— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠬᠣᠶᠠᠷᠲᠠ ᠥᠭᠦᠯᠡᠬᠦ᠌ ᠨᠢ
ᠬᠠᠷᠠᠯᠲᠠ ᠪᠣᠯ ᠳᠠᠷᠤᠢ ᠴᠢᠭ᠌ᠯᠡᠯ᠂ ᠬᠠᠷᠠᠯᠲᠠ ᠪᠣᠯ ᠳᠠᠷᠤᠢ ᠬᠦᠲᠦᠯᠦᠮᠵᠢ᠂ ᠬᠠᠷᠠᠯᠲᠠ ᠪᠣᠯ ᠳᠠᠷᠤᠢ ᠬᠥᠳᠡᠯᠭᠡᠬᠦ᠌ ᠬᠦᠴᠦᠨ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠭᠦᠳᠡ ᠬᠤᠷᠠᠯ᠎ᠡᠴᠡ《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶ᠋ᠢ ᠳᠤᠷᠠᠳᠤᠭ᠍ᠰᠠᠨ ᠪᠥᠭᠡᠳ ᠴᠢᠬᠤᠯᠠ ᠪᠠᠢᠷᠢᠯᠠᠭᠤᠯᠤᠯᠲᠠ ᠬᠢᠪᠡ᠃ ᠣᠷᠣᠨ ᠳᠠᠶᠠᠭᠠᠷ ᠬᠠᠷᠠᠯᠲᠠ᠎ᠪᠠᠨ ᠰᠤᠯᠠᠷᠠᠭᠤᠯᠤᠯ ᠦᠭᠡᠢ ᠵᠤᠷᠢᠨ ᠤᠷᠤᠬᠰᠢᠯᠠᠵᠦ᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠴᠢᠷᠮᠠᠢᠨ ᠠᠵᠢᠯᠯᠠᠵᠤ᠂ ᠬᠠᠷᠠᠯᠲᠠ ᠡᠭᠦᠷᠭᠡ᠎ᠶ᠋ᠢ ᠪᠣᠳᠠᠲᠠᠢ ᠳᠤ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ ᠬᠥᠮᠦᠰ ᠢ ᠤᠷᠮᠠᠱᠢᠭᠤᠯᠤᠨ ᠤᠷᠤᠭ᠍ᠰᠢᠯᠠᠭᠤᠯᠤᠨ᠎ᠠ᠄ ᠳᠤᠮᠳᠠᠳᠤ ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠠᠵᠢᠯ ᠱᠢᠨ᠎ᠡ ᠦᠷ᠎ᠡ ᠪᠦᠲᠦᠮᠵᠢ ᠣᠯᠵᠤ᠂ ᠴᠢᠨᠠᠷ ᠰᠠᠢᠲᠠᠶ ᠬᠥᠭ᠌ᠵᠢᠯᠲᠡ ᠱᠢᠨ᠎ᠡ ᠦᠰᠦᠷᠦᠯᠲᠡ᠎ᠶ᠋ᠢ ᠪᠡᠶᠡᠯᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ ᠱᠢᠨ᠎ᠡ ᠳᠡᠭ᠌ᠲᠡᠷ᠎ᠲᠦ ᠭᠠᠷᠴᠤ᠌᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠌ ᠠᠵᠢᠯ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ ᠱᠢᠨ᠎ᠡ ᠳᠡᠭᠡᠭ᠌ᠰᠢᠯᠡᠯᠲᠡ᠎ᠲᠡᠶ ᠪᠣᠯᠵᠣ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠱᠢᠨ᠎ᠡ ᠳᠡᠭᠡᠭ᠌ᠰᠢᠯᠡᠯᠲᠡ᠎ᠲᠡᠶ ᠪᠣᠯᠵᠣ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠱᠢᠨ᠎ᠡ ᠦᠨᠳᠦᠷᠴᠡ᠎ᠳ᠋ᠤ ᠬᠦᠷᠴᠦ᠍᠂ ᠠᠮᠤᠭᠤᠯᠠᠩᠳᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ ᠱᠢᠨ᠎ᠡ ᠪᠠᠢᠳᠠᠯ᠎ᠢ ᠡᠭᠦᠳᠦᠨ᠎ᠡ᠃ ᠡᠨᠡ ᠬᠦ᠌ ᠰᠠᠭᠤᠷᠢᠨ ᠳᠡᠭᠡᠷ᠎ᠡ ᠲᠠᠬᠢᠨ ᠲᠠᠪᠤᠨ ᠵᠢᠯ ᠲᠡᠮᠡᠴᠡᠵᠦ᠍᠂ 2035 ᠣᠨ ᠪᠣᠯᠬᠤ᠎ᠳᠤ ᠪᠦᠬᠦ᠌ ᠣᠷᠣᠨ᠎ᠤ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠬᠡᠪᠡᠷ ᠳᠡᠭᠡᠭ᠌ᠰᠢᠯᠡᠵᠦ᠍᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠪᠣᠯᠤᠨ ᠰᠠᠭᠤᠭᠠᠯᠢ ᠠᠷᠠᠳ᠎ᠤᠨ ᠣᠷᠣᠯᠭ᠎ᠠ ᠨᠡᠩ ᠥᠨᠳᠥᠷ ᠳᠡᠭ᠌ᠲᠡᠷ᠎ᠲᠦ ᠭᠠᠷᠴᠤ᠌᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠦᠢᠯᠡᠳᠦᠯ ᠤᠯᠠᠮ ᠨᠢᠭᠡ ᠠᠯᠬᠤᠮ ᠳᠡᠭᠡᠭ᠌ᠰᠢᠯᠡᠵᠤ᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ ᠤᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ ᠪᠠᠢᠬᠤ ᠬᠠᠯᠬᠠᠪᠴᠢ᠎ᠶ᠋ᠢ ᠪᠦᠳᠦᠭᠡᠨ ᠪᠠᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠡᠳᠡᠭᠡᠷ ᠬᠠᠷᠠᠯᠲᠠ ᠨᠢ ᠨᠠᠮ᠎ᠤᠨ ᠲᠥᠪ ᠬᠣᠷᠢᠶ᠎ᠠ᠎ᠶᠢᠨ ᠱᠠᠭᠠᠷᠳᠠᠯᠭ᠎ᠠ᠎ᠳᠤ ᠨᠡᠢᠴᠡᠬᠦ᠌ ᠮᠥᠷᠲᠡᠭᠡᠨ ᠪᠠᠰᠠ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠡᠢᠴᠡᠵᠦ᠍᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠵᠦ᠍ ᠪᠠᠢᠨ᠎ᠠ; ᠪᠤᠰᠤᠳᠴᠢ ᠵᠢᠮ᠎ᠡ ᠶᠣᠰᠣ᠎ᠶ᠋ᠢ ᠬᠦᠨᠳᠦᠳᠭᠡᠭᠰᠡᠨ ᠮᠥᠷᠲᠡᠭᠡᠨ ᠪᠠᠰᠠ ᠪᠣᠳᠠᠲᠠᠶ᠎ᠶ᠋ᠢ ᠡᠷᠬᠢᠮᠯᠡᠬᠦ᠌ ᠴᠢᠨᠠᠷ᠎ᠢ ᠴᠢᠬᠤᠯᠠᠴᠢᠯᠠᠵᠤ᠂ ᠬᠦᠳᠦᠯᠦᠮᠵᠢ ᠪᠠ ᠵᠤᠷᠢᠬᠵᠢᠭᠤᠯᠤᠯᠢ ᠢᠯᠡᠷᠡᠭᠦᠯᠵᠠᠢ᠃
ᠭᠣᠣᠯᠳᠠᠯᠭ᠎ᠠ᠎ᠶ᠋ᠢ ᠠᠳᠭᠤᠪᠠᠯ ᠰᠠᠶᠢ ᠨᠢᠭᠡ᠎ᠪᠡᠷ ᠲᠦᠮᠡ᠎ᠶ᠋ᠢ ᠳᠠᠭᠠᠭᠤᠯᠵᠦ ᠴᠢᠳᠠᠨ᠎ᠠ᠂ ᠵᠠᠩᠭᠢᠯᠠᠭ᠎ᠠ᠎ᠶ᠋ᠢ ᠰᠠᠢᠲᠤᠷ ᠠᠳᠭᠤᠪᠠᠯ ᠰᠠᠶᠢ ᠬᠥᠲᠥᠯᠪᠦᠷᠢ᠎ᠪᠡᠷ ᠳᠠᠮᠵᠢᠨ ᠠᠯᠢᠪᠠ ᠪᠦᠬᠦᠨ ᠱᠢᠢᠳᠪᠦᠷᠢᠯᠡᠭ᠌ᠳᠡᠵᠦ᠍ ᠴᠢᠳᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ ᠪᠠ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ᠎ᠢ ᠪᠠᠲᠤ ᠡᠵᠡᠮᠳᠡᠵᠦ᠍᠂ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ ᠨᠡᠩ ᠰᠠᠢᠲᠤᠷ ᠬᠢᠬᠦ ᠨᠥᠬᠥᠴᠡᠯ᠎ᠲᠡᠶ᠂ ᠬᠠᠷᠢᠭᠤᠴᠠᠯᠭ᠎ᠠ᠎ᠲᠠᠶ ᠶᠤᠮ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠠᠰᠠᠭᠤᠳᠠᠯ᠎ᠢ ᠪᠣᠳᠣᠯᠬᠢᠯᠠᠬᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠠᠵᠢᠯ ᠶᠠᠪᠤᠳᠠᠯ ᠬᠢᠬᠦ᠌᠎ᠳᠡᠭᠡᠨ ᠴᠥᠮ ᠭᠤᠤᠯ ᠱᠢᠵᠢᠮ᠎ᠦᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠶ᠋ᠢ ᠲᠡᠷᠢᠭᠦᠨ ᠪᠠᠢᠷᠢᠨ᠎ᠳᠤ ᠲᠠᠯᠪᠢᠬᠤ ᠬᠡᠷᠡᠭ᠌ᠲᠡᠶ; ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠬᠦᠯᠵᠤ᠂ ᠬᠠᠨᠳᠤᠯᠭᠠᠲᠤ ᠴᠢᠨᠠᠷ᠂ ᠪᠣᠳᠠᠲᠤ ᠪᠠᠢᠯᠳᠤᠭᠠᠨ᠎ᠤ ᠴᠢᠨᠠᠷ᠎ᠢᠶᠠᠷ ᠴᠢᠩᠭ᠎ᠠ ᠠᠷᠭ᠎ᠠ ᠬᠡᠮᠵᠢᠶ᠎ᠡ ᠠᠪᠴᠤ᠌᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ᠎ᠤᠨ ᠰᠤᠳᠤᠯᠭᠠᠨ ᠪᠣᠯᠤᠨ ᠤᠬᠠᠭᠤᠯᠭ᠎ᠠ ᠬᠥᠮᠦᠵᠢᠯ ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠭᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃
《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ 》 ᠶ᠋ᠢ ᠪᠠᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠡᠴᠡ ᠥᠪᠥᠷ ᠮᠣᠩᠭᠣᠯ᠎ᠳᠤ ᠲᠤᠰᠢᠶᠠᠭᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ ᠪᠠᠢᠵᠤ᠂ ᠡᠷᠬᠡᠪᠰᠢ ᠲᠤᠪᠤᠢ᠌ᠮ᠎ᠠ ᠪᠠᠢᠷᠢᠨ᠎ᠳᠤ ᠲᠠᠯᠪᠢᠵᠤ ᠴᠢᠩᠭ᠎ᠠ ᠠᠳᠭᠤᠵᠤ ᠪᠣᠳᠠᠲᠠᠢ ᠠᠳᠭᠤᠬᠤ ᠬᠡᠷᠡᠭ᠌ᠲᠡᠢ᠃ ᠣᠷᠣᠨ ᠳᠠᠶᠠᠭᠠᠷ᠎ᠢᠶᠠᠨ ᠡᠭᠦᠷᠭᠡᠲᠦ ᠤᠬᠠᠮᠰᠠᠷ᠎ᠢᠶᠠᠨ ᠴᠢᠩᠭᠠᠳᠭᠠᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ; ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠣᠯᠤᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠤ ᠬᠠᠯᠬᠠᠪᠴᠢ ᠶ᠋ᠢ ᠪᠠᠲᠤ ᠴᠣᠭ᠍ᠴᠠᠯᠠᠬᠤ ᠬᠡᠷᠡᠭᠳᠡᠢ; ᠣᠳᠣ ᠦᠶ᠎ᠡ᠎ᠶ᠋ᠢᠨ ᠡᠨᠧᠷᠭᠢ ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠵᠦ᠍᠂ ᠤᠯᠤᠰ ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠬᠡᠷᠡᠭᠳᠡᠢ; ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶ᠋ᠯᠡᠳᠪᠦᠷᠢᠯᠡᠯ᠎ᠦᠨ ᠰᠠᠭᠤᠷᠢᠨ ᠢ ᠪᠥᠲᠥᠭᠡᠨ ᠪᠠᠢᠭᠤᠯᠬᠤ ᠬᠡᠷᠡᠭᠳᠡᠢ; ᠳᠣᠲᠣᠭᠠᠳᠤ ᠭᠠᠳᠠᠭᠠᠳᠤ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠬᠡᠨ ᠪᠠᠢᠭᠤᠯᠬᠤ ᠲᠠᠯ᠎ᠠ᠎ᠪᠠᠷ ᠪᠦᠬᠦ᠌ ᠬᠦᠴᠦᠨ᠎ᠢᠶᠡᠷ᠎ᠢᠶᠡᠨ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭᠳᠡᠢ᠃
ᠵᠢᠷᠤᠭ ᠲᠥᠰᠦᠪ ᠢ ᠵᠢᠷᠤᠭ᠍ᠯᠠᠵᠤ᠂ ᠰᠠᠯᠬᠢ ᠳᠠᠪᠠᠯᠭᠠᠨ ᠢ ᠵᠦᠰᠦᠨ ᠤᠷᠤᠭ᠍ᠰᠢᠯᠠᠨ᠎ᠠ; ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠭᠳᠠᠵᠤ ᠪᠠᠢᠨ᠎ᠠ᠂ ᠨᠡᠩ ᠴᠤ᠌ ᠬᠤᠷᠳᠤᠨ ᠮᠤᠷᠢᠨ᠎ᠳᠤ ᠲᠠᠱᠢᠭᠤᠷ ᠨᠡᠮᠡᠨ ᠤᠷᠤᠭᠰᠢᠯᠠᠬᠤ ᠬᠡᠷᠡᠭ᠌ᠲᠡᠢ᠃ ᠡᠯ᠎ᠡ ᠱᠠᠳᠤ ᠡᠯ᠎ᠡ ᠭᠠᠵᠠᠷ᠎ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠲᠣᠭ᠍ᠲᠠᠭ᠍ᠰᠠᠨ ᠬᠠᠷᠠᠯᠲᠠ᠎ᠪᠠᠨ ᠪᠡᠶᠡᠯᠡᠭᠦᠯᠬᠦ᠌ ᠳᠡᠭᠡᠷ᠎ᠡ ᠨᠢᠭ᠍ᠲᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠍᠂ ᠯᠠᠪᠳᠠᠭᠤᠨ ᠪᠠᠲᠤᠲᠠᠢ᠎ᠪᠠᠷ ᠠᠵᠢᠯ ᠬᠢᠵᠦ᠍ ᠦᠢᠯᠡᠰ ᠪᠤᠰᠭᠠᠪᠠᠯ ᠯᠠᠪᠲᠠᠢ ᠯᠠᠪᠳᠠᠭᠤᠨ ᠪᠠᠲᠤᠲᠠᠢ ᠠᠯᠬᠤᠭ᠎ᠠ᠎ᠪᠠᠷ ᠠᠤᠭ᠎ᠠ ᠬᠠᠷᠠᠯᠲᠠ᠎ᠶ᠋ᠢ ᠤᠮᠠᠷᠠᠲᠤ ᠬᠢᠯᠢ᠎ᠶ᠋ᠢᠨ ᠡᠬᠡ ᠭᠠᠵᠠᠷ᠎ᠤᠨ ᠰᠠᠢ᠌ᠨ ᠰᠠᠢᠬᠠᠨ ᠪᠣᠳᠠᠲᠤ ᠠᠬᠤᠢ ᠪᠣᠯᠭᠠᠵᠤ ᠴᠢᠳᠠᠨ᠎ᠠ᠃