ᠴᠡᠬᠡ ᠬᠢᠯᠢ ᠵᠢᠨ ᠪᠤᠭᠤᠮᠳᠠ ᠪᠡᠷ ᠦᠩᠬᠡᠷᠡᠬᠦ ᠶᠠᠪᠤᠴᠠ ᠵᠢ ᠲᠦᠬᠦᠮᠴᠢᠯᠡᠵᠦ ᠪᠠᠷᠠᠭᠠᠨ᠎ᠤ ᠬᠡᠮᠵᠢᠶ᠎ᠠ ᠵᠢ ᠨᠡᠮᠡᠭᠳᠡᠬᠦᠯᠪᠡ
2025-11-14 10:47:41
ᠵᠣᠬᠢᠶᠠᠭ᠍ᠴᠢ᠄
ᠭᠤᠶᠤᠬᠠᠨ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠵᠢᠯ ᠠ᠋ᠴᠠ ᠡᠵᠡᠨ᠎ᠠ ᠬᠤᠰᠢᠭᠤᠨ ᠤ᠋ ᠴᠡᠬᠡ ᠬᠢᠯᠢ ᠵᠢᠨ ᠪᠤᠭᠤᠮᠳᠠ ᠨᠢ ᠲᠤᠰ ᠪᠠᠶ᠎ᠠ ᠵᠢᠨ ᠪᠤᠳᠠᠳᠤ ᠪᠠᠢᠳᠠᠯ ᠳ᠋ᠠᠭᠠᠨ ᠰᠠᠭᠤᠷᠢᠯᠠᠨ᠂ ᠲᠠᠰᠤᠷᠠᠯᠳᠠ ᠦᠬᠡᠢ ᠰᠢᠨ᠎ᠠ ᠵᠢ ᠡᠬᠦᠳᠴᠤ᠂ ᠴᠠᠭ ᠦᠶ᠎ᠠ ᠲᠠᠢ ᠵᠡᠷᠬᠡ ᠪᠡᠷ ᠤᠷᠤᠭᠰᠢᠯᠠᠵᠤ᠂ ᠭᠦᠭᠵᠢᠯᠳᠡ ᠵᠢᠨ ᠵᠠᠮ ᠵᠢᠡᠷ ᠭᠤᠢᠪᠢᠰᠢ ᠦᠬᠡᠢ ᠵᠠᠮᠨᠠᠨ᠂ ᠠᠵᠤ ᠠᠬᠤᠢ ᠨᠡᠢᠬᠡᠮ ᠤ᠋ᠨ ᠴᠢᠨᠠᠷ ᠰᠠᠢᠳᠠᠢ ᠬᠦᠭᠵᠢᠯᠳᠡ ᠵᠢᠨ ᠰᠢᠨ᠎ᠠ ᠬᠠᠭᠤᠳᠠᠰᠤ ᠵᠢ ᠴᠢᠷᠮᠠᠢᠨ ᠪᠢᠴᠢᠭᠯᠡᠨ᠎ᠠ᠃ ᠡᠨᠡ ᠵᠢᠯ ᠠ᠋ᠴᠠ ᠨᠠᠭᠠᠰᠢ᠂ ᠴᠡᠬᠡ ᠪᠤᠭᠤᠮᠳᠠ ᠵᠢᠨ ᠬᠢᠨ ᠤᠮᠠᠷᠠᠰᠢ ᠨᠡᠬᠡᠬᠡᠯᠳᠡ ᠬᠢᠬᠦ ᠪᠠᠢᠯᠳᠤᠬᠤ ᠪᠤᠳᠤᠯᠭ᠎ᠠ ᠵᠢᠨ ᠪᠠᠢᠷᠢ ᠲᠤᠭᠳᠠᠭᠠᠯᠳᠠ ᠵᠢᠨ ᠲᠤᠭᠤᠷᠢᠨ ᠳ᠋ᠤ᠌᠂ ᠰᠠᠭᠤᠷᠢ ᠲᠦᠬᠦᠬᠡᠷᠦᠮᠵᠢ ᠵᠢ ᠲᠡᠬᠦᠯᠳᠡᠷᠵᠢᠬᠦᠯᠬᠦ᠂ ᠦᠢᠯᠡᠴᠢᠯᠡᠬᠡᠨ ᠤ᠋ ᠲᠤᠭᠳᠠᠴᠠ ᠵᠢ ᠰᠢᠯᠢᠳᠡᠭᠵᠢᠬᠦᠯᠬᠦ᠂ ᠰᠠᠯᠠᠭ᠎ᠠ ᠮᠦᠴᠢᠷ ᠤ᠋ᠨ ᠬᠠᠮᠳᠤᠷᠠᠯᠴᠠᠭ᠎ᠠ ᠵᠢ ᠠᠬᠢᠭᠤᠯᠬᠤ ᠵᠡᠷᠬᠡ ᠠᠷᠭ᠎ᠠ ᠠᠪᠴᠠᠯ ᠵᠢᠡᠷ ᠲᠠᠮᠵᠢᠨ ᠪᠤᠭᠤᠮᠳᠠ ᠪᠡᠷ ᠦᠩᠬᠡᠷᠡᠬᠦ ᠶᠠᠪᠤᠴᠠ ᠵᠢ ᠲᠦᠬᠦᠮᠴᠢᠯᠡᠬᠦ ᠦᠬᠡᠷᠡᠴᠢᠯᠡᠯᠳᠡ ᠵᠢ ᠦᠷᠬᠦᠯᠵᠢᠯᠡᠨ ᠬᠦᠨᠵᠡᠬᠡᠢᠷᠡᠬᠦᠯᠵᠤ᠂ ᠪᠠᠷᠠᠭᠠᠨ ᠤ᠋ ᠬᠡᠮᠵᠢᠶ᠎ᠠ ᠵᠢᠨ ᠨᠡᠮᠡᠭᠳᠡᠯ ᠢ᠋ ᠠᠬᠢᠭᠤᠯᠬᠤ ᠲᠠᠯ᠎ᠠ ᠪᠡᠷ ᠬᠦᠴᠦᠯᠡᠨ ᠠᠵᠢᠯᠯᠠᠭᠰᠠᠨ ᠠ᠋ᠴᠠ ᠤᠳᠤᠬᠠᠨ ᠪᠤᠯᠳᠠᠯ᠎ᠠ ᠶᠡᠬᠡᠬᠡᠨ ᠦᠷ᠎ᠠ ᠪᠦᠳᠦᠮᠵᠢ ᠤᠯᠵᠠᠢ᠃

ᠴᠡᠬᠡ ᠬᠢᠯᠢ ᠵᠢᠨ ᠪᠤᠭᠤᠮᠳᠠ ᠵᠢᠨ ᠭᠠᠳᠠᠭᠠᠳᠤ ᠠ᠋ᠴᠠ ᠤᠷᠤᠭᠤᠯᠤᠭᠰᠠᠨ ᠨᠡᠬᠦᠷᠡᠰᠤᠨ ᠤ᠋ ᠬᠡᠮᠵᠢᠶ᠎ᠠ 2000 ᠲᠦᠮᠡᠨ ᠲᠤᠨ ᠢ᠋ ᠲᠠᠪᠠᠵᠠᠢ᠃ ᠡᠨᠡ ᠵᠢᠯ᠎ᠡᠴᠡ ᠨᠠᠭᠠᠰᠢ᠂ ᠡᠵᠡᠨ᠎ᠠ ᠬᠤᠰᠢᠭᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠪᠥᠲᠥᠭᠡᠨ ᠪᠠᠶ᠋ᠢᠭᠤᠯᠤᠯᠲᠠ᠎ᠳᠤ ᠢᠳᠡᠪᠬᠢᠲᠡᠶ ᠠᠭᠤᠰᠤᠯᠴᠠᠵᠤ᠂ ᠳᠤᠮᠳᠠᠳᠤ ᠮᠣᠩᠭᠣᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠪᠣᠭᠣᠮᠲᠠ᠎ᠶᠢᠨ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠬᠦᠴᠦᠯᠡᠨ ᠠᠬᠢᠭᠤᠯᠵᠤ᠂ ᠪᠣᠭᠣᠮᠲᠠ᠎ᠶᠢᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ᠎ᠶᠢ ᠲᠣᠭᠲᠠᠭᠤᠨ᠎ᠢᠶᠠᠷ ᠳᠡᠭᠡᠭᠰᠢᠯᠡᠭᠦᠯᠪᠡ᠃ 11 ᠰᠠᠷ᠎ᠠ᠎ᠶᠢᠨ 5᠎ᠤ ᠡᠳᠦᠷ ᠪᠣᠯᠲᠠᠯ᠎ᠠ᠂ ᠡᠵᠡᠨ᠎ᠠ ᠬᠤᠰᠢᠭᠤᠨ ᠤ᠋ ᠴᠡᠬᠡ ᠪᠣᠭᠣᠮᠲᠠ᠎ᠶᠢᠨ ᠣᠨ᠎ᠤ ᠪᠣᠭᠣᠮᠲᠠ ᠥᠩᠭᠡᠷᠡᠬᠦ ᠪᠠᠷᠠᠭᠠᠨ᠎ᠤ ᠬᠡᠮᠵᠢᠶ᠎ᠠ 2600 ᠲᠦᠮᠡᠨ ᠲᠣᠨ᠎ᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 25.7%᠎ᠪᠠᠷ ᠨᠡᠮᠡᠭᠳᠡᠵᠦ᠂ 56 ᠡᠳᠦᠷ᠎ᠦᠨ ᠡᠮᠦᠨ᠎ᠡ ᠣᠨ᠎ᠤ ᠬᠠᠷᠠᠯᠲᠠ᠎ᠪᠠᠨ ᠪᠡᠶᠡᠯᠡᠭᠦᠯᠵᠦ᠂ ᠪᠣᠭᠣᠮᠲᠠ᠎ᠶᠢ ᠨᠡᠭᠡᠭᠡᠭᠰᠡᠨ 33 ᠵᠢᠯ᠎ᠦᠨ ᠲᠤᠷᠰᠢᠬᠢ ᠲᠡᠦᠬᠡ᠎ᠶᠢᠨ ᠤᠷᠬᠢᠯ᠎ᠢ ᠳᠠᠬᠢᠨᠲᠠ ᠡᠭᠦᠳᠴᠡᠢ᠃

ᠴᠡᠭᠡ ᠬᠢᠯᠢ ᠵᠢᠨ ᠪᠣᠭᠣᠮᠲᠠ ᠪᠣᠯ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠤᠩᠬᠢᠯ᠎ᠤᠨ ᠴᠢᠬᠤᠯᠠ ᠵᠠᠮ ᠪᠣᠯᠬᠤ ᠪᠦᠬᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠲᠡ᠎ᠶᠢᠨ ᠨᠢᠭᠡ ᠪᠣᠯᠤᠨ᠎ᠠ᠃ ᠡᠵᠡᠨ᠎ᠡ ᠬᠤᠰᠢᠭᠤᠨ ᠤ᠋ ᠴᠡᠬᠡ ᠪᠣᠭᠣᠮᠲᠠ᠎ᠶᠢᠨ ᠬᠢᠨ ᠤᠯᠠᠨ ᠡᠰᠢᠵᠢᠬᠦ᠂ ᠣᠶᠤᠨᠴᠢᠯᠠᠭᠰᠠᠨ ᠬᠡᠯᠪᠡᠷᠢ᠎ᠪᠡᠨ ᠬᠤᠪᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ ᠪᠣᠯᠣᠨ ᠪᠠᠷᠠᠭ᠎ᠠ ᠥᠩᠭᠡᠷᠡᠬᠦ ᠬᠡᠮᠵᠢᠶ᠎ᠡ᠎ᠶᠢ ᠬᠦᠴᠦᠯᠡᠨ ᠳᠡᠭᠡᠭᠰᠢᠯᠡᠭᠦᠯᠵᠡᠢ᠃ ᠤᠳᠠᠯ ᠦᠭᠡᠢ ᠠᠰᠢᠭ᠍ᠯᠠᠯᠲᠠ᠎ᠳᠤ ᠣᠷᠣᠭᠤᠯᠬᠤ᠎ᠪᠠᠷ ᠪᠠᠢᠭ᠎ᠠ ᠬᠡᠮᠵᠢᠶ᠎ᠡ᠎ᠡᠴᠡ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ᠎ᠶᠢ ᠭᠠᠳᠠᠭᠠᠳᠤ᠎ᠳᠤ ᠭᠠᠷᠭᠠᠬᠤ ᠲᠤᠰᠬᠠᠢ ᠨᠡᠪᠲᠡᠷᠡᠬᠦ ᠵᠠᠮ᠎ᠳᠤ᠂ ᠵᠢᠱ᠌ᠢᠯᠲᠡ᠎ᠪᠡᠷ ᠵᠢᠯ ᠪᠦᠷᠢ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ᠎ᠶᠢ ᠬᠡᠳᠦᠨ ᠠᠷᠪᠠᠨ ᠲᠦᠮᠡᠨ ᠲᠣᠨ ᠰᠢᠨ᠎ᠡ᠎ᠪᠡᠷ ᠨᠡᠮᠡᠭᠳᠡᠭᠦᠯᠵᠦ᠂ ᠲᠣᠮᠣ᠌ ᠬᠡᠯᠪᠡᠷᠢ᠎ᠶᠢᠨ ᠠᠭᠤᠷᠬᠠᠢ᠎ᠳᠤ ᠬᠡᠷᠡᠭᠯᠡᠬᠦ ᠮᠠᠰᠢᠨ ᠲᠥᠬᠦᠭᠡᠷᠦᠮᠵᠢ᠎ᠶᠢ ᠭᠠᠳᠠᠭᠠᠳᠤ᠎ᠳᠤ ᠭᠠᠷᠭᠠᠬᠤ᠎ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠡᠭᠦᠨ᠎ᠦ ᠵᠡᠷᠭᠡ᠎ᠳᠦ᠂ AGV ᠵᠢᠯᠣᠭᠣᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠵᠠᠭᠪᠤᠷ᠎ᠤᠨ ᠠᠵᠢᠯᠯᠠᠭ᠎ᠠ ᠨᠢ ᠥᠨᠳᠥᠷ ᠪᠦᠲᠦᠮᠵᠢᠲᠡᠶ ᠪᠠᠢᠵᠤ᠂ AGV ᠵᠢᠯᠣᠭᠣᠴᠢ ᠦᠭᠡᠢ 23 ᠮᠠᠰᠢᠨ ᠲᠡᠷᠭᠡ ᠲᠣᠭᠲᠠᠭᠰᠠᠨ ᠵᠠᠮ᠎ᠢᠶᠠᠷ ᠨᠠᠷᠢᠯᠢᠭ᠋ ᠤᠨᠤᠪᠴᠢᠲᠠᠢ ᠪᠡᠷ ᠰᠦᠯᠵᠢᠯᠳᠦᠨ᠂ ᠪᠣᠭᠣᠮᠲᠠ᠎ᠪᠠᠷ ᠥᠩᠭᠡᠷᠡᠬᠦ᠎ᠶᠢᠨ ᠣᠶᠤᠨᠴᠢᠯᠠᠭᠰᠠᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ᠎ᠡᠴᠡ ᠭᠠᠳᠠᠨ᠎ᠠ᠂ ᠡᠵᠡᠨ᠎ᠡ ᠬᠤᠰᠢᠭᠤᠨ ᠤ᠋ ᠴᠡᠬᠡ ᠪᠣᠭᠣᠮᠲᠠ᠎ᠶᠢᠨ ᠬᠢᠨ 《ᠰᠠᠭᠠᠳ ᠦᠭᠡᠢ ᠨᠡᠪᠲᠡᠷᠡᠬᠦ ᠵᠠᠮ》 ᠎ᠤ᠋ᠨ ᠣᠶᠤᠨᠲᠤ ᠪᠣᠭᠣᠮᠲᠠ᠎ᠶᠢᠨ ᠦᠨᠡᠮᠯᠡᠯ᠎ᠢ 《ᠡᠭᠦᠯᠡᠨ ᠭᠠᠷ᠎ᠤᠨ ᠥᠰᠥᠭ ᠵᠢᠷᠤᠯᠳᠠ》 ᠵᠡᠷᠭᠡ ᠲᠥᠬᠥᠮ ᠦᠵᠡᠭᠦᠯᠬᠦ ᠠᠷᠭ᠎ᠠ ᠬᠡᠮᠵᠢᠶ᠎ᠡ᠎ᠶᠢ ᠦᠷᠭᠦᠯᠵᠢᠯᠡᠨ ᠨᠠᠢᠳᠠᠪᠤᠷᠢᠵᠢᠭᠤᠯᠵᠤ᠂ 《ᠳᠠᠷᠤᠢ ᠳ᠋ᠤᠨᠢ ᠮᠡᠳᠡᠭᠦᠯᠵᠦ ᠳᠠᠷᠤᠢ ᠳ᠋ᠤᠨᠢ ᠪᠠᠢᠴᠠᠭᠠᠬᠤ᠂ ᠳᠠᠷᠤᠢ ᠳ᠋ᠤᠨᠢ ᠪᠠᠢᠴᠠᠭᠠᠵᠤ ᠳᠠᠷᠤᠢ ᠳ᠋ᠤᠨᠢ ᠶᠠᠪᠤᠭᠤᠯᠬᠤ》 ᠎ᠶ᠋ᠢ ᠪᠡᠶᠡᠯᠡᠬᠦᠯᠦᠨ᠂ ᠪᠠᠷᠠᠭᠠᠨ᠎ᠤ ᠪᠣᠭᠣᠮᠲᠠ᠎ᠪᠠᠷ ᠥᠩᠭᠡᠷᠡᠬᠦ ᠪᠠ ᠲᠡᠷᠭᠡ ᠬᠥᠰᠬᠡ᠎ᠶᠢ ᠳᠡᠩᠰᠡᠯᠡᠵᠦ ᠬᠢᠨᠠᠨ ᠬᠠᠷᠭᠤᠭᠤᠯᠬᠤ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ; ᠠᠵᠤ ᠠᠬᠤᠢᠯᠠᠯ᠎ᠤᠨ ᠲᠡᠭᠡᠭᠡᠪᠦᠷᠢ᠎ᠶᠢᠨ ᠵᠠᠭᠪᠤᠷ᠎ᠢᠶᠠᠨ ᠰᠢᠯᠢᠳᠡᠭᠵᠢᠭᠦᠯᠬᠦ᠎ᠶᠢ ᠳᠡᠮᠵᠢᠵᠦ᠂ 《ᠵᠠᠳᠠᠭᠠᠢ ᠪᠠᠷᠠᠭᠠᠨ᠎ᠤ ᠲᠡᠷᠭᠡ᠎ᠶᠢ ᠴᠢᠩᠭᠡᠯᠢᠭ ᠲᠡᠷᠭᠡ ᠪᠣᠯᠭᠠᠨ ᠥᠭᠡᠷᠡᠴᠢᠯᠡᠬᠦ》᠂ 《ᠲᠠᠩ ᠳ᠋ᠤᠭᠠᠷ᠎ᠢ ᠬᠣᠣᠰ ᠳ᠋ᠤᠭᠠᠷ ᠪᠣᠯᠭᠠᠬᠤ》 ᠵᠡᠷᠭᠡ ᠬᠡᠯᠪᠡᠷᠢ᠎ᠪᠡᠷ ᠳᠠᠮᠵᠢᠭᠤᠯᠤᠨ ᠲᠡᠭᠡᠭᠡᠪᠦᠷᠢ᠎ᠶᠢᠨ ᠵᠠᠭᠪᠤᠷ᠎ᠢᠶᠠᠨ ᠰᠢᠯᠢᠳᠡᠭᠵᠢᠭᠦᠯᠵᠦ᠂ ᠣᠲᠣ᠌ ᠪᠣᠯᠲᠠᠯ᠎ᠠ᠂ ᠳᠠᠩᠰᠠᠯᠠᠭᠤᠯᠤᠭᠰᠠᠨ ᠮᠠᠰᠢᠨ ᠲᠡᠷᠭᠡ᠎ᠶᠢ ᠨᠡᠶ᠋ᠢᠲᠡ 378 ᠰᠢᠨ᠎ᠡ᠎ᠪᠡᠷ ᠨᠡᠮᠡᠭᠳᠡᠭᠦᠯᠦᠨ᠂ ᠪᠣᠭᠣᠮᠲᠠ᠎ᠶᠢᠨ ᠡᠳᠦᠷ ᠳᠤᠮᠳᠠᠴᠢ᠎ᠶᠢᠨ ᠲᠡᠷᠭᠡ ᠨᠡᠪᠲᠡᠷᠡᠭᠰᠡᠨ ᠲᠣᠭ᠎ᠠ 743 ᠤᠳᠠᠭ᠎ᠠ᠎ᠳᠤ ᠬᠦᠷᠴᠦ᠂ ᠭᠠᠳᠠᠭᠠᠳᠤ ᠠᠷᠠᠯᠵᠢᠶᠠᠨ᠎ᠤ ᠳᠠᠯᠳᠠ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠪᠠ; ᠮᠦᠨ ᠴᠤ᠌ ᠭᠠᠳᠠᠭᠠᠳᠤ᠎ᠠᠴᠠ ᠣᠷᠣᠭᠤᠯᠤᠭᠰᠠᠨ ᠨᠡᠭᠦᠷᠡᠰᠦᠨ᠎ᠦ ᠭᠤᠷᠪᠠᠳᠠᠭᠢ ᠡᠲᠡᠭᠡᠳ᠎ᠦᠨ ᠰᠢᠯᠭᠠᠨ ᠪᠠᠢᠴᠠᠭᠠᠵᠤ ᠢᠲᠡᠭᠡᠮᠵᠢ ᠣᠯᠬᠤ᠂ ᠳᠡᠭᠡᠳᠦ ᠲᠠᠰ᠎ᠤᠨ ᠭᠡᠷᠡᠴᠢᠯᠡᠯ᠎ᠦᠨ ᠠᠵᠤ ᠠᠬᠤᠢᠯᠠᠯ᠎ᠢ ᠪᠣᠢᠵᠢᠭᠤᠯᠬᠤ ᠵᠡᠷᠭᠡ ᠠᠵᠢᠯ᠎ᠢ ᠯᠠᠪᠳᠠᠭᠤᠨ᠎ᠢᠶᠠᠷ ᠠᠬᠢᠭᠤᠯᠵᠤ᠂ 《ᠨᠢᠭᠡ ᠦᠷᠳᠡᠭᠡᠴᠢᠯᠡᠭᠰᠡᠨ ᠮᠠᠶᠢᠭ᠋᠎ᠤᠨ ᠦᠢᠯᠡᠴᠢᠯᠡᠭᠡᠨ᠎ᠦ ᠪᠣᠭᠣᠳᠠᠯ》 ᠵᠡᠷᠭᠡ ᠠᠷᠠᠳ᠎ᠲᠤ ᠲᠥᠬᠥᠮ ᠦᠵᠡᠭᠦᠯᠵᠦ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠬᠡᠷᠡᠭᠴᠡᠭᠡ᠎ᠶᠢ ᠤᠯᠠᠮ ᠨᠢᠭᠡ ᠠᠯᠬᠤᠮ ᠰᠢᠢᠳᠪᠤᠷᠢᠯᠡᠵᠤ᠂ ᠪᠣᠭᠣᠮᠲᠠ᠎ᠪᠠᠷ ᠥᠩᠭᠡᠷᠡᠬᠦ ᠪᠠᠲᠤᠯᠠᠭ᠎ᠠ᠎ᠶᠢᠨ ᠬᠢᠷᠢ ᠬᠡᠮᠵᠢᠶ᠎ᠡ᠎ᠶᠢ ᠲᠡᠭᠡᠭᠰᠢᠯᠡᠬᠦᠯᠪᠡ᠃

ᠡᠵᠡᠨ᠎ᠡ ᠬᠤᠰᠢᠭᠤᠨ ᠤ᠋ ᠴᠡᠬᠡ ᠬᠢᠯᠢ ᠵᠢᠨ ᠪᠣᠭᠣᠮᠲᠠ᠎ᠶᠢᠨ ᠠᠵᠤ ᠠᠬᠤᠢ ᠵᠢᠨ ᠨᠡᠬᠡᠬᠡᠯᠳᠡ ᠵᠢᠨ ᠤᠷᠤᠨ ᠤ᠋ ᠠᠯᠪᠠᠨ ᠭᠡᠷ᠎ᠦᠨ ᠡᠷᠬᠢᠯᠡᠭᠴᠢ ᠵᠣᠣ ᠢᠦᠢ ᠪᠢᠨ᠎ᠤ ᠬᠡᠯᠡᠬᠦ ᠪᠡᠷ ᠡᠵᠡᠨ᠎ᠡ ᠪᠣᠭᠣᠮᠲᠠ᠎ᠶᠢᠨ ᠬᠢᠨ 《ᠨᠢᠭᠡ ᠪᠦᠰᠡ ᠨᠢᠭᠡ ᠵᠠᠮ》 ᠪᠣᠯᠣᠨ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠦᠷᠭᠦᠯᠵᠢᠯᠡᠨ ᠭᠦᠨᠵᠡᠭᠡᠢ ᠠᠭᠤᠰᠤᠯᠴᠠᠵᠤ᠂ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠥᠷᠭᠡᠳᠬᠡᠨ᠂ ᠠᠷᠠᠯᠵᠢᠶᠠᠨ᠎ᠤ ᠪᠦᠲᠦᠴᠡ᠎ᠶᠢ ᠰᠢᠯᠢᠳᠡᠭᠵᠢᠭᠦᠯᠬᠦ᠎ᠶᠢᠨ ᠵᠡᠷᠭᠡ᠎ᠳᠦ ᠳᠤᠮᠳᠠᠳᠤ ᠮᠣᠩᠭᠣᠯ᠎ᠤᠨ ᠬᠠᠮᠲᠤᠷᠠᠯᠴᠠᠭᠠᠨ᠎ᠤ ᠰᠢᠨ᠎ᠡ ᠠᠷᠭ᠎ᠠ ᠵᠠᠮ᠎ᠢ ᠢᠳᠡᠪᠬᠢᠲᠡᠢ ᠬᠠᠢᠨ ᠰᠦᠪᠡᠭᠴᠢᠯᠡᠵᠦ᠂ ᠣᠷᠣᠨ ᠨᠤᠲᠤᠭ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠥᠨᠢᠳᠡ᠎ᠶᠢᠨ ᠬᠥᠳᠡᠯᠭᠡᠬᠦ ᠬᠦᠴᠦᠨ ᠨᠡᠮᠡᠷᠢᠯᠡᠨ᠂ ᠴᠡᠭᠡ ᠪᠣᠭᠣᠮᠲᠠ᠎ᠶᠢᠨ 《ᠤᠮᠠᠷᠠᠰᠢ ᠨᠡᠭᠡᠭᠡᠯᠲᠡ ᠬᠢᠬᠦ ᠬᠤᠷᠳᠤᠴᠠ᠎ᠶᠢ ᠲᠦᠷᠭᠡᠳᠬᠡᠬᠦ》 ᠠᠵᠢᠯ᠎ᠢ ᠨᠠᠩ ᠬᠦᠴᠦᠲᠡᠢ ᠪᠤᠯᠭᠠᠬᠤ ᠪᠡᠷ ᠴᠢᠷᠮᠠᠢᠵᠤ ᠪᠤᠢ᠃

ᠴᠡᠭᠡ ᠬᠢᠯᠢ ᠵᠢᠨ ᠪᠣᠭᠣᠮᠲᠠ ᠠᠩᠬᠠᠳᠠᠭ᠍ᠴᠢ ᠪᠦᠯᠦᠭ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ᠎ᠢ ᠣᠷᠣᠭᠣᠯᠵᠤ ᠠᠰᠢᠭ᠍ᠯᠠᠯᠳᠠ᠎ᠳᠤ ᠤᠷᠤᠭᠤᠯᠪᠠ᠃ ᠣᠶ᠋ᠢᠷ᠎ᠠ᠎ᠶᠢᠨ ᠡᠳᠤᠷ᠂ ᠴᠡᠬᠡ ᠪᠣᠭᠣᠮᠲᠠ ᠲᠤᠯᠤᠭᠠᠨ ᠰᠠᠭᠤᠷᠢ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ᠎ᠢ ᠣᠷᠣᠭᠤᠯᠤᠨ ᠠᠪᠴᠢᠷᠠᠭᠰᠠᠨ ᠪᠥᠭᠡᠳ ᠠᠰᠢᠭ᠍ᠯᠠᠯᠲᠠ᠎ᠳᠤ ᠣᠷᠣᠭᠤᠯᠵᠤ᠂ ᠪᠣᠭᠣᠮᠲᠠ᠎ᠶᠢᠨ ᠪᠣᠬᠢᠷᠲᠤᠯ ᠥᠬᠡᠶ᠂ ᠤᠶᠤᠨᠴᠢᠯᠠᠭᠰᠠᠨ ᠬᠥᠭᠵᠢᠯᠲᠡ᠎ᠳᠦ ᠰᠢᠨ᠎ᠡ ᠬᠥᠭᠵᠢᠯᠲᠡ᠎ᠶᠢᠨ ᠬᠥᠳᠡᠯᠭᠡᠬᠦ ᠬᠦᠴᠦᠨ ᠨᠡᠮᠡᠷᠢᠯᠡᠪᠡ᠃ ᠡᠵᠡᠨ᠎ᠠ ᠬᠤᠰᠢᠭᠤᠨ ᠤ᠋ ᠴᠡᠭᠡ ᠪᠣᠭᠣᠮᠲᠠ᠎ᠶᠢᠨ 《ᠠᠷᠪᠠ᠎ᠶᠢ ᠣᠷᠣᠭᠤᠯᠵᠤ ᠵᠢᠷᠭᠤᠭ᠎ᠠ᠎ᠶᠢ ᠭᠠᠷᠭᠠᠬᠤ》 ᠪᠠᠷᠠᠭᠠᠨ᠎ᠤ ᠲᠡᠭᠡᠭᠡᠪᠦᠷᠢ᠎ᠶᠢᠨ ᠵᠠᠮ᠎ᠤᠨ ᠣᠶᠤᠨᠴᠢ ᠮᠠᠰᠢᠨ᠎ᠤ ᠵᠠᠮ᠎ᠳᠤ᠂ ᠨᠢᠭᠡ ᠪᠦᠯᠦᠭ ᠴᠣ ᠰᠢᠨ᠎ᠡ ᠡᠨᠧᠷᠭᠢ᠎ᠶᠢᠨ ᠴᠠᠬᠢᠯᠭᠠᠨ ᠬᠥᠳᠡᠯᠭᠡᠭᠦᠷᠲᠦ ᠴᠢᠷᠦᠭᠦᠯ ᠲᠡᠷᠭᠡ ᠵᠢ ᠪᠠᠶ᠋ᠢᠴᠠᠭᠠᠨ ᠰᠢᠯᠭᠠᠬᠤ ᠲᠣᠭᠣᠷᠢᠭ᠋᠎ᠲᠤ  ᠤᠷᠤᠭᠤᠯᠬᠤ ᠳ᠋ᠤ᠌ ᠬᠢᠯᠢ᠎ᠶᠢᠨ ᠪᠠᠶ᠋ᠢᠴᠠᠭᠠᠯᠲᠠ ᠪᠠ ᠪᠣᠭᠣᠮᠲᠠ᠎ᠶᠢᠨ ᠠᠵᠢᠯᠲᠠᠳ ᠲᠡᠷᠭᠡᠨ᠎ᠦ ᠭᠡᠷᠡᠴᠢ ᠦᠨᠡᠮᠯᠡᠯ᠎ᠦᠨ ᠮᠡᠳᠡᠭᠡ ᠵᠠᠩᠭᠢ᠎ᠶᠢ ᠨᠢᠭᠡᠳ ᠨᠢᠭᠡ᠎ᠪᠡᠷ ᠬᠠᠷᠭᠤᠭᠤᠯᠬᠤ᠎ᠶᠢᠨ ᠬᠠᠮᠲᠤ ᠬᠢᠷᠢ ᠲᠡᠩᠴᠡᠭᠰᠡᠨ ᠲᠡᠷᠭᠡ ᠬᠥᠰᠬᠡ᠎ᠳᠦ ᠡᠯᠧᠺᠲᠷᠣᠨ ᠲᠡᠷᠭᠡᠨ ᠫᠠᠶ᠋ᠢᠰᠠ ᠨᠠᠭᠠᠵᠤ᠂ ᠰᠢᠰᠲᠧᠮ᠎ᠦᠨ ᠪᠦᠷᠢᠳᠬᠡᠨ ᠳᠠᠩᠰᠠᠯᠠᠭᠤᠯᠬᠤ᠎ᠶᠢ ᠵᠡᠷᠭᠡ᠎ᠪᠡᠷ ᠪᠡᠶᠡᠯᠡᠭᠦᠯᠵᠦ᠂ ᠡᠲᠡᠭᠡᠷ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ᠎ᠢ ᠬᠢᠯᠢ ᠠᠯᠤᠰᠯᠠᠨ ᠲᠡᠭᠡᠭᠡᠪᠦᠷᠢᠯᠡᠬᠦ ᠬᠢᠷᠢ ᠬᠡᠮ᠎ᠲᠠᠢ ᠪᠤᠯᠭᠠᠨ᠎ᠠ᠃ ᠪᠣᠭᠣᠮᠲᠠ᠎ᠶᠢᠨ ᠬᠠᠮᠢᠶᠠᠷᠤᠯᠲᠠ᠎ᠶᠢᠨ ᠵᠥᠪᠯᠡᠯ᠂ ᠪᠣᠭᠣᠮᠲᠠ᠂ ᠬᠢᠯᠢ᠎ᠶᠢᠨ ᠪᠠᠶ᠋ᠢᠴᠠᠭᠠᠯᠲᠠ ᠵᠡᠷᠭᠡ ᠰᠠᠯᠠᠭ᠎ᠠ ᠮᠥᠴᠢᠷ᠎ᠦᠨ ᠳᠡᠮᠵᠢᠯᠭᠡ ᠳᠤᠤᠷ᠎ᠠ᠂ ᠥᠪᠥᠷ ᠮᠣᠩᠭᠣᠯ᠎ᠤᠨ ᠢᠦᠶ ᠵᠦᠸᠸ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠷᠠᠯᠵᠢᠶᠠᠨ᠎ᠤ ᠬᠢᠵᠠᠭᠠᠷᠲᠤ ᠺᠣᠮᠫᠠᠨᠢ ᠲᠦᠷᠦᠭᠦᠦ ᠪᠦᠯᠦᠭ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ᠎ᠢ ᠣᠷᠣᠭᠤᠯᠤᠨ ᠠᠪᠴᠢᠷᠠᠵᠤ᠂ ᠴᠠᠬᠢᠯᠭᠠᠨ ᠴᠡᠨᠡᠭᠯᠡᠬᠦ ᠴᠠᠬᠢᠯᠭᠠᠨ ᠥᠷᠲᠡᠭᠡ᠎ᠶᠢᠨ ᠬᠠᠮᠢᠶᠠᠷᠤᠯᠲᠠ ᠡᠵᠡᠩᠨᠡᠯᠲᠡ᠎ᠶᠢᠨ ᠨᠢᠭᠡᠳᠦᠯᠲᠡᠶ ᠲᠠᠪᠴᠠᠩ᠎ᠢ ᠢᠵᠢ ᠪᠥᠷᠢᠳᠦᠭᠦᠯᠦᠨ ᠪᠠᠶ᠋ᠢᠭᠤᠯᠵᠤ᠂ ᠴᠡᠬᠡ ᠪᠣᠭᠣᠮᠲᠠ᠎ᠶᠢᠨ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ᠎ᠤ ᠠᠵᠤ ᠦᠢᠯᠡᠰ ᠵᠢᠴᠢ ᠬᠣᠯᠪᠣᠭᠳᠠᠯ ᠪᠥᠬᠥᠶ ᠠᠵᠤ ᠦᠢᠯᠡᠰ᠎ᠦᠨ ᠬᠠᠮᠵᠢᠯᠴᠠᠨ ᠬᠥᠭᠵᠢᠬᠦ᠎ᠶᠢ ᠢᠳᠡᠪᠬᠢᠲᠡᠶ ᠠᠬᠢᠭᠤᠯᠬᠤ ᠪᠣᠯᠤᠨ᠎ᠠ᠃ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ᠎ᠢ ᠠᠰᠢᠭ᠍ᠯᠠᠯᠲᠠ᠎ᠳᠤ ᠣᠷᠣᠭᠤᠯᠤᠭᠰᠠᠨ᠎ᠨᠢ ᠪᠣᠭᠣᠮᠲᠠ᠎ᠶᠢᠨ ᠪᠠᠷᠠᠭᠠᠨ᠎ᠤ ᠬᠦᠢᠯᠬᠡᠬᠡᠨ᠎ᠦ ᠲᠡᠭᠡᠭᠡᠪᠦᠷᠢ᠎ᠳᠦ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭᠰᠡᠨ᠎ᠢᠶᠡᠷ ᠪᠠᠷᠠᠬᠤ ᠥᠬᠡᠶ᠂ ᠪᠣᠭᠣᠮᠲᠠ᠎ᠶᠢᠨ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ᠂ ᠠᠵᠤ ᠠᠬᠤᠢᠯᠠᠯ᠎ᠤᠨ ᠲᠡᠭᠡᠭᠡᠪᠦᠷᠢ᠎ᠶᠢᠨ ᠥᠪᠡᠷ᠎ᠦᠨ ᠥᠷᠲᠡᠭ᠎ᠢ ᠪᠠᠭᠤᠷᠠᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶ᠋ᠢᠨ᠎ᠠ᠃ ᠡᠵᠡᠨ᠎ᠠ ᠬᠤᠰᠢᠭᠤ ᠣᠷᠣᠨ ᠪᠠᠶ᠋ᠢᠷᠢ᠎ᠶᠢᠨ ᠳᠠᠪᠠᠭᠤᠯᠢᠭ᠋ ᠪᠣᠯᠤᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠦᠷᠭᠦᠯᠵᠢᠯᠡᠨ ᠲᠦᠰᠢᠭᠯᠡᠵᠦ᠂ ᠠᠷᠠᠯᠵᠢᠶ᠎ᠠ ᠡᠵᠡᠩᠨᠡᠬᠦ ᠣᠷᠴᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠯᠵᠢᠶ᠎ᠠ᠎ᠶᠢ ᠳᠥᠭᠥᠮᠴᠢᠯᠡᠬᠦ ᠲᠦᠪᠰᠢᠨ᠎ᠢ ᠲᠡᠭᠡᠭᠰᠢᠯᠡᠬᠦᠯᠤᠨ᠂ ᠣᠯᠠᠨ ᠡᠰᠢᠵᠢᠭᠰᠡᠨ ᠠᠷᠠᠯᠵᠢᠶᠠᠨ᠎ᠤ ᠡᠵᠡᠩᠨᠡᠯᠲᠡ᠎ᠶᠢᠨ ᠬᠡᠯᠪᠡᠷᠢ᠎ᠶᠢ ᠥᠷᠭᠡᠳᠬᠡᠵᠦ᠂ ᠳᠤᠮᠳᠠᠳᠤ ᠮᠣᠩᠭᠣᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠬᠦ᠂ ᠣᠷᠣᠨ ᠪᠦᠰᠡ᠎ᠶᠢᠨ ᠠᠵᠤ ᠠᠬᠤᠶ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠬᠤ᠎ᠳᠤ ᠨᠠᠩ ᠶᠡᠬᠡ ᠦᠢᠯᠡᠳᠦᠯ ᠦᠵᠡᠭᠦᠯᠵᠦ᠂ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠦ ᠤᠳᠠᠭᠠᠨ ᠳᠠᠭᠠᠭᠠᠮᠠᠭᠠᠶ ᠬᠥᠳᠡᠯᠭᠡᠬᠦ ᠬᠦᠴᠦᠨ ᠨᠡᠮᠡᠷᠢᠯᠡᠬᠦ ᠪᠡᠷ ᠴᠢᠷᠮᠠᠢᠵᠤ ᠪᠤᠢ᠃ ᠥᠪᠥᠷ ᠮᠣᠩᠭᠣᠯ᠎ᠤᠨ ᠢᠦᠶ ᠵᠦᠸᠸ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠷᠠᠯᠵᠢᠶᠠᠨ᠎ᠤ ᠬᠢᠵᠠᠭᠠᠷᠲᠤ ᠺᠣᠮᠫᠠᠨᠢ᠎ᠶᠢᠨ ᠲᠥᠷᠥᠯ ᠵᠦᠢᠯ᠎ᠦᠨ ᠬᠠᠷᠢᠭᠤᠴᠠᠯᠭᠠᠲᠠᠨ ᠤ᠋ ᠬᠡᠯᠡᠬᠦ ᠪᠡᠷ ᠪᠢᠳᠡ ᠰᠢᠨ᠎ᠡ ᠡᠨᠧᠷᠭᠢ᠎ᠶᠢᠨ ᠮᠠᠰᠢᠨ ᠲᠡᠷᠭᠡ᠎ᠶᠢ ᠰᠣᠩᠭᠣᠭᠰᠠᠨ ᠨᠢ ᠭᠤᠤᠯᠳᠠᠭᠤ ᠲᠡᠭᠦᠨ᠎ᠦ ᠠᠵᠤ ᠠᠬᠤᠶ᠎ᠶᠢᠨ ᠴᠢᠨᠠᠷ ᠪᠠ ᠦᠷᠭᠦᠯᠵᠢᠯᠡᠬᠦ ᠴᠢᠨᠠᠷ᠎ᠢ ᠦᠵᠡᠵᠦ᠂ ᠪᠢᠳᠡᠨ᠎ᠦ ᠥᠨᠳᠥᠷ ᠲᠠᠪᠳᠠᠮᠵᠢᠳᠤ ᠲᠡᠭᠡᠭᠡᠪᠦᠷᠢ᠎ᠶᠢᠨ ᠬᠡᠷᠡᠭᠴᠡᠭᠡ᠎ᠶᠢ ᠬᠠᠩᠭᠠᠨ᠂ ᠪᠦᠬᠦᠯᠢ ᠴᠣᠭᠴᠠ᠎ᠶᠢᠨ ᠡᠵᠡᠩᠨᠡᠯᠲᠡ᠎ᠶᠢᠨ ᠦᠷ᠎ᠠ ᠪᠦᠲᠦᠮᠵᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠴᠢᠳᠠᠬᠤ ᠪᠣᠯᠣᠨ᠎ᠠ ᠬᠡᠵᠠᠢ᠃

ᠰᠣᠶᠣᠯ᠎ᠵᠢᠭᠤᠯᠴᠢᠯᠠᠯ ᠤ᠋ᠨ ᠰᠣᠯᠢᠯᠴᠠᠭ᠎ᠠ᠎ᠶᠢᠨ ᠭᠦᠨᠵᠡᠭᠡᠶ᠋ᠢᠷᠡᠯᠲᠡ ᠨᠢ ᠬᠢᠯᠢ᠎ᠶᠢᠨ ᠪᠣᠭᠣᠮᠲᠠ᠎ᠶᠢ ᠨᠡᠩ ᠠᠮᠢᠵᠢᠷᠠᠯ᠎ᠤᠨ ᠬᠦᠴᠦᠨ᠎ᠲᠠᠢ ᠪᠤᠯᠭᠠᠯ᠎ᠠ᠃ ᠤᠯᠤᠰ᠎ᠤᠨ 4A ᠲᠡᠰ᠎ᠦᠨ ᠦᠵᠡᠮᠵᠢ ᠵᠢᠨ ᠠᠶᠠᠯᠠᠯ ᠵᠢᠭᠤᠯᠴᠢᠯᠠᠯ᠎ᠤᠨ ᠤᠷᠤᠨ ᠪᠣᠯᠤᠭᠰᠠᠨ ᠴᠡᠬᠡ ᠪᠣᠭᠣᠮᠲᠠ ᠨᠢ ᠬᠤᠯᠠ ᠤᠢᠷ᠎ᠠ ᠵᠢᠨ ᠵᠢᠭᠤᠯᠴᠢᠯᠠᠭᠰᠠᠳ ᠤ᠋ᠨ ᠠᠩᠬᠠᠷᠤᠯ ᠢ᠋ ᠶᠡᠬᠡᠳᠡ ᠲᠠᠳᠠᠳᠠᠭ᠃ ᠵᠢᠯ ᠳ᠋ᠤ᠌ ᠤᠯᠠᠨ ᠤᠳᠠᠭ᠎ᠠ ᠶᠠᠪᠤᠭᠳᠠᠳᠠᠭ ᠣᠯᠠᠨ ᠤᠯᠤᠰ᠎ᠤᠨ ᠪᠠᠷᠠᠭᠠᠨ᠎ᠤ ᠦᠵᠡᠰᠬᠦᠯᠡᠩ᠂ ᠳᠤᠮᠳᠠᠳᠤ ᠮᠣᠩᠭᠣᠯ᠎ᠤᠨ ᠬᠢᠯᠢ᠎ᠶᠢᠨ ᠢᠷᠭᠡᠳ᠎ᠦᠨ ᠠᠷᠠᠯᠵᠢᠶᠠᠨ᠎ᠤ ᠦᠵᠡᠰᠬᠦᠯᠡᠩ ᠵᠡᠷᠭᠡ ᠠᠵᠢᠯᠯᠠᠭ᠎ᠠ᠎ᠳᠦ 30 ᠭᠠᠷᠤᠢ ᠤᠯᠤᠰ᠎ᠤᠨ ᠪᠠᠷᠠᠭ᠎ᠠ ᠲᠠᠸᠠᠷ ᠬᠤᠷᠠᠨ ᠴᠤᠭᠯᠠᠷᠠᠵᠤ᠂ ᠪᠦᠬᠦ ᠤᠯᠤᠰ ᠤ᠋ᠨ ᠡᠯ᠎ᠡ ᠭᠠᠵᠠᠷ ᠠ᠋ᠴᠠ ᠢᠷᠡᠭᠰᠡᠨ ᠬᠦᠮᠦᠰ ᠲᠤ᠌ ᠴᠡᠬᠡ ᠪᠤᠭᠤᠮᠳᠠ ᠵᠢᠨ  ᠦᠪᠡᠷᠮᠢᠴᠡ ᠤᠨᠴᠠᠯᠢᠭ᠋ ᠵᠢᠡᠨ ᠬᠠᠷᠠᠭᠤᠯᠳᠠᠭ᠃ ᠣᠶ᠋ᠢᠯᠠᠭᠠᠭᠰᠠᠨ᠎ᠢᠶᠠᠷ᠂ 2025 ᠤᠨ ᠤ᠋ ᠤᠯᠤᠰ᠎ᠤᠨ ᠪᠠᠶᠠᠷ᠎ᠤᠨ ᠠᠮᠠᠷᠠᠯᠲᠠ᠎ᠠᠴᠠ ᠨᠠᠭᠠᠰᠢ᠂ ᠴᠡᠭᠡ ᠪᠣᠭᠤᠮᠲᠠ᠎ᠶᠢᠨ ᠭᠠᠭᠴᠠ ᠡᠳᠦᠷ᠎ᠤᠨ ᠬᠠᠮᠤᠭ᠎ᠤᠨ ᠥᠨᠳᠥᠷ ᠳᠡᠮᠳᠡᠭᠯᠡᠯ ᠨᠢ 5938 ᠬᠥᠮᠦᠨ ᠤᠳᠠᠭ᠎ᠠ ᠵᠢᠨ ᠵᠢᠭᠤᠯᠴᠢᠯᠠᠭᠰᠠᠳ᠎ᠢ ᠭᠥᠯᠢᠶᠡᠨ ᠠᠪᠴᠤ᠂ 10 ᠰᠠᠷ᠎ᠠ᠎ᠶᠢᠨ 5᠎ᠤ ᠡᠳᠦᠷ ᠪᠣᠯᠲᠠᠯ᠎ᠠ 3 ᠲᠦᠮᠡ ᠭᠠᠷᠤᠶ ᠬᠥᠮᠦᠨ ᠤᠳᠠᠭ᠎ᠠ᠎ᠳᠤ ᠬᠦᠷᠴᠦ᠂ ᠤᠯᠤᠰ᠎ᠤᠨ ᠡᠭᠦᠳᠡ᠂ ᠬᠢᠯᠢ᠎ᠶᠢᠨ ᠬᠥᠰᠢᠶ᠎ᠡ ᠵᠡᠷᠭᠡ᠎ᠪᠡᠷ ᠭᠤᠤᠯ ᠴᠡᠭ ᠪᠣᠯᠭᠠᠵᠣ᠌᠂ ᠪᠣᠭᠤᠮᠲᠠ᠎ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ᠋ ᠲᠠᠰᠤᠷᠠᠯᠲᠠ ᠥᠬᠡᠶ ᠲᠡᠬᠡᠭᠰᠢᠯᠡᠬᠦᠯᠦᠨ᠂ ᠬᠢᠯᠢ᠎ᠶᠢᠨ ᠵᠢᠭᠤᠯᠴᠢᠯᠠᠯ᠎ᠤᠨ ᠥᠷᠨᠢᠯᠲᠡ ᠵᠢ ᠲᠠᠰᠤᠷᠠᠯᠲᠠ ᠥᠬᠡᠶ ᠨᠡᠮᠡᠭᠳᠡᠬᠦᠯᠪᠡ᠃ ᠲᠠᠷᠠᠭᠠᠴᠢ᠎ᠶᠢᠨ ᠠᠯᠬᠤᠮ᠎ᠳᠤ᠂ ᠴᠡᠭᠡ ᠪᠣᠭᠤᠮᠲᠠ ᠵᠢᠭᠤᠯᠴᠢᠯᠠᠯ᠎ᠤᠨ ᠦᠢᠯᠡᠴᠢᠯᠡᠭᠡ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠢᠭᠤᠯᠴᠢᠯᠠᠭᠰᠠᠳ᠎ᠤᠨ ᠣᠯᠠᠨ ᠶᠠᠩᠵᠤ᠎ᠶᠢᠨ ᠬᠡᠷᠡᠭᠴᠡᠭᠡ᠎ᠶᠢ ᠬᠠᠩᠭᠠᠵᠤ᠂ ᠨᠠᠩ ᠣᠯᠠᠨ ᠵᠢᠭᠤᠯᠴᠢᠯᠠᠭᠰᠠᠳ᠎ᠢ ᠲᠡᠳᠡᠨ ᠠᠪᠴᠢᠷᠠᠵᠤ ᠬᠢᠯᠢ᠎ᠶᠢᠨ ᠨᠤᠳᠤᠭ ᠤ᠋ᠨ ᠤᠨᠴᠠᠯᠢᠭ᠋ ᠢ᠋ ᠣᠶ᠋ᠢᠯᠠᠭᠠᠭᠤᠯᠤᠨ᠎ᠠ᠃ ᠮᠦᠨ ᠴᠤ᠌ ᠭᠠᠵᠠᠷ ᠤᠷᠤᠨ ᠤ᠋ ᠰᠤᠶᠤᠯ ᠵᠢᠭᠤᠯᠴᠢᠯᠡᠯ ᠤ᠋ᠨ ᠨᠦᠯᠦᠬᠡᠯᠡᠬᠦ ᠬᠦᠴᠦᠨ ᠢ᠋ ᠲᠤᠢᠯ ᠤ᠋ᠨ ᠶᠡᠬᠡ ᠪᠡᠷ ᠲᠡᠭᠡᠭᠰᠢᠯᠡᠬᠦᠯᠪᠠ᠃ ᠴᠡᠭᠡ ᠪᠣᠭᠣᠮᠲᠠ᠎ᠶᠢᠨ ᠵᠢᠭᠤᠯᠴᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠴᠢᠨᠠᠭᠰᠢᠳᠠ ᠠᠬᠢᠭᠤᠯᠵᠤ᠂ ᠥᠪᠡᠷᠮᠢᠴᠡ ᠣᠨᠴᠠᠯᠢᠭ᠋᠎ᠲᠠᠢ ᠬᠡᠭᠡᠷ᠎ᠡ᠎ᠶᠢᠨ ᠮᠠᠰᠢᠨ ᠲᠡᠷᠭᠡᠨ᠎ᠦ ᠵᠢᠭᠤᠯᠴᠢᠯᠠᠯ᠎ᠤᠨ ᠠᠵᠢᠯᠯᠠᠭ᠎ᠠ᠎ᠶᠢ ᠪᠤᠢ ᠪᠣᠯᠭᠠᠬᠤ᠎ᠶᠢᠨ ᠲᠤᠰᠠᠳᠠ᠂ 10 ᠰᠠᠷ᠎ᠠ ᠵᠢᠨ ᠲᠤᠤᠷᠠᠢ ᠵᠢᠨ ᠤᠢ ᠵᠢᠨ ᠪᠠᠶᠡᠷ ᠵᠢᠡᠷ᠂ ᠬᠣᠶᠠᠳᠤᠭᠠᠷ ᠬᠤᠭᠤᠴᠠᠭᠠᠨ᠎ᠤ 2025 ᠣᠨ᠎ᠤ 100 ᠬᠡᠭᠡᠷ᠎ᠡ᠎ᠶᠢᠨ ᠮᠠᠰᠢᠨ ᠲᠡᠷᠭᠡ ᠶ᠋ᠢᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠠᠵᠢᠯᠯᠠᠭ᠎ᠠ᠎ᠴᠡᠭᠡ ᠪᠣᠭᠣᠮᠲᠠ᠎ᠳᠤ ᠶᠠᠪᠤᠭᠳᠠᠵᠤ᠂ ᠮᠠᠰᠢ ᠤᠯᠠᠨ ᠬᠡᠭᠡᠷ᠎ᠡ᠎ᠶᠢᠨ ᠮᠠᠰᠢᠨ ᠲᠡᠷᠭᠡᠨ᠎ᠦ ᠪᠠᠬᠠᠲᠠᠨ᠂ ᠮᠠᠰᠢᠨ ᠲᠡᠷᠭᠡᠨ᠎ᠦ ᠬᠡᠭᠡᠷ᠎ᠡ᠎ᠶᠢᠨ ᠵᠢᠭᠤᠯᠴᠢᠯᠠᠯ᠎ᠤᠨ ᠪᠠᠬᠠᠲᠠᠳ ᠤ᠋ᠨ ᠰᠤᠨᠢᠷᠬᠠᠯ ᠢ᠋ ᠲᠠᠳᠠᠵᠠᠢ᠃ 

ᠡᠵᠡᠨ᠎ᠠ ᠬᠤᠰᠢᠭᠤᠨ ᠤ᠋ ᠴᠡᠬᠡ ᠬᠢᠯᠢ ᠵᠢᠨ ᠪᠤᠭᠤᠮᠳᠠ ᠵᠢᠨ ᠠᠵᠤ ᠠᠬᠤᠢ ᠵᠢᠨ ᠨᠡᠬᠡᠬᠡᠯᠳᠡ ᠵᠢᠨ ᠤᠷᠤᠨ ᠨᠢ ᠬᠤᠢᠰᠢᠳᠠ ᠦᠷᠬᠦᠯᠵᠢᠯᠡᠨ ᠪᠤᠭᠤᠮᠳᠠ ᠵᠢᠨ ᠤᠷᠤᠭᠤᠯᠤᠯᠳᠠ ᠭᠠᠷᠭᠠᠯᠳᠠ᠂ ᠰᠤᠶᠤᠯ ᠵᠢᠭᠤᠯᠴᠢᠯᠠᠯ ᠵᠡᠷᠬᠡ ᠤᠯᠠᠠ ᠲᠠᠯ᠎ᠠ ᠵᠢᠨ ᠬᠦᠷᠢᠶ᠎ᠠ ᠴᠠᠷᠠᠭᠠᠨ ᠳ᠋ᠤ᠌ ᠢᠳᠡᠪᠬᠢᠳᠠᠢ ᠠᠵᠢᠯᠯᠠᠵᠤ᠂ ᠠᠵᠤ ᠠᠬᠤᠢ ᠨᠡᠢᠬᠡᠮ ᠤ᠋ᠨ ᠡᠯ᠎ᠠ ᠵᠦᠢᠯ ᠤ᠋ᠨ ᠠᠵᠢᠯ ᠦᠢᠯᠡᠰ ᠤ᠋ᠨ ᠰᠢᠨ᠎ᠠ ᠱᠠᠳᠤᠨ ᠳ᠋ᠤ᠌ ᠠᠯᠬᠤᠨ ᠭᠠᠷᠬᠤ ᠪᠡᠷ ᠲᠡᠮᠡᠴᠡᠨ ᠤᠷᠤᠭᠰᠢᠯᠠᠵᠤ᠂ ᠰᠢᠨ᠎ᠠ ᠴᠠᠭ ᠦᠶ᠎ᠠ ᠵᠢᠨ ᠬᠦᠭᠵᠢᠯᠳᠡ ᠳ᠋ᠤ᠌ ᠰᠢᠨ᠎ᠠ ᠬᠠᠭᠤᠳᠠᠰᠤ᠎ᠶᠢ ᠪᠢᠴᠢᠭᠯᠡᠬᠦ ᠪᠡᠷ ᠮᠡᠷᠡᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号