《ᠥᠩᠭᠡᠷᠡᠭᠰᠡᠨ᠎ᠳᠤ ᠨᠤᠳᠤᠭ᠎ᠤᠨ ᠠᠶᠠᠯᠭᠤ ᠪᠡᠷ ᠢ᠋ᠢᠡᠨ ᠶᠠᠷᠢᠬᠤ᠎ᠵᠢ ᠰᠦᠯᠵᠢᠶᠡᠨ ᠠᠨᠲᠠ ᠨᠠᠷ ᠳᠡᠮᠡᠢ ᠤᠢᠯᠠᠭᠠᠬᠤ ᠦᠭᠡᠢ᠂ ᠤᠳᠤ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠪᠡᠷ ᠶᠠᠷᠢᠬᠰᠠᠨ᠎ᠳᠤ᠂ ᠰᠦᠯᠵᠢᠶᠡᠨ ᠲᠡᠭᠡᠷᠡᠬᠢ ᠬᠦᠮᠦᠨ᠎ᠤ ᠲᠤᠭ᠎ᠠ ᠬᠤᠷᠤᠮᠬᠠᠨ ᠵᠠᠭᠤᠷ᠎ᠠ 50 ᠬᠥᠮᠥᠨ ᠪᠠᠢᠭᠰᠠᠨ ᠠ᠋ᠴᠠ᠎ᠪᠠᠨ 300 ᠬᠥᠮᠥᠨ ᠪᠣᠯᠤᠨ ᠨᠡᠮᠡᠭᠳᠡᠵᠡᠢ》᠃ ᠪᠤᠭᠤᠲᠤ ᠬᠤᠳᠠ᠎ᠶᠢᠨ ᠳ᠋ᠦᠩ ᠡᡁᠸ ᠲᠣᠭᠣᠷᠢᠭ᠋᠎ᠤᠨ ᠰᠠᠷᠠᠴᠢᠨ ᠪᠠᠯᠭᠠᠰᠤ᠎ᠶᠢᠨ ᠲᠤᠰᠬᠤᠨ᠎ᠤ ᠠᠷᠠᠳ ᠸᠠᠩ ᠮᠧᠢ ᠲᠤᠤ 《ᠨᠡᠢᠲᠡᠯᠢᠭ ᠬᠡᠯᠡ ᠵᠢ ᠲᠡᠯᠭᠡᠷᠡᠭᠦᠯᠦᠨ ᠲᠦᠭᠡᠮᠡᠯᠵᠢᠭᠦᠯᠵᠦ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ》 ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ᠎ᠠᠴᠠ ᠬᠢᠴᠢᠶᠡᠯ ᠪᠠᠭᠤᠮᠠᠭᠴᠠ᠂ ᠵᠡᠷᠭᠡᠯᠡᠳᠡᠭᠡ ᠠᠢᠯ᠎ᠤᠨ ᠬᠢᠨ ᠨᠢ ᠲᠡᠭᠦᠨ᠎ᠢ ᠰᠢᠭᠤᠳ ᠨᠡᠪᠲᠡᠷᠡᠭᠦᠯᠭᠡ᠎ᠶᠢᠨ ᠳᠠᠰᠤᠭ᠎ᠲᠤ ᠦᠵᠦᠮ ᠬᠤᠳᠠᠯᠳᠤᠭᠤᠯᠬᠤ ᠪᠡᠷ ᠠᠪᠠᠴᠢᠵᠠᠢ᠃ ᠲᠡᠭᠦᠨ᠎ᠦ ᠪᠠᠶᠠᠷ ᠪᠠᠶᠠᠰᠤᠯ ᠲᠠᠢ ᠬᠠᠩᠬᠢᠨᠠᠮ᠎ᠠ ᠢᠨᠢᠶᠡᠬᠦ ᠲᠠᠭᠤᠨ ᠤ᠋ ᠲᠤᠮᠲᠠ᠂ ᠵᠠᠭᠤ ᠭᠠᠷᠤᠢ ᠵᠢᠩ ᠦᠵᠦᠮ ᠢ ᠬᠡᠳᠦᠬᠡᠨ ᠮᠢᠨᠦ᠋ᠲ᠎ᠦᠨ ᠳᠣᠲᠣᠷ᠎ᠠ ᠬᠤᠳᠠᠯᠳᠤᠵᠤ ᠳᠠᠭᠤᠰᠬᠠᠪᠠ᠃ ᠲᠡᠷᠡ᠄ 《ᠥᠩᠭᠡᠷᠡᠭᠰᠡᠨ᠎ᠳᠦ ᠠᠮᠠ ᠨᠡᠭᠡᠭᠡᠮᠡᠭᠴᠡ ᠨᠤᠳᠤᠭ᠎ᠤᠨ ᠠᠶᠠᠯᠭᠤ ᠪᠡᠷ ᠢ᠋ᠢᠡᠨ ᠶᠠᠷᠢᠲᠠᠭ᠂ ᠤᠳᠤ ᠪᠤᠯ ᠶᠠᠬ 〈ᠷᠠᠳᠢᠣ᠋ ᠶ᠋ᠢᠨ ᠠᠶᠠᠯᠭᠤ〉 ᠪᠣᠯᠵᠤ ᠪᠠᠢᠨ᠎ᠠ》 ᠭᠡᠵᠦ ᠰᠡᠳᠬᠢᠯ ᠬᠥᠳᠡᠯᠦᠨ ᠢᠨᠢᠶᠡᠮᠰᠦᠭᠯᠡᠨ ᠶᠠᠷᠢᠨ᠎ᠠ᠃
ᠸᠠᠩ ᠮᠧᠶ ᠲᠤᠤ ᠶ᠋ᠢᠨ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠢᠷᠢ ᠲᠦᠪᠰᠢᠨ ᠨᠢ ᠲᠡᠭᠦᠨ᠎ᠦ ᠪᠣᠯᠪᠠᠰᠤᠷᠠᠯ᠎ᠤᠨ ᠠᠩᠭᠢ᠎ᠳᠤ ᠲᠤᠰᠢᠶᠠᠭᠰᠠᠨ ᠬᠠᠮᠤᠭ᠎ᠤᠨ ᠬᠢᠯᠠᠯᠵᠠᠮ᠎ᠠ 《ᠬᠢᠷᠢ ᠪᠦᠲᠦᠮᠵᠢ ᠶ᠋ᠢᠨ ᠬᠠᠭᠤᠳᠠᠰᠤ》 ᠮᠥᠨ ᠂ ᠪᠠᠰᠠ ᠴᠤ᠌ ᠡᠨᠡ ᠵᠢᠯ ᠦᠨ ᠳ᠋ᠦᠩ ᠾᠧ ᠲᠣᠭᠣᠷᠢᠭ᠋ ᠤᠨ 28 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠢᠲᠡᠯᠢᠭ ᠬᠡᠯᠡ ᠶ᠋ᠢ ᠲᠡᠯᠭᠡᠷᠡᠭᠦᠯᠦᠨ ᠲᠦᠭᠡᠮᠡᠯᠵᠢᠭᠦᠯᠬᠦ ᠤᠬᠠᠭᠤᠯᠭ᠎ᠠ ᠶ᠋ᠢᠨ ᠭᠠᠷᠠᠭ ᠤᠨ ᠬᠠᠮᠤᠭ ᠤᠨ ᠠᠮᠢᠳᠤᠯᠢᠭ᠋ ᠲᠠᠢᠯᠪᠤᠷᠢ ᠮᠥᠨ᠃ ᠣᠢᠷ᠎ᠠ ᠶᠢᠨ ᠵᠢᠯ᠎ᠡᠴᠡ᠂ ᠳ᠋ᠦᠩ ᠾᠧ ᠲᠣᠭᠣᠷᠢᠭ᠋ ᠤᠨ ᠬᠢᠨ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠡᠨᠡᠬᠦ ᠠᠵᠢᠯ ᠤᠨ ᠭᠣᠣᠯ ᠰᠢᠵᠢᠮ ᠤᠨ ᠲᠣᠭᠣᠷᠢᠨ ᠳᠤ᠂ ᠨᠡᠢᠲᠡᠯᠢᠭ ᠬᠡᠯᠡ ᠵᠢ ᠲᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ᠋ ᠦᠨᠳᠦᠰᠦᠨ ᠱᠠᠲᠤᠨ ᠳᠤ ᠭᠦᠨᠵᠡᠭᠡᠢᠷᠡᠭᠦᠯᠵᠦ᠂ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ᠎ᠳᠤ ᠦᠢᠯᠡᠴᠢᠯᠡᠪᠡ᠃ ᠳ᠋ᠦᠩ ᠾᠧ ᠲᠣᠭᠣᠷᠢᠭ᠋᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠦᠨ ᠬᠢᠨ ᠲᠣᠭᠲᠠᠮᠠᠯ ᠬᠤᠭᠤᠴᠠᠭ᠎ᠠ᠎ᠲᠠᠢ᠎ᠪᠠᠷ ᠵᠠᠯᠠᠭᠤ ᠢᠳᠡᠷ ᠮᠠᠯᠴᠢᠨ ᠲᠠᠷᠢᠶᠠᠴᠢᠨ᠂ ᠰᠢᠶᠠᠩ ᠪᠠᠯᠭᠠᠰᠤᠨ ᠤ ᠺᠠᠳ᠋ᠷᠴᠤᠳ᠎ᠲᠤ 《ᠴᠠᠬᠢᠯᠭᠠᠨ ᠴᠡᠨᠡᠭᠯᠡᠵᠦ》᠂ ᠪᠣᠯᠪᠠᠰᠤᠷᠠᠯ ᠤᠨ ᠠᠭᠤᠯᠭ᠎ᠠ ᠨᠢ ᠠᠪᠢᠶᠠᠨ ᠤ ᠮᠡᠳᠡᠯᠭᠡ᠂ ᠠᠪᠢᠶ᠎ᠠ᠎ᠪᠠᠷ ᠲᠠᠨᠢᠭᠤᠯᠬᠤ᠎ᠠᠴᠠ ᠶᠠᠷᠢᠶᠠᠨ ᠤ ᠬᠡᠯᠡᠨ ᠦ ᠤᠷ᠎ᠠ ᠴᠢᠳᠠᠪᠤᠷᠢ᠂ ᠬᠠᠤᠯᠢ ᠴᠠᠭᠠᠵᠠ ᠳᠦᠷᠢᠮ ᠳᠤᠬᠳᠠᠭᠠᠯ ᠬᠦᠷᠲᠡᠯ᠎ᠡ ᠡᠳᠦᠷ ᠲᠤᠳᠤᠮ᠎ᠤᠨ ᠦᠢᠯᠡᠳᠪᠦᠷᠢᠯᠡᠯ ᠠᠮᠢᠳᠤᠷᠠᠯ᠎ᠲᠠᠢ ᠨᠢᠭ᠍ᠲᠠ ᠤᠶᠠᠯᠳᠤᠭᠤᠯᠵᠤ᠂ ᠤᠯᠠᠨ ᠤ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡᠨ ᠦᠰᠦᠭ ᠪᠢᠴᠢᠭ᠎ᠤᠨ ᠬᠡᠷᠡᠭᠯᠡᠭᠡᠨ ᠦ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠤᠯᠤᠰ ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠪᠠᠶᠠᠵᠢᠯ᠎ᠤᠨ ᠵᠠᠮ᠎ᠢ ᠨᠡᠪᠲᠡᠷᠡᠭᠦᠯᠬᠦ 《ᠰᠢᠨ᠎ᠡ ᠲᠦᠯᠬᠢᠭᠦᠷ》 ᠪᠣᠯᠭᠠᠪᠠ ᠃
ᠰᠤᠷᠭᠠᠭᠤᠯᠢ ᠶᠢᠨ ᠬᠦᠷᠢᠶᠡᠨ᠎ᠳᠦ ᠴᠦ᠍ ᠨᠡᠢᠲᠡᠯᠢᠭ ᠬᠡᠯᠡ ᠵᠢ ᠲᠡᠯᠭᠡᠷᠡᠭᠦᠯᠦᠨ ᠲᠦᠭᠡᠮᠡᠯᠵᠢᠭᠦᠯᠬᠦ ᠬᠠᠯᠠᠭᠤᠨ ᠦᠷᠨᠢᠯᠲᠡ ᠭᠠᠷᠴᠤ ᠪᠤᠢ᠃ ᠪᠤᠭᠤᠲᠤ ᠬᠤᠳᠠ᠎ᠶᠢᠨ ᠠᠷᠪᠠᠳᠤᠭᠠᠷ ᠳᠤᠮᠳᠠᠳᠤ ᠰᠤᠷᠭᠠᠭᠤᠯᠢ᠎ᠶᠢᠨ 《ᠵᠠᠯᠠᠭᠤ ᠨᠠᠰᠤᠨ᠎ᠤ ᠢᠷᠠᠭᠤ ᠬᠠᠭᠤᠳᠠᠰᠤ᠎ᠶᠢ ᠪᠢᠴᠢᠭᠯᠡᠶ᠎ᠡ》 ᠬᠡᠬᠦ ᠤᠩᠰᠢᠯᠭ᠎ᠠ᠎ᠶᠢᠨ ᠪᠦᠲᠦᠭᠡᠯ ᠨᠢ ᠬᠦᠰᠡᠯ ᠡᠷᠡᠮᠡᠯᠵᠡᠯ᠎ᠢ ᠠᠴᠢᠶᠠᠯᠠᠵᠤ᠂ ᠪᠦᠬᠦ ᠤᠯᠤᠰ᠎ᠤᠨ ᠶᠡᠬᠡ ᠤᠷᠤᠯᠳᠤᠭᠠᠨ᠎ᠳᠤ ᠣᠷᠣᠯᠴᠠᠬᠤ᠎ᠪᠠᠷ ᠳᠡᠪᠰᠢᠬᠦᠯᠦᠭᠳᠡᠵᠡᠢ᠃ ᠡᠯ᠎ᠡ ᠦᠨᠳᠦᠰᠦᠲᠡᠨ ᠦ ᠬᠤᠪᠴᠠᠰᠤ ᠵᠠᠰᠠᠯ᠎ᠲᠠᠢ 8 ᠤᠷᠤᠯᠴᠠᠬᠴᠢ ᠥᠪᠥᠷ ᠮᠣᠩᠭᠣᠯ᠎ᠤᠨ ᠤᠷᠤᠯᠳᠤᠭᠠᠨ ᠤ ᠲᠣᠭᠣᠷᠢᠭ᠋ ᠢ ᠲᠥᠯᠥᠭᠡᠯᠡᠨ ᠪᠦᠬᠦ ᠤᠯᠤᠰ᠎ᠤᠨ ᠤᠷᠤᠯᠳᠤᠭᠠᠨ᠎ᠳᠤ ᠤᠷᠤᠯᠴᠠᠵᠦ ᠰᠢᠪᠲᠤᠯᠤᠯᠲᠠ ᠬᠢᠬᠦ ᠪᠣᠯᠣᠨ᠎ᠠ᠃ ᠢᠷᠠᠭᠤ ᠴᠡᠭᠡᠯᠬᠡᠨ ᠤᠩᠰᠢᠯᠭ᠎ᠠ᠎ᠶᠢᠨ ᠲᠠᠭᠤᠨ ᠨᠢ ᠬᠥᠮᠥᠰ᠎ᠦᠨ 《ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠵᠢ ᠰᠠᠢᠲᠤᠷ ᠶᠠᠷᠢᠵᠤ᠂ ᠳᠦᠷᠢᠮᠵᠢᠭᠰᠡᠨ ᠦᠰᠦᠭ ᠢ ᠰᠠᠢᠲᠤᠷ ᠪᠢᠴᠢᠬᠦ》 ᠶ᠋ᠢ ᠦᠢᠯᠡᠳᠦᠯᠭᠡᠵᠢᠭᠦᠯᠦᠭᠰᠡᠨ ᠡᠳᠦᠷ ᠲᠤᠲᠤᠮ ᠤᠨ ᠵᠢᠷᠤᠭᠯᠠᠯ ᠪᠤᠯᠬᠤ ᠪᠥᠭᠡᠳ ᠡᠨᠡ ᠬᠦ᠌ ᠣᠢᠯᠠᠭᠠᠭᠳᠠᠬᠤᠨ᠎ᠢ ᠳ᠋ᠦᠩ ᠾᠧ ᠢ᠋ᠢᠨ ᠬᠠᠮᠤᠭ᠎ᠤᠨ ᠬᠠᠯᠠᠮᠰᠢᠯ 《ᠪᠣᠯᠪᠠᠰᠤᠨ᠎ᠤ ᠲᠡᠮᠲᠡᠭ》 ᠪᠣᠯᠭᠠᠭᠰᠠᠨ ᠪᠠᠢᠨ᠎ᠠ᠃ 《ᠤᠯᠤᠰ ᠤᠨ ᠨᠡᠢᠲᠡᠮ ᠬᠡᠷᠡᠭᠯᠡᠬᠦ ᠦᠭᠡ ᠬᠡᠯᠡ ᠪᠡᠷ ᠶᠠᠷᠢᠵᠦ᠂ ᠲᠤᠮᠳᠠᠳᠤ ᠵᠢᠨ ᠬᠠᠢᠷ᠎ᠠ ᠰᠡᠳᠭᠢᠯᠭᠡ ᠪᠡᠨ ᠵᠤᠵᠠᠭᠠᠳᠬᠠᠶ᠎ᠠ — ᠰᠤᠷᠤᠬᠴᠢᠳ ᠡ᠂ ᠨᠠᠲᠠ ᠵᠢ ᠲᠠᠭᠠᠵᠦ ᠤᠩᠰᠢᠭᠠᠷᠠᠢ ᠁》 ᠣᠳᠣᠬᠠᠨ᠎ᠳᠤ᠂ 《ᠰᠣᠩᠭᠣᠳᠠᠭ ᠵᠣᠬᠢᠶᠠᠯ᠎ᠤᠨ ᠦᠷᠯᠦᠭᠡ ᠢ᠋ᠢᠨ ᠤᠩᠰᠢᠯᠭ᠎ᠠ》᠂ 《ᠬᠢᠲᠠᠳ ᠦᠰᠦᠭ ᠦᠨ ᠪᠢᠴᠢᠯᠭᠡ ᠶᠢᠨ ᠡᠳᠦᠷ》 ᠵᠡᠷᠭᠡ ᠠᠵᠢᠯᠯᠠᠭ᠎ᠠ ᠨᠢ ᠳ᠋ᠦᠩ ᠾᠧ ᠲᠤᠭᠤᠷᠢᠭ᠎ᠤᠨ ᠰᠤᠷᠭᠠᠭᠤᠯᠢ᠎ᠶᠢᠨ ᠬᠦᠷᠢᠶᠡᠨ᠎ᠳᠦ ᠳᠡᠯᠭᠡᠷᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠭᠡᠷᠡᠭᠯᠡᠬᠥ ᠬᠠᠢᠷ᠎ᠠ ᠰᠡᠳᠭᠢᠯᠭᠡ ᠨᠢ ᠨᠤᠮ ᠤᠩᠰᠢᠯᠭ᠎ᠠ ᠢ᠋ᠢᠨ ᠲᠠᠭᠤᠨ ᠢ᠋ ᠲᠠᠭᠠᠯᠳᠤᠨ ᠬᠡᠦᠬᠡᠳ᠎ᠦᠨ ᠰᠡᠳᠬᠢᠯ᠎ᠳᠦ ᠭᠦᠨ ᠦᠨᠳᠦᠰᠦᠯᠡᠵᠡᠢ᠃
ᠨᠡᠩ ᠬᠠᠯᠠᠭᠤᠨ ᠳᠤᠯᠠᠭᠠᠨ ᠨᠢ ᠲᠡᠷᠡ ᠬᠦ᠌ 《ᠲᠣᠮᠣ᠌ ᠭᠠᠷ᠎ᠢᠶᠠᠷ᠎ᠢᠶᠠᠨ ᠪᠢᠴᠢᠬᠠᠨ ᠭᠠᠷ ᠢ ᠬᠥᠲᠥᠯᠥᠭᠰᠡᠨ》 ᠦᠵᠡᠭᠲᠡᠯ ᠪᠣᠯᠣᠨ᠎ᠠ᠃ ᠨᠡᠢᠲᠡᠯᠢᠭ ᠬᠡᠯᠡ ᠵᠢ ᠲᠡᠯᠭᠡᠷᠡᠭᠦᠯᠦᠨ ᠲᠦᠭᠡᠮᠡᠯᠵᠢᠭᠦᠯᠬᠦ ᠭᠠᠷᠠᠭ᠎ᠤᠨ ᠠᠵᠢᠯᠯᠠᠭ᠎ᠠ᠎ᠳᠤ᠂ ᠤᠯᠠᠭᠠᠨ ᠪᠦᠴᠡᠲᠡᠨ ᠪᠢᠴᠢᠬᠠᠨ ᠲᠠᠢᠯᠪᠤᠷᠢᠯᠠᠭ᠍ᠴᠢ ᠰᠢᠶᠠᠩ ᠪᠠᠯᠭᠠᠰᠤ᠂ ᠠᠢᠯ ᠲᠣᠰᠬᠣᠨ᠎ᠢᠶᠠᠷ ᠭᠦᠨᠵᠡᠭᠡᠢᠷᠡᠵᠦ᠂ ᠭᠡᠷ᠎ᠦᠨ ᠠᠬᠠᠮᠠᠳ᠎ᠲᠤ ᠭᠣᠢᠳᠠ ᠰᠠᠢᠬᠠᠨ ᠤᠷᠠᠨ ᠤᠩᠰᠢᠯᠭ᠎ᠠ ᠶᠢᠨ ᠲᠣᠭᠯᠠᠯᠲᠠ ᠬᠦᠷᠬᠡᠪᠡ᠃ ᠬᠡᠦᠬᠡᠳ᠎ᠦᠳ ᠴᠡᠪᠡᠷ ᠴᠡᠭᠡᠯᠬᠡᠨ ᠬᠡᠦᠬᠡᠳ᠎ᠦᠨ ᠳᠠᠭᠤᠨ ᠢ᠋ᠢᠡᠷ ᠢ᠋ᠢᠡᠨ ᠳᠤᠮᠳᠠᠳᠤ ᠶᠢᠨ ᠦᠭᠡ ᠬᠡᠯᠡ ᠦᠰᠦᠭ ᠪᠢᠴᠢᠭ ᠦᠨ ᠭᠤᠸ᠎ᠠ ᠰᠠᠢᠬᠠᠨ ᠢ ᠳᠡᠯᠭᠡᠨ ᠦᠵᠡᠭᠦᠯᠵᠦ᠂ ᠦᠯᠦ ᠮᠡᠳᠡᠭᠴᠢ᠎ᠪᠡᠷ ᠭᠡᠷ ᠪᠦᠯᠢ᠎ᠶᠢᠨ ᠪᠦᠷᠢᠯᠳᠦᠭᠦᠨ᠎ᠢᠶᠡᠨ ᠨᠥᠯᠥᠭᠡᠯᠡᠵᠦ᠂ ᠭᠡᠷ ᠦᠨ ᠬᠥᠮᠥᠰ ᠢᠶᠡᠨ ᠳᠠᠢ᠍ᠢᠴᠢᠯᠠᠨ ᠤᠯᠤᠰ ᠤᠨ ᠨᠡᠢᠲᠡᠮ ᠬᠡᠷᠡᠭᠯᠡᠬᠦ ᠦᠭᠡ ᠬᠡᠯᠡ ᠵᠢ ᠶᠠᠷᠢᠬᠤ᠂ ᠳᠦᠷᠢᠮᠵᠢᠭᠰᠡᠨ ᠦᠰᠦᠭ ᠪᠢᠴᠢᠬᠦ ᠰᠠᠢᠨ ᠳᠠᠳᠬᠠᠯ᠎ᠲᠠᠢ ᠪᠣᠯᠭᠠᠪᠠ᠃ ᠡᠨᠡ ᠬᠦ᠌ ᠬᠡᠪ ᠵᠠᠭᠪᠤᠷ ᠨᠢ ᠭᠡᠷ ᠪᠦᠯᠢ᠂ ᠰᠤᠷᠭᠠᠭᠤᠯᠢ᠂ ᠨᠡᠢᠭᠡᠮ ᠲᠣᠭᠣᠷᠢᠭ᠋᠎ᠢ ᠠᠮᠵᠢᠯᠲᠠ᠎ᠲᠠᠢ ᠬᠣᠯᠪᠣᠵᠤ᠂ 《ᠭᠤᠷᠪᠠ ᠶᠢ ᠨᠢᠭᠡ ᠴᠣᠭᠴᠠᠵᠢᠭᠤᠯᠤᠭᠰᠠᠨ》 ᠬᠠᠮᠵᠢᠯᠴᠠᠨ ᠲᠦᠭᠡᠮᠡᠯᠵᠢᠭᠦᠯᠬᠦ ᠲᠣᠣᠷ ᠢ ᠰᠦᠯᠵᠢᠭᠰᠡᠨ ᠪᠠᠢᠨ᠎ᠠ᠃
ᠠᠯᠢ ᠤᠯᠠᠨ ᠯᠠᠪᠳᠠᠭᠤᠨ ᠪᠠᠲᠤᠲᠠᠢ ᠬᠠᠮ ᠠᠷᠭ᠎ᠠ ᠬᠡᠮᠵᠢᠶ᠎ᠡ ᠨᠢ ᠨᠢᠭᠡ ᠬᠤᠪᠢ ᠬᠤᠪᠢ 《ᠨᠡᠢᠲᠡᠯᠢᠭ ᠬᠡᠯᠡ ᠵᠢ ᠲᠡᠯᠭᠡᠷᠡᠭᠦᠯᠦᠨ ᠲᠦᠭᠡᠮᠡᠯᠵᠢᠭᠦᠯᠦᠭᠰᠡᠨ ᠬᠠᠷᠢᠭᠤᠯᠲᠠ᠎ᠶᠢᠨ ᠬᠠᠭᠤᠳᠠᠰᠤ》 ᠵᠢ ᠰᠣᠯᠢᠵᠤ ᠠᠪᠴᠢᠷᠠᠵᠠᠢ᠄ ᠳ᠋ᠦᠩ ᠾᠧ ᠲᠣᠭᠣᠷᠢᠭ᠋᠎ᠤᠨ ᠤᠯᠤᠰ ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠭᠰᠡᠨ ᠨᠤᠷᠮ᠎ᠠ ᠨᠢᠳᠤᠨᠤᠨ᠎ᠤ 85.7% ᠪᠠᠢᠭᠰᠠᠨ᠎ᠠᠴᠠ᠎ᠪᠠᠨ ᠳᠡᠭᠡᠭᠰᠢᠯᠡᠭᠡᠳ ᠤᠳᠤ᠎ᠶᠢᠨ 91.4% ᠪᠣᠯᠵᠠᠢ; ᠲᠤᠰᠬᠠᠢᠯᠠᠨ ᠵᠢᠭᠠᠨ ᠰᠤᠷᠭᠠᠯᠲᠠ ᠢ᠋ᠢᠨ ᠠᠵᠢᠯ ᠬᠢᠵᠦ ᠪᠠᠢᠭ᠎ᠠ ᠪᠠᠬᠰᠢ ᠢ᠋ᠢᠨ ᠤᠯᠤᠰ ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠢ᠋ᠢᠨ ᠬᠢᠷᠢ ᠲᠡᠩᠴᠡᠭᠰᠡᠨ ᠨᠣᠷᠮ᠎ᠠ 100%᠎ᠳᠤ ᠬᠦᠷᠪᠡ; ᠴᠣᠩᠬᠣᠪᠴᠢ ᠨᠢᠭᠡᠴᠢ᠎ᠶᠢᠨ ᠠᠵᠢᠯᠲᠠᠨ᠎ᠤ ᠨᠡᠢᠲᠡᠯᠢᠭ ᠬᠡᠯᠡᠨ᠎ᠦ ᠬᠣᠶᠠᠳᠤᠭᠠᠷ ᠳᠡᠰ᠎ᠤᠨ ᠬᠥᠬᠡᠭᠴᠢᠨ ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠨᠢ 100% ᠪᠣᠯᠣᠨ᠎ᠠ᠃ ᠡᠨᠡ ᠬᠦ᠌ ᠲᠣᠭ᠎ᠠ ᠪᠠᠷᠢᠮᠲᠠ ᠶ᠋ᠢᠨ ᠠᠷᠤ ᠳᠤ ᠣᠯᠠᠨ ᠲᠦᠮᠡᠨ ᠦ ᠠᠵᠢᠯ ᠶᠠᠪᠤᠳᠠᠯ ᠰᠢᠢᠳᠪᠦᠷᠢᠯᠡᠬᠦ ᠳᠦ ᠬᠠᠨᠤᠮᠵᠢᠲᠠᠶ ᠪᠠᠢᠬᠤ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠠᠷᠠᠳ ᠣᠯᠠᠨ᠎ᠤ ᠬᠦᠷᠲᠡᠮᠵᠢ ᠶ᠋ᠢᠨ ᠲᠦᠷᠦᠭᠳᠡᠯ ᠢ᠋ ᠢᠯᠡᠳᠲᠡ ᠨᠡᠮᠡᠭᠳᠡᠭᠦᠯᠦᠭᠰᠡᠨ᠎ᠳᠦ ᠣᠷᠣᠰᠢᠨ᠎ᠠ᠃
ᠨᠤᠲᠤᠭ ᠤᠨ ᠠᠶᠠᠯᠭᠤ ᠡᠴᠡ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠬᠦᠷᠲᠡᠯ᠎ᠡ᠂ 《ᠤᠮᠠᠷᠠᠲᠤ ᠬᠢᠯᠢ ᠶᠢᠨ ᠵᠢᠵᠢᠭ ᠪᠠᠯᠭᠠᠰᠤ》᠎ᠡᠴᠡ ᠳᠡᠯᠡᠬᠡᠢ᠎ᠶᠢ ᠬᠣᠯᠪᠣᠭᠰᠠᠨ 《ᠲᠣᠭᠠᠴᠢᠯᠠᠭᠰᠠᠨ ᠳᠠᠭᠤᠨ ᠤ ᠲᠠᠯᠠᠪᠠᠢ》 ᠬᠦᠷᠲᠡᠯ᠎ᠡ᠂ ᠳ᠋ᠦᠩ ᠾᠧ ᠲᠣᠭᠣᠷᠢᠭ᠋ ᠤᠨ ᠬᠢᠨ ᠦᠭᠡ ᠬᠡᠯᠡ᠎ᠪᠡᠷ ᠬᠥᠭᠥᠷᠭᠡ ᠪᠣᠯᠭᠠᠵᠤ᠂ ᠦᠨᠳᠦᠰᠦᠲᠡᠨ᠎ᠨᠦᠭᠦᠳ ᠦᠨ ᠤᠯᠠᠨ ᠲᠦᠮᠡᠨ ᠢ ᠰᠡᠳᠬᠢᠯ ᠰᠠᠨᠠᠭ᠎ᠠ᠎ᠪᠠᠨ ᠨᠢᠭᠡᠳᠬᠡᠨ ᠨᠡᠢᠲᠡᠯᠢᠭ ᠬᠡᠯᠡ ᠵᠢ ᠬᠡᠷᠡᠭᠯᠡᠬᠦ ᠲᠤᠮᠲᠠ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠶᠢᠨ ᠰᠦᠷ ᠳᠠᠯᠠᠢᠴᠠᠲᠠᠢ ᠬᠥᠳᠡᠯᠭᠡᠬᠦ ᠬᠦᠴᠦᠨ᠎ᠢ ᠬᠠᠮᠲᠤ ᠪᠠᠷ ᠡᠳ᠋ᠯᠡᠭᠦᠯᠵᠦ᠂ ᠨᠡᠩ ᠥᠷᠭᠡᠨ ᠠᠭᠤᠳᠠᠮ ᠢᠷᠡᠭᠡᠳᠦᠢ ᠲᠡᠢᠰᠢ ᠬᠠᠮᠲᠤ ᠪᠠᠷ ᠤᠷᠤᠭᠰᠢᠯᠠᠭᠤᠯᠵᠤ ᠪᠠᠢᠨ᠎ᠠ᠃