— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠴᠢᠩᠭ᠎ᠠ ᠲᠤᠰᠭᠠᠯ ᠭᠠᠷᠪᠠ
11 ᠰᠠᠷ᠎ᠠ᠎ᠶ᠋ᠢᠨ 13 ᠡᠴᠠ 14᠎ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥᠳᠡ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ᠎ᠶ᠋ᠢ ᠳᠤᠷᠠᠳᠪᠠ᠃
ᠠᠮᠵᠢᠯᠲᠠ ᠪᠦᠲᠦᠮᠵᠢ ᠬᠥᠮᠦᠰ᠎ᠢ ᠤᠷᠮᠠᠰᠢᠭᠤᠯᠵᠤ᠂ ᠵᠢᠷᠤᠭ ᠲᠥᠯᠥᠪᠯᠡᠭᠡ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠬᠤᠷᠠᠯ᠎ᠳᠤ ᠣᠷᠣᠯᠴᠠᠭ᠍ᠰᠠᠨ ᠨᠥᠬᠥᠳ᠂ ᠲᠡᠮᠡᠴᠡᠯ᠎ᠤᠨ ᠵᠣᠷᠢᠭ᠎ᠢᠶᠠᠨ ᠬᠥᠪᠴᠢᠯᠡᠵᠦ᠍᠂ ᠵᠠᠪᠠᠯ ᠢᠯᠠᠬᠤ ᠢᠲᠡᠭᠡᠯ᠎ᠢᠶᠡᠨ ᠪᠠᠲᠤᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠠᠲᠤ ᠡᠵᠡᠮᠳᠡᠵᠦ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠤᠨ ᠲᠠᠰᠤᠷᠠᠯᠲᠠ ᠦᠭᠡᠢ ᠨᠡᠩ ᠶᠡᠬᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《ᠬᠣᠶᠠᠷ ᠱᠢᠨ᠎ᠡ》 ᠠᠵᠢᠯ᠎ᠤᠨ ᠵᠦᠪᠯᠡᠯ᠎ᠤᠨ ᠱᠦᠵᠢ ᠦ᠋ ᡁᠢ ᠴᠢᠶᠠᠩ᠂ ᠪᠥᠬᠥᠳᠡ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠪᠥᠬᠥ᠌ ᠲᠠᠯ᠎ᠠ᠎ᠪᠠᠷ ᠳ᠋ᠦᠩᠨᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠤᠷᠢᠳᠠᠴᠢ ᠴᠢᠨᠠᠷᠲᠠᠶ ᠶᠡᠷᠦᠩᠬᠡᠶ ᠰᠡᠳᠭᠢᠴᠡ᠂ ᠴᠢᠬᠤᠯᠠ ᠶᠡᠬᠡ ᠵᠠᠷᠴᠢᠮ᠂ ᠭᠤᠤᠯ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠵᠢᠷᠤᠭ᠍ᠯᠠᠵᠤ᠂ ᠠᠯᠤᠰ ᠬᠡᠲᠦ᠍᠎ᠶ᠋ᠢᠨ ᠠᠴᠢ ᠬᠣᠯᠪᠣᠭ᠍ᠳᠠᠯ᠎ᠲᠠᠶ ᠪᠠᠢᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠪᠠ᠃ ᠪᠦᠬᠦ᠌ ᠣᠷᠣᠨ᠎ᠤ ᠨᠡᠢᠭᠡᠮ᠎ᠦᠨ ᠠᠵᠢᠯ᠎ᠤᠨ ᠱᠢᠰᠲ᠋ᠧᠮ ᠤ᠋ᠨ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠨᠡᠢᠭᠡᠮ᠎ᠦᠨ ᠵᠠᠰᠠᠯᠲᠠ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠳᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠵᠤ᠂ 《ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠦᠨ ᠵᠠᠰᠠᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠤ᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ》 ᠬᠠᠷᠠᠯᠲᠠ ᠳ᠋ᠤ ᠠᠨᠭᠬᠠᠷᠤᠯ ᠵᠢᠡᠨ ᠲᠦᠪᠯᠡᠷᠡᠬᠦᠯᠵᠤ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠡᠯ᠎ᠡ ᠵᠦᠢᠯ᠎ᠦᠨ ᠠᠵᠢᠯ᠎ᠤᠨ ᠡᠭᠦᠷᠭᠡ᠎ᠶ᠋ᠢᠨ ᠲᠣᠭᠣᠷᠢᠨ᠎ᠳᠤ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠬᠤ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠳ᠋ᠡᠬᠢ ᠨᠠᠮ᠎ᠤᠨ ᠪᠠᠢᠭᠤᠯᠤᠯᠲᠠ᠎ᠶ᠋ᠢ ᠲᠣᠪᠣᠢᠮ᠎ᠠ ᠰᠠᠢᠲᠤᠷ ᠠᠳᠭᠤᠬᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶ᠋ᠢᠨ ᠪᠠᠢᠭᠤᠯᠤᠯᠲᠠ᠎ᠶ᠋ᠢ ᠬᠥᠳᠤᠯᠤᠨ ᠳᠠᠭᠠᠭᠤᠯᠬᠤ᠎ᠶ᠋ᠢ ᠰᠠᠢᠲᠤᠷ ᠠᠳᠭᠤᠬᠤ᠂ ᠣᠯᠠᠨ ᠲᠦᠮᠡᠨ᠎ᠢ ᠨᠢᠭ᠍ᠲᠠᠷᠠᠭᠤᠯᠬᠤ ᠤᠯᠠᠨ ᠲᠦᠮᠡᠨ᠎ᠳᠦ ᠦᠶ᠋ᠯᠡᠴᠢᠯᠡᠬᠦ᠌ ᠠᠵᠢᠯ᠎ᠢ ᠰᠠᠢᠲᠤᠷ ᠠᠳᠭᠤᠬᠤ ᠳᠡᠭᠡᠷ᠎ᠡ ᠬᠦᠴᠦ᠍᠎ᠪᠡᠨ ᠲᠥᠪᠯᠡᠷᠡᠭᠦᠯᠦᠨ ᠬᠦᠴᠦ ᠤᠷᠤᠭᠤᠯᠵᠤ᠂ ᠬᠦᠷᠢᠶ᠎ᠡ ᠨᠢᠭᠡᠪᠤᠷᠢ ᠵᠢ ᠪᠠᠷᠢᠮᠵᠢᠶᠠᠯᠡᠨ ᠬᠠᠷᠭᠤᠭᠤᠯᠵᠤ᠂ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠤ᠂ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠠᠳᠭᠤᠵᠤ᠂ ᠡᠷᠡᠮᠡᠭᠡᠢᠯᠡᠨ ᠤᠷᠤᠭ᠍ᠰᠢᠯᠠᠬᠤ ᠬᠦᠴᠦᠨ᠎ᠢ ᠨᠢᠭ᠍ᠲᠠᠷᠠᠭᠤᠯᠵᠤ᠂ ᠰᠤᠷᠤᠯᠴᠠᠯᠭ᠎ᠠ᠎ᠶ᠋ᠢ ᠶᠡᠬᠡᠪᠡᠷ ᠡᠷᠬᠢᠮᠯᠡᠨ᠂ ᠭᠦᠨᠵᠡᠭᠡᠶ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠶ ᠬᠢᠵᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠢᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠤ ᠪᠦᠬᠦ᠌ ᠣᠷᠣᠨ᠎ᠤ ᠨᠡᠢᠭᠡᠮ᠎ᠦᠨ ᠠᠵᠢᠯ᠎ᠤᠨ ᠰᠠᠢᠨ ᠰᠠᠢᠬᠠᠨ ᠵᠢᠷᠤᠭ ᠲᠥᠰᠦᠪ᠎ᠢ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠤᠨ᠎ᠠ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠤᠤ ᠵᠠᠨ ᠱᠧᠩ᠂ ᠪᠥᠬᠥ᠌ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠱᠢᠰᠲ᠋ᠧᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠠᠬᠢᠭᠤᠯᠤᠨ᠎ᠠ᠃ ᠦᠨᠳᠦᠰᠦᠲᠡᠨ᠎ᠦ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠦᠨᠳᠦᠰᠦᠲᠡᠨ᠎ᠦ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠳᠤᠯᠠᠨ᠎ᠠ; ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠠᠶᠠᠵᠢᠬᠤ᠎ᠶ᠋ᠢ ᠠᠬᠢᠭᠤᠯᠵᠤ᠂ ᠬᠢᠯᠢ ᠬᠢᠵᠠᠭᠠᠷ ᠣᠷᠣᠨ᠎ᠤ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢ ᠠᠬᠢᠭᠤᠯᠤᠨ᠎ᠠ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠰᠤᠳᠤᠯᠭᠠᠨ᠎ᠤ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠲᠡᠦᠬᠡᠨ ᠮᠠᠲ᠋ᠧᠷᠢᠶᠠᠯ᠂ ᠦᠭᠡ ᠶᠠᠷᠢᠶ᠎ᠠ ᠪᠠ ᠤᠨᠤᠯ᠎ᠤᠨ ᠱᠢᠰᠲ᠋ᠧᠮ᠎ᠦᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ; ᠤᠯᠠᠨ ᠶᠠᠩᠵᠤ᠎ᠶ᠋ᠢᠨ ᠳᠤᠮᠳᠠᠳᠤ᠎ᠶ᠋ᠢᠨ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠤᠨ ᠪᠠᠳᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠤᠨ᠎ᠠ; ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠢᠷᠡᠭᠦᠯᠵᠦ᠍᠂ 《ᠤᠮᠠᠷᠠᠲᠤ ᠬᠢᠯᠢ᠎ᠳᠦ ᠠᠭᠤᠰᠤᠯᠴᠠᠭᠤᠯᠬᠤ》 ᠲᠥᠷᠥᠯ ᠲᠡᠮᠳᠡᠭ᠌ ᠤ᠋ᠨ ᠪᠠᠢᠭᠤᠯᠤᠯᠲᠠ᠎ᠶ᠋ᠢ ᠠᠬᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠭᠥᠷᠳᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠢᠳᠡᠪᠬᠢᠲᠡᠶ ᠡᠭᠦᠳᠴᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠭᠦᠨᠵᠡᠭᠡᠢᠷᠡᠭᠦᠯᠦᠨ᠎ᠡ; ᠭᠣᠣᠯ ᠱᠢᠵᠢᠮ᠎ᠢ ᠲᠤᠭᠤᠱᠢᠯᠠᠭᠤᠯᠬᠤ ᠬᠠᠤᠯᠢ ᠪᠡᠷ ᠵᠠᠰᠠᠬᠤ ᠪᠠᠲᠤᠯᠠᠭ᠎ᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ ᠪᠣᠯᠤᠨ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠳ᠋ᠦ ᠭᠣᠣᠯ ᠱᠢᠵᠢᠮ᠎ᠢ ᠲᠤᠭᠤᠱᠢᠯᠠᠭᠤᠯᠬᠤ ᠵᠢ ᠨᠡᠩ ᠭᠦᠨᠵᠡᠭᠡᠢ ᠪᠣᠳᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠺᠠᠩ ᠰᠢᠤᠸᠠᠢ ᠳ᠋ᠦᠩ᠄ 《ᠬᠤᠷᠠᠯ᠎ᠡᠴᠡ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠲᠤᠬᠠᠢ ᠪᠠᠢᠷᠢᠯᠠᠭᠤᠯᠤᠯᠲᠠ ᠬᠢᠵᠦ᠂ ᠪᠢᠳᠡᠨ᠎ᠳᠦ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠠᠷᠠᠳ᠎ᠤᠨ ᠶᠠᠪᠤᠳᠠᠯ᠎ᠤᠨ ᠦᠢᠯᠡᠰ᠎ᠦᠨ ᠬᠥᠭᠵᠢᠯᠲᠡ᠎ᠶᠢᠨ ᠬᠠᠷᠠᠯᠲᠠ᠂ ᠭᠣᠣᠯ ᠰᠢᠪᠲᠤᠯᠬᠤ ᠴᠢᠭᠯᠡᠯ᠂ ᠬᠦᠴᠦᠯᠡᠬᠦ ᠭᠤᠤᠯᠳᠠᠯᠭ᠎ᠠ ᠵᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠬᠤ ᠳ᠋ᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠵᠢᠯ᠎ᠦᠨ ᠡᠬᠢᠨ᠎ᠳᠦ ᠪᠢᠲᠠ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠠᠷᠠᠳ᠎ᠤᠨ ᠶᠠᠪᠤᠳᠠᠯ᠎ᠤᠨ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠡᠬᠢᠯᠡᠭᠦᠯᠵᠦ᠂ ᠳᠡᠭᠡᠳᠦ ᠱᠠᠲᠤ᠎ᠶᠢ ᠵᠣᠯᠭᠠᠯᠳᠤᠭᠤᠯᠬᠤ᠂ ᠳᠣᠣᠷᠠᠳᠤ ᠱᠠᠲᠤ᠎ᠶᠢ ᠨᠡᠪᠲᠡᠷᠡᠭᠦᠯᠬᠦ᠂ ᠡᠭᠦᠳᠡ᠎ᠪᠡᠨ ᠨᠡᠭᠡᠭᠡᠵᠦ ᠰᠠᠨᠠᠯ ᠵᠥᠪᠯᠡᠯᠭᠡ ᠬᠤᠷᠢᠶᠠᠬᠤ ᠠᠵᠢᠯ᠎ᠢ ᠴᠢᠩᠭᠠᠣᠠᠬᠠᠵᠤ᠂ ᠬᠦᠲᠣᠯᠣᠠ ᠳᠠᠭᠠᠭᠤᠯᠬᠤ ᠦᠢᠯᠡᠳᠦᠯ ᠪᠦᠬᠦᠢ ᠨᠢᠭᠡ ᠪᠦᠯᠦᠭ ᠭᠣᠣᠯᠳᠠᠯᠭ᠎ᠠ᠎ᠲᠠᠢ ᠡᠭᠦᠷᠭᠡ ᠪᠠ ᠢᠨᠵᠧᠨᠧᠷᠢᠩ᠎ᠢ ᠤᠬᠠᠭᠠᠯᠠᠨ ᠲᠥᠯᠥᠪᠯᠡᠵᠡᠢ᠃ ᠵᠠᠯᠭᠠᠭᠠᠳ ᠪᠢᠳᠠ ᠬᠤᠷᠠᠯ᠎ᠤᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠠᠷᠠᠳ᠎ᠤᠨ ᠶᠠᠪᠤᠳᠠᠯ᠎ᠤᠨ ᠦᠢᠯᠡᠰ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠪᠠᠷᠢᠮᠵᠢᠶᠠᠯᠠᠨ ᠬᠠᠷᠭᠤᠭᠤᠯᠵᠤ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ 〈ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ᠎ᠢᠶᠠᠨ ᠬᠠᠢᠷᠠᠯᠠᠬᠤ〉 ᠣᠢᠯᠠᠭᠠᠭᠳᠠᠬᠤᠨ᠎ᠢ ᠪᠠᠷᠢᠮᠲᠠᠯᠠᠵᠤ᠂ 〈ᠴᠢᠳᠠᠯ᠎ᠢᠶᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ〉᠂ 〈ᠭᠠᠵᠠᠷ ᠤᠷᠤᠨ᠎ᠤ ᠪᠠᠢᠳᠠᠯ ᠳ᠋ᠤᠨᠢ ᠲᠤᠬᠢᠷᠠᠭᠤᠯᠬᠤ᠂ ᠦᠨᠡᠨ ᠡᠴᠡ ᠵᠦᠪ᠎ᠢ ᠡᠷᠢᠬᠦ〉᠂ 〈ᠬᠣᠶᠠᠷ ᠲᠠᠯ᠎ᠠ᠎ᠶᠢ ᠠᠳᠬᠤᠬᠤ᠂ ᠳᠤᠮᠳᠠᠬᠢ᠎ᠶᠢ ᠳᠠᠭᠠᠭᠤᠯᠬᠤ〉 ᠵᠡᠷᠭᠡ ᠰᠡᠳᠬᠢᠴᠡ ᠵᠢ ᠲᠥᠯᠦᠪᠵᠢᠭᠦᠯᠭᠡ ᠨᠠᠢᠷᠠᠭᠤᠯᠤᠨ ᠵᠣᠬᠢᠶᠠᠬᠤ ᠠᠵᠢᠯ᠎ᠳᠤ ᠢᠮᠠᠭᠲᠠ ᠲᠤᠭᠤᠰᠢᠯᠠᠭᠤᠯᠵᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ ᠵᠢ ᠦᠨᠡᠨ ᠬᠦ᠌ ᠴᠢᠩᠭᠠᠳᠬᠠᠵᠤ᠂ ᠥᠭᠡᠷᠡᠴᠢᠯᠡᠯᠲᠡ᠎ᠶᠢᠨ ᠠᠷᠭ᠎ᠠ᠎ᠪᠠᠷ ᠨᠠᠰᠤᠲᠠᠢᠴᠤᠳ᠎ᠲᠤ ᠦᠢᠯᠡᠴᠢᠯᠡᠬᠦ᠎ᠶᠢ ᠨᠠᠩ ᠴᠢᠨᠠᠷ ᠰᠠᠢᠲᠠᠢ ᠲᠡᠩᠴᠡᠭᠦᠷᠢᠲᠡᠢ ᠪᠣᠯᠭᠠᠬᠤ᠎ᠶᠢ ᠠᠬᠢᠭᠤᠯᠵᠤ᠂ ᠨᠡᠢᠭᠡᠮ᠎ᠦᠨ ᠠᠪᠤᠷᠠᠨ ᠲᠤᠰᠠᠯᠠᠯᠲᠠ ᠵᠢ ᠨᠠᠩ ᠣᠨᠣᠴᠠᠲᠠᠶ ᠪᠥᠭᠡᠳ ᠬᠦᠴᠦᠲᠡᠢ ᠪᠣᠯᠭᠠᠵᠤ᠂ ᠨᠡᠢᠭᠡᠮ᠎ᠦᠨ ᠠᠰᠠᠷᠠᠮᠵᠢ᠎ᠶᠢᠨ ᠲᠦᠭᠡᠮᠡᠯ ᠬᠠᠷᠠᠭᠠᠯᠵᠠᠯ᠎ᠢ ᠨᠠᠩ ᠢᠯᠡᠭᠦᠦ ᠲᠦᠭᠡᠮᠡᠯᠵᠢᠭᠦᠯᠵᠦ᠂ ᠨᠡᠢᠭᠡᠮ᠎ᠦᠨ ᠬᠡᠷᠡᠭ ᠶᠠᠪᠤᠳᠠᠯ᠎ᠢ ᠨᠡᠩ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠢ ᠪᠣᠯᠭᠠᠵᠤ᠂ ᠨᠡᠢᠭᠡᠮ᠎ᠦᠨ ᠵᠠᠰᠠᠯᠲᠠ᠎ᠶᠢ ᠨᠠᠩ ᠡᠶ᠎ᠡ ᠵᠣᠬᠢᠴᠠᠩᠭᠤᠢ ᠡᠮᠬᠢ ᠵᠢᠷᠤᠮ᠎ᠲᠠᠢ ᠪᠣᠯᠭᠠᠵᠤ᠂ ᠠᠷᠠᠳ᠎ᠤᠨ ᠶᠠᠪᠤᠳᠠᠯ᠎ᠤᠨ ᠣᠯᠠᠨ ᠨᠡᠶ᠋ᠢᠲᠡ᠎ᠶᠢᠨ ᠦᠢᠯᠡᠴᠢᠯᠡᠭᠡᠨᠢ ᠠᠳᠠᠯᠢ ᠲᠡᠭᠰᠢ ᠪᠣᠯᠭᠠᠬᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ᠎ᠦ ᠪᠠᠴᠢᠮᠳᠠᠵᠤ ᠳᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠦᠨᠡᠨ ᠪᠤᠲᠠᠲᠠᠢ ᠪᠡᠷ ᠰᠢᠢᠳᠪᠦᠷᠢᠯᠡᠵᠦ᠂ ᠴᠢᠨᠠᠷ ᠰᠠᠢᠲᠠᠢ ᠬᠥᠭᠵᠢᠯᠲᠡ᠎ᠶᠢᠨ ᠳᠤᠮᠳᠠ ᠠᠷᠠᠳ ᠣᠯᠠᠨ᠎ᠳᠤ ᠴᠢᠨᠠᠷ ᠰᠠᠢᠲᠠᠢ ᠠᠮᠢᠳᠤᠷᠠᠯ᠎ᠢ ᠡᠭᠦᠳᠴᠦ ᠥᠭᠭᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠣᠣ ᠳᠠ ᠶᠦᠩ᠂ ᠪᠥᠬᠥ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠰᠢᠰᠲᠧᠮ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠡᠷᠡᠮᠡᠬᠡᠢᠯᠡᠨ ᠤᠷᠤᠭᠰᠢᠯᠠᠵᠤ᠂ ᠪᠠᠢᠭᠠᠯᠢ᠎ᠶᠢᠨ ᠡᠬᠢ ᠪᠠᠶᠠᠯᠢᠭ᠋᠎ᠢ ᠥᠨᠳᠥᠷ ᠲᠦᠪᠰᠢᠨ᠎ᠢᠶᠡᠷ ᠬᠠᠮᠠᠭᠠᠯᠠᠬᠤ᠂ ᠥᠨᠳᠥᠷ ᠪᠦᠲᠦᠮᠵᠢᠲᠡᠶ ᠰᠡᠷᠭᠦᠭᠡᠬᠦ᠂ ᠥᠨᠳᠥᠷ ᠪᠦᠲᠦᠮᠵᠢᠲᠡᠶ ᠠᠰᠢᠭ᠍ᠯᠠᠬᠤ᠎ᠪᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ᠃ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠬᠥᠭᠵᠢᠯᠲᠡ᠎ᠶᠢᠨ ᠪᠠᠢᠷᠢᠰᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ᠎ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠂ ᠬᠤᠳᠠ ᠪᠠᠯᠭᠠᠰᠤᠨ᠎ᠤ ᠨᠡᠭᠡᠭᠡᠨ ᠬᠥᠭᠵᠢᠭᠦᠯᠦᠯᠲᠡ᠎ᠶᠢᠨ ᠵᠠᠭᠠᠭ ᠬᠢᠵᠠᠭᠠᠷ ᠵᠡᠷᠭᠡ ᠡᠵᠡᠮᠳᠡᠬᠦ ᠱᠤᠭᠤᠮ᠎ᠢ ᠴᠠᠭ᠎ᠤᠨ ᠪᠠᠢᠳᠠᠯ᠎ᠢ ᠦᠨᠳᠦᠰᠦᠯᠡᠵᠦ ᠲᠣᠬᠢᠷᠠᠭᠤᠯᠤᠨ ᠰᠢᠯᠢᠳᠡᠭᠵᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠴᠢᠬᠤᠯᠠ ᠶᠡᠬᠡ ᠲᠦᠷᠦᠯ ᠵᠦᠢᠯ᠎ᠢ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠎ᠳᠦ ᠠᠯᠢ ᠲᠦᠷᠭᠡᠨ᠎ᠢᠶᠡᠷ ᠣᠷᠣᠭᠤᠯᠤᠨ᠎ᠠ᠃ ᠠᠮᠢ ᠠᠬᠤᠢ᠎ᠶᠢ ᠬᠠᠮᠠᠭᠠᠯᠠᠨ ᠰᠡᠷᠭᠦᠭᠡᠬᠦ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠣᠯ᠎ᠤᠨ ᠬᠠᠲᠤᠨ ᠭᠣᠣᠯ᠎ᠤᠨ 《ᠶᠡᠬᠡ ᠲᠤᠬᠤᠢ ᠤᠷᠤᠨ》 ᠤ᠋ ᠭᠣᠣᠯ ᠣᠷᠣᠨ᠎ᠤ ᠠᠭᠤᠯᠠ ᠤᠰᠤᠨ᠎ᠤ ᠢᠨᠵᠧᠨᠧᠷᠢᠩ᠎ᠢ ᠢᠳᠡᠪᠬᠢᠲᠡᠢ ᠭᠤᠶᠤᠴᠢᠯᠡᠨ ᠤᠯᠵᠦ ᠭᠡᠷᠡᠭᠵᠢᠬᠦᠯᠦᠨ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠤᠨ᠎ᠠ᠃ ᠠᠭᠤᠷᠬᠠᠢ᠎ᠶᠢᠨ ᠪᠦᠲᠦᠴᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠮᠣ᠌ ᠳᠤᠮᠳᠠ ᠬᠡᠯᠪᠡᠷᠢ᠎ᠶᠢᠨ ᠠᠭᠤᠷᠬᠠᠢ᠎ᠶᠢᠨ ᠬᠠᠷᠢᠴᠠᠯ᠎ᠢ 50% ᠬᠦᠷᠲᠡᠯ᠎ᠡ ᠳᠡᠭᠡᠭᠰᠢᠯᠡᠭᠦᠯᠦᠨ᠎ᠡ; ᠪᠣᠬᠢᠷᠲᠤᠯ ᠦᠭᠡᠢ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢ ᠪᠥᠬᠥ ᠬᠦᠴᠦᠨ᠎ᠢᠶᠡᠷ ᠠᠬᠢᠭᠤᠯᠵᠤ᠂ 2028 ᠣᠨ᠎ᠤ ᠰᠡᠭᠦᠯᠴᠢ ᠪᠣᠯᠲᠠᠯ᠎ᠠ ᠦᠨᠡᠮᠯᠡᠯ᠎ᠲᠠᠢ ᠦᠢᠯᠡᠳᠪᠦᠷᠢᠯᠡᠵᠦ ᠪᠠᠢᠭ᠎ᠠ 90%ᠵᠢᠨ ᠲᠣᠮᠣ᠌ ᠬᠡᠯᠪᠡᠷᠢ᠎ᠶᠢᠨ ᠠᠭᠤᠷᠬᠠᠢ᠂ 80%ᠵᠢᠨ ᠳᠤᠮᠳᠠ ᠬᠡᠯᠪᠡᠷᠢ᠎ᠶᠢᠨ ᠠᠭᠤᠷᠬᠠᠢ᠎ᠶᠢ ᠪᠣᠬᠢᠷᠲᠤᠯ ᠦᠭᠡᠢ ᠠᠭᠤᠷᠬᠠᠢ᠎ᠶᠢᠨ ᠪᠠᠷᠢᠮᠵᠢᠶ᠎ᠠ᠎ᠶᠢᠨ ᠱᠠᠭᠠᠷᠳᠠᠯᠭ᠎ᠠ᠎ᠳᠤ ᠬᠦᠷᠭᠡᠬᠦ᠎ᠪᠡᠷ ᠴᠢᠷᠮᠠᠢᠨ᠎ᠠ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠶᠢᠩ᠄ 《ᠪᠥᠬᠥᠳᠡ ᠬᠤᠷᠠᠯ᠎ᠡᠴᠡ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠠᠬᠢ ᠮᠠᠨ᠎ᠤ ᠣᠷᠣᠨ᠎ᠤ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠶ ᠳ᠋ᠦᠩᠨᠡᠵᠦ᠍᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠱᠢᠨᠵᠢᠯᠡᠬᠦ᠌ ᠤᠬᠠᠭᠠᠨᠴᠢ᠂ ᠱᠢᠰᠲ᠋ᠧᠮ᠎ᠲᠡᠶ᠂ ᠪᠣᠳᠠᠲᠠᠶ᠎ᠶ᠋ᠢ ᠡᠷᠬᠢᠮᠯᠡᠭ᠌ᠰᠡᠨ ᠪᠠᠢᠷᠢᠱᠢᠭᠤᠯᠤᠯᠲᠠ ᠬᠢᠵᠦ᠍᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠪᠠ᠃ ᠪᠥᠬᠥᠳᠡ ᠬᠤᠷᠠᠯ᠎ᠡᠴᠡ ᠤᠯᠠᠮᠵᠢᠯᠠᠯᠲᠤ ᠠᠵᠤ ᠦᠶ᠋ᠯᠡᠰ᠎ᠦᠨ ᠱᠢᠨ᠎ᠡ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠤᠵᠠᠭᠠᠢᠷᠠᠭᠤᠯᠬᠤ ᠪᠠ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠵᠤ᠂ ᠲᠣᠭᠠᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠦᠶ᠋ᠯᠡᠴᠢᠯᠡᠭᠡᠨ᠎ᠦ ᠦᠶ᠋ᠯᠡᠰ᠎ᠦᠨ ᠴᠢᠨᠠᠷ ᠰᠠᠢᠲᠠᠶ ᠥᠨᠳᠥᠷ ᠪᠦᠲᠦᠮᠵᠢᠲᠡᠶ ᠬᠥᠭ᠌ᠵᠢᠯᠲᠡ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠦᠨ ᠲᠤᠯᠭᠠᠭᠤᠷᠢᠯᠠᠯ᠎ᠢ ᠴᠢᠩᠭᠠᠳᠭᠠᠬᠤ ᠬᠡᠷᠡᠭ᠌ᠲᠡᠶ ᠭᠡᠵᠦ᠍ ᠳᠤᠷᠠᠳᠪᠠ᠃ ᠱᠢᠤᠳᠠᠨ᠎ᠤ ᠲᠦᠷᠭᠡᠨ ᠬᠦᠷᠭᠡᠯᠲᠡ ᠵᠢᠨ ᠦᠢᠯᠡᠰ᠎ᠦᠨ ᠠᠵᠢᠯ ᠲᠥᠷᠥᠯ᠎ᠦᠨ ᠬᠢᠨᠠᠨ ᠬᠠᠮᠢᠶᠠᠷᠤᠭ᠍ᠴᠢ ᠪᠣᠯᠤᠭ᠍ᠰᠠᠨ᠎ᠤ ᠬᠤᠪᠢ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ᠎ᠶ᠋ᠢᠨ ᠭᠦᠶ᠋ᠯᠭᠡᠭᠡᠨ᠎ᠦ ᠦᠢᠯᠡᠰ᠎ᠦᠨ ᠲᠥᠯᠥᠪᠵᠢᠭᠦᠯᠭᠡ᠎ᠶ᠋ᠢᠨ ᠪᠠᠢᠷᠢᠯᠠᠭᠤᠯᠤᠯᠲᠠ᠎ᠶ᠋ᠢ ᠮᠠᠰᠢ ᠠᠩᠬᠠᠷᠴᠤ᠌᠂ 〈ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠠᠨᠠᠭᠤᠯᠭ᠎ᠠ〉 ᠨᠢ ᠪᠠᠷᠠᠭ᠎ᠠ᠎ᠶ᠋ᠢᠨ ᠭᠦᠶ᠋ᠯᠭᠡᠭᠡᠨ᠎ᠦ ᠦᠶ᠋ᠯᠡᠰ᠎ᠤᠨ ᠣᠳᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠳᠤ ᠦᠶ᠋ᠯᠡᠴᠢᠯᠡᠬᠦ᠂ ᠰᠦᠯᠵᠢᠶᠡᠨ᠎ᠦ ᠡᠯᠧᠺᠲ᠋ᠷᠣᠨ ᠬᠤᠳᠠᠯᠳᠤᠭ᠎ᠠ᠎ᠶ᠋ᠢ ᠬᠥᠭ᠌ᠵᠢᠭᠦᠯᠬᠦ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢ ᠠᠬᠢᠭᠤᠯᠬᠤ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠦᠨ ᠲᠤᠯᠭᠠᠭᠤᠷᠢᠯᠠᠯ᠎ᠢ ᠴᠢᠩᠭᠠᠳᠬᠠᠬᠤ᠂ ᠬᠡᠷᠡᠭ᠌ᠯᠡᠭᠡ᠎ᠶ᠋ᠢ ᠶᠡᠬᠡᠪᠡᠷ ᠬᠥᠭ᠌ᠵᠢᠭᠡᠬᠦ᠂ ᠠᠵᠤ ᠠᠬᠤᠢ᠎ᠶ᠋ᠢᠨ ᠣᠷᠴᠢᠯ᠎ᠢ ᠬᠢᠵᠠᠭᠠᠷᠯᠠᠵᠤ ᠪᠠᠢᠭ᠎ᠠ ᠬᠣᠷᠢᠭ᠎ᠠ ᠲᠦᠭ᠌ᠵᠢᠷᠡᠯ᠎ᠢ ᠨᠡᠪᠲᠡᠷᠡᠭᠦᠯᠬᠦ᠂ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠲᠣᠳᠣᠷᠬᠠᠶ ᠡᠭᠦᠷᠭᠡ ᠪᠠ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ᠂ ᠮᠠᠨ᠎ᠤ ᠠᠵᠢᠯ ᠲᠥᠷᠥᠯ᠎ᠦᠨ ᠬᠥᠭ᠌ᠵᠢᠯᠲᠡ᠎ᠳᠦ ᠴᠢᠭ᠌ᠯᠡᠯ᠎ᠢ ᠵᠢᠭᠠᠵᠤ ᠥᠭ᠌ᠴᠦ᠂ ᠪᠢᠳᠠ ᠡᠭᠦᠨ᠎ᠢᠶᠡᠷ ᠱᠢᠨ᠎ᠡ ᠡᠬᠢᠯᠡᠯᠲᠡ ᠪᠣᠯᠭᠠᠨ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠲᠦᠷᠭᠡᠳᠭᠡᠨ ᠪᠠᠢᠭᠤᠯᠬᠤ ᠱᠢᠦᠳᠠᠨ᠎ᠤ ᠦᠢᠯᠡᠰ᠎ᠤᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠨᠠᠩ ᠰᠠᠢᠲᠤᠷ ᠦᠶ᠋ᠯᠡᠴᠢᠯᠡᠨ᠎ᠡ》 ᠭᠡᠵᠦ ᠬᠡᠯᠡᠪᠡ᠃
《ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ ᠢᠯᠡᠳᠲᠡ ᠠᠮᠵᠢᠯᠲᠠ ᠣᠯᠵᠤ᠂ ᠬᠣᠢᠱᠢᠳᠠ᠎ᠶ᠋ᠢᠨ ᠬᠥᠭ᠌ᠵᠢᠯᠲᠡ᠎ᠶ᠋ᠢᠨ ᠬᠠᠷᠠᠯᠲᠠ ᠲᠣᠳᠣᠷᠬᠠᠢ ᠪᠣᠳᠠᠲᠠᠢ᠎ᠶ᠋ᠢ ᠡᠷᠬᠢᠮᠯᠡᠵᠦ᠍᠂ ᠬᠥᠮᠦᠰ᠎ᠢ ᠤᠷᠮᠠᠱᠢᠭᠤᠯᠤᠨ᠎ᠠ》᠃ ᠶᠡᠬᠡ ᠤᠯᠤᠰ᠎ᠤᠨ ᠤᠷᠠᠨ ᠳᠠᠷᠬᠠᠨ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠬᠦᠨᠳᠦ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠲᠡᠷᠢᠭᠦᠨ ᠮᠠᠰᠲ᠋ᠧᠷ ᠵᠧᠩ ᠬᠦᠶ ᠶᠢᠦ ᠮᠠᠰᠢ ᠤᠷᠮᠠᠱᠢᠨ ᠵᠣᠷᠢᠭ᠍ᠵᠢᠪᠠ᠃ ᠲᠡᠷᠡ᠂ ᠠᠵᠢᠯ᠎ᠤᠨ ᠪᠠᠢᠷᠢ᠎ᠳᠠᠭᠠᠨ ᠪᠤᠴᠠᠭ᠍ᠰᠠᠨ᠎ᠤ ᠳᠠᠷᠠᠭ᠎ᠠ ᠳᠠᠷᠤᠢ᠎ᠳᠤ᠎ᠨᠢ ᠠᠵᠢᠯᠴᠢᠨ ᠨᠥᠬᠥᠳ᠎ᠲᠡᠶ᠎ᠪᠡᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠤᠪᠢᠶᠠᠯᠴᠠᠵᠤ᠂ ᠪᠦᠯᠬᠦᠮᠳᠡᠨ ᠲᠡᠮᠡᠴᠡᠬᠦ᠌ ᠰᠦᠷ ᠳᠠᠯᠠᠢᠴᠠᠲᠠᠶ ᠬᠦᠴᠦᠨ᠎ᠢ ᠨᠢᠭ᠍ᠲᠠᠷᠠᠭᠤᠯᠵᠤ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠲᠦᠷᠦᠭᠦᠯᠡᠨ ᠪᠠᠳᠠᠷᠠᠭᠤᠯᠵᠤ᠂ ᠪᠦᠯᠬᠦᠮ ᠵᠢᠡᠨ ᠳᠠᠭᠠᠭᠤᠯᠤᠨ ᠣᠶᠤᠨᠳᠤ ᠦᠶ᠋ᠯᠡᠳᠭᠡᠯ᠂ ᠭᠠᠷ ᠤᠷᠠᠯᠠᠯ᠎ᠢ ᠱᠢᠯᠢᠳᠡᠭ᠌ᠵᠢᠭᠦᠯᠬᠦ᠌ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠬᠦᠴᠦ᠍᠎ᠪᠡᠨ ᠲᠥᠪᠯᠡᠷᠡᠭᠦᠯᠦᠨ ᠪᠣᠭᠣᠮᠲᠠ ᠱᠢᠪᠲᠤᠯᠵᠤ᠂ ᠤᠷ᠎ᠠ ᠮᠡᠷᠭᠡᠵᠢᠯ᠎ᠢ ᠤᠯᠠᠮᠵᠢᠯᠠᠬᠤ ᠪᠠ ᠠᠵᠤ ᠦᠶ᠋ᠯᠡᠰ᠎ᠦᠨ ᠲᠠᠰ ᠳᠡᠪᠱᠢᠬᠦ᠌ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠥᠪᠥᠷ ᠮᠣᠩᠭᠣᠯ᠎ᠤᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠳᠦ ᠰᠢᠷᠬᠢᠰᠢ ᠦᠭᠡᠢ ᠬᠥᠳᠡᠯᠭᠡᠬᠦ᠌ ᠡᠨᠧᠷᠭᠢ ᠨᠡᠮᠡᠷᠢᠯᠡᠨ᠎ᠡ ᠭᠡᠵᠦ ᠢᠯᠡᠳᠭᠡᠪᠡ᠃ ᠡᠭᠦᠨ᠎ᠦ ᠬᠠᠮᠲᠤ ᠲᠡᠷᠡ 《ᠲᠣᠭᠠᠴᠢᠯᠠᠯᠲᠠ + ᠤᠷ᠎ᠠ ᠴᠢᠳᠠᠪᠤᠷᠢ》 ᠶ᠋ᠢ ᠠᠭᠤᠰᠤᠯᠴᠠᠭᠤᠯᠤᠨ ᠬᠥᠮᠦᠵᠢᠭᠦᠯᠬᠦ᠌ ᠲᠠᠪᠴᠠᠩ᠎ᠢ ᠤᠯᠠᠮ ᠴᠢᠨᠠᠭ᠍ᠰᠢᠳᠠ ᠪᠠᠢᠭᠤᠯᠤᠨ ᠴᠢᠩᠭᠠᠳᠭᠠᠵᠤ᠂ ᠬᠠᠮ ᠬᠡᠯᠪᠡᠷᠢ᠎ᠶ᠋ᠢᠨ ᠤᠷ᠎ᠠ ᠴᠢᠳᠠᠪᠤᠷᠢ᠎ᠲᠠᠶ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠤᠷ᠎ᠠ ᠴᠢᠳᠠᠪᠤᠷᠢ᠎ᠶ᠋ᠢᠨ ᠥᠷᠲᠡᠭ᠎ᠢ ᠪᠡᠶᠡᠯᠡᠭᠦᠯᠬᠦ᠌ ᠪᠠ ᠠᠵᠢᠯ ᠮᠡᠷᠭᠡᠵᠢᠯ᠎ᠦᠨ ᠬᠥᠭ᠌ᠵᠢᠯᠲᠡ᠎ᠶ᠋ᠢᠨ ᠵᠠᠮ᠎ᠢ ᠱᠢᠯᠤᠭᠤᠳᠭᠠᠵᠤ᠂ ᠤᠷ᠎ᠠ ᠴᠢᠳᠠᠪᠤᠷᠢ᠎ᠶ᠋ᠢ ᠡᠷᠬᠢᠮᠯᠡᠬᠦ᠌᠂ ᠤᠷᠠᠨ ᠳᠠᠷᠬᠠᠨ᠎ᠢ ᠬᠦᠨᠳᠦᠳᠭᠡᠬᠦ᠌ ᠭᠦᠨ ᠵᠤᠵᠠᠭᠠᠨ ᠨᠡᠢᠭᠡᠮ᠎ᠦᠨ ᠠᠭᠤᠷ ᠠᠮᠢᠰᠭᠤᠯ᠎ᠢ ᠢᠳᠡᠪᠬᠢᠲᠡᠶ ᠪᠣᠶ ᠪᠣᠯᠭᠠᠬᠤ᠎ᠶ᠋ᠢ ᠬᠦᠰᠡᠵᠦ᠍ ᠪᠠᠢᠨ᠎ᠠ ᠭᠡᠵᠦ ᠢᠯᠡᠳᠭᠡᠪᠡ᠃