ᠰᠤᠶᠤᠯ ᠵᠢᠭᠤᠯᠴᠢᠯᠡᠯ ᠵᠢᠡᠷ ᠠᠮᠠᠷᠠᠯᠲᠠ ᠵᠢᠨ ᠠᠵᠤ ᠠᠬᠤᠶ ᠵᠢ ᠬᠦᠭᠵᠢᠬᠡᠨ᠎ᠠ
2025-11-14 10:52:02
ᠵᠣᠬᠢᠶᠠᠭ᠍ᠴᠢ᠄
ᠭᠤᠶᠤᠬᠠᠨ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠬᠠᠮᠤᠭ᠎ᠤᠨ ᠪᠠᠷᠠᠭᠤᠨ ᠵᠠᠬ᠎ᠠ᠎ᠶᠢᠨ ᠡᠯᠡᠰᠦᠨ ᠭᠣᠪᠢ ᠪᠠᠶᠠᠨ ᠪᠦᠷᠢᠳᠦ᠎ᠶᠢᠨ ᠡᠯᠪᠡᠭ ᠲᠡᠵᠢᠭᠡᠯᠲᠦ ᠬᠥᠷᠥᠰᠥ ᠨᠢ ᠤᠷᠳᠤ ᠤᠳᠠᠭᠠᠨ ᠡᠷᠳᠡᠨ ᠤ᠋ ᠪᠤᠯᠪᠠᠰᠤᠨ ᠲᠡᠤᠬᠡ ᠰᠤᠶᠤᠯ ᠢ᠋ ᠬᠠᠳᠠᠭᠠᠯᠠᠵᠦ᠂ ᠭᠤᠷᠪᠠᠨ ᠮᠢᠩᠭᠠᠨ ᠵᠢᠯ ᠤ᠋ᠨ ᠲᠤᠤᠷᠠᠢ ᠵᠢᠨ ᠤᠢ ᠨᠢ ᠠᠮᠢ ᠠᠬᠤᠢ ᠵᠢᠨ ᠭᠠᠢᠬᠠᠮᠰᠢᠭ᠍ᠳᠤ ᠦᠵᠡᠮᠵᠢ ᠵᠢ ᠪᠤᠢ ᠪᠤᠯᠭᠠᠵᠤ᠂ ᠰᠠᠨᠰᠠᠷ᠎ᠤᠨ ᠠᠶᠠᠯᠠᠯ ᠤ᠋ᠨ ᠰᠢᠨᠵᠢᠯᠡᠬᠦ ᠤᠬᠠᠭᠠᠨ ᠮᠡᠷᠬᠡᠵᠢᠯ ᠨᠢ ᠪᠠᠰᠠ ᠬᠤᠯᠠ ᠤᠢᠷ᠎ᠠ ᠵᠢᠨ ᠵᠤᠴᠢᠳ ᠤ᠋ᠨ ᠠᠩᠬᠠᠷᠤᠯ ᠢ᠋ ᠲᠠᠳᠠᠵᠤ᠂ ᠦᠪᠡᠷᠮᠢᠴᠡ ᠠᠮᠢ ᠠᠬᠤᠢ ᠪᠤᠯᠤᠨ ᠰᠤᠶᠤᠯ ᠤ᠋ᠨ ᠡᠬᠢ ᠪᠠᠶᠠᠯᠢᠭ᠋ ᠨᠢ ᠤᠮᠠᠷᠠᠳᠤ ᠬᠢᠯᠢ ᠵᠢ 《ᠬᠡᠢᠬᠦᠯᠵᠠᠢ》᠃ ᠦᠨᠦ ᠪᠤᠯᠬᠤ ᠳ᠋ᠤ᠌᠂ ᠵᠢᠭᠤᠯᠴᠢᠯᠠᠯ ᠤ᠋ᠨ ᠦᠢᠯᠡᠰ ᠨᠢ ᠨᠢᠬᠡᠨᠳᠡ ᠡᠨᠡ ᠬᠦ᠌ ᠬᠢᠯᠢ ᠵᠢᠨ ᠬᠤᠰᠢᠭᠤᠨ ᠤ᠋ ᠲᠤᠯᠭᠠᠭᠤᠷᠢ ᠠᠵᠤ ᠦᠢᠯᠡᠰ ᠪᠤᠯᠵᠤ᠂ ᠠᠮᠢ ᠠᠬᠤᠢ ᠪᠡᠷ ᠰᠠᠭᠤᠷᠢ ᠪᠤᠯᠭᠠᠬᠤ᠂ ᠡᠵᠡᠩᠨᠡᠯᠳᠡ ᠵᠢᠨ ᠬᠡᠯᠪᠡᠷᠢ ᠳ᠋ᠤ᠌ ᠰᠢᠨ᠎ᠠ ᠵᠢ ᠡᠬᠦᠳᠬᠦ᠂ ᠲᠠᠩ ᠴᠤᠯᠭᠤᠢ ᠦᠵᠡᠮᠵᠢ ᠰᠤᠨᠢᠷᠬᠠᠬᠤ ᠠ᠋ᠴᠠ ᠪᠦᠬᠦ ᠤᠷᠤᠨ ᠪᠦᠰᠡ ᠵᠢᠨ ᠰᠤᠶᠤᠯ ᠵᠢᠭᠤᠯᠴᠢᠯᠡᠯ ᠤ᠋ᠨ ᠠᠭᠤᠰᠤᠯᠴᠠᠯ ᠬᠦᠷᠳᠡᠯ᠎ᠡ ᠵᠢᠭᠤᠯᠴᠢᠯᠠᠯ ᠵᠢᠡᠷ ᠬᠦᠬᠦᠷᠬᠡ ᠬᠤᠯᠪᠤᠭᠠᠰᠤ ᠪᠤᠯᠭᠠᠨ ᠠᠮᠢ ᠠᠬᠤᠢ ᠵᠢᠨ ᠬᠠᠮᠠᠭᠠᠯᠠᠯᠳᠠ ᠪᠤᠯᠤᠨ ᠠᠵᠤ ᠠᠬᠤᠢ ᠵᠢᠨ ᠤᠷᠤᠯᠭ᠎ᠠ ᠪᠠᠨ ᠨᠡᠮᠡᠭᠳᠡᠬᠦᠯᠬᠦ ᠬᠤᠤᠰ ᠠᠮᠵᠢᠯᠳᠠ ᠵᠢᠨ ᠴᠠᠭ ᠦᠶ᠎ᠠ ᠵᠢᠨ ᠬᠠᠭᠤᠳᠠᠰᠤ ᠵᠢ ᠪᠢᠴᠢᠭᠯᠡᠵᠤ ᠪᠠᠢᠨ᠎ᠠ᠃

ᠵᠢᠭᠤᠯᠴᠢᠯᠠᠯ᠎ᠤᠨ ᠬᠥᠭᠵᠢᠯᠲᠡ᠎ᠶᠢᠨ ᠦᠨᠳᠦᠰᠦ ᠰᠠᠭᠤᠷᠢ ᠨᠢ ᠡᠬᠢ ᠪᠠᠶᠠᠯᠢᠭ᠋᠎ᠤᠨ ᠳᠠᠪᠠᠭᠤᠯᠢᠭ᠋᠎ᠲᠤ ᠪᠤᠢ᠂ ᠡᠵᠡᠨ᠎ᠡ ᠬᠣᠰᠢᠭᠤ ᠨᠢ ᠳᠡᠯᠡᠬᠡᠢ᠎ᠶᠢᠨ ᠬᠠᠮᠤᠭ᠎ᠤᠨ ᠲᠤᠮᠤ ᠠᠮᠢ ᠠᠬᠤᠢ᠎ᠶᠢᠨ ᠲᠣᠣᠷᠠᠢ᠎ᠶᠢᠨ ᠤᠢ᠂ ᠰᠤᠪᠨᠠᠭᠤᠷ᠎ᠤᠨ ᠨᠤᠭᠤ ᠭᠠᠵᠠᠷ᠂ ᠬᠠᠷ᠎ᠠ ᠬᠤᠳᠠ᠎ᠶᠢᠨ ᠪᠠᠭᠤᠷᠢ ᠵᠡᠷᠭᠡ ᠭᠣᠣᠯ ᠦᠵᠡᠮᠵᠢ᠎ᠶᠢ ᠪᠠᠭᠳᠠᠭᠠᠵᠤ᠂ ᠳ᠋ᠦᠩᠹᠸᠩ ᠰᠠᠨᠰᠠᠷ᠎ᠤᠨ ᠬᠤᠳᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠷᠢᠳᠢ ᠰᠢᠳᠢ᠎ᠶᠢ ᠤᠯᠠᠨ ᠳ᠋ᠤ᠌ ᠬᠠᠷᠠᠭᠤᠯᠵᠤ᠂ 《ᠲᠣᠣᠷᠠᠢ᠎ᠶᠢᠨ ᠤᠢ + ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ》᠎ᠤ᠋ᠨ ᠥᠪᠡᠷᠮᠢᠴᠡ ᠡᠬᠢ ᠪᠠᠶᠠᠯᠢᠭ᠋᠎ᠤᠨ ᠪᠦᠳᠦᠴᠠ ᠵᠢ ᠪᠠᠶ᠋ᠢᠭᠤᠯᠪᠠ᠃ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢᠨ ᠲᠥᠯᠥᠭᠡ᠂ ᠡᠵᠡᠨ᠎ᠠ ᠬᠤᠰᠢᠭᠤ ᠨᠢ 《ᠵᠢᠭᠤᠯᠴᠢᠯᠠᠯ᠎ᠤᠨ ᠨᠠᠷᠠᠲᠤ ᠬᠤᠰᠢᠭᠤ ᠰᠢᠶᠠᠨ》 ᠤ᠋ ᠬᠠᠷᠠᠯᠲᠠ᠎ᠶᠢ ᠲᠣᠭᠲᠠᠭᠠᠵᠤ᠂ ᠦᠵᠡᠮᠵᠢ᠎ᠶᠢᠨ ᠣᠷᠣᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠡᠷᠡᠰ ᠰᠢᠭᠤᠷᠬᠠᠶ᠎ᠪᠠᠷ ᠠᠬᠢᠭᠤᠯᠵᠤ᠂ ᠭᠤᠤᠯ ᠪᠣᠯᠬᠤ ᠦᠵᠡᠮᠵᠢ᠎ᠶᠢᠨ ᠣᠷᠣᠨ᠎ᠤ ᠡᠵᠡᠩᠨᠡᠯᠲᠡ ᠬᠠᠮᠢᠶᠠᠷᠤᠯᠲᠠ᠎ᠶᠢᠨ ᠡᠷᠬᠡ᠎ᠶᠢ ᠦᠪᠡᠷᠳᠡᠬᠡᠨ ᠡᠵᠡᠩᠨᠡᠵᠤ᠂ ᠦᠵᠡᠮᠵᠢ ᠵᠢᠨ ᠤᠷᠤᠨ ᠤ᠋ ᠲᠥᠬᠥᠭᠡᠷᠦᠮᠵᠢ᠎ᠶᠢ ᠲᠠᠰ ᠳᠡᠪᠰᠢᠭᠦᠯᠬᠦ᠎ᠶᠢ ᠪᠡᠶᠡᠯᠡᠭᠦᠯᠵᠦ᠂ ᠵᠢᠤᠢ ᠶᠠᠨ ᠤ᠋ ᠬᠡᠬᠡᠨ ᠰᠠᠷᠠ ᠰᠦᠨᠢ ᠵᠢᠨ ᠰᠣᠶᠣᠯ᠎ᠤᠨ ᠵᠡᠭᠡᠯᠢ ᠲᠣᠭᠣᠷᠢᠭ᠋ ᠵᠡᠷᠭᠡ ᠰᠥᠨᠢ᠎ᠶᠢᠨ ᠬᠡᠷᠡᠭᠯᠡᠭᠡ ᠲᠥᠪᠯᠡᠷᠡᠭᠰᠡᠨ ᠣᠷᠣᠨ᠎ᠢ ᠪᠠᠶ᠋ᠢᠭᠤᠯᠵᠤ᠂ ᠡᠵᠡᠨ᠎ᠠ ᠬᠤᠰᠢᠭᠤᠨ ᠤ᠋ ᠰᠢᠨ᠎ᠠ ᠲᠦᠷᠢ ᠲᠦᠷᠬᠦ ᠵᠢ ᠪᠤᠢ ᠪᠤᠯᠭᠠᠨ᠎ᠠ᠃ ᠣᠶᠤᠨᠴᠢ ᠵᠢᠭᠤᠯᠴᠢᠯᠠᠯ᠎ᠤᠨ ᠬᠦᠴᠦᠨ᠎ᠨᠢ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠠ ᠠᠰᠢᠭ᠋᠎ᠢ ᠨᠡᠮᠡᠭᠳᠡᠭᠦᠯᠵᠦ᠂ 《ᠨᠢᠭᠡ ᠮᠠᠰᠢᠨᠴᠢᠯᠠᠭ᠍ᠰᠡᠨ》 ᠲᠠᠪᠴᠠᠩ᠎ᠨᠢ ᠡᠭᠦᠳᠡᠨ ᠪᠢᠯᠧᠲ ᠵᠠᠬᠢᠶᠠᠯᠠᠬᠤ᠂ ᠵᠠᠮ ᠱᠤᠭᠤᠮ ᠲᠠᠨᠢᠯᠴᠠᠭᠤᠯᠬᠤ᠂ ᠣᠶᠤᠨᠴᠢ ᠵᠢᠯᠣᠭᠣᠳᠤᠮᠵᠢ ᠵᠡᠷᠭᠡ ᠨᠢᠭᠡ ᠥᠷᠲᠡᠭᠡ ᠮᠠᠶᠢᠭ᠋᠎ᠤᠨ ᠦᠢᠯᠡᠴᠢᠯᠡᠭᠡ᠎ᠶᠢ ᠪᠡᠶᠡᠯᠡᠭᠦᠯᠵᠦ᠂ ᠲᠣᠮᠣ᠌ ᠳ᠋ᠠᠶ᠋ᠢᠲ᠋ᠠ᠎ᠶᠢ ᠬᠢᠨᠠᠨ ᠬᠡᠮᠵᠢᠬᠦ ᠪᠠ ᠠᠶᠠᠨᠴᠢᠳ᠎ᠢ ᠤᠷᠢᠳᠴᠢᠯᠠᠨ ᠰᠡᠷᠡᠮᠵᠢᠯᠡᠭᠦᠯᠬᠦ ᠰᠢᠰᠲᠧᠮ᠎ᠨᠢ ᠵᠢᠭᠤᠯᠴᠢᠯᠠᠯ᠎ᠤᠨ ᠪᠡᠶᠡᠴᠢ ᠣᠶ᠋ᠢᠯᠠᠭᠠᠯᠲᠠ᠎ᠶᠢ ᠨᠠᠩ ᠲᠤᠳᠤᠷᠬᠠᠢ ᠪᠣᠯᠭᠠᠵᠤ᠂ 30 ᠡᠳᠦᠷ᠎ᠦᠨ ᠳᠣᠲᠣᠷ᠎ᠠ ᠦᠵᠡᠮᠵᠢ ᠵᠢᠨ ᠤᠷᠤᠨ ᠳ᠋ᠤ᠌ ᠬᠤᠭᠤᠴᠠᠭ᠎ᠠ ᠦᠬᠡᠢ ᠤᠷᠤᠵᠤ ᠪᠤᠯᠬᠤ ᠲᠥᠷᠥ᠎ᠶᠢᠨ ᠪᠣᠳᠣᠯᠭ᠎ᠠ᠎ᠨᠢ ᠡᠵᠡᠨ᠎ᠠ ᠬᠤᠰᠢᠭᠤᠨ ᠤ᠋ ᠦᠨᠡᠨᠴᠢ ᠰᠡᠳᠬᠢᠯᠬᠡ ᠵᠢ ᠬᠠᠷᠠᠭᠤᠯᠵᠤ ᠪᠤᠯᠤᠨ᠎ᠠ᠃ ᠣᠯᠠᠨ ᠡᠰᠢᠴᠢᠯᠡᠭᠰᠡᠨ ᠡᠵᠡᠩᠨᠡᠯᠲᠡ᠎ᠶᠢᠨ ᠬᠡᠯᠪᠡᠷᠢ ᠪᠠᠶ᠋ᠢᠳᠠᠯ᠎ᠨᠢ ᠵᠢᠭᠤᠯᠴᠢᠯᠠᠭ᠍ᠰᠠᠳ᠎ᠤᠨ ᠣᠶ᠋ᠢᠯᠠᠭᠠᠯᠲᠠ᠎ᠶᠢ ᠪᠠᠶᠠᠯᠢᠭ᠍ᠵᠢᠭᠤᠯᠤᠭᠰᠠᠨ᠎ᠢᠶᠠᠷ ᠪᠠᠷᠠᠬᠤ ᠥᠬᠡᠶ᠂ ᠬᠡᠷᠡᠭᠯᠡᠭᠡᠨ᠎ᠦ ᠬᠡᠯᠬᠢᠶ᠎ᠡ᠎ᠶᠢ ᠤᠷᠲᠤᠳᠬᠠᠵᠤ᠂ 2025 ᠣᠨ᠎ᠤ ᠵᠢᠭᠤᠯᠴᠢᠯᠡᠯ ᠤ᠋ᠨ ᠰᠢᠵᠢᠷ ᠠᠯᠳᠠᠨ ᠴᠠᠭ ᠬᠤᠭᠤᠴᠠᠭᠠᠨ ᠳ᠋ᠤ᠌᠂ ᠦᠵᠡᠮᠵᠢ᠎ᠶᠢᠨ ᠣᠷᠣᠨ᠎ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ᠎ᠶᠢᠨ ᠲᠣᠭ᠎ᠠ ᠡᠮᠤᠨᠡᠬᠢ ᠵᠢᠯ᠎ᠤᠳ ᠠ᠋ᠴᠠ ᠲᠠᠬᠢᠨ ᠵᠢᠡᠷ ᠨᠡᠮᠡᠭᠳᠡᠵᠤ᠂ ᠬᠢᠨᠠᠨ ᠪᠣᠷᠣᠯᠠᠭᠤᠯᠤᠭᠰᠠᠨ ᠨᠣᠷᠮ᠎ᠠ᠎ᠨᠢ ᠮᠠᠰᠢ ᠥᠨᠳᠥᠷ ᠪᠠᠶ᠋ᠢᠪᠠ᠃ ᠰᠤᠶᠤᠯ ᠪᠣᠯᠤᠨ ᠰᠢᠨᠵᠢᠯᠡᠬᠦ ᠤᠬᠠᠭᠠᠨ ᠲᠸᠭ᠌ᠨᠢᠭ ᠮᠡᠷᠬᠡᠵᠢᠯ ᠤ᠋ᠨ ᠭᠦᠨᠵᠡᠭᠡᠢ ᠠᠭᠤᠰᠤᠯᠴᠠᠯ ᠨᠢ ᠨᠡᠩ ᠶᠡᠬᠡ ᠲᠠᠲᠠᠬᠤ ᠬᠦᠴᠦᠨ᠎ᠲᠠᠢ᠂ 《ᠬᠠᠢᠷ᠎ᠠ ᠰᠢᠩᠬᠡᠭᠰᠡᠨ— ᠡᠵᠡᠨ᠎ᠡ》 ᠲᠠᠭᠤᠯᠠᠯᠳᠤ ᠵᠦᠴᠦᠭᠡ᠂ 《ᠰᠤᠪᠨᠠᠭᠤᠷ᠎ᠢ ᠳᠠᠬᠢᠨ ᠢᠯᠡᠷᠡᠭᠦᠯᠦᠭᠰᠡᠨ》 ᠳ᠋ᠠᠢᠲ᠋ᠠ ᠦᠵᠡᠬᠦᠯᠬᠡ ᠵᠢᠨ ᠲᠢᠩᠬᠢᠮ ᠨᠢ ᠬᠠᠷ᠎ᠠ ᠬᠤᠲᠠ᠎ᠶᠢᠨ ᠪᠠᠭᠤᠷᠢ᠎ᠶᠢᠨ ᠡᠷᠲᠡᠨ᠎ᠦ ᠪᠣᠯᠪᠠᠰᠤᠨ᠎ᠢ ᠬᠡᠶ᠋ᠢᠰᠪᠦᠷᠢ ᠪᠣᠳᠠᠲᠠᠢ᠎ᠶᠢ ᠤᠶᠠᠯᠳᠤᠭᠤᠯᠬᠤ ᠬᠡᠯᠪᠡᠷᠢ᠎ᠪᠡᠷ ᠠᠮᠢᠯᠠᠭᠤᠯᠪᠠ᠃ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠤᠯᠠᠨ ᠬᠡᠯᠪᠡᠷᠢᠵᠢᠯᠳᠡ ᠨᠢ ᠵᠢᠭᠤᠯᠴᠢᠯᠠᠯ᠎ᠤᠨ ᠬᠦᠷᠢᠶ᠎ᠠ ᠴᠠᠷᠠᠭ᠎ᠠ ᠵᠢ ᠥᠷᠭᠡᠳᠬᠡᠵᠦ᠂ ᠲᠤᠤᠷᠠᠶ᠎ᠶᠢᠨ ᠣᠶ᠎ᠶᠢᠨ ᠬᠡᠭᠡᠷᠡᠯᠡᠬᠦ ᠤᠷᠤᠯᠳᠤᠭᠠᠨ᠂ ᠲᠤᠤᠷᠠᠶ᠎ᠶᠢᠨ ᠣᠶ᠎ᠶᠢ ᠲᠣᠭᠣᠷᠢᠭ᠍ᠰᠠᠨ ᠳᠤᠭᠤᠶ ᠲᠡᠷᠭᠡᠨ᠎ᠦ ᠤᠷᠤᠯᠳᠤᠭᠠᠨ ᠵᠡᠷᠭᠡ ᠠᠵᠢᠯᠯᠠᠭ᠎ᠠ ᠨᠢ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠳᠦ ᠪᠠᠬᠠᠲᠠᠶ ᠬᠥᠮᠦᠰ᠎ᠦᠨ ᠠᠩᠬᠠᠷᠤᠯ᠎ᠢ ᠲᠠᠲᠠᠵᠤ᠂ᠡᠵᠡᠨ᠎ᠠ ᠬᠤᠰᠢᠭᠤ ᠵᠢ ᠪᠡᠶᠡᠴᠢᠯᠡᠨ ᠣᠶ᠋ᠢᠯᠠᠭᠠᠬᠤ ᠳ᠋ᠤ᠌ ᠨᠠᠩ ᠲᠦᠬᠦᠮ ᠦᠵᠡᠬᠦᠯᠪᠠ᠃ᠬᠠᠷ᠎ᠠ ᠭᠣᠣᠯ᠎ᠤᠨ ᠤᠰᠤᠨ᠎ᠤ ᠬᠡᠮᠵᠢᠶ᠎ᠡ᠎ᠶᠢ ᠲᠤᠬᠢᠷᠠᠭᠤᠯᠬᠤ᠂ ᠠᠮᠢ ᠠᠬᠤᠢ᠎ᠶᠢ ᠵᠠᠰᠠᠨ ᠰᠡᠷᠭᠦᠭᠡᠬᠦ ᠢᠨᠵᠧᠨᠧᠷᠢᠩ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠲᠣᠣᠷᠠᠢ᠎ᠶᠢᠨ ᠤᠢ᠎ᠶᠢᠨ ᠲᠠᠯᠠᠪᠠᠢ᠎ᠶᠢ ᠶᠡᠬᠡ ᠪᠡᠷ ᠰᠡᠷᠭᠦᠭᠡᠵᠦ᠂ ᠨᠣᠭᠣᠭᠠᠨ ᠪᠦᠷᠢᠳᠦ᠎ᠶᠢᠨ ᠲᠠᠯᠠᠪᠠᠢ᠎ᠶᠢ ᠥᠷᠭᠡᠳᠬᠡᠪᠡ᠃ 《ᠲᠤᠤᠷᠠᠶ᠎ᠶᠢᠨ ᠣᠶ᠎ᠶᠢ ᠬᠠᠮᠠᠭᠠᠯᠠᠬᠤ ᠲᠦᠷᠢᠮ》 ᠎ᠢ᠋ ᠬᠡᠷᠡᠭᠵᠢᠭᠦᠯᠦᠭᠰᠡᠨ ᠪᠠ ᠠᠮᠢ ᠠᠬᠤᠶ᠎ᠶᠢᠨ ᠬᠠᠮᠠᠭᠠᠯᠠᠯᠲᠠ᠎ᠶᠢᠨ ᠨᠥᠬᠥᠪᠥᠷᠢ᠎ᠶᠢᠨ ᠲᠦᠷᠢᠮ᠎ᠢ ᠪᠠᠶ᠋ᠢᠭᠤᠯᠤᠭᠰᠠᠨ ᠨᠢ 《ᠠᠮᠢᠳᠤ ᠴᠢᠯᠠᠭᠤᠵᠢᠮᠠᠯ》᠎ᠤ᠋ᠨ ᠠᠮᠢᠵᠢᠷᠠᠯ᠎ᠤᠨ ᠬᠦᠴᠦᠨ᠎ᠢ ᠬᠠᠮᠠᠭᠠᠯᠠᠭᠰᠠᠨ᠎ᠢᠶᠠᠷ ᠪᠠᠷᠠᠬᠤ ᠥᠬᠡᠶ᠂ ᠠᠮᠢ ᠠᠬᠤᠶ᠎ᠶᠢᠨ ᠵᠢᠭᠤᠯᠴᠢᠯᠠᠯ᠎ᠤᠨ ᠵᠦᠶ ᠵᠣᠬᠢᠰᠲᠠᠶ ᠵᠠᠭᠠᠭ ᠱᠤᠭᠤᠮ᠎ᠢ ᠴᠤ᠌ ᠵᠠᠭᠠᠭᠯᠠᠨ ᠲᠣᠭᠲᠠᠭᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号