ᠬᠥᠳᠡᠯᠭᠡᠬᠦ ᠡᠨ᠋ᠸᠷᠬᠢ ᠵᠢ ᠬᠤᠪᠢᠷᠠᠭᠤᠯᠵᠤ ᠬᠦᠭᠵᠢᠯᠳᠡ ᠵᠢᠨ ᠰᠠᠭᠤᠷᠢ ᠵᠢ ᠪᠡᠬᠢᠵᠢᠬᠦᠯᠦᠨ᠎ᠠ
2025-11-13 09:46:43
ᠵᠣᠬᠢᠶᠠᠭ᠍ᠴᠢ᠄
ᠶᠠᠩ ᠸᠧᠶ
ᠣᠩᠱᠢᠭ᠍ᠰᠠᠨ ᠣᠳᠠᠭ᠎ᠠ᠄
★★★☆☆

— ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠤᠬᠰᠠᠨ ᠥᠪᠥᠷ ᠮᠣᠩᠭᠣᠯ ᠤ᠋ᠨ ᠦᠶ᠋ᠯᠡᠳᠦᠯᠭᠡ


《ᠠᠷᠪᠠᠨ ᠳᠥᠷᠪᠡᠳᠦᠭᠡᠷ ᠲᠠᠪᠤᠨ ᠵᠢᠯ》᠂ ᠡᠨᠡ 5 ᠵᠢᠯ ᠳ᠋ᠤ ᠥᠪᠥᠷ ᠮᠣᠩᠭᠣᠯ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠵᠢᠨ ᠲᠣᠭᠣᠷᠢᠨ ᠳ᠋ᠤ ᠬᠥᠳᠡᠯᠭᠡᠬᠦ ᠡᠨ᠋ᠸᠷᠬᠢ ᠵᠢ ᠬᠤᠪᠢᠷᠠᠭᠤᠯᠬᠤ ᠡᠷᠴᠢ ᠬᠦᠴᠦᠨ ᠵᠢᠡᠷ ᠴᠢᠨᠠᠷ ᠰᠠᠢᠲᠠᠶ ᠬᠥᠭ᠌ᠵᠢᠬᠦᠯᠬᠦ ᠤᠷᠤᠯᠳᠤᠭᠠᠨ ᠤ᠋ ᠵᠠᠮ ᠳ᠋ᠤ ᠣᠷᠣᠵᠤ᠂ ᠬᠦᠴᠦᠷᠬᠡᠭ᠌ᠵᠢᠬᠦ᠌ ᠪᠡᠷ ᠬᠦᠴᠦᠯᠡᠨ ᠴᠢᠷᠮᠠᠢᠬᠤ᠂ ᠬᠦᠭᠵᠢᠯᠳᠡ ᠵᠢᠨ ᠰᠠᠭᠤᠷᠢ ᠵᠢ ᠪᠡᠬᠢᠵᠢᠬᠦᠯᠬᠦ ᠬᠠᠷᠢᠭᠤᠴᠠᠯᠭ᠎ᠠ ᠡᠭᠦᠷᠭᠡᠯᠡᠯ ᠵᠢᠡᠷ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠦᠪᠤᠷ ᠮᠤᠩᠭᠤᠯ ᠤ᠋ᠨ ᠰᠢᠨ᠎ᠠ ᠬᠠᠭᠤᠳᠠᠰᠤ ᠵᠢ ᠴᠢᠷᠮᠠᠢᠨ ᠪᠢᠴᠢᠭᠯᠡᠬᠦ ᠠᠬᠢᠴᠠ ᠳᠤᠮᠳᠠ ᠢᠯᠡ ᠲᠤᠳᠤ ᠢᠮ ᠲᠠᠮᠠᠭ᠎ᠠ ᠦᠯᠡᠳᠡᠭᠡᠵᠡᠶ᠃

ᠠᠤᠭ᠎ᠠ ᠶᠡᠬᠡ ᠬᠤᠪᠢᠷᠠᠯᠳᠠ᠄ ᠤᠯᠠᠮᠵᠢᠯᠠᠯᠲᠤ ᠠᠵᠤ ᠦᠢᠯᠡᠰ ᠰᠢᠨ᠎ᠠ ᠲᠦᠷᠰᠤ ᠪᠡᠷ ᠰᠤᠯᠢᠭᠳᠠᠪᠠ

5 ᠵᠢᠯ ᠳ᠋ᠤ ᠤᠨ ᠰᠠᠷ᠎ᠠ ᠤᠯᠠᠷᠢᠨ ᠬᠤᠪᠢᠷᠠᠬᠰᠠᠨ ᠴᠸ᠋ ᠥᠪᠥᠷ ᠮᠣᠩᠭᠣᠯ ᠤ᠋ᠨ ᠤᠯᠠᠮᠵᠢᠯᠠᠯᠲᠤ ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ᠌ ᠵᠢ ᠠᠬᠢᠭᠤᠯᠬᠤ ᠡᠷᠴᠢ ᠵᠣᠷᠢᠭ ᠪᠣᠯᠤᠨ ᠦᠷ᠎ᠡ ᠪᠦᠲᠦᠮᠵᠢ ᠬᠤᠪᠢᠷᠠᠭᠰᠠᠨ ᠦᠬᠡᠢ᠃

ᠲᠦᠩᠯᠢᠶᠣᠤ ᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠳ᠋ᠤ ᠲᠦᠱᠢᠭ᠌ᠯᠡᠨ ᠤᠯᠠᠮᠵᠢᠯᠠᠯᠲᠤ ᠲᠠᠷᠢᠶᠠᠯᠠᠩ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠱᠢᠨ᠎ᠡ ᠵᠠᠭ᠍ᠪᠤᠷ ᠢ᠋ ᠬᠠᠢᠨ ᠰᠦᠪᠡᠭ᠌ᠴᠢᠯᠡᠪᠡ᠃ ᠬᠦᠭᠡ ᠳᠠᠷᠤᠰᠢ ᠵᠢᠨ ᠡᠷᠳᠡᠨᠢ ᠱᠢᠰᠢ᠂ ᠬᠦᠬᠡ ᠳᠠᠷᠤᠰᠢ ᠵᠢᠨ ᠱᠢᠷ᠎ᠠ ᠪᠤᠷᠴᠠᠭ ᠤ᠋ᠨ ᠮᠦ᠍ ᠳᠤᠮᠳᠠᠴᠢ ᠵᠢᠨ ᠤᠨᠠᠯᠲᠠ 6080.05 ᠺᠢᠯᠣᠭ᠌ᠷᠠᠮ ᠳ᠋ᠤ ᠬᠦᠷᠴᠠᠢ — 2025 ᠣᠨ ᠳ᠋ᠤ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ 《ᠬᠦᠬᠡ ᠳᠠᠷᠤᠰᠢ ᠵᠢᠨ ᠡᠷᠳᠡᠨᠢ ᠱᠢᠰᠢ — ᠱᠢᠷ᠎ᠠ ᠪᠤᠷᠴᠠᠭ》 ᠤ᠋ᠨ ᠠᠯᠠᠬᠯᠠᠨ ᠳᠠᠷᠢᠬᠤ ᠵᠠᠭ᠍ᠪᠤᠷ ᠠᠰᠤᠷᠤ ᠶᠡᠬᠡ ᠠᠮᠵᠢᠯᠲᠠ ᠤᠯᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠬᠦᠳᠦᠯᠳᠡ ᠵᠢᠴᠢ ᠣᠷᠣᠢᠯᠠᠭ᠍ᠰᠠᠨ ᠮᠡᠷᠭᠡᠵᠢᠯ ᠤ᠋ᠨ ᠲᠤᠯᠭᠠᠭᠤᠷᠢᠯᠠᠯ ᠡᠴᠡ ᠠᠱᠢᠭ ᠭᠥᠷᠳᠡᠵᠦ᠍᠂ ᠥᠪᠥᠷ ᠮᠣᠩᠭᠣᠯ ᠤ᠋ᠨ ᠤᠯᠠᠮᠵᠢᠯᠠᠯᠲᠤ ᠪᠣᠯᠣᠳ ᠲᠡᠮᠦᠷ ᠦᠶ᠋ᠯᠡᠳᠬᠦ᠌ ᠦᠶ᠋ᠯᠡᠰ ᠳᠠᠬᠢᠨᠲᠠ ᠰᠢᠨ᠎ᠠ ᠭᠠᠢᠬᠠᠮᠱᠢᠭ ᠡᠭᠦᠳᠪᠡ᠃ ᠡᠨᠡ ᠵᠢᠯ ᠤ᠋ᠨ 8 ᠰᠠᠷ᠎ᠠ ᠳ᠋ᠤ ᠪᠤᠭᠤᠲᠤ ᠵᠢᠨ ᠪᠣᠯᠣᠳ ᠲᠡᠮᠦᠷ ᠤ᠋ᠨ ᠪᠦᠯᠦᠭ᠌ᠯᠡᠯ ᠴᠠᠭ ᠪᠦᠷᠢ 400 ᠺᠢᠯᠣᠮᠧᠲ᠋ᠷ ᠤ᠋ᠨ ᠬᠤᠷᠳᠤᠴᠡ ᠪᠡᠷ ᠠᠶᠠᠯᠠᠬᠤ ᠵᠢᠱ᠌ᠢᠶᠡᠨ ᠤ᠋ ᠭᠠᠯᠲᠤ ᠲᠡᠷᠭᠡᠨ᠎ᠳᠦ ᠲᠤᠬᠢᠷᠠᠬᠤ ᠪᠡᠶ᠎ᠡ ᠪᠡᠨ ᠳᠠᠭᠠᠭᠠᠵᠤ ᠰᠤᠳᠤᠯᠤᠨ ᠨᠡᠭᠡᠭᠡᠭᠰᠡᠨ ᠵᠠᠮ ᠲᠡᠮᠦᠷ ᠵᠢᠡᠨ ᠪᠥᠭᠡᠮ ᠵᠢᠡᠷ ᠦᠶ᠋ᠯᠡᠳᠪᠦᠷᠢᠯᠡᠵᠤ ᠡᠬᠢᠯᠡᠪᠡ᠃

ᠮᠣᠳᠣ ᠣᠭ᠍ᠲᠣᠯᠬᠤ ᠵᠢ ᠵᠣᠭ᠍ᠰᠣᠭᠠᠭ᠍ᠰᠠᠨ ᠤ᠋ ᠳᠠᠷᠠᠭ᠎ᠠ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠱᠢᠭᠤᠢᠲᠤ ᠣᠷᠣᠨ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠵᠠᠮ ᠢ᠋ ᠨᠡᠭᠡᠭᠡᠵᠡᠢ᠃ ᠡᠨᠡ ᠵᠢᠯ ᠤ᠋ᠨ 7 ᠰᠠᠷ᠎ᠠ ᠵᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ ᠤ᠋ᠨ ᠤᠢ ᠰᠢᠭᠤᠢ ᠵᠢᠨ ᠠᠵᠤ ᠦᠢᠯᠡᠳᠪᠤᠷᠢ ᠵᠢᠨ ᠪᠦᠯᠦᠭ᠌ᠯᠡᠯ ᠤ᠋ᠨ ᠵᠢᠨᠾᠧ ᠬᠦᠢᠳᠡᠨ ᠤ᠋ ᠲᠦᠢᠯ ᠤ᠋ᠨ ᠲᠣᠰᠭᠣᠨ ᠤ᠋ ᠲᠥᠷᠥᠯ ᠵᠦᠶ᠋ᠯ ᠤ᠋ᠨ ᠵᠢᠭᠤᠯᠴᠢᠯᠠᠯ ᠤ᠋ᠨ ᠣᠷᠣᠯᠭ᠎ᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 165.45% ᠪᠠᠷ ᠨᠡᠮᠡᠭ᠌ᠳᠡᠪᠡ; ᠡᠨᠡ ᠵᠢᠯ ᠤ᠋ᠨ ᠤᠯᠤᠰ ᠤ᠋ᠨ ᠪᠠᠶᠠᠷ᠂ ᠨᠠᠶ᠋ᠮᠠᠨ ᠰᠠᠷ᠎ᠠ ᠵᠢᠨ ᠲᠡᠷᠭᠡᠯ ᠪᠠᠶᠠᠷ ᠤ᠋ᠨ ᠠᠮᠠᠷᠠᠯᠲᠠ ᠵᠢᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠵᠢᠨ ᠱᠢᠭᠤᠢᠲᠤ ᠣᠷᠣᠨ ᠤ᠋ ᠵᠢᠭᠤᠯᠴᠢᠯᠠᠯ ᠤ᠋ᠨ ᠣᠷᠣᠯᠭ᠎ᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 232.25% ᠪᠠᠷ ᠨᠡᠮᠡᠭ᠌ᠳᠡᠪᠡ᠃

ᠥᠪᠥᠷ ᠮᠣᠩᠭᠣᠯ ᠨᠢᠭᠡᠨᠲᠡ ᠨᠡᠭᠦᠷᠡᠰᠦ ᠪᠡᠷ ᠴᠢᠯᠠᠭᠤᠨ ᠲᠣᠰᠣ ᠦᠢᠯᠡᠳᠬᠦ᠂ ᠨᠡᠭᠦᠷᠡᠰᠦ ᠪᠡᠷ ᠬᠤᠪᠴᠠᠰᠤ ᠵᠠᠰᠠᠯ ᠤ᠋ᠨ ᠲᠦᠭᠦᠬᠡᠶ ᠮᠠᠲ᠋ᠧᠷᠢᠶᠠᠯ ᠦᠢᠯᠡᠳᠬᠦ᠂ ᠨᠡᠭᠦᠷᠡᠰᠦ ᠪᠡᠷ ᠨᠡᠭᠦᠷᠡᠰᠦᠲᠥ᠋ᠷᠥᠭ᠌ᠴᠢᠳᠤ ᠱᠢᠷᠬᠡᠭᠯᠢᠭ ᠦᠢᠯᠡᠳᠬᠦ ᠵᠡᠷᠭᠡ ᠣᠯᠠᠨ ᠵᠤᠷᠪᠤᠰ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠠᠵᠤ ᠦᠶ᠋ᠯᠡᠰ ᠤ᠋ᠨ ᠬᠡᠯᠬᠢᠶ᠎ᠡ ᠵᠢ ᠪᠦᠷᠢᠯᠳᠦᠭᠦᠯᠵᠦ᠍᠂ 《ᠬᠡᠰᠡᠭ ᠨᠡᠭᠦᠷᠡᠰᠦ ᠡᠴᠡ ᠰᠠᠭᠤᠯᠠᠭ᠎ᠠ ᠲᠣᠰᠣ᠂ ᠱᠢᠷᠬᠡᠭ ᠲᠤᠷᠭ᠎ᠠ ᠬᠦᠷᠳᠡᠯᠡᠬᠢ》 ᠠᠵᠤ ᠦᠶ᠋ᠯᠡᠰ ᠤ᠋ᠨ 《ᠬᠤᠪᠢᠷᠠᠯᠲᠠ》 ᠵᠢ ᠪᠡᠶᠡᠯᠡᠭᠦᠯᠪᠡ᠃ ᠪᠤᠭᠤᠲᠤ ᠵᠢᠨ ᠪᠤᠯᠤᠳ ᠲᠡᠮᠦᠷ ᠤ᠋ᠨ ᠪᠦᠯᠦᠭ᠌ᠯᠡᠯ 《ᠬᠣᠪᠣᠷ ᠱᠢᠷᠣᠢ + ᠪᠤᠯᠤᠳ — ᠬᠣᠪᠣᠷ ᠱᠢᠷᠣᠢ ᠵᠢᠨ ᠪᠤᠯᠤᠳ ᠦᠢᠯᠡᠳᠬᠦᠨ》 ᠭᠡᠬᠦ᠌ ᠱᠢᠨ᠎ᠡ ᠵᠢ ᠡᠭᠦᠳᠬᠦ᠌ ᠬᠡᠯᠬᠢᠶ᠎ᠡ ᠵᠢᠨ ᠲᠣᠭᠣᠷᠢᠨ ᠳ᠋ᠤ ᠠᠵᠤ ᠦᠢᠯᠡᠰ ᠤ᠋ᠨ ᠬᠡᠯᠬᠢᠶ᠎ᠡ ᠪᠡᠨ ᠪᠠᠢᠷᠢᠱᠢᠭᠤᠯᠵᠤ᠂ ᠤᠳᠤ ᠨᠢᠭᠡᠨᠲᠡ 66 ᠲᠦᠷᠦᠯ ᠵᠦᠢᠯ᠂ 300 ᠱᠢᠬᠠᠮ ᠬᠣᠪᠣᠷ ᠱᠢᠷᠣᠢ ᠵᠢᠨ ᠪᠤᠯᠤᠳ ᠦᠢᠯᠡᠳᠬᠦᠨ ᠲᠠᠢ ᠪᠤᠯᠪᠠ᠃

 ᠁

ᠤᠯᠠᠮᠵᠢᠯᠠᠯᠲᠤ ᠠᠵᠤ ᠦᠢᠯᠡᠰ ᠰᠢᠨ᠎ᠠ ᠲᠦᠷᠰᠤ ᠪᠡᠷ ᠰᠤᠯᠢᠭᠳᠠᠵᠤ᠂ ᠤᠨ ᠵᠢᠯ ᠤ᠋ᠨ ᠪᠠᠯᠠᠷᠠᠰᠢ ᠦᠭᠡᠢ ᠬᠥᠱᠢᠢ᠎ᠡ ᠪᠤᠯᠵᠤ ᠰᠦᠨᠳᠡᠷᠯᠡᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠠ᠋ᠴᠠ ᠨᠠᠭᠠᠰᠢ᠂ ᠮᠠᠨ ᠤ᠋ ᠤᠷᠤᠨ ᠤᠯᠠᠮᠵᠢᠯᠠᠯᠲᠤ ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠬᠤ ᠪᠡᠷ ᠲᠡᠮᠵᠢᠨ ᠨᠢᠳᠤᠨ ᠳ᠋ᠤ ᠦᠵᠡᠭᠳᠡᠵᠤ ᠭᠠᠷ ᠲᠸ᠋ ᠪᠠᠷᠢᠬᠳᠠᠮ᠎ᠠ ᠦᠷ᠎ᠠ ᠪᠦᠳᠤᠮᠵᠢ ᠤᠯᠵᠤ᠂ ᠬᠥᠳᠡᠯᠭᠡᠬᠦ ᠡᠨ᠋ᠸᠷᠬᠢ ᠵᠢ ᠬᠤᠪᠢᠷᠠᠭᠤᠯᠤᠨ ᠬᠦᠭᠵᠢᠯᠳᠡ ᠵᠢᠨ ᠰᠠᠭᠤᠷᠢ ᠵᠢ ᠪᠡᠬᠢᠵᠢᠬᠦᠯᠬᠦ ᠳᠤᠮᠳᠠ ᠠᠯᠤᠰ ᠢᠷᠡᠭᠡᠳᠦᠢ ᠪᠠ ᠬᠤᠪᠢ ᠵᠠᠶᠠᠭ᠎ᠠ ᠪᠠᠨ ᠦᠬᠡᠷᠡᠴᠢᠯᠡᠬᠦ ᠠᠤᠭ᠎ᠠ ᠶᠡᠬᠡ ᠬᠤᠪᠢᠷᠠᠯᠳᠠ ᠵᠢ ᠪᠡᠶᠡᠯᠡᠭᠦᠯᠦᠭᠰᠡᠨ ᠪᠠᠢᠨ᠎ᠠ᠃

ᠠᠮᠢᠳᠤᠯᠢᠭ ᠪᠤᠳᠠᠳᠠᠢ ᠦᠢᠯᠡᠳᠦᠯᠭᠡ᠄ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠢ᠋ ᠪᠤᠵᠠᠭᠠᠢᠷᠠᠭᠤᠯᠤᠨ ᠬᠦᠴᠤᠷᠭᠡᠭᠵᠢᠬᠦᠯᠪᠡ

《ᠠᠷᠪᠠᠨ ᠳᠥᠷᠪᠡᠳᠦᠭᠡᠷ ᠲᠠᠪᠤᠨ ᠵᠢᠯ》 ᠠ᠋ᠴᠠ ᠨᠠᠭᠠᠱᠢᠬᠢ ᠦᠪᠤᠷ ᠮᠤᠩᠭᠤᠯ ᠤ᠋ᠨ ᠴᠢᠨᠠᠷ ᠰᠠᠢᠲᠠᠶ ᠬᠥᠭ᠌ᠵᠢᠯᠲᠡ ᠵᠢᠨ ᠦᠶ᠋ᠯᠡᠳᠦᠯᠭᠡ ᠵᠢ ᠡᠷᠭᠢᠴᠡᠭᠦᠯᠪᠡᠯ᠂ ᠬᠥᠳᠡᠯᠭᠡᠬᠦ᠌ ᠡᠨ᠋ᠸᠷᠬᠢ ᠵᠢ ᠬᠤᠪᠢᠷᠠᠭᠤᠯᠤᠬᠰᠠᠨ᠎ᠢ ᠡᠷᠬᠢᠮ ᠨᠠᠨᠳᠢᠨ ᠪᠥᠭᠡᠳ ᠲᠡᠦᠬᠡ ᠵᠢᠨ ᠬᠠᠭᠤᠳᠠᠰᠤᠨ ᠳ᠋ᠤ ᠲᠡᠮᠳᠡᠭ᠌ᠯᠡᠭ᠌ᠳᠡᠬᠦ᠌ ᠲᠤᠮᠤ ᠶᠠᠪᠤᠳᠠᠯ ᠬᠡᠵᠤ ᠬᠡᠯᠡᠵᠤ ᠪᠤᠯᠤᠨ᠎ᠠ᠃

ᠶᠡᠷᠦᠩᠬᠡᠶ ᠪᠠᠯᠠ ᠣᠷᠣᠭᠤᠯᠤᠯᠲᠠ ᠨᠢ ᠮᠢᠩᠭᠠᠨ ᠳ᠋ᠦᠩᠱᠢᠭᠤᠷ ᠲᠥᠭᠥᠷᠢᠭ ᠲᠦ᠍ ᠲᠦᠬᠦᠭᠰᠡᠨ 《ᠡᠯᠡᠰᠤ ᠭᠤᠪᠢ ᠴᠦᠯ》 ᠰᠠᠯᠬᠢᠨ ᠬᠦᠴᠦ ᠵᠢᠨ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠤ᠋ ᠠᠩᠬᠠᠳᠠᠭ᠍ᠴᠢ ᠮᠢᠩᠭᠠᠨ ᠲᠦᠮᠡᠨ ᠺᠢᠯᠦᠸᠠᠲ ᠤ᠋ᠨ ᠲᠠᠰ ᠤ᠋ᠨ ᠲᠥᠷᠥᠯ ᠵᠦᠶ᠋ᠯ ᠥᠪᠥᠷ ᠮᠣᠩᠭᠣᠯ ᠳ᠋ᠤ ᠪᠠᠷᠢᠯᠭ᠎ᠠ ᠡᠬᠢᠯᠡᠵᠦ᠍᠂ ᠲᠥᠷᠥᠯ ᠵᠦᠶ᠋ᠯ ᠨᠢ ᠠᠱᠢᠭ᠍ᠯᠠᠯᠲᠠ ᠳ᠋ᠤ ᠤᠷᠤᠭ᠍ᠰᠠᠨ ᠤ᠋ ᠳᠠᠷᠠᠭ᠎ᠠ ᠵᠢᠯ ᠳ᠋ᠤᠨᠢ 200 ᠳ᠋ᠦᠩᠱᠢᠭᠤᠷ ᠭᠷᠠᠳᠦ᠋ᠰ ᠤ᠋ᠨ ᠪᠤᠬᠢᠷᠳᠤᠯ ᠦᠬᠡᠢ ᠴᠠᠬᠢᠯᠭᠠᠨ ᠢ᠋ ᠭᠠᠳᠠᠭᠰᠢ ᠬᠦᠷᠭᠡᠵᠦ᠍᠂ ᠵᠢᠯ ᠳ᠋ᠤ 640 ᠲᠦᠮᠡᠨ ᠲᠣᠨ ᠪᠠᠷᠢᠮᠵᠢᠶ᠎ᠠ ᠨᠡᠭᠦᠷᠡᠰᠦ ᠵᠢ ᠠᠷᠪᠢᠯᠠᠨ᠂ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠭᠠᠳᠠᠬᠰᠢᠯᠠᠭᠤᠯᠤᠯᠳᠠ ᠵᠢ 1600 ᠲᠦᠮᠡᠨ ᠲᠣᠨ ᠪᠠᠭᠠᠰᠬᠠᠬᠤ ᠪᠤᠯᠤᠨ᠎ᠠ; ᠱᠢᠯᠢ ᠵᠢᠨ ᠭᠤᠤᠯ ᠠᠢᠮᠠᠭ ᠤ᠋ᠨ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠨᠢᠬᠡᠨᠳᠡ 2200 ᠲᠦᠮᠡᠨ ᠺᠢᠯᠦᠸᠠᠲ ᠢ᠋ ᠳᠠᠪᠠᠵᠤ᠂ ᠵᠢᠯ ᠳ᠋ᠤ 400 ᠳ᠋ᠦᠩᠱᠢᠭᠤᠷ ᠭᠷᠠᠳᠦ᠋ᠰ ᠤ᠋ᠨ ᠪᠣᠬᠢᠷᠲᠤᠯ ᠥᠬᠡᠶ ᠴᠠᠬᠢᠯᠭᠠᠨ ᠭᠠᠷᠭᠠᠵᠤ ᠪᠤᠢ ᠁ ᠱᠢᠨ᠎ᠡ ᠡᠨᠧᠷᠭᠢ ᠵᠢᠨ ᠠᠵᠤ ᠦᠶ᠋ᠯᠡᠰ ᠦᠳᠲᠡᠷ ᠲᠦᠷᠭᠡᠨ ᠬᠥᠭ᠌ᠵᠢᠨ ᠮᠠᠨᠳᠤᠵᠤ᠂ ᠤᠳᠤ ᠶᠠᠭ ᠬᠡᠬᠡᠨ ᠰᠠᠷᠠᠭᠤᠯ ᠢᠷᠡᠭᠡᠳᠤᠢ ᠲᠠᠢ ᠥᠪᠥᠷ ᠮᠣᠩᠭᠣᠯ ᠤ᠋ᠨ ᠠᠵᠤ ᠠᠬᠤᠶ ᠵᠢᠨ ᠵᠢᠷᠤᠭ ᠲᠥᠰᠦᠪ ᠢ᠋ ᠳᠠᠬᠢᠨ ᠪᠠᠢᠭᠤᠯᠵᠤ ᠪᠠᠢᠨ᠎ᠠ᠃

ᠥᠪᠥᠷ ᠮᠣᠩᠭᠣᠯ ᠤ᠋ᠨ ᠡᠯᠡᠰᠦ ᠵᠢ ᠵᠠᠰᠠᠬᠰᠠᠨ ᠵᠠᠭ᠍ᠪᠤᠷ ᠳᠡᠯᠡᠬᠡᠢ ᠳ᠋ᠤ ᠠᠯᠳᠠᠷᠱᠢᠵᠤ᠂ ᠬᠥᠪᠴᠢ ᠵᠢᠨ ᠡᠯᠡᠰᠦᠨ ᠳ᠋ᠤ ᠪᠠᠷᠤᠭ 400 ᠺᠢᠯᠤᠮᠸᠲᠷ ᠤᠷᠳᠤ᠂ 5 ᠺᠢᠯᠤᠮᠸᠲᠷ ᠥᠷᠭᠡᠨ ᠪᠦᠬᠦᠢ 《ᠭᠡᠷᠡᠯᠴᠢ ᠴᠡᠨᠡᠭ ᠤ᠋ᠨ ᠤᠷᠳᠤ ᠴᠠᠭᠠᠨ ᠬᠡᠷᠡᠮ》 ᠤ᠋ᠨ ᠡᠯᠡᠰᠦ ᠵᠢ ᠵᠠᠰᠠᠬᠤ ᠪᠦᠰᠡ ᠲᠦᠯᠦᠪᠵᠢᠨ ᠪᠦᠷᠢᠯᠳᠦᠵᠦ᠍᠂ ᠤᠯᠠᠭᠠᠨᠪᠤᠬ᠎ᠠ ᠵᠢᠨ ᠡᠯᠡᠰᠦᠨ ᠳ᠋ᠤ 400 ᠭᠠᠵᠠᠷ ᠤᠷᠳᠤ᠂ 1200 ᠮᠸᠲᠷ ᠥᠷᠭᠡᠨ ᠪᠦᠬᠦᠢ ᠡᠯᠡᠰᠦ ᠵᠢ ᠲᠣᠭ᠍ᠲᠠᠪᠤᠷᠢᠵᠢᠭᠤᠯᠬᠤ ᠪᠦᠰᠡ ᠬᠦᠬᠡᠷᠡᠨ ᠨᠤᠭᠤᠭᠠᠷᠠᠵᠤ᠂ ᠡᠯᠡᠰᠦ ᠵᠢ ᠵᠠᠰᠠᠬᠤ ᠲᠦᠷᠦᠯ ᠵᠤᠢᠯ ᠤ᠋ᠨ ᠣᠷᠣᠨ ᠨᠢᠬᠡᠨᠳᠡ 《ᠨᠤᠭᠤᠭᠠᠷᠠᠭᠤᠯᠤᠯᠳᠠ ᠤᠷᠤᠭ᠍ᠰᠢᠯᠠᠵᠤ ᠡᠯᠡᠰᠦ ᠤᠬᠤᠷᠢᠭ᠍ᠰᠠᠨ》 ᠵᠢᠭᠤᠯᠴᠢᠯᠠᠯ ᠤ᠋ᠨ ᠣᠷᠣᠨ ᠪᠠ ᠰᠠᠯᠬᠢᠨ ᠬᠦᠴᠤ ᠵᠢᠨ ᠴᠠᠬᠢᠯᠭᠠᠨ ᠤ᠋ ᠠᠵᠤ ᠦᠢᠯᠡᠰ᠂ ᠣᠷᠭᠠᠨᠢᠭ ᠰᠦ ᠵᠢᠨ ᠦᠢᠯᠡᠰ ᠵᠢᠴᠢ ᠠᠮᠢ ᠠᠬᠤᠢ ᠵᠢᠨ ᠲᠠᠷᠢᠵᠤ ᠲᠡᠵᠢᠭᠡᠬᠦ᠌ ᠦᠢᠯᠡᠰ ᠤ᠋ᠨ ᠲᠦᠷᠦᠯ ᠵᠦᠢᠯ ᠤ᠋ᠨ ᠣᠷᠣᠨ ᠪᠤᠯᠵᠤ᠂ ᠤᠯᠠᠨ ᠲᠦᠮᠡᠨ ᠤ᠋ ᠠᠵᠤ ᠦᠢᠯᠡᠰᠵᠢᠯᠲᠡ ᠵᠢᠨ ᠣᠷᠣᠯᠭ᠎ᠠ ᠦᠷᠭᠦᠯᠵᠢᠯᠡᠨ ᠨᠡᠮᠡᠭ᠌ᠳᠡᠵᠦ᠍᠂ ᠥᠪᠥᠷ ᠮᠣᠩᠭᠣᠯ ᠳᠡᠯᠡᠬᠡᠢ ᠳ᠋ᠠᠬᠢᠨ ᠳ᠋ᠤ ᠱᠠᠭᠰᠢᠭᠳᠠᠭᠰᠠᠨ ᠡᠯᠡᠰᠦ ᠵᠢ ᠵᠠᠰᠠᠬᠤ ᠵᠠᠭ᠍ᠪᠤᠷ ᠵᠢᠡᠷ ᠬᠠᠮᠲᠤ ᠪᠠᠷ ᠬᠥᠭ᠌ᠵᠢᠬᠦ᠌ ᠰᠠᠷᠠᠭᠤᠯ ᠳᠠᠷᠳᠠᠩ ᠵᠠᠮ ᠵᠢᠡᠨ ᠡᠯᠬᠦᠯ᠎ᠠ᠃

ᠥᠪᠥᠷ ᠮᠣᠩᠭᠣᠯ ᠤ᠋ᠨ ᠪᠥᠬᠥ᠌ ᠪᠥᠮᠪᠥᠷᠴᠡᠭ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ ᠤ᠋ᠨ ᠲᠥᠷᠥᠯ ᠵᠦᠶ᠋ᠯ ᠠᠱᠢᠭ᠍ᠯᠠᠯᠲᠠ ᠳ᠋ᠤ ᠣᠷᠣᠵᠤ᠂ ᠪᠥᠬᠥ᠌ ᠪᠥᠮᠪᠥᠷᠴᠡᠭ ᠤ᠋ᠨ ᠠᠩᠬᠠᠳᠠᠭ᠍ᠴᠢ ᠤᠰᠤᠲᠥ᠋ᠷᠥᠭ᠌ᠴᠢ ᠱᠢᠪᠲᠦᠷ ᠬᠤᠤᠰ ᠲᠦᠯᠡᠱᠢᠲᠦ ᠱᠢᠲᠠᠮᠠᠬᠠᠶ ᠬᠡᠶ ᠵᠢᠨ ᠲᠦᠷᠪᠢᠯᠳᠡ ᠵᠢᠨ ᠮᠠᠱᠢᠨ ᠴᠣᠭ᠍ᠴᠠᠯᠠᠪᠤᠷᠢ ᠠᠱᠢᠭ᠍ᠯᠠᠯᠲᠠ ᠳ᠋ᠤ ᠣᠷᠣᠵᠤ᠂ ᠮᠠᠨ ᠤ᠋ ᠣᠷᠣᠨ ᠨᠢᠬᠡᠨᠳᠡ 《ᠰᠠᠯᠬᠢᠨ ᠬᠦᠴᠤ ᠵᠢᠨ ᠴᠠᠬᠢᠯᠭᠠᠨ ᠭᠡᠷᠡᠯᠴᠢ ᠴᠡᠨᠡᠭ᠎ᠪᠤᠬᠢᠷᠳᠤᠯ ᠦᠬᠡᠢ ᠴᠠᠬᠢᠯᠭᠠᠨ — ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ — ᠪᠤᠬᠢᠷᠳᠤᠯ ᠦᠬᠡᠢ ᠤᠰᠤᠲᠥ᠋ᠷᠥᠭ᠌ᠴᠢ ᠱᠢᠪᠲᠦᠷ ᠵᠢᠡᠷ ᠴᠠᠬᠢᠯᠭᠠᠨ ᠭᠠᠷᠭᠠᠬᠤ》 ᠪᠤᠬᠢᠷᠳᠤᠯ ᠦᠬᠡᠢ ᠡᠨᠧᠷᠭᠢ ᠵᠢᠨ ᠠᠵᠤ ᠦᠶ᠋ᠯᠡᠰ ᠤ᠋ᠨ ᠬᠡᠯᠬᠢᠶ᠎ᠡ ᠵᠢ ᠪᠠᠢᠭᠤᠯᠵᠤ᠂ ᠰᠠᠯᠬᠢᠨ ᠬᠦᠴᠤ ᠬᠡᠷᠡᠯᠴᠢ ᠴᠡᠨᠡᠭ ᠪᠣᠯᠤᠨ ᠤᠰᠤᠲᠥ᠋ᠷᠥᠭ᠌ᠴᠢ ᠱᠢᠪᠲᠦᠷ ᠵᠢᠡᠷ ᠪᠤᠬᠢᠷᠳᠤᠯ ᠦᠬᠡᠢ ᠡᠨᠧᠷᠭᠢ ᠵᠢᠨ ᠦᠶ᠋ᠯᠡᠳᠪᠦᠷᠢᠯᠡᠯ ᠤ᠋ᠨ ᠴᠣ ᠱᠢᠨ᠎ᠡ ᠬᠠᠭᠤᠳᠠᠰᠤ ᠵᠢ ᠰᠡᠬᠦᠪᠡ᠃ 

ᠪᠤᠰᠤᠳᠴᠢ ᠵᠢᠮ᠎ᠠ ᠶᠤᠰᠤ ᠵᠢ ᠪᠠᠷᠢᠮᠳᠠᠯᠠᠨ ᠤᠷᠤᠭ᠍ᠰᠢᠯᠠᠪᠠᠯ ᠰᠠᠶᠢ ᠯᠠᠪᠳᠠᠭᠤᠨ ᠬᠤᠯᠠ ᠠᠶᠠᠯᠠᠵᠤ ᠴᠢᠳᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠮᠠᠨ ᠤ᠋ ᠤᠷᠤᠨ ᠬᠥᠳᠡᠯᠭᠡᠬᠦ᠌ ᠡᠨᠧᠷᠭᠢ ᠵᠢ ᠬᠤᠪᠢᠷᠠᠭᠤᠯᠤᠨ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠢ᠋ ᠬᠥᠭ᠌ᠵᠢᠬᠦᠯᠵᠤ᠂ ᠦᠷᠬᠦᠯᠵᠢᠯᠡᠬᠦ ᠬᠦᠭᠵᠢᠯᠳᠡ ᠵᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠲᠠᠢ ᠪᠤᠯᠤᠭᠰᠠᠨ ᠪᠠᠢᠨ᠎ᠠ᠃

ᠬᠦᠰᠡᠯ ᠤ᠋ᠨ ᠰᠠᠢᠬᠠᠨ ᠲᠡᠮᠡᠤᠯᠤᠯ᠄ ᠠᠵᠤ ᠠᠬᠤᠢ ᠵᠢᠨ ᠬᠡᠯᠪᠡᠷᠢ ᠪᠡᠨ ᠬᠤᠪᠢᠷᠠᠭᠤᠯᠵᠤ ᠤᠷᠢᠳᠤᠬᠢ ᠵᠢ ᠵᠠᠯᠭᠠᠮᠵᠢᠯᠠᠨ ᠬᠣᠢᠱᠢᠬᠢ ᠳ᠋ᠤ ᠵᠠᠮ ᠨᠡᠭᠡᠭᠡᠨ᠎ᠡ

《ᠠᠷᠪᠠᠨ ᠳᠥᠷᠪᠡᠳᠦᠭᠡᠷ ᠲᠠᠪᠤᠨ ᠵᠢᠯ》 ᠤᠳᠠᠯ ᠥᠬᠡᠶ ᠦᠩᠬᠡᠷᠡᠬᠦ ᠬᠡᠵᠤ ᠪᠤᠢ᠃ ᠡᠨᠡ 5 ᠵᠢᠯ ᠳ᠋ᠤ ᠮᠠᠨ ᠤ᠋ ᠤᠷᠤᠨ ᠬᠥᠳᠡᠯᠭᠡᠬᠦ᠌ ᠡᠨᠧᠷᠭᠢ ᠵᠢ ᠬᠤᠪᠢᠷᠠᠭᠤᠯᠵᠤ ᠬᠥᠭ᠌ᠵᠢᠯᠲᠡ ᠵᠢ ᠠᠬᠢᠭᠤᠯᠬᠤ ᠶᠠᠪᠤᠴᠠ ᠳ᠋ᠠᠭᠠᠨ ᠲᠤᠮᠤ ᠠᠯᠬᠤᠮ ᠵᠢᠡᠷ ᠰᠢᠨ᠎ᠠ ᠠᠶᠠᠨ ᠳ᠋ᠤ ᠮᠤᠷᠳᠠᠬᠤ᠎ᠨᠢᠭᠡ ᠪᠦᠯᠦᠭ ᠡᠷᠬᠢᠮ ᠨᠠᠨᠳᠢᠨ ᠥᠪ ᠬᠦᠷᠦᠩᠬᠡ ᠵᠢ ᠬᠤᠷᠠᠮᠳᠤᠭᠤᠯᠵᠠᠢ᠃

ᠬᠠᠲᠤᠨ ᠭᠤᠤᠯ ᠤ᠋ᠨ 《ᠶᠡᠬᠡ ᠳᠤᠬᠤᠢ》 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ 80 ᠲᠦᠮᠡᠨ ᠮᠥ᠍ ᠵᠢᠨ ᠬᠡᠷᠡᠯᠴᠢ ᠴᠡᠨᠡᠭ ᠵᠢᠡᠷ ᠡᠯᠡᠰᠦ ᠵᠢ ᠵᠠᠰᠠᠬᠤ ᠪᠦᠰᠡ ᠪᠠᠢᠭᠤᠯᠤᠨ 420 ᠺᠢᠯᠣᠮᠧᠲ᠋ᠷ ᠤ᠋ᠨ ᠡᠯᠡᠰᠤ ᠵᠢ ᠡᠮᠵᠢᠶᠡᠷᠢᠯᠡᠭᠰᠡᠨ ᠣᠶ ᠱᠢᠭᠤᠶ ᠡᠪᠡᠰᠦ ᠪᠡᠯᠴᠢᠭᠡᠷ ᠤ᠋ᠨ ᠪᠦᠰᠡ ᠪᠠᠢᠭᠤᠯᠵᠤ ᠂ ᠬᠣᠷᠴᠢᠨ ᠪᠠ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠥᠨᠥᠭᠡᠯᠳᠡ ᠵᠢᠨ ᠲᠠᠢᠯᠠᠯᠳᠤᠭᠠᠨ ᠳ᠋ᠤ 15 ᠬᠣᠱᠢᠭᠤ ᠱᠢᠶᠠᠨ ᠤ᠋ ᠨᠡᠭᠦᠳᠡᠯ ᠡᠯᠡᠰᠦᠷᠬᠡᠭ ᠭᠠᠵᠠᠷ ᠢ᠋ ᠪᠦᠬᠦᠨ ᠢ᠋ ᠤᠰᠠᠳᠭᠠᠵᠤ᠂ ᠡᡁᠸᠰᠢ ᠵᠢᠨ ᠬᠤᠩᠬᠢᠯ — ᠲᠠᠺᠯᠢᠮᠠᠺᠠᠨ ᠡᠯᠡᠰᠦᠨ ᠴᠦᠯ᠎ᠦᠨ ᠬᠦᠪᠡᠭᠡ ᠵᠠᠬ᠎ᠠ ᠶ᠋ᠢᠨ ᠬᠣᠷᠢᠭ᠍ᠯᠠᠯᠳᠠ ᠶ᠋ᠢᠨ ᠳᠠᠢᠯᠠᠯᠳᠤᠭᠠᠨ ᠳ᠋ᠦ 729.3 ᠲᠦᠮᠡᠨ ᠮᠥ᠍ ᠵᠢᠨ ᠠᠮᠢ ᠠᠬᠤᠶ ᠵᠢᠨ ᠵᠠᠰᠠᠯᠲᠠ ᠵᠢ ᠪᠡᠶᠡᠯᠡᠭᠦᠯᠵᠦ᠍᠂ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠭ᠍ᠰᠠᠨ ᠲᠠᠯᠠᠪᠠᠶ 6688 ᠲᠦᠮᠡᠨ ᠮᠸ᠋ ᠳ᠋ᠤ ᠬᠦᠷᠴᠦ᠂ ᠪᠥᠬᠥ᠌ ᠤᠯᠤᠰ ᠲᠦ᠍ ᠲᠦᠷᠦᠬᠦᠯᠡᠪᠡ ᠁ ᠦᠪᠤᠷ ᠮᠤᠡᠭᠭᠤᠯ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢ ᠪᠥᠲᠥᠭᠡᠨ ᠪᠠᠢᠭᠤᠯᠬᠤ᠂ ᠡᠭᠦᠷᠢᠳᠡ ᠵᠢᠨ ᠦᠷᠭᠦᠯᠵᠢᠯᠡᠨ ᠬᠥᠭ᠌ᠵᠢᠬᠦ᠌ ᠠᠯᠤᠰ ᠬᠡᠲᠦ᠍ ᠵᠢᠨ ᠬᠦᠰᠡᠯ ᠵᠤᠷᠢᠭ ᠵᠢᠡᠷ ᠴᠠᠭ ᠦᠶ᠎ᠠ ᠵᠢᠨ ᠢᠷᠠᠭᠤ ᠬᠠᠭᠤᠳᠠᠰᠤ ᠵᠢ ᠲᠤᠰᠢᠶᠡᠪᠡ᠃

ᠪᠦᠬᠦ᠌ ᠪᠥᠮᠪᠥᠷᠴᠡᠭ ᠤ᠋ᠨ ᠬᠠᠮᠤᠭ ᠤ᠋ᠨ ᠶᠡᠬᠡ ᠪᠠᠭ᠍ᠲᠠᠭᠠᠮᠵᠢ ᠪᠦᠬᠦᠢ ᠲᠣᠣᠷᠵᠢᠭᠤᠯᠤᠬᠰᠠᠨ ᠬᠡᠯᠪᠡᠷᠢ ᠵᠢᠨ ᠡᠨᠧᠷᠭᠢ ᠨᠦᠭᠡᠴᠡᠯᠡᠬᠦ ᠦᠯᠢᠭᠡᠷ ᠮᠠᠱᠢᠨ ᠥᠪᠥᠷ ᠮᠣᠩᠭᠣᠯ ᠳ᠋ᠤ ᠮᠡᠨᠳᠤᠯᠡᠵᠤ᠂ ᠪᠦᠬᠦ᠌ ᠪᠥᠮᠪᠥᠷᠴᠡᠭ ᠤ᠋ᠨ ᠬᠠᠮᠤᠭ ᠤ᠋ᠨ ᠶᠡᠬᠡ 100% ᠵᠢᠨ ᠪᠣᠬᠢᠷᠲᠤᠯ ᠦᠭᠡᠢ ᠴᠠᠬᠢᠯᠭᠠᠨ ᠵᠢᠡᠷ ᠤᠰᠤᠲᠥ᠋ᠷᠥᠭ᠌ᠴᠢ ᠦᠢᠯᠡᠳᠬᠦ᠌ ᠦᠢᠯᠡᠳᠪᠦᠷᠢᠯᠡᠯ ᠤ᠋ᠨ ᠱᠤᠭᠤᠮ ᠬᠢᠭᠡᠳ ᠪᠦᠬᠦ᠌ ᠪᠥᠮᠪᠥᠷᠴᠡᠭ ᠤ᠋ᠨ ᠠᠵᠤ ᠦᠢᠯᠡᠰ ᠤ᠋ᠨ ᠬᠡᠯᠬᠢᠶ᠎ᠠ ᠪᠡᠷ ᠬᠠᠮᠤᠭ ᠤ᠋ᠨ ᠪᠦᠷᠢᠨ ᠪᠦᠲᠦᠨ ᠪᠦᠬᠦᠢ ᠬᠣᠪᠣᠷ ᠱᠢᠷᠣᠢ ᠵᠢ ᠡᠳ᠋ᠰᠢᠬᠦᠯᠦᠨ ᠰᠠᠯᠭᠠᠬᠤ ᠲᠦᠷᠦᠯ ᠵᠦᠢᠯ ᠥᠪᠥᠷ ᠮᠣᠩᠭᠣᠯ ᠳ᠋ᠤ ᠨᠤᠲᠤᠭ᠍ᠰᠢᠵᠤ᠂ ᠦᠪᠤᠷ ᠮᠤᠡᠭᠭᠤᠯ ᠤ᠋ᠨ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ 1.5 ᠳ᠋ᠦᠩᠱᠢᠭᠤᠷ ᠺᠢᠯᠦᠸᠠᠲ ᠢ᠋ ᠳᠠᠪᠠᠨ ᠪᠦᠬᠦ᠌ ᠤᠯᠤᠰ ᠲᠦ᠍ ᠲᠦᠷᠦᠬᠦᠯᠡᠵᠤ ᠪᠤᠢ ᠁ ᠥᠪᠥᠷ ᠮᠣᠩᠭᠣᠯ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠢ᠋ ᠪᠦᠳᠦᠬᠡᠨ ᠪᠠᠢᠭᠤᠯᠬᠤ᠂ ᠱᠢᠨ᠎ᠡ ᠬᠡᠯᠪᠡᠷᠢ ᠵᠢᠨ ᠠᠵᠤ ᠦᠢᠯᠡᠳᠪᠦᠷᠢᠵᠢᠯᠲᠡ ᠵᠢᠨ ᠤᠷᠤᠯᠳᠤᠭᠠᠨ ᠤ᠋ ᠵᠠᠮ ᠵᠢᠡᠷ ᠵᠢᠯᠤᠭᠤ ᠰᠤᠩᠭᠠᠨ ᠤᠷᠤᠭᠰᠢᠯᠠᠬᠤ ᠢᠳᠡᠷᠡᠭᠦᠨ ᠠᠯᠬᠤᠭ᠎ᠠ ᠪᠠᠷ ᠴᠠᠭ ᠦᠶ᠎ᠡ ᠵᠢᠨ ᠢᠷᠠᠭᠤ ᠬᠠᠭᠤᠳᠠᠰᠤ ᠵᠢ ᠲᠤᠱᠢᠶᠠᠪᠠ᠃

ᠦᠪᠤᠷ ᠮᠤᠡᠭᠭᠤᠯ ᠤ᠋ᠨ ᠲᠠᠷᠢᠶᠠᠯᠠᠩ ᠤ᠋ᠨ ᠮᠠᠱᠢᠨᠴᠢᠯᠠᠯᠲᠠ ᠵᠢᠨ ᠨᠣᠷᠮ᠎ᠠ ᠨᠢᠭᠡᠨᠲᠡ 90% ᠵᠢ ᠳᠠᠪᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 6000 ᠲᠦᠮᠡᠨ ᠮᠸ᠋ ᠵᠢ ᠳᠠᠪᠠᠵᠤ᠂ ᠪᠦᠬᠦ ᠤᠷᠤᠨ ᠤ᠋ 2/3 ᠡᠴᠠ ᠳᠡᠭᠡᠭ᠌ᠰᠢᠬᠢ ᠠᠮᠤ ᠪᠤᠳᠠᠭ᠎ᠠ ᠵᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠡᠴᠡ ᠬᠤᠷᠢᠶᠠᠵᠤ ᠪᠤᠢ; ᠦᠪᠤᠷ ᠮᠤᠩᠭᠤᠯ 《ᠰᠢᠷᠭᠡᠭ ᠡᠪᠡᠰᠦ ᠡᠴᠡ ᠴᠣᠮᠣ ᠰᠦ ᠬᠥᠷᠳᠡᠯᠡᠬᠢ》 ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢ ᠪᠠᠢᠭᠤᠯᠵᠤ᠂ ᠦᠨᠢᠶᠡᠨ ᠰᠦ ᠵᠢᠨ ᠭᠠᠷᠤᠯᠲᠠ ᠪᠡᠷ ᠵᠢᠯ ᠳᠠᠷᠠᠭᠠᠯᠠᠨ ᠪᠥᠬᠥ᠌ ᠤᠯᠤᠰ ᠲᠦ᠍ ᠲᠦᠷᠦᠬᠦᠯᠡᠪᠡ; ᠦᠪᠤᠷ ᠮᠤᠡᠭᠭᠤᠯ ᠤ᠋ᠨ ᠨᠠᠷᠠᠲᠤ ᠤᠬᠢ ᠤᠨᠴᠠᠯᠢᠭᠳᠤ ᠱᠢᠨ᠎ᠡ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ ᠨᠡᠮᠡᠭ᠌ᠳᠡᠭᠡᠳ 720 ᠪᠣᠯᠵᠣ᠂ ᠪᠥᠬᠥ᠌ ᠤᠯᠤᠰ ᠲᠦ᠍ ᠲᠦᠷᠦᠬᠦᠯᠡᠵᠤ ᠪᠤᠢ ᠁ ᠥᠪᠥᠷ ᠮᠣᠩᠭᠣᠯ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠪᠥᠲᠥᠭᠡᠨ ᠪᠠᠢᠭᠤᠯᠬᠤ᠂ ᠮᠠᠯ ᠠᠵᠤ ᠠᠬᠤᠶ ᠲᠠᠷᠢᠶᠠᠯᠠᠩ ᠤ᠋ᠨ ᠣᠳᠣᠬᠢᠴᠢᠯᠠᠯᠲᠠ ᠵᠢᠨ ᠪᠠᠳᠤ ᠲᠤᠯᠭᠠᠭᠤᠷᠢᠯᠠᠯ ᠢ᠋ ᠴᠣᠭ᠍ᠴᠠᠯᠠᠬᠤ ᠪᠤᠳᠠᠳᠤ ᠠᠵᠢᠯᠯᠠᠭ᠎ᠠ ᠪᠠᠷ ᠴᠠᠭ ᠦᠶ᠎ᠡ ᠵᠢᠨ ᠢᠷᠠᠭᠤ ᠬᠠᠭᠤᠳᠠᠰᠤ ᠵᠢ ᠲᠤᠱᠢᠶᠠᠪᠠ᠃

ᠥᠪᠥᠷ ᠮᠣᠩᠭᠣᠯ ᠤ᠋ᠨ ᠭᠠᠳᠠᠭᠠᠳᠤ ᠨᠡᠭᠡᠭᠡᠯᠲᠡ ᠵᠢᠨ 20 ᠬᠢᠯᠢ ᠵᠢᠨ ᠪᠣᠭᠣᠮᠲᠠ ᠪᠤᠯᠤᠨ ᠬᠥᠬᠡᠬᠣᠲᠠ ᠵᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ ᠵᠡᠷᠭᠡ ᠨᠡᠭᠡᠭᠡᠯᠲᠡ ᠵᠢᠨ ᠲᠠᠪᠴᠠᠩ ᠦᠷᠭᠦᠯᠵᠢᠯᠡᠨ ᠥᠷᠭᠡᠳᠴᠦ᠍᠂ ᠤᠮᠠᠷᠠᠰᠢ ᠨᠡᠭᠡᠭᠡᠯᠲᠡ ᠬᠢᠬᠦ᠌ ᠪᠣᠰᠣᠭ᠎ᠠ ᠴᠣᠭ᠍ᠴᠠᠲᠤ 《ᠱᠢᠵᠢᠷ ᠠᠯᠲᠠᠨ ᠵᠠᠮ》 ᠢ᠋ ᠴᠤᠭᠴᠠᠯᠠᠪᠠ; ᠪᠥᠬᠥ᠌ ᠣᠷᠣᠨ ᠤ᠋ ᠭᠠᠳᠠᠭᠠᠳᠤ ᠡᠴᠡ ᠤᠷᠤᠭᠤᠯᠤᠭᠰᠠᠨ ᠡᠬᠢ ᠪᠠᠶᠠᠯᠢᠭ ᠢ᠋ ᠰᠠᠭᠤᠷᠢᠰᠢᠭᠤᠯᠤᠨ ᠡᠳ᠋ᠱᠢᠭᠦᠯᠬᠦ᠌ ᠠᠵᠤ ᠦᠶ᠋ᠯᠡᠰ ᠦᠷᠭᠦᠯᠵᠢᠯᠡᠨ ᠪᠤᠵᠠᠭᠠᠢᠷᠠᠵᠤ᠂ ᠨᠢᠭᠡᠨᠲᠡ 8 ᠶᠡᠬᠡ ᠲᠥᠷᠥᠯ ᠤ᠋ᠨ ᠰᠠᠭᠤᠷᠢᠰᠢᠭᠤᠯᠤᠨ ᠡᠳ᠋ᠱᠢᠭᠦᠯᠬᠦ᠌ ᠠᠵᠤ ᠦᠶ᠋ᠯᠡᠰ ᠲᠠᠢ ᠪᠣᠯᠪᠠ; 2024 ᠣᠨ ᠤ᠋ ᠡᠴᠦᠰ ᠪᠣᠯᠲᠠᠯ᠎ᠠ᠂ ᠥᠪᠥᠷ ᠮᠣᠩᠭᠣᠯ ᠪᠥᠬᠥ᠌ ᠪᠥᠮᠪᠥᠷᠴᠡᠭ ᠤ᠋ᠨ 158 ᠤᠯᠤᠰ᠎ᠯᠤᠭ᠎ᠠ ᠠᠷᠠᠯᠵᠢᠶᠠᠨ ᠤ᠋ ᠶᠠᠪᠤᠯᠴᠠᠭ᠎ᠠ ᠥᠷᠨᠢᠭᠦᠯᠵᠦ᠍ ᠪᠤᠢ ᠁ ᠦᠪᠤᠷ ᠮᠤᠩᠭᠤᠯ ᠲᠦᠷᠪᠡᠨ ᠵᠦᠭ ᠨᠠᠶ᠋ᠮᠠᠨ ᠵᠣᠪᠬᠢᠰ ᠲᠸ᠋ ᠰᠠᠭᠠᠳ ᠥᠬᠡᠶ ᠨᠡᠪᠲᠡᠷᠡᠭᠰᠡᠨ ᠡᠳ᠋ ᠪᠠᠷᠠᠭᠠᠨ ᠤ᠋ ᠵᠠᠮ ᠢ᠋ ᠬᠦᠴᠦᠯᠡᠨ ᠨᠡᠬᠡᠬᠡᠵᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠪᠠᠳᠤ ᠴᠤᠭᠴᠠᠯᠠᠬᠤ ᠬᠠᠷᠢᠭᠤᠴᠠᠯᠭ᠎ᠠ ᠡᠭᠦᠷᠭᠡᠯᠡᠯ ᠵᠢᠡᠷ ᠴᠠᠭ ᠦᠶ᠎ᠡ ᠵᠢᠨ ᠢᠷᠠᠭᠤ ᠬᠠᠭᠤᠳᠠᠰᠤ ᠵᠢ ᠲᠤᠱᠢᠶᠠᠪᠠ᠃

    ᠁

ᠥᠩᠭᠡᠷᠡᠭ᠌ᠰᠡᠨ ᠵᠢᠡᠨ ᠡᠷᠭᠢᠴᠡᠭᠦᠯᠬᠦ᠌ ᠨᠢ ᠢᠷᠡᠭᠡᠳᠦᠢ ᠵᠦᠭ ᠨᠡᠩ ᠰᠠᠢ᠌ᠨ ᠤᠷᠤᠭ᠍ᠰᠢᠯᠠᠬᠤ ᠵᠢᠨ ᠲᠥᠯᠥᠭᠡ ᠶᠤᠮ᠃ ᠤᠳᠠᠭ᠎ᠠ ᠪᠦᠷᠢ ᠵᠢᠨ ᠠᠮᠵᠢᠯᠳᠠ ᠳ᠋ᠤ ᠡᠷᠡᠯᠬᠡᠭ᠌ᠯᠡᠨ ᠲᠡᠮᠡᠴᠡᠵᠦ᠍ ᠥᠪᠡᠷ ᠢ᠋ ᠪᠡᠨ ᠬᠦᠴᠦᠷᠬᠡᠭ᠌ᠵᠢᠭᠦᠯᠬᠦ᠌ ᠬᠦᠴᠦᠨ ᠴᠢᠳᠠᠯ ᠨᠢᠭ᠍ᠲᠠᠷᠠᠵᠤ ᠪᠠᠢᠳᠠᠭ; ᠤᠳᠠᠭ᠎ᠠ ᠪᠦᠷᠢ ᠵᠢᠨ ᠠᠮᠵᠢᠯᠳᠠ ᠳ᠋ᠤ ᠤᠷᠢᠳᠤᠬᠢ ᠵᠢ ᠵᠠᠯᠭᠠᠮᠵᠢᠯᠠᠨ ᠬᠣᠢᠱᠢᠬᠢ ᠳ᠋ᠤ ᠵᠠᠮ ᠨᠡᠭᠡᠭᠡᠬᠦ᠌ ᠣᠷᠭᠢᠯᠤᠮ᠎ᠠ ᠰᠡᠳᠭᠢᠯᠭᠡ ᠠᠭᠤᠯᠤᠭ᠍ᠳᠠᠵᠤ ᠪᠠᠢᠳᠠᠭ᠃ ᠬᠦᠰᠡᠯ ᠤ᠋ᠨ ᠰᠠᠢᠬᠠᠨ ᠲᠡᠮᠡᠤᠯᠤᠯ ᠳ᠋ᠡᠬᠡᠨ ᠥᠪᠥᠷ ᠮᠣᠩᠭᠣᠯ ᠤ᠋ᠨ ᠬᠥᠭ᠌ᠵᠢᠯᠲᠡ ᠵᠢᠨ ᠣᠩᠭᠣᠴᠠ ᠨᠡᠩ ᠰᠠᠢ᠌ᠨ ᠰᠠᠢᠬᠠᠨ ᠢᠷᠡᠭᠡᠳᠦᠢ ᠵᠦᠭ ᠲᠠᠷᠪᠠᠭᠤᠯ ᠬᠡᠢᠰᠭᠡᠨ ᠤᠷᠤᠭ᠍ᠰᠢᠯᠠᠬᠤ ᠨᠢ ᠯᠠᠪᠲᠠᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号