ᠠᠷᠠᠳ ᠤ᠋ᠨ ᠠᠮᠢᠳᠤᠷᠠᠯ ᠶ᠋ᠢᠡᠷ ᠦᠨᠳᠦᠰᠦ ᠪᠣᠯᠭᠠᠵᠤ ᠵᠣᠯ ᠵᠢᠷᠭᠠᠯ ᠢ᠋ ᠬᠠᠮᠲᠤ ᠪᠠᠷ ᠡᠳ᠋ᠯᠡᠨ᠎ᠡ
2025-11-14 09:44:45
ᠵᠣᠬᠢᠶᠠᠭ᠍ᠴᠢ᠄
ᠮᠧᠶ ᠭᠠᠩ ᠯᠢ ᠵᠢᠶᠠᠩ ᠴᠤᠤ
ᠣᠩᠱᠢᠭ᠍ᠰᠠᠨ ᠣᠳᠠᠭ᠎ᠠ᠄
★★★☆☆

— ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠭᠰᠠᠨ ᠥᠪᠥᠷ ᠮᠣᠩᠭᠣᠯ ᠤ᠋ᠨ ᠦᠶ᠋ᠯᠡᠳᠦᠯᠭᠡ


ᠬᠡᠷ᠎ᠤᠨ ᠬᠢᠨᠢ ᠤᠢᠷᠠᠯᠴᠠᠭ᠎ᠠ ᠠᠵᠢᠯ ᠤ᠋ᠨ ᠪᠠᠢᠷᠢ ᠬᠠᠡᠭᠭᠠᠵᠤ᠂ ᠬᠥᠳᠡᠯᠮᠦᠷᠢᠴᠢᠳ ᠮᠡᠷᠭᠡᠵᠢᠯ ᠵᠢᠡᠷ ᠤᠷᠤᠯᠭ᠎ᠠ ᠪᠠᠨ ᠨᠡᠮᠡᠭᠳᠡᠭᠦᠯᠦᠨ᠎ᠡ; ᠣᠯᠠᠨ ᠲᠡᠰ ᠳᠠᠪᠬᠤᠷᠭ᠎ᠠ ᠶ᠋ᠢᠨ ᠨᠡᠢᠭᠡᠮ ᠤ᠋ᠨ ᠪᠠᠲᠤᠯᠠᠭ᠎ᠠ ᠶ᠋ᠢᠨ ᠱᠢᠰᠲ᠋ᠧᠮ ᠢ᠋ ᠪᠠᠢᠭᠤᠯᠵᠤ᠂ ᠠᠷᠠᠳ ᠤ᠋ᠨ ᠠᠮᠢᠳᠤᠷᠠᠯ ᠤ᠋ᠨ ᠠᠮᠤᠷ ᠲᠦᠪᠱᠢᠨ ᠤ᠋ ᠲᠣᠣᠷ ᠢ᠋ ᠨᠢᠭ᠍ᠲᠠ ᠰᠦᠯᠵᠢᠨ᠎ᠡ; ᠦᠳᠡᠭᠦᠰ ᠨᠢᠯᠬᠠᠰ ᠢ᠋ ᠰᠡᠳᠭᠢᠯ ᠲᠠᠯᠪᠢᠨ ᠬᠠᠯᠠᠮᠵᠢᠯᠠᠵᠤ᠂ ᠦᠳᠡᠭᠦᠰ ᠤ᠋ᠨ ᠠᠮᠢᠳᠤᠷᠠᠯ ᠢ᠋ ᠨᠡᠡᠭ ᠵᠤᠯ ᠵᠢᠷᠭᠠᠯᠲᠠᠢ᠂ ᠨᠢᠯᠬᠠᠰ ᠤ᠋ᠨ ᠠᠮᠢᠳᠤᠷᠠᠯ ᠢ᠋ ᠨᠡᠡᠭ ᠪᠠᠶᠠᠷ ᠪᠠᠶᠠᠰᠤᠯ ᠲᠠᠢ ᠪᠤᠯᠭᠠᠨ᠎ᠠ ᠁

ᠥᠪᠥᠷ ᠮᠣᠩᠭᠣᠯ ᠢᠮᠠᠭ᠍ᠲᠠ ᠬᠥᠭ᠌ᠵᠢᠯᠲᠡ ᠶ᠋ᠢᠨ ᠳᠤᠮᠳᠠ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠵᠢ ᠪᠠᠷᠢᠮᠲᠠᠯᠠᠨ᠂ ᠠᠵᠢᠯ ᠣᠯᠭᠣᠯᠲᠠ᠂ ᠨᠡᠢᠭᠡᠮ ᠤ᠋ᠨ ᠪᠠᠲᠤᠯᠠᠭ᠎ᠠ᠂ ᠣᠨᠴᠠᠭᠠᠶ ᠬᠥᠮᠦᠰ ᠢ᠋ ᠬᠠᠯᠠᠮᠵᠢᠯᠠᠬᠤ ᠵᠡᠷᠭᠡ ᠲᠠᠯ᠎ᠠ ᠪᠠᠷ ᠠᠯᠢ ᠣᠯᠠᠨ ᠪᠤᠳᠠᠲᠠᠢ ᠳ᠋ᠦ ᠨᠠᠢᠳᠠᠪᠤᠷᠢᠵᠢᠭᠤᠯᠵᠤ ᠪᠣᠯᠬᠤᠢᠴᠠ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭ᠍ᠲᠠᠭᠠᠨ ᠬᠡᠷᠡᠭᠵᠢᠬᠦᠯᠵᠤ᠂ ᠠᠷᠠᠳ ᠤ᠋ᠨ ᠠᠮᠢᠳᠤᠷᠠᠯ ᠢ᠋ ᠲᠠᠰᠤᠷᠠᠯᠲᠠ ᠥᠬᠡᠶ ᠰᠠᠢᠵᠢᠷᠠᠭᠤᠯᠤᠨ ᠠᠷᠠᠳ ᠲᠦᠮᠡᠨ ᠤ᠋ ᠵᠤᠯ ᠵᠢᠷᠭᠠᠯ ᠢ᠋ ᠨᠡᠮᠡᠭ᠌ᠳᠡᠭᠦᠯᠪᠡ᠃

ᠰᠠᠭᠤᠷᠢ ᠶ᠋ᠢ ᠪᠠᠲᠤᠳᠭᠠᠵᠤ ᠪᠠᠲᠤᠯᠠᠭ᠎ᠠ ᠶ᠋ᠢᠨ ᠲᠣᠣᠷ ᠢ᠋ ᠨᠢᠭ᠍ᠲᠠ ᠰᠦᠯᠵᠢᠪᠡ

《ᠪᠢ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠶ᠋ᠢᠨ ᠰᠠᠯᠠᠭ᠎ᠠ ᠮᠥᠴᠢᠷ ᠤ᠋ᠨ ᠡᠷᠭᠢᠯᠡᠭ᠌ᠰᠡᠨ ᠤᠷ᠎ᠠ ᠴᠢᠳᠠᠪᠤᠷᠢ ᠶ᠋ᠢᠨ ᠪᠣᠯᠪᠠᠰᠤᠷᠠᠯ ᠵᠢᠡᠷ ᠲᠠᠮᠵᠢᠨ ᠬᠠᠨᠤᠮᠵᠢᠲᠠᠶ ᠠᠵᠢᠯ ᠣᠯᠵᠤ᠂ ᠤᠷ᠎ᠠ ᠮᠡᠷᠭᠡᠵᠢᠯ ᠵᠢᠡᠷ ᠣᠷᠣᠯᠭ᠎ᠠ ᠪᠠᠨ ᠨᠡᠮᠡᠭ᠌ᠳᠡᠭᠦᠯᠬᠦ᠌ ᠢᠲᠡᠭᠡᠯ ᠵᠣᠷᠢᠭ ᠨᠠᠩ ᠲᠡᠭᠦᠯᠳᠡᠷ ᠪᠤᠯᠵᠠᠢ》 ᠭᠡᠵᠦ᠍ ᠬᠡᠷ᠎ᠤᠨ ᠵᠢᠡᠨ ᠤᠢᠷᠠᠯᠴᠠᠭ᠎ᠠ ᠠᠵᠢᠯ ᠤᠯᠤᠭᠰᠠᠨ ᠪᠤᠭᠤᠲᠤ ᠬᠤᠳᠠ ᠶ᠋ᠢᠨ ᠬᠥᠨᠳᠡᠯᠡᠨ ᠲᠣᠭᠣᠷᠢᠭ ᠤ᠋ᠨ ᠯᠢᠦ ᠵᠢᠶᠠ ᠬᠡᠯᠡᠵᠦ ᠪᠠᠢᠯ᠎ᠠ᠃

ᠡᠨᠡ ᠵᠢᠯ ᠡᠴᠡ ᠨᠠᠭᠠᠰᠢ᠂ ᠥᠪᠥᠷ ᠮᠣᠩᠭᠣᠯ ᠡᠯ᠎ᠡ ᠲᠥᠷᠥᠯ ᠤ᠋ᠨ ᠠᠵᠢᠯᠲᠠᠨ ᠠᠵᠢᠯᠴᠢᠨ ᠡᠯᠰᠡᠬᠦ᠌ ᠬᠤᠷᠠᠯ ᠢ᠋ 3096 ᠤᠳᠠᠭ᠎ᠠ ᠥᠷᠨᠢᠭᠦᠯᠵᠦ᠍᠂ 139.53 ᠲᠦᠮᠡᠨ ᠠᠵᠢᠯ ᠤ᠋ᠨ ᠪᠠᠢᠷᠢ ᠬᠠᠩᠭᠠᠨ᠂ ᠠᠳᠠᠯᠢ ᠪᠤᠰᠤ ᠬᠥᠮᠦᠰ ᠤ᠋ᠨ ᠠᠵᠢᠯ ᠤᠯᠬᠤ ᠬᠡᠷᠡᠭ᠌ᠴᠡᠭᠡ ᠱᠠᠭᠠᠷᠳᠠᠯᠭ᠎ᠠ ᠶ᠋ᠢ ᠬᠠᠩᠭᠠᠪᠠ᠃

ᠡᠨᠡ ᠪᠣᠯ ᠥᠪᠥᠷ ᠮᠣᠩᠭᠣᠯ ᠤ᠋ᠨ ᠠᠷᠭ᠎ᠠ ᠪᠦᠬᠦᠨ ᠢ᠋ ᠰᠦᠪᠡᠭ᠌ᠴᠢᠯᠡᠨ ᠠᠵᠢᠯ ᠣᠯᠭᠣᠯᠲᠠ ᠵᠢ ᠲᠣᠭ᠍ᠲᠠᠪᠤᠷᠢᠵᠢᠭᠤᠯᠵᠤ ᠪᠠᠢᠭ᠎ᠠ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠣᠢᠷ᠎ᠠ ᠶ᠋ᠢᠨ ᠵᠢᠯ ᠤ᠋ᠨ ᠲᠤᠷᠰᠢ᠂ ᠥᠪᠥᠷ ᠮᠣᠩᠭᠣᠯ ᠠᠵᠢᠯ ᠣᠯᠭᠣᠯᠲᠠ ᠵᠢ ᠲᠡᠷᠢᠭᠦᠨ ᠳ᠋ᠦ ᠲᠠᠯᠪᠢᠬᠤ ᠪᠠᠢᠯᠳᠤᠬᠤ ᠪᠣᠳᠣᠯᠭ᠎ᠠ ᠪᠠ ᠢᠳᠡᠪᠬᠢᠲᠡᠶ ᠠᠵᠢᠯ ᠣᠯᠭᠣᠯᠲᠠ ᠶ᠋ᠢᠨ ᠲᠥᠷᠥ ᠶ᠋ᠢᠨ ᠪᠣᠳᠣᠯᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠠᠵᠢᠯ ᠤ᠋ᠨ ᠪᠠᠢᠷᠢ ᠵᠢ ᠨᠡᠭᠡᠭᠡᠨ ᠬᠥᠭ᠌ᠵᠢᠭᠦᠯᠬᠦ᠌᠂ ᠤᠷ᠎ᠠ ᠴᠢᠳᠠᠪᠤᠷᠢ ᠶ᠋ᠢᠨ ᠪᠤᠯᠪᠠᠰᠤᠷᠠᠯ ᠦᠷᠨᠢᠭᠦᠯᠬᠦ᠂ ᠠᠵᠢᠯ ᠣᠯᠭᠣᠯᠲᠠ ᠶ᠋ᠢᠨ ᠲᠤᠰᠠᠯᠠᠮᠵᠢ ᠦᠵᠡᠭᠦᠯᠬᠦ᠌ ᠵᠡᠷᠭᠡ ᠲᠠᠯ᠎ᠠ ᠡᠴᠡ ᠲᠥᠷᠥ ᠶ᠋ᠢᠨ ᠪᠣᠳᠣᠯᠭ᠎ᠠ ᠵᠢ ᠶᠡᠷᠦᠩᠬᠡᠢᠯᠡᠨ ᠬᠡᠷᠡᠭ᠌ᠵᠢᠭᠦᠯᠵᠦ᠍᠂ ᠨᠠᠩ ᠭᠦᠶ᠋ᠴᠡᠳ ᠨᠠᠩ ᠴᠢᠨᠠᠷ ᠰᠠᠢᠲᠠᠶ ᠠᠵᠢᠯ ᠣᠯᠭᠣᠯᠲᠠ ᠵᠢ ᠪᠡᠶᠡᠯᠡᠭᠦᠯᠬᠦ᠌ ᠵᠢ ᠠᠬᠢᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠦᠪᠦᠷ ᠮᠤᠡᠭᠭᠤᠯ ᠤ᠋ᠨ ᠬᠣᠲᠠ ᠪᠠᠯᠭᠠᠰᠤ ᠶ᠋ᠢᠨ ᠰᠢᠨ᠎ᠠ ᠪᠡᠷ ᠨᠡᠮᠡᠭᠳᠡᠭᠰᠡᠨ ᠠᠵᠢᠯ ᠤᠯᠤᠭᠰᠠᠨ ᠬᠦᠮᠦᠨ 103.8 ᠲᠦᠮᠡ ᠵᠢ ᠲᠠᠪᠠᠵᠤ᠂ ᠵᠢᠯ ᠪᠦᠷᠢ 20 ᠲᠦᠮᠡᠡ ᠬᠦᠮᠦᠨ ᠡᠴᠡ ᠳᠡᠭᠡᠭ᠌ᠰᠢ ᠪᠠᠢᠬᠤ ᠵᠢ ᠪᠠᠲᠤᠯᠠᠪᠠ; ᠵᠢᠯ ᠪᠦᠷᠢ ᠵᠢᠨ ᠬᠦᠯᠦᠰᠦᠨ ᠮᠠᠯᠴᠢᠨ ᠲᠠᠷᠢᠶᠠᠴᠢᠨ ᠢ᠋ ᠱᠢᠯᠵᠢᠭᠦᠯᠦᠨ ᠠᠵᠢᠯ ᠣᠯᠭᠣᠬᠤ ᠬᠡᠪᠴᠢᠶ᠎ᠡ ᠵᠢ 240 ᠲᠦᠮᠡᠨ ᠬᠦᠮᠦᠨ᠎ᠡᠴᠡ ᠳᠡᠭᠡᠭ᠌ᠰᠢ  ᠪᠠᠢᠯᠭᠠᠬᠤ ᠵᠢ ᠪᠠᠲᠤᠯᠠᠪᠠ; ᠬᠣᠲᠠ ᠪᠠᠯᠭᠠᠰᠤᠨ ᠤ᠋ 46.7 ᠲᠦᠮᠡᠨ ᠠᠵᠢᠯ ᠠᠯᠳᠠᠭ᠍ᠰᠠᠳ ᠲᠦ᠍ ᠳᠠᠬᠢᠨ ᠠᠵᠢᠯ ᠣᠯᠭᠣᠵᠤ᠂ ᠠᠵᠢᠯ ᠤᠯᠬᠤ ᠳ᠋ᠤ ᠬᠦᠴᠢᠷᠲᠡᠶ 31.8 ᠲᠦᠮᠡᠨ ᠬᠥᠮᠦᠨ ᠳ᠋ᠦ ᠠᠵᠢᠯ ᠤ᠋ᠨ ᠪᠠᠢᠷᠢ ᠬᠠᠡᠭᠭᠠᠨ᠂ ᠠᠵᠢᠯ ᠥᠬᠡᠶ ᠬᠦᠮᠦᠨ ᠲᠠᠢ ᠬᠡᠷ ᠪᠦᠯᠢ ᠦᠬᠡᠢ ᠪᠠᠢᠬᠤ ᠵᠢ ᠬᠥᠳᠡᠯᠦᠩᠭᠦᠶ ᠪᠡᠷ ᠢᠮᠠᠭ᠍ᠲᠠ ᠪᠠᠲᠤᠯᠠᠪᠠ᠃

ᠠᠷᠠᠳ ᠤ᠋ᠨ ᠠᠮᠢᠳᠤᠷᠠᠯ ᠠᠷᠠᠳ ᠤ᠋ᠨ ᠰᠡᠳᠭᠢᠯ ᠳ᠋ᠦ ᠬᠣᠯᠪᠣᠭ᠍ᠳᠠᠵᠤ᠂ ᠨᠡᠢᠭᠡᠮ ᠤ᠋ᠨ ᠪᠠᠲᠤᠯᠠᠭ᠎ᠠ ᠴᠢᠬᠤᠯᠠ ᠡᠴᠡ ᠴᠢᠬᠤᠯᠠ ᠶᠤᠮ᠃ ᠥᠪᠥᠷ ᠮᠣᠩᠭᠣᠯ ᠨᠡᠢᠭᠡᠮ ᠤ᠋ᠨ ᠳᠠᠭᠠᠳᠭᠠᠯ ᠤ᠋ᠨ ᠬᠠᠮᠤᠷᠬᠤ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠭᠡᠨ᠂ ᠬᠠᠷᠠᠭᠠᠯᠵᠠᠯ ᠤ᠋ᠨ ᠲᠦᠪᠱᠢᠨ ᠢ᠋ ᠲᠣᠭ᠍ᠲᠠᠭᠤᠨ ᠶ᠋ᠢᠡᠷ ᠳᠡᠭᠡᠭ᠌ᠰᠢᠯᠡᠭᠦᠯᠵᠤ᠂ ᠠᠷᠠᠳ ᠤ᠋ᠨ ᠠᠮᠢᠳᠤᠷᠠᠯ ᠤ᠋ᠨ ᠠᠮᠤᠷ ᠲᠦᠪᠱᠢᠨ ᠤ᠋ ᠲᠤᠤᠷ ᠢ᠋ ᠤᠯᠠᠮ ᠨᠢᠭ᠍ᠲᠠ ᠰᠦᠯᠵᠢᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠪᠥᠬᠥ᠌ ᠣᠷᠣᠨ ᠤ᠋ ᠦᠨᠳᠦᠰᠦᠨ ᠨᠠᠰᠤᠵᠢᠯ ᠤ᠋ᠨ ᠳᠠᠭᠠᠳᠭᠠᠯ᠂ ᠠᠵᠢᠯ ᠡᠴᠡ ᠪᠣᠯᠤᠭ᠍ᠰᠠᠨ ᠭᠡᠮᠲᠦᠯ ᠤ᠋ᠨ ᠳᠠᠭᠠᠳᠭᠠᠯ᠂ ᠠᠵᠢᠯ ᠠᠯᠳᠠᠭᠰᠠᠳ ᠤ᠋ᠨ ᠳᠠᠭᠠᠳᠭᠠᠯ ᠳ᠋ᠤ ᠣᠷᠣᠯᠴᠠᠭ᠍ᠰᠠᠨ ᠬᠥᠮᠦᠨ ᠤ᠋ ᠲᠣᠭ᠎ᠠ ᠲᠣᠰ ᠲᠣᠰ 204.9 ᠲᠦᠮᠡᠨ ᠬᠥᠮᠦᠨ᠂ 53.7 ᠲᠦᠮᠡᠨ ᠬᠥᠮᠦᠨ ᠪᠠ 65.2 ᠲᠦᠮᠡᠨ ᠬᠥᠮᠦᠨ ᠨᠡᠮᠡᠭ᠌ᠳᠡᠵᠦ᠍᠂ ᠦᠨᠳᠦᠰᠦᠨ ᠨᠠᠰᠤᠵᠢᠯ ᠤ᠋ᠨ ᠳᠠᠭᠠᠳᠭᠠᠯ ᠳ᠋ᠤ ᠣᠷᠣᠯᠴᠠᠭ᠍ᠰᠠᠨ ᠨᠣᠷᠮ᠎ᠠ ᠨᠢ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠰᠡᠭᠦᠯᠴᠢ ᠶ᠋ᠢᠨ ᠬᠤᠭᠤᠴᠠᠭᠠᠨ ᠤ᠋ 82% ᠪᠠᠢᠭ᠍ᠰᠠᠨ ᠡᠴᠡ ᠪᠠᠨ 95.1% ᠪᠣᠯᠲᠠᠯ᠎ᠠ ᠳᠡᠭᠡᠭ᠌ᠰᠢᠯᠡᠪᠡ᠃

ᠡᠷᠡᠭᠦᠯ ᠮᠡᠨᠳᠦ᠍ ᠵᠢ ᠪᠠᠲᠤᠯᠠᠵᠤ ᠡᠮᠴᠢᠯᠡᠭᠡᠨ ᠤ᠋ ᠡᠬᠢ ᠪᠠᠶᠠᠯᠢᠭ ᠢ᠋ ᠨᠡᠮᠡᠭᠳᠡᠬᠦᠯᠪᠡ

ᠤᠯᠠᠨ ᠲᠦᠮᠡᠨ ᠳ᠋ᠦ ᠤᠢᠷ᠎ᠡ ᠬᠠᠪᠢ ᠳ᠋ᠤᠨᠢ ᠱᠢᠯᠢᠳᠡᠭ ᠡᠮᠴᠢᠯᠡᠭᠡ ᠬᠦᠷᠲᠡᠭᠡᠬᠦ᠌ ᠪᠣᠯ ᠥᠪᠥᠷ ᠮᠣᠩᠭᠣᠯ ᠤ᠋ᠨ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠰ ᠤ᠋ᠨ ᠦᠷᠭᠦᠯᠵᠢᠯᠡᠨ ᠳᠡᠰ ᠳᠡᠪᠰᠢᠭᠰᠡᠨ ᠠᠮᠢᠳᠤᠯᠢᠭ ᠦᠢᠯᠡᠳᠦᠯᠭᠡ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤ᠋ᠨ ᠣᠯᠠᠨ ᠨᠡᠢᠲᠡ ᠶ᠋ᠢᠨ ᠡᠷᠡᠭᠦᠯ ᠬᠠᠮᠠᠭᠠᠯᠠᠯ ᠤ᠋ᠨ ᠦᠶ᠋ᠯᠡᠴᠢᠯᠡᠭᠡᠨ ᠤ᠋ ᠱᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠡᠬᠢ ᠪᠠᠶᠠᠯᠢᠭ ᠢᠯᠡᠳᠲᠡ ᠨᠡᠮᠡᠭ᠌ᠳᠡᠨ᠂ ᠠᠷᠠᠳ ᠲᠦᠮᠡᠨ ᠤ᠋ ᠡᠷᠡᠭᠦᠯ ᠮᠡᠨᠳᠦ᠍ ᠶ᠋ᠢᠨ ᠲᠦᠪᠱᠢᠨ ᠦᠷᠭᠦᠯᠵᠢᠯᠡᠨ ᠳᠡᠭᠡᠭ᠌ᠰᠢᠯᠡᠪᠡ᠃

ᠡᠮᠴᠢᠯᠡᠭᠡᠨ ᠤ᠋ ᠦᠶ᠋ᠯᠡᠴᠢᠯᠡᠭᠡᠨ ᠤ᠋ ᠴᠢᠳᠠᠪᠤᠷᠢ ᠵᠢ ᠳᠡᠭᠡᠭ᠌ᠰᠢᠯᠡᠭᠦᠯᠬᠦ᠌ ᠶ᠋ᠢᠨ ᠬᠠᠮᠲᠤ ᠠᠷᠠᠳ ᠲᠦᠮᠡᠨ ᠤ᠋ ᠡᠷᠡᠭᠦᠯ ᠮᠡᠨᠳᠦ᠍ ᠶ᠋ᠢᠨ ᠠᠵᠠ ᠵᠢᠷᠭᠠᠯ ᠢ᠋ ᠦᠷᠭᠦᠯᠵᠢᠯᠡᠨ ᠨᠡᠮᠡᠭ᠌ᠳᠡᠭᠦᠯᠪᠡ᠃ 5 ᠵᠢᠯ ᠤ᠋ᠨ ᠲᠤᠷᠰᠢ᠂ ᠥᠪᠥᠷ ᠮᠣᠩᠭᠣᠯ 1073 ᠡᠮ ᠤ᠋ᠨ ᠵᠦᠶ᠋ᠯ᠂ 67 ᠵᠦᠶ᠋ᠯ ᠤ᠋ᠨ ᠡᠮᠴᠢᠯᠡᠭᠡᠨ ᠳ᠋ᠦ ᠬᠡᠷᠡᠭ᠌ᠯᠡᠬᠦ᠌ ᠬᠣᠷᠣᠭ᠍ᠳᠠᠯ ᠮᠠᠲ᠋ᠧᠷᠢᠶᠠᠯ ᠢ᠋ ᠲᠥᠪᠯᠡᠷᠡᠭᠦᠯᠦᠨ ᠬᠤᠳᠠᠯᠳᠤᠨ ᠠᠪᠴᠤ᠌᠂ ᠡᠮ ᠡᠮᠨᠡᠯᠭᠡ ᠶ᠋ᠢᠨ ᠵᠠᠷᠤᠳᠠᠯ ᠢ᠋ ᠨᠡᠢᠲᠡ 209 ᠳ᠋ᠦᠩᠱᠢᠭᠤᠷ ᠲᠥᠭᠥᠷᠢᠭ ᠠᠷᠪᠢᠯᠠᠪᠠ; ᠬᠣᠲᠠ ᠬᠥᠳᠡᠭᠡ ᠶ᠋ᠢᠨ ᠰᠠᠭᠤᠭᠠᠯᠢ ᠠᠷᠠᠳ ᠤ᠋ᠨ ᠦᠨᠳᠦᠰᠦᠨ ᠡᠮ ᠡᠮᠨᠡᠯᠭᠡ ᠶ᠋ᠢᠨ ᠳᠠᠭᠠᠳᠭᠠᠯ ᠤ᠋ᠨ ᠡᠳ᠋ ᠤ᠋ᠨ ᠵᠠᠰᠠᠭ ᠤ᠋ᠨ ᠨᠥᠬᠥᠪᠥᠷᠢ ᠶ᠋ᠢᠨ ᠪᠠᠯᠠ ᠮᠥᠩᠭᠥ ᠵᠢ ᠳᠡᠭᠡᠭ᠌ᠰᠢᠯᠡᠭᠦᠯᠦᠭᠡᠳ 670 ᠲᠥᠭᠥᠷᠢᠭ ᠪᠣᠯᠭᠠᠵᠤ᠂ ᠡᠩ ᠤ᠋ᠨ ᠡᠭᠦᠳᠡᠨ ᠡᠮᠨᠡᠯᠭᠡ ᠶ᠋ᠢᠨ ᠲᠠᠩᠰᠠᠨ ᠡᠴᠡ ᠲᠠᠢᠯᠬᠤ ᠬᠠᠷᠢᠴᠠᠯ ᠢ᠋ 50% ᠡᠴᠡ ᠳᠡᠭᠡᠭᠰᠢ ᠪᠠᠢᠯᠭᠠᠨ᠂ ᠡᠮᠨᠡᠯᠭᠡ ᠳ᠋ᠦ ᠰᠠᠭᠤᠭ᠍ᠰᠠᠨ ᠵᠠᠷᠤᠳᠠᠯ ᠢ᠋ ᠨᠢᠭᠡᠳᠦᠯᠲᠡᠶ ᠲᠥᠯᠥᠪᠯᠡᠵᠦ᠍ ᠳᠠᠡᠭᠰᠠᠨ ᠡᠴᠡ ᠲᠠᠢᠯᠬᠤ ᠬᠠᠷᠢᠴᠠᠯ ᠢ᠋ ᠳᠡᠭᠡᠭ᠌ᠰᠢᠯᠡᠭᠦᠯᠦᠭᠡᠳ 70% ᠣᠷᠴᠢᠮ ᠪᠣᠯᠭᠠᠪᠠ ᠁ ᠦᠪᠤᠷ ᠮᠤᠩᠭᠤᠯ ᠣᠯᠠᠨ ᠳᠠᠪᠬᠤᠷ ᠪᠠᠲᠤᠯᠠᠭ᠎ᠠ ᠶ᠋ᠢᠨ ᠲᠤᠤᠷ ᠢ᠋ ᠨᠢᠭ᠍ᠲᠠ ᠰᠦᠯᠵᠢᠬᠦ ᠪᠡᠷ ᠳᠠᠮᠵᠢᠨ ᠣᠯᠠᠨ ᠲᠦᠮᠡᠨ ᠤ᠋ ᠤᠢᠷ᠎ᠠ ᠬᠠᠪᠢ ᠳ᠋ᠠᠭᠠᠨ ᠡᠪᠡᠳᠴᠢᠨ ᠦᠵᠡᠭᠦᠯᠬᠦ᠌ ᠢᠳᠡᠭᠡᠯ ᠢ᠋ ᠲᠡᠭᠦᠯᠳᠡᠷᠵᠢᠭᠦᠯᠵᠦ᠂ ᠡᠷᠡᠭᠡᠯᠵᠡᠯ ᠢ᠋ ᠨᠢ ᠪᠠᠭᠠᠰᠬᠠᠪᠠ᠃

ᠦᠢᠯᠡᠴᠢᠯᠡᠭᠡ ᠵᠢ ᠱᠢᠯᠢᠳᠡᠭ᠌ᠵᠢᠭᠦᠯᠵᠦ᠍ ᠠᠷᠠᠳ ᠤ᠋ᠨ ᠲᠥᠯᠥᠭᠡ ᠠᠵᠢᠯ ᠶᠠᠪᠤᠳᠠᠯ ᠬᠢᠬᠦ ᠵᠢ ᠡᠷᠡᠰ ᠪᠠᠷᠢᠮᠳᠠᠯᠠᠪᠠ

ᠥᠷᠯᠥᠭᠡ ᠡᠷᠲᠡ᠂ ᠤᠯᠠᠭᠠᠨᠴᠠᠪ ᠬᠣᠲᠠ ᠶ᠋ᠢᠨ ᠵᠢᠨᠢᠩ ᠲᠣᠭᠣᠷᠢᠭ ᠤ᠋ᠨ ᠢ ᠯᠢ ᠳ᠋ᠦᠩ ᠹᠠᠩ ᠴᠠᠩ ᠴᠢᠩ ᠰᠤᠷᠭᠠᠭᠤᠯᠢ ᠶ᠋ᠢᠨ ᠲᠣᠭᠣᠷᠢᠭ ᠤ᠋ᠨ ᠡᠭᠦᠳᠡ ᠠᠯᠭᠤᠷᠠᠨ ᠨᠡᠭᠡᠭᠡᠭ᠌ᠳᠡᠵᠦ᠍᠂ ᠯᠢ ᠵᠢᠶᠠᠩ ᠴᠤᠤ ᠪᠠᠭᠰᠢ ᠬᠠᠮᠲᠤ ᠠᠵᠢᠯᠯᠠᠭ᠍ᠰᠠᠳ ᠲᠠᠶ ᠪᠠᠨ ᠰᠤᠷᠤᠭᠴᠢᠳ ᠶ᠋ᠢᠡᠨ ᠨᠢᠭᠤᠷ ᠳᠦᠭᠦᠷᠡᠡᠭ ᠢᠨᠢᠶᠡᠮᠰᠦᠭᠯᠡᠯ ᠲᠠᠢ ᠤᠭᠳᠤᠨ᠎ᠠ᠃

5 ᠵᠢᠯ ᠤ᠋ᠨ ᠬᠤᠭᠤᠴᠠᠭᠠᠨ ᠳ᠋ᠦ᠂ ᠯᠢ ᠵᠢᠶᠠᠩ ᠴᠤᠤ ᠮᠠᠰᠢ ᠤᠯᠠᠨ ᠱᠢᠨ᠎ᠡ ᠬᠠᠮᠲᠤ ᠠᠵᠢᠯᠯᠠᠭ᠍ᠴᠢ ᠲᠠᠢ ᠪᠤᠯᠵᠠᠢ᠃ ᠣᠲᠣ ᠲᠤᠰ ᠰᠤᠷᠭᠠᠭᠤᠯᠢ ᠶ᠋ᠢᠨ ᠲᠣᠭᠣᠷᠢᠭ ᠤ᠋ᠨ ᠪᠠᠭ᠍ᠰᠢ ᠨᠠᠷ ᠤ᠋ᠨ ᠳᠤᠲᠤᠷ᠎ᠠ ᠶᠡᠬᠡ ᠰᠤᠷᠭᠠᠭᠤᠯᠢ ᠵᠢᠨ ᠵᠢᠩᠬᠢᠨᠢ ᠠᠩᠭᠢ ᠵᠢᠴᠢ ᠲᠡᠭᠦᠨ ᠡᠴᠡ ᠳᠡᠭᠡᠭ᠌ᠰᠢᠬᠢ ᠰᠤᠷᠤᠯᠭ᠎ᠠ ᠶ᠋ᠢᠨ ᠨᠠᠮᠲᠠᠷ ᠲᠠᠶ ᠬᠦᠮᠦᠨ 100 ᠰᠢᠬᠠᠮ ᠪᠠᠢᠵᠤ᠂ ᠰᠤᠷᠭᠠᠭᠤᠯᠢ ᠶ᠋ᠢᠨ ᠬᠢᠴᠢᠶᠡᠯ ᠤ᠋ᠨ ᠠᠭᠤᠯᠭ᠎ᠠ ᠨᠢ ᠴᠦ᠍ ᠨᠠᠩ ᠪᠠᠶᠠᠯᠢᠭ ᠪᠣᠯᠵᠠᠶ᠃

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠢᠯᠡ ᠪᠡᠷ ᠠᠵᠢᠯᠲᠠᠨ ᠡᠯᠰᠡᠬᠦ᠌᠂ ᠴᠢᠳᠠᠪᠤᠷᠢᠲᠠᠨ ᠢ᠋ ᠣᠷᠣᠭᠤᠯᠤᠨ ᠠᠪᠴᠢᠷᠠᠬᠤ᠂ ᠣᠨᠴᠠᠭᠠᠶ ᠠᠵᠢᠯ ᠤ᠋ᠨ ᠪᠠᠢᠷᠢ ᠶ᠋ᠢᠨ ᠲᠥᠯᠥᠪᠯᠡᠭᠡ  ᠵᠡᠷᠭᠡ ᠣᠯᠠᠨ ᠵᠦᠶ᠋ᠯ ᠤ᠋ᠨ ᠠᠷᠭ᠎ᠠ ᠵᠠᠮ ᠶ᠋ᠢᠡᠷ 4.8 ᠲᠦᠮᠡ ᠭᠠᠷᠤᠶ ᠱᠢᠨ᠎ᠡ ᠬᠦᠴᠦᠨ ᠢ᠋ ᠨᠥᠬᠥᠪᠥᠷᠢᠯᠡᠵᠦ᠍᠂ ᠰᠠᠭᠤᠷᠢ ᠰᠤᠷᠭᠠᠨ ᠬᠥᠮᠦᠵᠢᠯ ᠳ᠋ᠦ ᠬᠦᠴᠦᠲᠡᠶ ᠪᠠᠲᠤᠯᠠᠭ᠎ᠠ ᠬᠠᠩᠭᠠᠪᠠ᠃ 《ᠤᠯᠤᠰ ᠤ᠋ᠨ ᠲᠠᠰ ᠤ᠋ᠨ ᠪᠣᠯᠪᠠᠰᠤᠷᠠᠯ ᠤ᠋ᠨ ᠲᠥᠯᠥᠪᠯᠡᠭᠡ》᠂ 《ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠶ᠋ᠢᠨ ᠪᠠᠭ᠍ᠰᠢ ᠶ᠋ᠢᠨ ᠬᠡᠪ ᠪᠤᠯᠪᠠᠰᠤᠷᠠᠯ ᠢ᠋ ᠳᠡᠭᠡᠭ᠌ᠰᠢᠯᠡᠭᠦᠯᠬᠦ᠌ ᠲᠥᠯᠥᠪᠯᠡᠭᠡ》 ᠵᠢ ᠬᠡᠷᠡᠭ᠌ᠵᠢᠭᠦᠯᠵᠦ᠂ ᠪᠠᠭ᠍ᠰᠢ ᠨᠠᠷ ᠲᠦ᠍ 11.4 ᠲᠦᠮᠡ ᠭᠠᠷᠤᠶ ᠬᠥᠮᠦᠨ ᠤᠳᠠᠭ᠎ᠠ ᠪᠤᠯᠪᠠᠰᠤᠷᠠᠯ ᠬᠦᠷᠲᠡᠭᠡᠪᠡ᠃

ᠡᠪᠦᠯ ᠤ᠋ᠨ ᠡᠬᠢᠨ ᠦᠶ᠎ᠡ ᠪᠡᠷ᠂ ᠤᠷᠳᠤᠰ ᠬᠤᠳᠠ ᠶ᠋ᠢᠨ ᠦᠦᠱᠢᠨ ᠬᠣᠱᠢᠭᠤᠨ ᠤ᠋ ᠦᠦᠱᠢᠨᠵᠤᠤ ᠪᠠᠯᠭᠠᠰᠤ ᠶ᠋ᠢᠨ ᠬᠤᠯᠪᠤᠭᠠᠯᠵᠢ ᠲᠣᠰᠭᠣᠨ ᠤ᠋ 《ᠵᠣᠯ ᠵᠢᠷᠭᠠᠯᠲᠤ ᠵᠢᠵᠢᠭ ᠬᠦᠷᠢᠶᠡᠯᠡᠡᠭ》 ᠡᠴᠡ ᠨᠠᠰᠤᠲᠠᠳ ᠤ᠋ᠨ ᠬᠦᠭᠡᠷᠦᠯᠳᠦᠨ ᠢᠨᠢᠶᠡᠯᠳᠦᠬᠦ ᠳᠠᠭᠤᠨ ᠲᠠᠰᠤᠷᠠᠯᠲᠠ ᠦᠭᠡᠢ ᠰᠤᠨᠤᠰᠳᠠᠨ᠎ᠠ᠃

ᠣᠢᠷ᠎ᠠ ᠶ᠋ᠢᠨ ᠵᠢᠯ ᠳ᠋ᠦ ᠥᠪᠥᠷ ᠮᠣᠩᠭᠣᠯ ᠦᠳᠡᠭᠦᠰ ᠨᠢᠯᠬᠠᠰ ᠤ᠋ᠨ ᠵᠣᠯ ᠵᠢᠷᠭᠠᠯᠲᠤ ᠦᠶ᠋ᠯᠡᠰ ᠢ᠋ ᠦᠨᠡᠨ ᠬᠦ᠌ ᠪᠤᠳᠠᠳᠠᠢᠵᠢᠭᠤᠯᠪᠠ᠃ ᠪᠦᠬᠦ᠌ ᠣᠷᠣᠨ ᠳ᠋ᠤ ᠡᠯ᠎ᠡ ᠲᠥᠷᠥᠯ ᠤ᠋ᠨ ᠨᠠᠰᠤᠵᠢᠯ ᠤ᠋ᠨ ᠦᠶ᠋ᠯᠡᠴᠢᠯᠡᠭᠡᠨ ᠤ᠋ ᠪᠠᠢᠭᠤᠯᠤᠮᠵᠢ ᠵᠢ 619 ᠪᠠᠢᠭᠤᠯᠤᠨ᠂ ᠭᠡᠷ ᠲᠡᠬᠡᠨ ᠰᠠᠭᠤᠵᠤ ᠪᠠᠢᠭ᠎ᠠ ᠨᠠᠰᠤᠲᠠᠢᠴᠤᠳ ᠢ᠋ ᠠᠰᠠᠷᠠᠬᠤ ᠨᠡᠢᠭᠡᠮ ᠲᠤᠭᠤᠷᠢᠭ ᠤ᠋ᠨ ᠦᠶ᠋ᠯᠡᠴᠢᠯᠡᠭᠡᠨ ᠤ᠋ ᠪᠠᠢᠭᠤᠯᠤᠮᠵᠢ (ᠲᠦᠬᠦᠭᠡᠷᠦᠮᠵᠢ) ᠵᠢ 1685 ᠪᠠᠢᠭᠤᠯᠵᠤ᠂ ᠣᠯᠠᠨ ᠵᠦᠶ᠋ᠯ ᠤ᠋ᠨ ᠬᠡᠯᠪᠡᠷᠢ ᠶ᠋ᠢᠨ ᠨᠠᠰᠤᠲᠠᠢᠴᠤᠳ ᠤ᠋ᠨ ᠬᠣᠭᠣᠯᠠᠨ ᠭᠡᠷ ᠪᠠ ᠨᠠᠰᠤᠲᠠᠢᠴᠤᠳ ᠤ᠋ᠨ ᠡᠷᠡᠭᠦᠯ ᠮᠡᠨᠳᠦ᠍ ᠶ᠋ᠢᠨ ᠲᠦᠬᠦᠭᠡᠷᠦᠮᠵᠢ ᠵᠢ ᠲᠦᠷᠭᠡᠳᠭᠡᠨ ᠲᠦᠭᠡᠮᠡᠯᠵᠢᠭᠦᠯᠵᠦ ᠪᠤᠢ; ᠥᠨᠥᠴᠢᠨ ᠬᠡᠦᠬᠡᠳ ᠢ᠋ ᠠᠰᠠᠷᠠᠨ ᠲᠡᠵᠢᠭᠡᠬᠦ᠌ ᠠᠮᠢᠳᠤᠷᠠᠯ ᠤ᠋ᠨ ᠪᠠᠲᠤᠯᠠᠭ᠎ᠠ ᠶ᠋ᠢᠨ ᠪᠠᠷᠢᠮᠵᠢᠶ᠎ᠠ ᠵᠢ ᠵᠢᠯ ᠳᠠᠷᠠᠭᠠᠯᠠᠨ ᠳᠡᠭᠡᠭ᠌ᠰᠢᠯᠡᠬᠦᠯᠵᠤ᠂ ᠮᠠᠯᠵᠢᠬᠤ ᠲᠠᠷᠢᠶᠠᠯᠠᠬᠤ ᠣᠷᠣᠨ ᠤ᠋ ᠬᠡᠷ ᠲᠡᠬᠡᠨ ᠬᠣᠴᠣᠷᠤᠭ᠍ᠰᠠᠨ ᠬᠡᠦᠬᠡᠳ ᠪᠠ ᠬᠦᠴᠢᠷᠳᠡᠯ ᠳ᠋ᠦ ᠲᠤᠯᠭᠠᠷᠠᠭ᠍ᠰᠠᠨ ᠬᠡᠦᠬᠡᠳ ᠢ᠋ ᠬᠠᠯᠠᠮᠵᠢᠯᠠᠨ ᠬᠠᠮᠠᠭᠠᠯᠠᠬᠤ ᠱᠢᠰᠲ᠋ᠧᠮ᠂ ᠣᠨᠴᠠ ᠬᠦᠴᠢᠷᠳᠡᠯᠲᠡᠶ ᠬᠥᠮᠦᠰ ᠢ᠋ ᠠᠰᠠᠷᠠᠨ ᠲᠡᠵᠢᠭᠡᠬᠦ᠌ ᠲᠦᠷᠢᠮ ᠢ᠋ ᠲᠠᠰᠤᠷᠠᠯᠲᠠ ᠥᠬᠡᠶ ᠲᠡᠭᠦᠯᠳᠡᠷᠵᠢᠬᠦᠯᠪᠡ᠃

ᠥᠪᠥᠷ ᠮᠣᠩᠭᠣᠯ ᠠᠷᠠᠳ ᠲᠦᠮᠡᠨ ᠶ᠋ᠢᠡᠷ ᠭᠣᠣᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ ᠵᠢ ᠪᠠᠷᠢᠮᠲᠠᠯᠠᠨ ᠶᠠᠭ ᠴᠢᠨᠠᠷ ᠰᠠᠢᠲᠠᠢ ᠬᠥᠭ᠌ᠵᠢᠯᠲᠡ ᠶ᠋ᠢᠨ ᠵᠠᠮ ᠶ᠋ᠢᠡᠷ ᠲᠣᠭ᠍ᠲᠠᠭᠤᠨ ᠤᠷᠤᠭ᠍ᠰᠢᠯᠠᠵᠤ᠂ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠠᠷᠠᠳ ᠲᠦᠮᠡᠨ ᠳ᠋ᠦ ᠨᠡᠩ ᠤᠯᠠᠨ ᠨᠡᠩ ᠡᠷᠬᠡ ᠲᠡᠭ᠌ᠰᠢ ᠡᠳ᠋ᠯᠡᠭᠦᠯᠵᠦ ᠂ ᠵᠤᠯ ᠵᠢᠷᠭᠠᠯᠲᠤ ᠠᠷᠠᠳ ᠤ᠋ᠨ ᠠᠮᠢᠳᠤᠷᠠᠯ ᠤ᠋ᠨ ᠬᠠᠷᠢᠭᠤᠯᠲᠠ ᠶ᠋ᠢᠨ ᠬᠠᠭᠤᠳᠠᠰᠤ ᠵᠢ ᠪᠢᠴᠢᠭ᠌ᠯᠡᠭᠰᠡᠬᠡᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号