᠋ᠤ ᠪᠢᠴᠢᠵᠦ᠍ ᠣᠷᠣᠭᠤᠯᠬᠤ ᠵᠢ ᠠᠬᠢᠭᠤᠯᠪᠠ᠃
— ᠰᠤᠳᠤᠯᠭᠠᠨ ᠵᠢᠡᠷ ᠰᠠᠭᠤᠷᠢ ᠪᠣᠯᠭᠠᠵᠤ᠂ ᠨᠠᠷᠢᠨ ᠠᠭᠤᠯᠭ᠎ᠠ ᠵᠢ ᠪᠠᠶᠠᠯᠢᠭᠵᠢᠭᠤᠯᠪᠠ᠃ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠪᠠᠢᠭᠤᠯᠤᠯᠲᠠ ᠵᠢᠨ ᠰᠤᠳᠤᠯᠭᠠᠨ ᠤ᠋ ᠢᠨᠵᠧᠨᠧᠷᠢᠩ ᠢ᠋ ᠢᠳᠡᠪᠬᠢᠲᠡᠶ ᠠᠬᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠰᠤᠳᠤᠯᠭᠠᠨ ᠤ᠋ ᠲᠥᠪ ᠢ᠋ ᠪᠠᠢᠭᠤᠯᠵᠤ᠂ ᠦᠪᠤᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠣᠨᠣᠯ ᠤ᠋ᠨ ᠰᠤᠳᠤᠯᠭᠠᠨ ᠤ᠋ ᠰᠠᠭᠤᠷᠢᠨ᠂ ᠰᠤᠷᠭᠠᠨ ᠬᠥᠮᠦᠵᠢᠯ ᠤ᠋ᠨ ᠦᠶ᠋ᠯᠡᠳᠦᠯᠭᠡ ᠵᠢᠨ ᠰᠠᠭᠤᠷᠢᠨ ᠢ᠋ ᠪᠠᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠪᠠᠢᠭᠤᠯᠤᠯᠲᠠ ᠳ᠋ᠤ ᠪᠠᠲᠤ ᠪᠠᠬᠢ ᠶᠣᠰᠣ ᠵᠦᠢ ᠵᠢᠨ ᠲᠤᠯᠭᠠᠭᠤᠷᠢᠯᠠᠯ ᠬᠠᠩᠭᠠᠪᠠ᠃
— ᠦᠶ᠋ᠯᠡᠳᠦᠯᠭᠡ ᠪᠡᠷ ᠭᠤᠤᠯᠳᠠᠯᠭ᠎ᠠ ᠪᠣᠯᠭᠠᠵᠤ᠂ ᠰᠤᠷᠤᠯᠴᠠᠯᠭ᠎ᠠ ᠬᠦᠮᠦᠵᠢᠯ ᠢ᠋ ᠴᠢᠡᠭᠭᠠᠳᠬᠠᠪᠠ᠃ ᠥᠪᠥᠷ ᠮᠣᠩᠭᠣᠯ 《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠵᠢ ᠰᠣᠨᠣᠰᠴᠤ᠂ ᠨᠠᠮ ᠵᠢᠡᠨ ᠳᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠢ᠋ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢ ᠡᠭᠦᠳᠦᠨ ᠪᠠᠢᠭᠤᠯᠬᠤ ᠠᠵᠢᠯᠯᠠᠭ᠎ᠠ ᠵᠢ ᠭᠦᠨᠵᠡᠭᠡᠶ ᠥᠷᠨᠢᠭᠦᠯᠤᠨ᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠪᠥᠬᠥ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠬᠦᠯᠵᠤ᠂ ᠦᠨᠳᠦᠰᠦᠲᠡᠨ ᠨᠤᠭᠦᠳ ᠤ᠋ᠨ ᠪᠥᠬᠥ᠌ ᠲᠠᠯ᠎ᠠ ᠪᠠᠷ ᠠᠭᠤᠰᠤᠯᠴᠠᠨ ᠱᠢᠭᠢᠳᠭᠡᠬᠦ᠌ ᠵᠢ ᠶᠡᠬᠡ ᠪᠡᠷ ᠠᠬᠢᠭᠤᠯᠵᠤ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠢ᠋ ᠬᠥᠷᠰᠢ ᠵᠡᠷᠭᠡᠯᠡᠳᠡᠭᠡ ᠵᠢᠨᠬᠢᠨ ᠲᠡᠶ ᠪᠡᠨ ᠳᠣᠲᠣᠨᠣᠴᠢᠯᠠᠵᠤ᠂ ᠠᠮᠤᠷ ᠲᠠᠢᠪᠤᠩ ᠠᠵᠤ ᠲᠦᠷᠦᠭᠦ᠌ ᠵᠣᠯ ᠵᠢᠷᠭᠠᠯ ᠤ᠋ᠨ ᠲᠤᠤᠷ ᠢ᠋ ᠬᠠᠮᠲᠤ ᠪᠠᠷ ᠰᠦᠯᠵᠢᠪᠡ᠃
ᠥᠪᠥᠷ ᠮᠣᠩᠭᠣᠯ 《ᠲᠣᠭ᠍ᠲᠠᠭᠤᠨ》 ᠵᠢᠡᠷ ᠦᠨᠳᠤᠰᠤ ᠰᠠᠭᠤᠷᠢ ᠪᠤᠯᠭᠠᠨ᠂ ᠠᠵᠢᠯ ᠤ᠋ᠨ ᠭᠤᠤᠯ ᠱᠢᠵᠢᠮ ᠢ᠋ ᠬᠥᠭ᠌ᠵᠢᠯᠲᠡ ᠳ᠋ᠤ ᠠᠭᠤᠰᠭᠠᠨ ᠣᠷᠣᠭᠤᠯᠵᠤ᠂ ᠦᠨᠢ ᠡᠬᠦᠷᠢᠳᠡ ᠠᠮᠤᠷ ᠲᠦᠪᠰᠢᠨ ᠪᠠᠢᠬᠤ ᠵᠢᠨ 《ᠭᠤᠤᠯ ᠲᠤᠯᠭᠠᠭᠤᠷᠢ》 ᠵᠢ ᠪᠤᠰᠬᠠᠯ᠎ᠠ᠃
ᠬᠢᠯᠢ ᠬᠢᠵᠠᠭᠠᠷ ᠢ᠋ ᠬᠦᠴᠦᠷᠬᠡᠭ᠌ᠵᠢᠭᠦᠯᠤᠨ ᠰᠡᠷᠭᠡᠢᠯᠡᠯᠲᠡ ᠵᠢ ᠪᠡᠬᠢᠵᠢᠭᠦᠯᠵᠦ᠍ 《ᠪᠤᠯᠤᠳ ᠬᠡᠷᠡᠮ》 ᠢ᠋ ᠴᠣᠭ᠍ᠴᠠᠯᠠᠪᠠ
ᠡᠪᠦᠯ ᠤ᠋ᠨ ᠡᠬᠢᠨ ᠤ᠋ ᠪᠠᠶᠠᠨᠨᠠᠭᠤᠷ ᠤ᠋ᠨ ᠲᠡᠭᠷᠢ ᠨᠢ ᠴᠡᠯᠮᠡᠭ ᠠᠭᠠᠷ ᠨᠢ ᠲᠠᠭᠠᠯᠠᠮᠵᠢᠳᠠᠢ᠃ ᠤᠷᠠᠳ ᠤ᠋ᠨ ᠳᠤᠮᠳᠠᠳᠤ ᠬᠣᠱᠢᠭᠤᠨ ᠤ᠋ ᠪᠠᠶᠠᠠᠠᠤᠯᠠᠭᠠᠨ ᠰᠤᠮᠤ ᠵᠢᠨ ᠵᠡᠭᠦᠨ ᠤᠰᠤ ᠭᠠᠴᠠᠭ᠎ᠠ ᠵᠢᠨ ᠬᠢᠯᠢ ᠬᠠᠮᠠᠭᠠᠯᠠᠭ᠍ᠴᠢ ᠶᠠᠩ ᠳ᠋ᠦᠩ 40 ᠭᠠᠷᠤᠢ ᠺᠢᠯᠤᠮᠸᠲᠷ ᠤ᠋ᠨ ᠬᠢᠯᠢ ᠵᠢᠨ ᠱᠤᠭᠤᠮ ᠢ᠋ ᠰᠠᠬᠢᠨ ᠬᠠᠮᠠᠭᠠᠯᠠᠬᠰᠠᠭᠠᠷ ᠡᠳᠤᠭᠡ ᠳ᠋ᠤ ᠬᠦᠷᠴᠠᠢ᠃ ᠲᠡᠷᠡ ᠪᠡᠷ 2004 ᠣᠨ ᠳ᠋ᠤ ᠴᠡᠷᠢᠭ ᠤ᠋ᠨ ᠠᠯᠪᠠ ᠡᠴᠡ ᠬᠠᠯᠠᠭ᠍ᠳᠠᠨ ᠨᠤᠲᠤᠭ ᠲᠠᠭᠠᠨ ᠪᠤᠴᠠᠬᠰᠠᠨ ᠤ᠋ ᠲᠠᠷᠠᠭ᠎ᠠ ᠠᠪᠤ ᠵᠢᠨ ᠵᠢᠡᠨ ᠭᠠᠷ ᠡᠴᠡ ᠬᠢᠯᠢ ᠴᠠᠭᠳᠠᠬᠤ ᠳᠤᠷᠠᠨ ᠢ᠋ ᠲᠤᠰᠤᠨ ᠠᠪᠴᠦ᠂ ᠬᠢᠯᠢ ᠰᠠᠬᠢᠬᠤ ᠲᠠᠷᠬᠠᠨ ᠬᠦᠨᠳᠦ ᠬᠠᠷᠢᠭᠤᠴᠠᠯᠭ᠎ᠠ ᠵᠢ ᠡᠬᠦᠷᠭᠡᠯᠡᠭᠰᠡᠨ ᠪᠠᠢᠨ᠎ᠠ᠃
ᠬᠢᠯᠢ ᠬᠢᠵᠠᠭᠠᠷ ᠢ᠋ ᠰᠠᠬᠢᠨ ᠬᠠᠮᠠᠭᠠᠯᠠᠬᠤ ᠨᠢ ᠨᠢᠭᠡ ᠬᠥᠮᠦᠨ ᠤ᠋ ᠶᠠᠪᠤᠳᠠᠯ ᠪᠢᠰᠢ᠂ ᠨᠡᠡᠭ ᠴᠸ᠋ ᠨᠢᠭᠡ ᠦᠶ᠎ᠡ ᠵᠢᠨ ᠬᠥᠮᠦᠨ ᠤ᠋ ᠶᠠᠪᠤᠳᠠᠯ ᠪᠢᠰᠢ ᠶᠤᠮ᠃ ᠬᠢᠯᠢ ᠵᠢᠨ ᠱᠤᠭᠤᠮ ᠢ᠋ ᠲᠠᠭᠠᠨ ᠠᠮᠢᠳᠤᠷᠠᠵᠤ ᠪᠠᠢᠭ᠎ᠠ ᠮᠠᠯᠴᠢᠨ ᠨᠢᠭᠡᠪᠦᠷᠢ ᠴᠥᠮ ᠬᠠᠷᠠᠭᠤᠯ ᠤ᠋ᠨ ᠴᠡᠷᠢᠭ ᠪᠠᠢᠵᠤ᠂ ᠮᠣᠩᠭᠣᠯ ᠭᠡᠷ ᠨᠢᠭᠡᠪᠦᠷᠢ ᠴᠥᠮ ᠬᠠᠷᠠᠭᠤᠯ ᠤ᠋ᠨ ᠭᠠᠵᠠᠷ ᠪᠠᠢᠵᠤ᠂ ᠬᠠᠮᠲᠤ ᠪᠠᠷ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ ᠵᠢ ᠪᠡᠬᠢᠵᠢᠭᠦᠯᠬᠦ᠌ ᠪᠤᠯᠤᠳ ᠬᠡᠷᠡᠮ ᠲᠡᠮᠦᠷ ᠴᠠᠢᠵᠠ ᠵᠢ ᠪᠦᠷᠢᠯᠳᠦᠭᠦᠯᠦᠭᠰᠡᠨ ᠪᠢᠯᠡ᠃
ᠬᠢᠯᠢᠬᠢᠵᠠᠭᠠᠷ ᠤ᠋ᠨ ᠪᠠᠳᠤ ᠪᠡᠬᠢ ᠨᠢ ᠰᠡᠳᠭᠢᠯ ᠨᠢᠭᠡᠳᠦᠨ ᠬᠦᠴᠦ᠍ ᠪᠡᠨ ᠬᠠᠮᠲᠤᠳᠬᠠᠬᠤ ᠳ᠋ᠤ ᠪᠤᠢ᠃ ᠥᠪᠥᠷ ᠮᠣᠩᠭᠣᠯ 《ᠨᠠᠮ ᠤ᠋ᠨ ᠬᠣᠷᠢᠶ᠎ᠠ ᠴᠢᠭ᠌ᠯᠡᠯ ᠢ᠋ ᠡᠵᠡᠮᠳᠡᠵᠦ᠍᠂ ᠵᠠᠰᠠᠭ ᠤ᠋ᠨ ᠣᠷᠳᠣᠨ ᠶᠡᠷᠦᠩᠬᠡᠶ ᠵᠣᠬᠢᠴᠠᠭᠤᠯᠭ᠎ᠠ ᠬᠢᠵᠦ᠍᠂ ᠴᠡᠷᠢᠭ ᠠᠩᠭᠢ ᠭᠤᠤᠯ ᠬᠦᠴᠦᠨ ᠪᠣᠯᠵᠣ᠂ ᠴᠠᠭ᠍ᠳᠠᠭᠠᠨ ᠤ᠋ ᠲᠠᠯ᠎ᠠ ᠵᠢᠨ ᠬᠢᠨ ᠵᠠᠰᠠᠯᠲᠠ ᠵᠢ ᠠᠳᠭᠤᠵᠤ᠂ ᠠᠷᠠᠳ ᠣᠯᠠᠨ ᠵᠢᠡᠷ ᠰᠠᠭᠤᠷᠢ ᠪᠣᠯᠭᠠᠭ᠍ᠰᠠᠨ》 ᠬᠢᠯᠢ ᠵᠢᠨ ᠬᠠᠮᠠᠭᠠᠯᠠᠯᠲᠠ ᠵᠢᠨ ᠬᠠᠮᠢᠶᠠᠷᠤᠨ ᠡᠵᠡᠮᠳᠡᠬᠦ᠌ ᠱᠢᠰᠲ᠋ᠧᠮ ᠢ᠋ ᠦᠷᠭᠦᠯᠵᠢᠯᠡᠨ ᠪᠠᠢᠭᠤᠯᠤᠨ ᠬᠦᠴᠦᠷᠬᠡᠭ᠌ᠵᠢᠭᠦᠯᠵᠦ᠍᠂ ᠬᠢᠯᠢ ᠵᠢᠨ ᠭᠠᠵᠠᠷ ᠣᠷᠣᠨ ᠤ᠋ ᠣᠯᠠᠨ ᠲᠦᠮᠡᠨ ᠤ᠋ ᠬᠠᠮᠠᠭᠠᠯᠠᠯᠲᠠ ᠵᠢᠨ ᠡᠩᠨᠡᠭᠡ ᠵᠢᠨ ᠪᠠᠢᠭᠤᠯᠤᠯᠲᠠ ᠵᠢ ᠲᠠᠰᠤᠷᠠᠯᠲᠠ ᠥᠬᠡᠶ ᠴᠢᠩᠭᠠᠳᠭᠠᠨ᠂ ᠬᠢᠯᠢ ᠬᠠᠮᠠᠭᠠᠯᠠᠭ᠍ᠴᠢ ᠵᠢ ᠪᠠᠢᠩᠭᠤ ᠵᠣᠬᠢᠶᠠᠨ ᠪᠠᠢᠭᠤᠯᠵᠤ ᠬᠢᠯᠢ ᠬᠢᠵᠠᠭᠠᠷ ᠢ᠋ ᠬᠠᠮᠠᠭᠠᠯᠠᠬᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠬᠢᠵᠦ᠍᠂ 《ᠬᠢᠯᠢ ᠬᠠᠮᠠᠭᠠᠯᠠᠬᠤ ᠥᠷᠲᠡᠭᠡ》᠂ 《ᠮᠣᠩᠭᠣᠯ ᠬᠡᠷ ᠤ᠋ᠨ ᠬᠠᠷᠠᠭᠤᠯ ᠤ᠋ᠨ ᠭᠠᠵᠠᠷ》 ᠵᠡᠷᠭᠡ ᠤᠨᠴᠠᠯᠢᠬ᠍ᠳᠤ ᠠᠷᠭ᠎ᠠ ᠪᠠᠷᠢᠯ ᠢ᠋ ᠶᠡᠬᠡ ᠪᠡᠷ ᠳᠡᠯᠭᠡᠷᠡᠭᠦᠯᠵᠦ᠍᠂ ᠡᠬᠡ ᠤᠯᠤᠰ ᠤ᠋ᠨ ᠤᠮᠠᠷᠠᠲᠤ ᠬᠢᠯᠢ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠡᠳᠦᠷ ᠢᠷᠡᠬᠦᠶ᠎ᠡ ᠪᠡᠬᠢᠵᠢᠬᠦᠯᠪᠡ᠃
ᠬᠢᠯᠢᠬᠢᠵᠠᠭᠠᠷ ᠤ᠋ᠨ ᠪᠠᠲᠤ ᠪᠡᠬᠢ ᠨᠢ ᠬᠢᠯᠢᠬᠢᠵᠠᠭᠠᠷ ᠢ᠋ ᠬᠦᠭᠵᠢᠬᠦᠯᠵᠤ ᠠᠷᠠᠳ ᠢ᠋ ᠪᠠᠶᠠᠵᠢᠭᠤᠯᠬᠤ ᠳ᠋ᠤ ᠪᠤᠢ᠃ ᠥᠪᠥᠷ ᠮᠣᠩᠭᠣᠯ ᠠᠷᠠᠳ ᠤ᠋ᠨ ᠠᠮᠢᠳᠤᠷᠠᠯ ᠤ᠋ᠨ ᠦᠶ᠋ᠯᠡᠴᠢᠯᠡᠭᠡᠨ ᠤ᠋ ᠳᠤᠲᠠᠭᠤᠳᠠᠯ ᠢ᠋ ᠬᠦᠴᠦᠯᠡᠨ ᠨᠦᠬᠦᠪᠤᠷᠢᠯᠡᠵᠤ᠂ 《ᠤᠰᠤ ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠣᠯᠪᠣᠭ᠎ᠠ》ᠵᠡᠷᠭᠡ ᠰᠠᠭᠤᠷᠢ ᠲᠦᠬᠦᠭᠡᠷᠤᠮᠵᠢ ᠵᠢᠨ ᠨᠢᠭᠡ ᠴᠣᠭ᠍ᠴᠠᠵᠢᠭᠤᠯᠤᠬᠰᠠᠨ ᠪᠥᠲᠥᠭᠡᠨ ᠪᠠᠢᠭᠤᠯᠤᠯᠲᠠ ᠵᠢᠨ ᠭᠤᠷᠪᠠᠨ ᠵᠢᠯ ᠤ᠋ᠨ ᠠᠵᠢᠯᠯᠠᠭ᠎ᠠ ᠵᠢ ᠠᠬᠢᠭᠤᠯᠤᠨ᠂ 《ᠡᠴᠦᠰ ᠤ᠋ᠨ ᠨᠢᠭᠡ ᠺᠢᠯᠣᠮᠧᠲ᠋ᠷ》 ᠤ᠋ᠨ ᠠᠰᠠᠭᠤᠳᠠᠯ ᠢ᠋ ᠱᠢᠶ᠋ᠳᠪᠦᠷᠢᠯᠡᠵᠤ᠂ ᠤᠰᠤ ᠬᠠᠩᠭᠠᠬᠤ ᠬᠤᠳᠳᠤᠭᠢ 2058 ᠮᠠᠯᠳᠠᠨ ᠤᠰᠤᠨ ᠵᠣᠭᠣᠷᠢ ᠵᠢ 1883 ᠪᠠᠢᠭᠤᠯᠤᠭᠰᠠᠨ ᠡᠴᠡ ᠭᠠᠳᠠᠨ᠎ᠠ 9746 ᠺᠢᠯᠣᠮᠧᠲ᠋ᠷ ᠤ᠋ᠨ ᠴᠠᠬᠢᠯᠭᠠᠨ ᠬᠠᠩᠭᠠᠬᠤ ᠱᠤᠭᠤᠮ ᠢ᠋ ᠱᠢᠨ᠎ᠡ ᠪᠡᠷ ᠪᠠᠢᠭᠤᠯᠤᠨ ᠥᠭᠡᠷᠡᠴᠢᠯᠡᠵᠦ᠍᠂ ᠡᠯ᠎ᠡ ᠲᠠᠰ ᠤ᠋ᠨ ᠵᠠᠰᠠᠮᠠᠯ ᠵᠠᠮ ᠢ᠋ 1676 ᠺᠢᠯᠣᠮᠧᠲ᠋ᠷ ᠨᠡᠪᠲᠡᠷᠡᠭᠦᠯᠦᠨ᠂ ᠬᠢᠯᠢ ᠬᠢᠵᠠᠭᠠᠷ ᠤ᠋ᠨ ᠰᠠᠭᠤᠷᠢ ᠥᠷᠲᠡᠭᠡ ᠵᠢ 633 ᠪᠠᠢᠭᠤᠯᠵᠤ᠂ 6966 ᠺᠢᠯᠣᠮᠧᠲ᠋ᠷ ᠤ᠋ᠨ ᠭᠡᠷᠡᠯᠯᠢᠭ ᠤᠳᠠᠰᠤ ᠲᠠᠳᠠᠵᠤ᠂ ᠬᠢᠯᠢ ᠬᠢᠵᠠᠭᠠᠷ ᠤᠷᠤᠨ ᠤ᠋ ᠰᠠᠭᠤᠷᠢ ᠦᠶ᠋ᠯᠡᠴᠢᠯᠡᠭᠡᠨ ᠤ᠋ ᠪᠠᠲᠤᠯᠠᠭ᠎ᠠ ᠵᠢᠨ ᠲᠦᠪᠱᠢᠨ ᠢ᠋ ᠶᠡᠬᠡ ᠪᠡᠷ ᠳᠡᠭᠡᠭ᠌ᠰᠢᠯᠡᠭᠦᠯᠪᠡ᠃
ᠥᠪᠥᠷ ᠮᠣᠩᠭᠣᠯ ᠬᠢᠯᠢ ᠵᠢᠨ ᠠᠮᠤᠷ ᠲᠦᠪᠱᠢᠨ ᠵᠢᠡᠷ ᠬᠢᠯᠢ ᠬᠢᠵᠠᠭᠠᠷ ᠤ᠋ᠨ ᠲᠣᠭ᠍ᠲᠠᠭᠤᠨ ᠢ᠋ ᠪᠠᠳᠤᠯᠠᠵᠤ᠂ ᠬᠢᠯᠢ ᠬᠢᠵᠠᠭᠠᠷ ᠢ᠋ ᠬᠥᠭ᠌ᠵᠢᠭᠦᠯᠵᠤ ᠠᠷᠠᠳ ᠢ᠋ ᠪᠠᠶᠠᠵᠢᠭᠤᠯᠤᠭ᠍ᠰᠠᠨ ᠦᠷ᠎ᠡ ᠪᠦᠲᠦᠭᠡᠯ ᠵᠢᠡᠷ ᠡᠬᠡ ᠤᠯᠤᠰ ᠤ᠋ᠨ ᠤᠮᠠᠷᠠᠲᠤ ᠵᠢᠨ ᠦᠵᠡᠮᠵᠢ ᠵᠢᠨ ᠣᠷᠣᠨ ᠢ᠋ ᠨᠠᠩ ᠦᠵᠡᠰᠭᠦᠯᠡᠩᠲᠦ ᠰᠠᠢᠬᠠᠨ ᠪᠣᠯᠭᠠᠪᠠ᠃
ᠨᠠᠷᠢᠯᠢᠭ ᠵᠠᠰᠠᠵᠤ ᠴᠢᠳᠠᠮᠠᠭᠠᠶ ᠵᠠᠰᠠᠵᠤ ᠠᠮᠤᠷ ᠲᠦᠪᠱᠢᠨ ᠤ᠋ ᠰᠠᠭᠤᠷᠢ ᠵᠢ ᠪᠡᠬᠢᠵᠢᠭᠦᠯᠪᠡ
ᠨᠡᠢᠭᠡᠮ ᠤ᠋ᠨ ᠲᠣᠭ᠍ᠲᠠᠭᠤᠨ ᠪᠠ ᠠᠮᠤᠷ ᠲᠦᠪᠱᠢᠨ ᠪᠣᠯ ᠠᠷᠠᠳ ᠲᠦᠮᠡᠨ ᠤ᠋ ᠬᠠᠮᠤᠭ ᠤ᠋ᠨ ᠦᠨᠳᠦᠰᠦᠨ᠂ ᠬᠠᠮᠤᠭ ᠤ᠋ᠨ ᠲᠦᠭᠡᠮᠡᠯ ᠬᠦᠰᠡᠯ ᠡᠷᠡᠮᠡᠯᠵᠡᠯ ᠮᠥᠨ᠂ ᠪᠠᠰᠠ ᠴᠤ᠌ ᠡᠬᠡ ᠤᠯᠤᠰ ᠤ᠋ᠨ ᠤᠮᠠᠷᠠᠲᠤ ᠬᠢᠯᠢ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠵᠢᠨ 《ᠵᠠᠪᠠᠯ ᠰᠣᠩᠭᠣᠬᠤ ᠵᠦᠶ᠋ᠯ》 ᠶᠤᠮ᠃
ᠥᠪᠥᠷ ᠮᠣᠩᠭᠣᠯ ᠶᠡᠷᠦᠩᠬᠡᠢᠯᠡᠨ ᠵᠠᠰᠠᠬᠤ ᠲᠥᠪ ᠢ᠋ ᠵᠢᠷᠤᠮᠵᠢᠭᠤᠯᠤᠨ ᠪᠥᠲᠥᠭᠡᠨ ᠪᠠᠢᠭᠤᠯᠬᠤ ᠲᠤᠬᠠᠢ ᠬᠡᠷᠡᠭ᠌ᠵᠢᠭᠦᠯᠬᠦ᠌ ᠰᠠᠨᠠᠯ ᠢ᠋ ᠨᠡᠢᠲᠡᠯᠡᠵᠤ᠂ ᠱᠢᠶᠠᠨ ᠱᠢᠶᠠᠩ ᠬᠣᠶᠠᠷ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ 《ᠲᠠᠪᠤ ᠪᠠᠢᠬᠤ》 ᠨᠣᠷᠮ᠎ᠠ ᠵᠢ 100% ᠳ᠋ᠤ ᠬᠦᠷᠬᠡᠨ᠂ ᠣᠯᠠᠨ ᠲᠦᠮᠡᠨ ᠤ᠋ ᠵᠥᠷᠢᠴᠡᠯ ᠵᠠᠭᠤᠷᠠᠯᠳᠤᠭᠠᠨ ᠢ᠋ 《ᠨᠢᠭᠡ ᠯᠡ ᠭᠠᠵᠠᠷ ᠲᠦ᠍ ᠱᠢᠶ᠋ᠳᠪᠦᠷᠢᠯᠡᠬᠦ᠌》 ᠵᠢ ᠪᠡᠶᠡᠯᠡᠭᠦᠯᠪᠡ᠃ ᠡᠭᠦᠨ ᠤ᠋ ᠬᠠᠮᠲᠤ 《ᠨᠠᠮ ᠤ᠋ᠨ ᠳᠤᠭᠤᠢᠯᠠᠩ + ᠲᠤᠤᠷᠵᠢᠯ ᠤ᠋ᠨ ᠠᠵᠢᠯᠲᠠᠨ + ᠬᠣᠯᠪᠣᠭᠠᠲᠤ ᠡᠷᠦᠬᠡ ᠵᠢᠨ ᠳᠠᠷᠤᠭ᠎ᠠ (ᠤᠷᠤᠴᠠ ᠵᠢᠨ ᠳᠠᠷᠤᠭ᠎ᠠ)》 ᠵᠢᠨ ᠦᠨᠳᠦᠰᠦᠨ ᠱᠠᠲᠤᠨ ᠤ᠋ ᠪᠢᠴᠢᠯ ᠵᠠᠰᠠᠯᠲᠠ ᠵᠢᠨ ᠲᠣᠭ᠍ᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠣᠯᠠᠨ ᠲᠦᠮᠡᠨ ᠳ᠋ᠤ ᠳᠥᠭᠥᠮ ᠳᠥᠲᠡ ᠡᠶᠡᠳᠡᠭᠦᠯᠬᠦ᠌ ᠦᠶ᠋ᠯᠡᠴᠢᠯᠡᠭᠡ ᠬᠠᠩᠭᠠᠵᠤ ᠪᠠᠢᠨ᠎ᠠ᠃
ᠠᠶᠤᠯᠬᠦᠢ ᠦᠶ᠋ᠯᠡᠳᠪᠦᠷᠢᠯᠡᠯ ᠪᠠ ᠪᠠᠢᠭᠠᠯᠢ ᠵᠢᠨ ᠭᠠᠮᠱᠢᠭ ᠤ᠋ᠨ ᠠᠶᠤᠯ ᠲᠦᠭ᠌ᠰᠢᠭᠦᠷᠢ ᠵᠢᠨ ᠬᠡᠮ ᠰᠣᠭᠣᠭ ᠢ᠋ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ ᠥᠷᠨᠢᠭᠦᠯᠵᠦ᠍᠂ ᠵᠠᠮ ᠬᠠᠷᠢᠯᠴᠠᠭ᠎ᠠ᠂ ᠢᠳᠡᠭᠡᠨ ᠪᠠ ᠡᠮ ᠤ᠋ᠨ ᠵᠦᠶ᠋ᠯ᠂ ᠰᠤᠷᠭᠠᠭᠤᠯᠢ ᠵᠢᠨ ᠬᠦᠷᠢᠶᠡᠨ ᠤ᠋ ᠠᠮᠤᠷ ᠲᠦᠪᠱᠢᠨ ᠵᠡᠷᠭᠡ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ ᠳ᠋ᠤ ᠠᠩᠬᠠᠷᠤᠯ ᠵᠢᠡᠨ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠬᠦᠨᠳᠦ ᠶᠡᠬᠡ ᠭᠡᠨᠡᠳᠲᠡ ᠵᠢᠨ ᠣᠯᠠᠨ ᠨᠡᠢᠲᠡ ᠵᠢᠨ ᠬᠡᠷᠡᠭ ᠢ᠋ ᠱᠢᠶ᠋ᠳᠪᠦᠷᠢᠯᠡᠬᠦ᠌ ᠪᠠᠲᠤᠯᠠᠭ᠎ᠠ ᠵᠢᠨ ᠱᠢᠰᠲ᠋ᠧᠮ ᠢ᠋ ᠪᠦᠷᠢᠨᠱᠢᠬᠦᠯᠥᠨ᠂ ᠣᠯᠠᠨ ᠲᠦᠮᠡᠨ ᠤ᠋ ᠠᠮᠤᠷ ᠲᠦᠪᠱᠢᠨ ᠢ᠋ ᠬᠠᠮᠠᠭᠠᠯᠠᠬᠤ᠂ ᠣᠯᠠᠨ ᠲᠦᠮᠡᠨ ᠤ᠋ ᠡᠷᠬᠡ ᠠᠱᠢᠭ ᠢ᠋ ᠪᠠᠲᠤᠯᠠᠬᠤ ᠴᠢᠳᠠᠪᠤᠷᠢ ᠪᠠ ᠲᠦᠪᠰᠢᠨ ᠢ᠋ ᠪᠥᠬᠥ᠌ ᠲᠠᠯ᠎ᠠ ᠪᠠᠷ ᠳᠡᠭᠡᠭ᠌ᠰᠢᠯᠡᠭᠦᠯᠵᠤ ᠪᠠᠢᠨ᠎ᠠ᠃
ᠵᠠᠰᠠᠯᠲᠠ ᠵᠢᠨ ᠡᠷᠴᠢᠮ ᠢ᠋ ᠦᠢᠯᠡ ᠠᠵᠢᠯᠯᠠᠭ᠎ᠠ ᠳ᠋ᠠᠭᠠᠨ ᠢᠯᠡᠷᠡᠭᠦᠯᠵᠤ᠂ ᠠᠷᠠᠳ ᠤ᠋ᠨ ᠰᠡᠳᠭᠢᠯ ᠳ᠋ᠤ ᠬᠠᠳᠠᠩᠰᠢᠭᠤᠯᠤᠨ᠎ᠠ᠃ ᠥᠪᠥᠷ ᠮᠣᠩᠭᠣᠯ ᠵᠠᠬᠢᠳᠠᠯ ᠰᠤᠷᠪᠤᠯᠵᠢᠯᠠᠯ ᠢ᠋ ᠣᠷᠣᠯᠠᠨ ᠭᠦᠶ᠋ᠴᠡᠳᠭᠡᠬᠦ᠌ ᠲᠦᠷᠢᠮ ᠢ᠋ ᠪᠥᠬᠥ᠌ ᠲᠠᠯ᠎ᠠ ᠪᠠᠷ ᠬᠡᠷᠡᠭ᠌ᠵᠢᠭᠦᠯᠵᠦ᠍᠂ ᠣᠯᠠᠨ ᠲᠦᠮᠡᠨ ᠢ᠋ ᠲᠦᠪᠡᠭ᠌ᠰᠢᠶᠡᠵᠤ ᠪᠠᠢ᠌ᠭ᠎ᠠ ᠶᠠᠪᠤᠳᠠᠯ ᠵᠢᠡᠨ ᠬᠤᠯᠠ ᠶᠠᠪᠤᠬᠤ ᠦᠬᠡᠢ ᠪᠡᠷ ᠬᠡᠷ ᠤ᠋ᠨ ᠵᠢᠡᠨ ᠡᠭᠦᠳᠡᠨ ᠳ᠋ᠤ ᠱᠢᠶ᠋ᠳᠪᠦᠷᠢᠯᠡᠵᠦ᠍ ᠳᠡᠢᠯᠬᠦ᠌ ᠪᠣᠯᠭᠠᠪᠠ; ᠨᠡᠢᠭᠡᠮ ᠤ᠋ᠨ ᠠᠮᠤᠷ ᠲᠦᠪᠱᠢᠨ ᠢ᠋ ᠪᠦᠬᠦᠯᠢ ᠴᠣᠭ᠍ᠴᠠ ᠪᠠᠷ ᠰᠡᠷᠭᠡᠢᠯᠡᠨ ᠡᠵᠡᠮᠳᠡᠬᠦ᠌ ᠵᠢ ᠴᠢᠩᠭᠠᠳᠭᠠᠵᠤ᠂ 《ᠤᠯᠠᠨ ᠨᠡᠢᠲᠡ ᠵᠢᠨ ᠠᠮᠤᠷ ᠲᠦᠪᠱᠢᠨ ᠤ᠋ ᠸᠢᠳᠢᠣ᠋ ᠬᠢᠨᠠᠨ ᠡᠵᠡᠮᠳᠡᠯ ᠤ᠋ᠨ ᠪᠠᠢᠭᠤᠯᠤᠯᠲᠠ ᠬᠡᠷᠡᠭ᠌ᠯᠡᠯᠲᠡ》 ᠵᠢ ᠠᠬᠢᠭᠤᠯᠬᠤ ᠭᠤᠷᠪᠠᠨ ᠵᠢᠯ ᠤ᠋ᠨ ᠠᠵᠢᠯᠯᠠᠭ᠎ᠠ ᠵᠢ ᠪᠠᠢᠷᠢᠯᠠᠭᠤᠯᠪᠠ; ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ ᠵᠢ ᠵᠢᠷᠤᠮᠵᠢᠭᠤᠯᠬᠤ ᠲᠤᠰᠭᠠᠢ ᠠᠵᠢᠯᠯᠠᠭ᠎ᠠ ᠥᠷᠨᠢᠭᠦᠯᠵᠦ᠍᠂ ᠵᠠᠬ᠎ᠠ ᠳᠡᠯᠭᠡᠭᠦᠷ ᠤ᠋ᠨ ᠡᠮᠬᠢ ᠳᠢᠭ᠌ᠯᠢᠮ ᠢ᠋ ᠡᠪᠳᠡᠭ᠌ᠰᠡᠨ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭᠠᠷ ᠴᠢᠩᠭ᠎ᠠ ᠱᠢᠳᠭᠡᠪᠡ ᠁ ᠤᠯᠠᠨ ᠲᠦᠮᠡᠨ ᠤ᠋ ᠨᠡᠢᠭᠡᠮ ᠤ᠋ᠨ ᠠᠮᠤᠷ ᠲᠦᠪᠱᠢᠨ ᠳ᠋ᠤ ᠰᠡᠳᠭᠢᠯ ᠬᠠᠨᠤᠮᠵᠢᠲᠠᠢ ᠪᠠᠢᠬᠤ ᠬᠡᠮᠵᠢᠢ᠎ᠡ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠬᠢ ᠡᠴᠡ ᠵᠠᠭᠤᠨ ᠤ᠋ ᠬᠠᠷᠢᠴᠠᠯ ᠵᠢᠡᠷ 7.8 ᠬᠤᠪᠢ ᠳᠡᠭᠡᠭ᠌ᠰᠢᠯᠡᠵᠦ᠍᠂ ᠪᠦᠬᠦ ᠤᠷᠤᠨ ᠤ᠋ ᠠᠷᠠᠳ ᠲᠦᠮᠡᠨ ᠠᠮᠤᠷ ᠵᠢᠮᠦᠷ ᠠᠵᠤ ᠲᠦᠷᠤᠵᠤ ᠪᠠᠢᠨ᠎ᠠ᠃