ᠪᠤᠤ ᠭᠠᠩ ᠤᠯᠠᠭᠠᠨᠬᠠᠳᠠ ᠬᠤᠳᠠ᠎ᠳᠤ ᠪᠠᠢᠴᠠᠭᠠᠨ ᠰᠤᠳᠤᠯᠪᠠ
2025-11-12 09:52:03
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶᠢᠨ 10 ᠡᠴᠡ 11᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ ᠤᠯᠠᠭᠠᠨᠬᠠᠳᠠ ᠬᠤᠳᠠ᠎ᠳᠤ ᠠᠵᠤ ᠦᠢᠯᠡᠳᠪᠦᠷᠢ᠎ᠶᠢᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠂ ᠠᠵᠢᠯ ᠣᠯᠭᠣᠯᠲᠠ᠎ᠶᠢ ᠠᠬᠢᠭᠤᠯᠬᠤ ᠵᠡᠷᠭᠡ ᠠᠵᠢᠯ᠎ᠢ ᠪᠠᠢᠴᠠᠭᠠᠨ ᠰᠤᠳᠤᠯᠪᠠ᠃

ᠪᠤᠤ ᠭᠠᠩ ᠤᠷᠢᠳ ᠬᠣᠵᠢᠳ ᠳ᠋ᠦᠩᠱᠠᠨ ᠬᠥᠩᠭᠡᠨᠴᠠᠭᠠᠨ᠎ᠤ ᠦᠢᠯᠡᠰ᠎ᠦᠨ ᠰᠢᠨ᠎ᠡ ᠮᠠᠲᠧᠷᠢᠶᠠᠯ᠂ ᠰᠢᠩ ᠶᠣᠣ ᠥᠨᠳᠥᠷ ᠴᠢᠳᠠᠪᠬᠢᠲᠤ ᠸᠣᠯᠹᠷᠠᠮ ᠮᠣᠯᠢᠪᠳ᠋ᠸᠨ᠎ᠤ ᠮᠠᠲᠧᠷᠢᠶᠠᠯ᠂ ᠮᠢᠩ ᠶᠤᠸᠠᠢ ᠳᠡᠭᠡᠳᠦ ᠲᠡᠰ᠎ᠤᠨ ᠹᠯᠣᠷ᠎ᠤᠨ ᠰᠢᠨ᠎ᠡ ᠮᠠᠲᠧᠷᠢᠶᠠᠯ᠂ ᠵᠢᠨ ᠲᠦᠩ ᠵᠡᠰ᠎ᠦᠨ ᠦᠢᠯᠡᠰ᠎ᠦᠨ ᠰᠢᠨ᠎ᠡ ᠮᠠᠲᠧᠷᠢᠶᠠᠯ᠂ ᠶᠤᠸᠠᠨ ᠵᠢᠩ ᠨᠡᠭᠦᠷᠡᠰᠦᠳᠦᠢ᠍ᠷᠦᠭᠴᠢ ᠦᠭᠡᠢ ᠤᠰᠤᠲᠥ᠋ᠷᠥᠭᠴᠢ ᠰᠢᠪᠲᠦᠷ᠂ ᠮᠦ᠍ ᠹᠠᠨ ᠬᠥᠳᠡᠯᠭᠡᠬᠦ ᠬᠦᠴᠦᠨ᠎ᠦ ᠤᠰᠤᠲᠥ᠋ᠷᠥᠭᠴᠢ ᠰᠢᠪᠲᠦᠷ᠎ᠦᠨ ᠰᠢᠲᠠᠭᠠᠯᠭ᠎ᠠ᠎ᠶᠢᠨ ᠮᠠᠰᠢᠨ᠂ ᠳᠠ ᠳᠢ ᠶᠦᠨ ᠲᠢᠶᠠᠨ ᠨᠡᠭᠦᠷᠡᠰᠦ ᠹᠣᠰᠹᠣᠷ ᠯᠢᠲ᠋ᠢ᠎ᠶᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ᠎ᠦᠨ ᠲᠤᠬᠠᠢ᠎ᠶᠢᠨ ᠲᠠᠯᠠᠪᠠᠢ᠎ᠳᠤ ᠬᠦᠷᠴᠦ᠂ ᠲᠥᠷᠥᠯ ᠵᠦᠢᠯ᠎ᠦᠨ ᠠᠬᠢᠴᠠ᠎ᠶᠢᠨ ᠪᠠᠢᠳᠠᠯ ᠪᠠ ᠲᠤᠯᠭᠠᠷᠠᠵᠤ ᠪᠠᠢᠭ᠎ᠠ ᠠᠰᠠᠭᠤᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠠᠭᠤᠰᠤᠯᠴᠠᠯ᠎ᠢ ᠰᠠᠢᠲᠤᠷ ᠠᠳᠬᠤᠵᠤ᠂ ᠠᠵᠤ ᠦᠢᠯᠡᠰ᠎ᠦᠨ ᠬᠡᠯᠬᠢᠶ᠎ᠡ᠎ᠶᠢ ᠤᠯᠠᠮ ᠤᠷᠲᠤᠳᠬᠠᠵᠤ᠂ ᠳᠡᠭᠡᠳᠦ ᠳᠡᠰᠵᠢᠯᠲᠡ᠂ ᠥᠨᠳᠥᠷ ᠳᠠᠭᠠᠯᠲᠠ ᠥᠷᠲᠡᠭ ᠪᠦᠬᠦᠢ ᠰᠢᠨ᠎ᠡ ᠮᠠᠲᠧᠷᠢᠶᠠᠯ ᠳᠠᠢᠰᠢ ᠥᠷᠭᠡᠳᠬᠡᠵᠤ᠂ ᠤᠰᠤᠲᠥ᠋ᠷᠥᠭᠴᠢ ᠡᠨᠧᠷᠭᠢ᠂ ᠡᠨᠧᠷᠭᠢ ᠨᠦᠭᠡᠴᠡᠯᠡᠬᠦ᠎ᠶᠢ ᠬᠡᠪᠴᠢᠶᠡᠵᠢᠭᠦᠯᠦᠨ ᠬᠡᠷᠡᠭᠯᠡᠬᠦ᠎ᠶᠢ ᠠᠬᠢᠭᠤᠯᠵᠤ᠂ ᠬᠠᠮᠢᠶ᠎ᠠ ᠪᠦᠬᠦᠢ ᠲᠣᠨᠣᠭᠯᠠᠯ ᠦᠢᠯᠡᠳᠬᠦ ᠦᠢᠯᠡᠰ᠎ᠦᠨ ᠬᠥᠭᠵᠢᠯᠲᠡ᠎ᠶᠢ ᠳᠠᠶ᠋ᠢᠴᠢᠯᠠᠬᠤ ᠵᠢ ᠵᠤᠷᠢᠭᠵᠢᠭᠤᠯᠪᠠ᠃ ᠲᠤᠬᠠᠢ᠎ᠶᠢᠨ ᠭᠠᠵᠠᠷ᠎ᠤᠨ ᠬᠢᠨ᠎ᠢ ᠴᠠᠬᠢᠯᠭᠠᠨ ᠲᠣᠣᠷ᠎ᠤᠨ ᠲᠤᠯᠭᠠᠭᠤᠷᠢᠯᠠᠯ᠂ ᠪᠤᠬᠢᠷᠳᠤᠯ ᠦᠭᠡᠢ ᠴᠠᠬᠢᠯᠭᠠᠨ᠎ᠤ ᠪᠠᠲᠤᠯᠠᠭ᠎ᠠ᠎ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠋᠎ᠢ ᠪᠠᠢᠭᠤᠯᠵᠤ᠂ ᠣᠷᠴᠢᠨ ᠲᠣᠭᠣᠷᠢᠨ᠎ᠤ ᠬᠠᠮᠠᠭᠠᠯᠠᠯᠲᠠ ᠪᠣᠯᠣᠨ ᠠᠶᠤᠯᠭᠦᠢ ᠦᠢᠯᠡᠳᠪᠦᠷᠢᠯᠡᠯ᠎ᠦᠨ ᠬᠣᠷᠢᠭ᠎ᠠ ᠱᠤᠭᠤᠮ᠎ᠢ ᠰᠠᠢᠲᠤᠷ ᠰᠠᠬᠢᠵᠤ᠂ ᠪᠣᠬᠢᠷᠲᠤᠯ ᠦᠭᠡᠢ ᠠᠮᠤᠷ ᠲᠦᠪᠰᠢᠨ ᠠᠮᠢ ᠠᠬᠤᠢ᠎ᠶᠢᠨ ᠬᠦᠷᠢᠶᠡᠯᠡᠩ ᠲᠣᠭᠣᠷᠢᠭ᠋᠎ᠢ ᠪᠠᠶ᠋ᠢᠭᠤᠯᠬᠤ ᠬᠡᠷᠡᠭᠲᠡᠢ ᠭᠡᠵᠦ ᠱᠠᠭᠠᠷᠳᠠᠪᠠ᠃

ᠮᠧᠩ ᠳ᠋ᠦᠩ ᠣᠲᠣ᠌ ᠦᠶ᠎ᠡ᠎ᠶᠢᠨ ᠲᠦᠷᠭᠡᠨ ᠬᠦᠷᠭᠡᠯᠲᠡ᠎ᠶᠢᠨ ᠪᠠᠷᠠᠭᠠᠨ᠎ᠤ ᠭᠦᠢᠯᠭᠡᠭᠡ ᠵᠢᠨ ᠬᠦᠷᠢᠶᠡᠯᠡᠩ ᠪᠣᠯ ᠪᠥᠬᠥ ᠤᠯᠤᠰ᠎ᠤᠨ ᠴᠢᠨᠠᠷᠲᠠᠢ ᠰᠢᠤᠳᠠᠨ᠎ᠤ ᠲᠦᠷᠭᠡᠨ ᠬᠦᠷᠭᠡᠯᠲᠡ᠎ᠶᠢᠨ ᠬᠦᠢᠰᠦ ᠮᠥᠨ᠂ ᠲᠡᠷᠡ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠬᠦᠷᠢᠶᠡᠯᠡᠩ ᠲᠣᠭᠣᠷᠢᠭ᠋ ᠬᠢᠭᠡᠳ ᠡᠷᠬᠢᠨ ᠲᠣᠭᠣᠷᠢᠨ᠎ᠤ ᠵᠠᠰᠠᠮᠠᠯ ᠵᠠᠮ ᠲᠡᠮᠦᠷ ᠵᠠᠮ᠎ᠤᠨ ᠬᠣᠯᠪᠣᠯᠳᠤᠨ ᠨᠡᠪᠲᠡᠷᠡᠯᠴᠡᠬᠦ᠎ᠶᠢ ᠴᠢᠩᠭᠠᠳᠬᠠᠵᠤ᠂ ᠭᠦᠢᠯᠭᠡᠭᠡ ᠵᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠪᠠᠷᠠᠭᠠᠨ᠎ᠤ ᠭᠦᠢᠯᠭᠡᠭᠡ ᠵᠢᠨ ᠥᠪᠡᠷ᠎ᠦᠨ ᠦᠷᠳᠡᠭ᠎ᠢ ᠪᠠᠭᠤᠷᠠᠭᠤᠯᠬᠤ ᠬᠡᠷᠡᠭᠳᠡᠢ᠃ ᠮᠠᠰᠢᠨ ᠲᠡᠷᠭᠡᠨ᠎ᠦ ᠪᠣᠷᠤᠯᠠᠭᠤᠯᠭ᠎ᠠ᠂ ᠮᠥᠩᠭᠥᠨ ᠭᠦᠢᠯᠭᠡᠭᠡᠨ᠎ᠦ ᠵᠢᠭᠡᠯᠡᠯᠭᠡ᠂ ᠴᠠᠬᠢᠯᠭᠠᠨ ᠴᠡᠨᠡᠭᠯᠡᠵᠦ ᠲᠣᠰᠣ᠌ ᠨᠡᠮᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠵᠢᠯᠣᠭᠣᠴᠢ ᠪᠠ ᠠᠶᠠᠨᠴᠢᠳ᠎ᠤᠨ ᠢᠳᠡᠵᠦ ᠤᠤᠭᠤᠬᠤ ᠬᠣᠨᠣᠵᠤ ᠬᠡᠪᠲᠡᠬᠦ ᠵᠡᠷᠭᠡ ᠵᠢ ᠢᠵᠢ ᠪᠦᠷᠢᠳᠦᠬᠦᠯᠦᠭᠰᠡᠨ ᠦᠢᠯᠡᠴᠢᠯᠡᠭᠡ᠎ᠶᠢ ᠲᠡᠭᠦᠯᠳᠡᠷᠵᠢᠭᠦᠯᠵᠦ᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ ᠪᠠ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠣᠷᠭᠠᠨᠢᠭ᠋ ᠠᠭᠤᠰᠤᠯᠴᠠᠯ᠎ᠢ ᠠᠬᠢᠭᠤᠯᠬᠤ ᠬᠡᠷᠡᠭᠳᠡᠢ ᠭᠡᠵᠤ ᠱᠠᠭᠠᠷᠳᠠᠪᠠ᠃ ᠵᠢᠩ ᠳ᠋ᠦᠩ ᠭᠡᠷ᠎ᠤᠨ ᠶᠠᠪᠤᠳᠠᠯ᠎ᠤᠨ ᠪᠣᠯᠪᠠᠰᠤᠷᠠᠯ᠎ᠤᠨ ᠠᠵᠢᠯ ᠣᠯᠭᠣᠯᠲᠠ᠎ᠶᠢᠨ ᠰᠠᠭᠤᠷᠢᠨ᠎ᠳᠦ᠂ ᠲᠡᠷᠡ ᠠᠵᠤ ᠠᠬᠤᠢᠯᠠᠯ᠎ᠤᠨ ᠬᠢᠨ᠎ᠤ ᠲᠤᠬᠠᠢᠯᠠᠭᠰᠠᠨ ᠠᠵᠢᠯ᠎ᠤᠨ ᠬᠡᠪᠴᠢᠶ᠎ᠡ᠎ᠪᠡᠨ ᠲᠠᠰᠤᠷᠠᠯᠲᠠ ᠦᠭᠡᠢ ᠥᠷᠭᠡᠳᠬᠡᠵᠦ᠂ ᠨᠠᠩ ᠣᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠣᠷᠣᠨ᠎ᠤ ᠳᠣᠲᠣᠨ᠎ᠠ ᠭᠠᠳᠠᠨ᠎ᠠ ᠬᠦᠷᠭᠡᠵᠦ᠂ ᠣᠯᠠᠨ ᠲᠦᠮᠡᠨ᠎ᠢ ᠳᠠᠶ᠋ᠢᠴᠢᠯᠠᠨ ᠠᠵᠢᠯ ᠣᠯᠭᠣᠵᠤ ᠣᠷᠣᠯᠭ᠎ᠠ᠎ᠶᠢ ᠨᠢ ᠨᠡᠮᠡᠭᠳᠡᠭᠦᠯᠬᠦ᠎ᠶᠢ ᠬᠦᠰᠡᠪᠡ᠃ ᠳ᠋ᠦᠩ ᠯᠢ ᠢᠮᠠᠭᠠᠨ ᠨᠣᠤᠯᠤᠭᠤᠷ᠎ᠤᠨ ᠺᠤᠮᠫᠠᠨᠢ ᠪᠣᠯᠣᠨ ᠲᠢᠶᠠᠨ ᠴᠢ ᠬᠢᠳᠠᠳ ᠮᠣᠩᠭᠣᠯ ᠡᠮ ᠨᠠᠢᠷᠠᠭᠤᠯᠬᠤ ᠺᠣᠮᠫᠠᠨᠢ᠎ᠳᠤ᠂ ᠲᠡᠷᠡ ᠦᠢᠯᠡᠳᠬᠦᠨ᠎ᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠪᠣᠷᠣᠯᠠᠭᠤᠯᠵᠤ ᠪᠠᠢᠭ᠎ᠠ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠬᠢᠨ᠎ᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠯᠡ ᠣᠷᠣᠭᠤᠯᠤᠯᠲᠠ᠎ᠪᠠᠨ ᠨᠡᠮᠡᠭᠳᠡᠭᠦᠯᠵᠦ᠂ ᠭᠣᠣᠯᠯᠠᠭ᠍ᠴᠢ ᠦᠢᠯᠡᠳᠬᠦᠨ᠎ᠢ ᠨᠠᠷᠢᠯᠢᠭ᠋ ᠬᠢᠵᠦ᠂ ᠣᠷᠣᠨ ᠨᠤᠲᠤᠭ᠎ᠤᠨ ᠲᠦᠷᠦᠯ ᠲᠡᠮᠳᠡᠭ᠎ᠢ ᠪᠦᠬᠦ ᠤᠯᠤᠰ ᠴᠢᠨᠠᠭᠰᠢᠯᠠᠪᠠᠯ ᠪᠦᠬᠦ ᠳᠡᠯᠡᠬᠡᠢ᠎ᠳᠦ ᠠᠯᠳᠠᠷᠰᠢᠭᠤᠯᠬᠤ᠎ᠶᠢ ᠠᠬᠢᠭᠤᠯᠬᠤ᠎ᠶᠢ ᠵᠣᠷᠢᠭ᠍ᠵᠢᠭᠤᠯᠪᠠ᠃

ᠪᠤᠤ ᠭᠠᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ ᠤ᠋ᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠢᠷᠡᠬᠦ ᠵᠢᠯ᠎ᠦᠨ ᠴᠢᠬᠤᠯᠠ ᠶᠡᠬᠡ ᠳᠦᠷᠦᠯ ᠵᠦᠢᠯ᠎ᠢ ᠪᠣᠳᠠᠲᠠᠢ᠎ᠶᠢ ᠡᠷᠬᠢᠮᠯᠡᠨ ᠲᠥᠯᠥᠪᠵᠢᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠲᠣᠭᠲᠠᠴᠠ᠎ᠶᠢ ᠰᠠᠢᠲᠤᠷ ᠬᠡᠷᠡᠭᠯᠡᠵᠦ᠂ ᠪᠣᠳᠠᠲᠤ ᠴᠣᠭᠴᠠ᠎ᠶᠢᠨ ᠠᠵᠤ ᠠᠬᠤᠢ᠎ᠶᠢ ᠠᠳᠬᠤᠬᠤ᠂ ᠠᠵᠤ ᠦᠢᠯᠡᠰ᠎ᠦᠨ ᠳᠦᠷᠦᠯ ᠵᠦᠢᠯ᠎ᠢ ᠠᠳᠬᠤᠬᠤ ᠳᠡᠭᠡᠷ᠎ᠡ ᠨᠡᠩ ᠢᠯᠡᠭᠦᠦ ᠬᠦᠴᠦ ᠲᠠᠯᠪᠢᠬᠤ ᠬᠡᠷᠡᠭᠲᠡᠢ᠃ ᠪᠦᠬᠦ ᠣᠷᠣᠨ᠎ᠤ ᠠᠵᠤ ᠠᠬᠤᠢ᠎ᠶᠢᠨ ᠪᠠᠢᠳᠠᠯ᠎ᠤᠨ ᠵᠠᠳᠠᠯᠤᠯᠲᠠ᠎ᠶᠢᠨ ᠬᠤᠷᠠᠯ᠎ᠤᠨ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠵᠦ᠂ ᠪᠦᠬᠦ ᠵᠢᠯ᠎ᠦᠨ ᠬᠠᠷᠠᠯᠲᠠ ᠡᠭᠦᠷᠭᠡ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ᠃ ᠨᠢᠭᠡ᠎ᠡᠴᠡ ᠨᠥᠬᠥᠭᠡ᠎ᠶᠢ ᠵᠦᠢᠴᠢᠯᠡᠨ ᠮᠡᠳᠡᠵᠦ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠢᠨᠠᠨ ᠪᠠᠢᠴᠠᠭᠠᠯᠲᠠ᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠬᠤᠵᠤ᠂ ᠡᠯ᠎ᠡ ᠬᠦᠷᠢᠶᠡᠨ᠎ᠦ ᠠᠶᠤᠯ ᠲᠦᠭᠰᠢᠭᠦᠷᠢ᠎ᠶᠢᠨ ᠭᠡᠮ ᠰᠣᠭᠣᠭ᠎ᠢ ᠭᠦᠨᠵᠡᠭᠡᠢ ᠪᠠᠢᠴᠠᠭᠠᠨ ᠰᠢᠢᠳᠪᠦᠷᠢᠯᠡᠵᠦ᠂ ᠬᠥᠭᠵᠢᠯᠲᠡ ᠪᠣᠯᠣᠨ ᠬᠠᠮᠠᠭᠠᠯᠠᠯᠲᠠ᠂ ᠬᠥᠭᠵᠢᠯᠲᠡ ᠪᠣᠯᠣᠨ ᠠᠮᠤᠷ ᠲᠦᠪᠰᠢᠨ᠎ᠦ ᠬᠠᠷᠢᠴᠠᠭ᠎ᠠ᠎ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠤᠯᠠᠭᠠᠨᠬᠠᠳᠠ ᠬᠣᠲᠠ ᠪᠣᠯ ᠠᠵᠤ ᠦᠢᠯᠡᠳᠪᠦᠷᠢ᠎ᠶᠢᠨ ᠲᠣᠮᠣ᠌ ᠬᠣᠲᠠ ᠪᠣᠯᠬᠣᠷ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ ᠲᠠᠯ᠎ᠠ ᠪᠡᠷ ᠬᠦᠴᠦ ᠲᠠᠯᠪᠢᠵᠤ᠂ ᠳᠡᠭᠡᠳᠦ ᠲᠠᠰ᠎ᠤᠨ ᠥᠩᠭᠡᠲᠦ ᠲᠡᠮᠦᠷᠯᠢᠭ᠂ ᠨᠡᠭᠦᠷᠡᠰᠦᠲᠥ᠋ᠷᠥᠭᠴᠢ᠎ᠳᠦ ᠰᠠᠭᠤᠷᠢᠯᠠᠭᠰᠠᠨ ᠮᠠᠲᠸᠷᠢᠶᠠᠯ᠂ ᠬᠥᠩᠭᠡᠨᠴᠠᠭᠠᠨ᠎ᠳᠦ ᠰᠠᠭᠤᠷᠢᠯᠠᠭᠰᠠᠨ ᠮᠠᠲᠸᠷᠢᠶᠠᠯ᠂ ᠯᠢᠲ᠋ᠢ᠎ᠳᠦ ᠰᠠᠭᠤᠷᠢᠯᠠᠭᠰᠠᠨ ᠮᠠᠲᠸᠷᠢᠶᠠᠯ ᠵᠡᠷᠭᠡ ᠰᠢᠨ᠎ᠡ ᠮᠠᠲᠧᠷᠢᠶᠠᠯ᠎ᠤᠨ ᠳᠠᠪᠠᠭᠤᠯᠢᠭ᠋ ᠠᠵᠤ ᠦᠢᠯᠡᠰ᠎ᠦᠨ ᠪᠦᠯᠦᠭᠵᠢᠯ᠎ᠦᠨ ᠮᠠᠶᠢᠭ᠋᠎ᠤᠨ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ᠎ᠶᠢ ᠪᠦᠬᠦ ᠲᠠᠯ᠎ᠠ᠎ᠪᠠᠷ ᠪᠠᠳᠠᠷᠠᠭᠤᠯᠵᠤ᠂ ᠠᠵᠤ ᠠᠬᠤᠢ᠎ᠶᠢᠨ ᠲᠤᠬᠠᠢ ᠬᠦᠨᠵᠡᠬᠡᠢ ᠮᠠᠳᠡᠵᠦ᠂ ᠠᠵᠤ ᠦᠢᠯᠡᠰ᠎ᠢ ᠣᠢᠯᠠᠭᠠᠵᠤ᠂ ᠠᠵᠤ ᠠᠬᠤᠢᠯᠠᠯ᠎ᠳᠤ ᠦᠢᠯᠡᠴᠢᠯᠡᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳ᠋ᠡᠬᠢ ᠪᠦᠬᠦ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠣᠨᠴᠠᠭᠠᠢᠯᠠᠨ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号