ᠦᠨᠡᠨ ᠬᠦ᠌ ᠠᠳᠭᠤᠨ ᠪᠣᠳᠠᠲᠠᠢ ᠠᠵᠢᠯᠯᠠᠨ ᠬᠥᠭ᠌ᠵᠢᠯᠲᠡ᠎ᠶ᠋ᠢ ᠡᠷᠢᠯᠬᠢᠯᠡᠵᠤ ᠡᠷᠡᠮᠡᠬᠡᠢᠯᠡᠨ ᠤᠷᠤᠭ᠍ᠰᠢᠯᠠᠨ ᠱᠢᠨ᠎ᠡ ᠪᠠᠢᠳᠠᠯ᠎ᠢ ᠡᠭᠦᠳᠦᠨ᠎ᠠ
2025-11-17 09:40:49
ᠵᠣᠬᠢᠶᠠᠭ᠍ᠴᠢ᠄
ᠪᠠᠢ ᠳ᠋ᠠᠨ ᠸᠠᠩ ᠬᠤᠤ ᠯᠢᠦ ᡁᠢ ᠱᠢᠶᠠᠨ ᠬᠤᠤ ᠵᠢᠶᠠ ᠯᠢ ᠮᠸᠢ ᠭᠠᠩ ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

 — ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠳᠦ ᠴᠢᠩᠭ᠎ᠠ ᠲᠤᠰᠭᠠᠯ ᠭᠠᠷᠪᠠ


11 ᠰᠠᠷ᠎ᠠ᠎ᠶ᠋ᠢᠨ 13  ᠡᠴᠡ 14 ᠤ᠋ ᠡᠳᠦᠷ ᠪᠣᠯᠲᠠᠯ᠎ᠠ᠂ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠷᠪᠠᠳᠤᠭᠠᠷ ᠤᠳᠠᠭ᠎ᠠ ᠵᠢᠨ  ᠪᠦᠬᠦᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥᠳᠡ ᠬᠤᠷᠠᠯ ᠡᠴᠡ ᠥᠪᠥᠷ ᠮᠣᠩᠭᠣᠯ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠢᠷᠡᠭᠡᠳᠦᠶ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠥᠰᠦᠪ ᠎ᠢ ᠲᠣᠳᠣᠷᠬᠠᠢᠯᠠᠵᠤ᠂ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠳᠦ ᠴᠢᠩᠭ᠎ᠠ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠪᠦᠬᠦᠳᠠ ᠬᠤᠷᠠᠯ᠎ᠤᠨ ᠵᠣᠷᠢᠭ ᠰᠠᠨᠠᠭ᠎ᠠ ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠷᠡᠯᠬᠡᠭ᠌ᠯᠡᠨ ᠲᠡᠮᠡᠴᠡᠵᠦ᠍᠂ ᠭᠠᠪᠱᠢᠭᠠᠢᠯᠠᠨ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠬᠥᠭ᠌ᠵᠢᠯᠲᠡ᠎ᠶ᠋ᠢ ᠡᠷᠢᠯᠬᠢᠯᠡᠵᠦ᠍᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ ᠭᠡᠵᠦ᠍ ᠢᠯᠡᠳᠭᠡᠵᠡᠭᠡᠪᠡ᠃

ᠪᠥᠬᠥᠳᠡ ᠬᠤᠷᠠᠯ ᠡᠴᠡ᠂ ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠣᠯᠤᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭᠳᠠᠢ ᠭᠡᠵᠤ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠳᠠᠷᠤᠭ᠎ᠠ ᠸᠠᠩ ᠱᠢᠤᠢ ᠵᠢᠶᠦ᠋ᠨ᠂ ᠴᠢᠨᠠᠷ ᠰᠠᠢᠲᠠᠶ ᠬᠥᠭ᠌ᠵᠢᠯᠲᠡ᠎ᠳᠦ ᠲᠣᠭ᠍ᠲᠠᠭᠤᠨ ᠬᠠᠤᠯᠢ᠎ᠪᠠᠷ ᠵᠠᠰᠠᠬᠤ ᠣᠷᠴᠢᠨ ᠨᠥᠬᠥᠴᠡᠯ ᠱᠠᠭᠠᠷᠳᠠᠭ᠍ᠳᠠᠨ᠎ᠠ᠂ ᠪᠥᠬᠥ᠌ ᠣᠷᠣᠨ᠎ᠤ ᠱᠢᠭᠦᠬᠦ᠌ ᠬᠣᠷᠢᠶ᠎ᠠ ᠰᠢ ᠵᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ ᠎ᠶ᠋ᠢ ᠪᠠᠷᠢᠮᠲᠠᠯᠠᠵᠤ᠂ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠳᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢᠵᠢᠭᠤᠯᠵᠤ᠂ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠷ ᠬᠠᠤᠯᠢ ᠴᠠᠭᠠᠵᠠ᠎ᠶ᠋ᠢᠨ ᠱᠢᠭᠦᠨ ᠲᠠᠰᠤᠯᠬᠤ ᠠᠵᠢᠯ᠎ᠢ ᠨᠡᠩ ᠲᠥᠪ ᠭᠣᠣᠯᠴᠢ᠂ ᠨᠡᠩ ᠦᠷ᠎ᠡ ᠪᠦᠲᠦᠮᠵᠢᠲᠡᠢ ᠪᠣᠯᠭᠠᠬᠤ᠎ᠶ᠋ᠢ ᠠᠬᠢᠭᠤᠯᠤᠨ᠎ᠠ; 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠲᠠᠢ ᠨᠠᠷᠢᠨ ᠬᠢᠨᠠᠮᠠᠭᠠᠢ ᠪᠠᠷᠢᠮᠵᠢᠶᠠᠯᠠᠨ ᠬᠠᠷᠭᠤᠭᠤᠯᠵᠤ᠂ ᠱᠢᠭᠦᠨ ᠲᠠᠰᠤᠯᠬᠤ ᠡᠭᠦᠷᠭᠡ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ ᠬᠠᠤᠯᠢ ᠪᠡᠷ ᠵᠠᠰᠠᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠳᠤ ᠠᠩᠬᠠᠷᠤᠯ ᠵᠢᠨᠨ ᠲᠥᠪᠯᠡᠷᠡᠭᠦᠯᠦᠨ ᠠᠷᠠᠳ᠎ᠤᠨ ᠲᠥᠯᠥᠭᠡ ᠬᠠᠤᠯᠢ ᠬᠡᠷᠡᠭ᠌ᠵᠢᠭᠦᠯᠬᠦ᠌᠎ᠶ᠋ᠢ ᠦᠢᠯᠡᠳᠦᠯᠭᠡᠵᠢᠭᠦᠯᠵᠦ᠍᠂ 《ᠦᠪᠡᠷ ᠵᠢᠡᠨ ᠵᠠᠷᠭᠤ ᠵᠠᠭᠠᠯᠳᠤᠯᠭ᠎ᠠ ᠬᠢᠵᠤ ᠪᠠᠢᠬᠤ ᠮᠡᠲᠦ》ᠭᠡᠳᠡᠭ ᠢ᠋ ᠪᠣᠳᠠᠲᠠᠢᠵᠢᠭᠤᠯᠵᠤ᠂ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠪᠠᠲᠤᠯᠠᠬᠤ᠂ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠎ᠢ ᠨᠡᠮᠡᠭ᠌ᠳᠡᠭᠦᠯᠬᠦ᠌᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠳ᠋ᠦ᠋ ᠬᠣᠶ ᠯᠢᠶᠠᠩ᠂ ᠪᠥᠬᠥᠳᠡ ᠬᠤᠷᠠᠯ᠎ᠡᠴᠡ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠨᠣᠯ᠎ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠎ᠢ ᠴᠢᠩᠭᠠᠳᠭᠠᠬᠤ》᠂ 《ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ》 ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠳᠤᠷᠠᠳᠴᠤ᠌᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠭᠤᠯᠤᠯᠲᠠ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠬᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌ ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠡᠭᠦᠷᠭᠡ ᠬᠠᠷᠢᠭᠤᠴᠠᠯᠭ᠎ᠠ ᠎ᠪᠠᠨ ᠪᠠᠲᠤ ᠴᠡᠭᠡᠵᠢᠯᠡᠵᠦ᠍᠂ ᠭᠣᠣᠯ ᠰᠢᠵᠢᠮ᠎ᠤᠨ ᠱᠠᠭᠠᠷᠳᠠᠯᠭ᠎ᠠ᠎ᠳᠤ ᠰᠠᠭᠤᠷᠢᠯᠠᠵᠤ᠂ 《ᠠᠨᠠᠷ ᠎ᠤᠨ ᠦᠷ᠎ᠡ ᠬᠦᠮᠦᠨ ᠬᠦᠮᠦᠵᠢᠬᠦᠯᠬᠦ ᠢᠨᠵᠧᠨᠧᠷᠢᠩ》 ᠵᠢᠡᠷ ᠭᠠᠷᠳᠠᠴᠠ ᠪᠣᠯᠭᠠᠵᠤ᠂ 《ᠲᠤᠮᠤ ᠦᠵᠡᠯ ᠰᠠᠨᠠᠭ᠎ᠠ ᠤᠯᠤᠰ ᠲᠦᠷᠦ᠍》 ᠵᠢᠨ ᠬᠥᠮᠦᠨ ᠬᠥᠮᠦᠵᠢᠭᠦᠯᠬᠦ᠌ ᠪᠠᠢᠷᠢᠱᠢᠯ᠎ᠢ ᠪᠠᠢᠭᠤᠯᠵᠤ᠂ ᠰᠤᠷᠭᠠᠨ ᠬᠥᠮᠦᠵᠢᠯ ᠎ᠦᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠲᠤ ᠴᠣᠭ᠍ᠴᠠᠯᠠᠨ᠎ᠠ; ᠪᠣᠬᠢᠷᠲᠤᠯ ᠥᠬᠡᠶ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ ᠎ᠦᠨ ᠪᠠᠢᠷᠢᠱᠢᠭᠤᠯᠤᠯᠲᠠ᠎ᠶ᠋ᠢᠨ ᠪᠦᠲᠦᠴᠡ᠎ᠳᠦ ᠢᠳᠡᠪᠬᠢᠲᠡᠶ ᠲᠣᠬᠢᠷᠠᠭᠤᠯᠤᠯᠲᠠ ᠬᠢᠵᠦ᠍᠂ ᠱᠢᠨ᠎ᠡ ᠎ᠶ᠋ᠢ ᠡᠭᠦᠳᠬᠦ᠌ ᠬᠡᠯᠪᠡᠷᠢ ᠎ᠶ᠋ᠢᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ ᠎ᠢ ᠬᠥᠮᠦᠵᠢᠭᠦᠯᠦᠨ᠎ᠡ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠤᠨ ᠣᠯᠭᠣᠬᠤ᠎ᠶ᠋ᠢ ᠴᠢᠩᠭᠠᠷᠠᠭᠤᠯᠵᠤ᠂ ᠰᠤᠷᠭᠠᠨ ᠬᠥᠮᠦᠵᠢᠯ᠎ᠦᠨ ᠲᠣᠭᠠᠴᠢᠯᠠᠯᠲᠠ᠎ᠵᠢᠨ ᠬᠡᠯᠪᠡᠷᠢ᠎ᠪᠡᠨ ᠬᠤᠪᠢᠷᠠᠭᠤᠯᠬᠤ ᠎ᠶ᠋ᠢ ᠲᠦᠷᠭᠡᠳᠭᠡᠨ᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ᠎ᠢ ᠠᠱᠢᠭ᠍ᠯᠠᠵᠤ᠂ ᠰᠤᠷᠭᠠᠨ ᠬᠥᠮᠦᠵᠢᠯ ᠎ᠦᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ; ᠥᠭᠡᠷᠡᠴᠢᠯᠡᠯᠲᠡ ᠬᠢᠵᠦ᠍ ᠱᠢᠨ᠎ᠡ ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠵᠤ᠂ ᠴᠢᠳᠠᠪᠤᠷᠢᠲᠠᠨ ᠬᠥᠮᠦᠵᠢᠭᠦᠯᠬᠦ᠌ ᠬᠠᠩᠭᠠᠯᠭ᠎ᠠ ᠬᠡᠷᠡᠭ᠌ᠴᠡᠭᠡ ᠎ᠶ᠋ᠢ ᠲᠤᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠥᠭᠡᠷᠡᠴᠢᠯᠡᠯᠲᠡ᠎ᠪᠡᠷ ᠬᠦᠴᠢᠷ ᠠᠰᠠᠭᠤᠳᠠᠯ ᠎ᠢ ᠱᠢᠢᠳᠪᠦᠷᠢᠯᠡᠨ᠂ ᠬᠥᠭ᠌ᠵᠢᠯᠲᠡ᠎ᠶ᠋ᠢ ᠠᠬᠢᠭᠤᠯᠵᠤ᠂ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ; ᠨᠡᠭᠡᠭᠡᠯᠲᠡ᠎ᠶ᠋ᠢᠨ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠰᠣᠯᠢᠯᠴᠠᠭ᠎ᠠ᠎ᠶ᠋ᠢ ᠴᠢᠩᠭᠠᠳᠭᠠᠵᠤ᠂ ᠰᠤᠷᠭᠠᠨ ᠬᠥᠮᠦᠵᠢᠯ᠎ᠦᠨ ᠬᠥᠭ᠌ᠵᠢᠯᠲᠡ᠎ᠶ᠋ᠢᠨ ᠣᠷᠣᠨ ᠵᠠᠶ᠎ᠶ᠋ᠢ ᠢᠳᠡᠪᠬᠢᠲᠡᠶ ᠥᠷᠭᠡᠳᠭᠡᠵᠦ᠍᠂ ᠠᠷᠠᠳ ᠲᠦᠮᠡᠨ ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠴᠢᠷᠮᠠᠢᠨ ᠰᠠᠢᠲᠤᠷ ᠡᠷᠭᠢᠯᠡᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠪᠠᠲᠤ ᠪᠠᠬᠢ ᠴᠢᠳᠠᠪᠤᠷᠢᠲᠠᠨ᠎ᠤ ᠪᠠᠲᠤᠯᠠᠭ᠎ᠠ ᠪᠠ ᠣᠶᠤᠨ᠎ᠤ ᠳᠡᠮᠵᠢᠯᠭᠡ ᠬᠠᠩᠭᠠᠵᠤ᠂ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ ᠭᠡᠵᠤ ᠢᠯᠡᠳᠭᠡᠪᠡ᠃

《ᠪᠥᠬᠥᠳᠡ ᠬᠤᠷᠠᠯ᠎ᠡᠴᠡ〈ᠠᠷᠪᠠᠨ ᠳᠥᠷᠪᠡᠳᠦᠭᠡᠷ ᠲᠠᠪᠤᠨ ᠵᠢᠯ〉ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠮᠠᠨ᠎ᠤ ᠣᠷᠣᠨ᠎ᠤ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠶ ᠳ᠋ᠦᠩᠨᠡᠵᠦ᠍᠂ 〈ᠠᠷᠪᠠᠨ ᠲᠠᠪᠤᠳᠤᠭᠠᠷ ᠲᠠᠪᠤᠨ ᠵᠢᠯ〉ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠱᠢᠨᠵᠢᠯᠡᠬᠦ᠌ ᠤᠬᠠᠭᠠᠨᠴᠢ᠂ ᠱᠢᠰᠲ᠋ᠧᠮ᠎ᠲᠡᠶ᠂ ᠪᠣᠳᠠᠲᠠᠶ᠎ᠶ᠋ᠢ ᠡᠷᠬᠢᠮᠯᠡᠭ᠌ᠰᠡᠨ ᠲᠥᠯᠥᠪᠵᠢᠭᠦᠯᠭᠡ ᠪᠠᠢᠷᠢᠯᠠᠭᠤᠯᠤᠯᠲᠠ ᠬᠢᠵᠦ᠍᠂ ᠬᠠᠷᠠᠯᠲᠠ ᠲᠣᠳᠣᠷᠬᠠᠶ᠂ ᠬᠥᠮᠦᠰ ᠎ᠢ ᠤᠷᠮᠠᠱᠢᠭᠤᠯᠤᠨ ᠵᠣᠷᠢᠭ᠍ᠵᠢᠭᠤᠯᠪᠠ》᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠨᠠᠮ᠎ᠤᠨ ᠬᠣᠷᠢᠶ᠎ᠠ᠎ᠶᠢᠨ ᠱᠦᠵᠢ᠂ ᠲᠢᠩᠬᠢᠮ᠎ᠦᠨ ᠳᠠᠷᠤᠭ᠎ᠠ ᠪᠠᠶ ᠶᠦᠩ ᠫᠢᠩ᠂ ᠪᠦᠬᠦ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ᠎ᠳᠤ ᠦᠶ᠋ᠯᠡᠴᠢᠯᠡᠬᠦ᠌ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠤᠨ ᠭᠠᠷᠳᠠᠬᠤ ᠴᠡᠭ ᠪᠠ ᠵᠠᠩᠭᠢᠯᠠᠭ᠎ᠠ᠎ᠶ᠋ᠢᠨ ᠴᠡᠭ ᠎ᠢ ᠣᠨᠣᠪᠴᠢᠲᠠᠶ ᠤᠯᠵᠤ᠂ ᠨᠠᠢᠳᠠᠯᠭ᠎ᠠ᠎ᠶ᠋ᠢ ᠪᠠᠲᠤ ᠴᠡᠭᠡᠵᠢᠯᠡᠬᠦ᠂ ᠠᠴᠢ ᠳ᠋ᠦ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠬᠤ᠂ ᠪᠦᠯᠬᠦᠮᠳᠡᠨ ᠨᠢᠭᠡᠳᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ ᠎ᠢᠶᠠᠨ ᠵᠠᠰᠠᠬᠤ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠠᠰᠠᠭ᠎ᠤᠨ ᠣᠷᠳᠣᠨ᠎ᠤ ᠬᠠᠤᠯᠢ ᠲᠣᠭ᠍ᠲᠠᠭᠠᠯᠲᠠ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠷᠡᠭᠦᠦ ᠱᠢᠢᠳᠭᠡᠯ᠎ᠦᠨ ᠭᠦᠢᠴᠡᠳᠭᠡᠯᠲᠡ᠂ ᠤᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡ᠂ ᠭᠠᠳᠠᠭᠠᠳᠤ᠎ᠳᠤ ᠬᠣᠯᠪᠣᠭ᠍ᠳᠠᠬᠤ ᠬᠠᠤᠯᠢ ᠪᠡᠷ ᠵᠠᠰᠠᠬᠤ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠵᠡᠷᠭᠡ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ᠎ᠪᠠᠷ ᠵᠠᠰᠠᠵᠤ ᠦᠨᠳᠦᠰᠦ᠎ᠶ᠋ᠢ ᠪᠡᠬᠢᠵᠢᠭᠦᠯᠬᠦ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠲᠦ᠍᠎ᠳᠦ ᠠᠱᠢᠭ᠍ᠲᠠᠶ ᠪᠠᠲᠤᠯᠠᠭ᠎ᠠ᠎ᠶ᠋ᠢᠨ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠰᠠᠢᠲᠤᠷ ᠪᠦᠲᠦᠭᠡᠨ ᠪᠠᠢᠭᠤᠯᠬᠤ᠎ᠳ᠋ᠦ ᠱᠢᠯᠢᠳᠡᠭ ᠬᠠᠤᠯᠢ ᠴᠠᠭᠠᠵᠠ᠎ᠶ᠋ᠢᠨ ᠦᠢᠯᠡᠴᠢᠯᠡᠭᠡ ᠪᠠ ᠪᠠᠲᠤ ᠴᠢᠩᠭ᠎ᠠ ᠬᠠᠤᠯᠢ᠎ᠪᠡᠷ ᠵᠠᠰᠠᠬᠤ ᠪᠠᠲᠤᠯᠠᠭ᠎ᠠ ᠬᠠᠩᠭᠠᠨ᠎ᠠ ᠭᠡᠵᠦ ᠢᠯᠡᠳᠭᠡᠪᠡ᠃

 《ᠪᠥᠬᠥᠳᠡ ᠬᠤᠷᠠᠯ᠎ᠡᠴᠡ〈ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ ᠣᠷᠣᠯᠭ᠎ᠠ᠎ᠶ᠋ᠢ ᠨᠡᠮᠡᠭ᠌ᠳᠡᠭᠦᠯᠬᠦ᠌〉᠂ 〈ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠎ᠢ ᠪᠦᠷᠢᠨᠱᠢᠬᠦᠯᠬᠦ᠌〉᠂ 〈ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ〉 ᠵᠡᠷᠭᠡ ᠱᠢᠷᠢᠰ ᠪᠠᠢᠷᠢᠯᠠᠭᠤᠯᠤᠯᠲᠠ ᠬᠢᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠱᠢᠨ᠎ᠡ ᠴᠠᠭ ᠦᠶ᠎ᠡ ᠱᠢᠨ᠎ᠡ ᠠᠶᠠᠨ᠎ᠳᠤ ᠠᠷᠠᠳ᠎ᠤᠨ ᠠᠮᠢᠳᠤᠷᠠᠯ᠎ᠤᠨ ᠠᠵᠢᠯ᠎ᠢ ᠰᠠᠢᠲᠤᠷ ᠬᠢᠬᠦ᠌᠎ᠳᠦ ᠲᠣᠳᠣᠷᠬᠠᠶ ᠠᠷᠭ᠎ᠠ ᠵᠠᠮ ᠲᠣᠭ᠍ᠲᠠᠭᠠᠵᠤ᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢᠯᠠᠪᠠ》᠃ ᠥᠪᠡᠷᠲᠡᠭᠡᠨ ᠵᠠᠰᠠᠬᠤ ᠣᠷᠣᠨ ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠶ ᠶᠢᠩ ᠵᠢᠶᠦ᠋ᠨ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠬᠠᠮᠲᠤ᠎ᠪᠠᠷ ᠪᠠᠶᠠᠵᠢᠬᠤ᠌᠎ᠶ᠋ᠢ ᠯᠠᠪᠳᠠᠭᠤᠨ ᠪᠠᠲᠤᠲᠠᠶ ᠠᠬᠢᠭᠤᠯᠬᠤ》 ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠂  ᠪᠣᠳᠠᠲᠠᠢ ᠠᠴᠢᠶᠠᠯᠠᠭ᠍ᠴᠢ ᠪᠠ ᠪᠦᠲᠦᠮᠵᠢᠲᠡᠶ ᠭᠠᠷᠳᠠᠴᠠ᠎ᠵᠢ ᠤᠨᠤᠪᠴᠢᠲᠠᠢ ᠡᠷᠢᠵᠦ ᠭᠦᠨ ᠲᠦᠯᠦᠪᠵᠢᠭᠦᠯᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠦᠷᠢᠶᠡᠨ᠎ᠳᠡᠬᠢ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠪᠠ ᠬᠣᠯᠪᠣᠭ᠍ᠳᠠᠯ ᠪᠥᠬᠥᠶ ᠲᠤᠰᠭᠠᠶ ᠵᠦᠶ᠋ᠯ᠎ᠦᠨ ᠲᠥᠯᠥᠪᠵᠢᠭᠦᠯᠭᠡ᠎ᠶ᠋ᠢ ᠥᠨᠳᠥᠷ ᠪᠠᠷᠢᠮᠵᠢᠶ᠎ᠠ᠎ᠪᠠᠷ ᠰᠠᠢᠲᠤᠷ ᠨᠠᠢᠷᠠᠭᠤᠯᠤᠨ ᠵᠣᠬᠢᠶᠠᠵᠤ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠵᠤ᠂ ᠨᠡᠩ ᠶᠡᠬᠡ ᠡᠷᠴᠢᠮ᠎ᠢᠶᠡᠷ ᠨᠡᠢᠭᠡᠮ᠎ᠦᠨ ᠪᠠᠲᠤᠯᠠᠭ᠎ᠠ ᠎ᠶ᠋ᠢᠨ ᠲᠦᠷᠢᠮ ᠎ᠢ ᠪᠦᠷᠢᠨᠰᠢᠭᠦᠯᠦᠨ᠂ ᠨᠠᠩ ᠱᠢᠯᠢᠳᠡᠭ ᠦᠶ᠋ᠯᠡᠴᠢᠯᠡᠭᠡ᠎ᠪᠡᠷ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠦᠮᠦᠵᠢᠬᠦᠯᠦᠨ ᠦᠯᠡᠳᠡᠭᠡᠵᠦ ᠬᠡᠷᠡᠭ᠌ᠯᠡᠬᠦ᠌᠎ᠶ᠋ᠢ ᠴᠢᠩᠭᠠᠳᠬᠠᠵᠤ᠂ ᠨᠡᠩ ᠴᠢᠩᠭ᠎ᠠ ᠱᠠᠭᠠᠷᠳᠠᠯᠭ᠎ᠠ ᠎ᠪᠠᠷ ᠡᠶ᠎ᠡ ᠵᠣᠬᠢᠴᠠᠯ᠎ᠲᠠᠶ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠰᠠᠢᠲᠤᠷ ᠱᠢᠶ᠋ᠳᠪᠦᠷᠢᠯᠡᠵᠦ᠂ ᠠᠷᠠᠳ ᠎ᠤᠨ ᠠᠮᠢᠳᠤᠷᠠᠯ ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠂ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ᠎ᠪᠡᠷ ᠬᠦᠷᠲᠡᠭᠡᠨ᠎ᠡ ᠭᠡᠵᠦ ᠢᠯᠡᠳᠭᠡᠪᠡ᠃

 ᠪᠥᠬᠥᠳᠡ ᠬᠤᠷᠠᠯ᠎ᠡᠴᠡ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠬᠤ ᠪᠠ ᠦᠶ᠋ᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠬᠦ ᠭᠡᠷᠡᠭᠲᠡᠢ》 ᠭᠡᠵᠦ ᠲᠤᠷᠠᠳᠴᠠᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠶᠡᠷᠦᠩᠬᠡᠶ ᠱᠦᠵᠢ ᠰᠢ ᠵᠢᠨ ᠫᠢᠩ᠎ᠦᠨ《ᠤᠰᠤ ᠠᠷᠪᠢᠯᠠᠬᠤ᠎ᠶ᠋ᠢ ᠲᠡᠷᠢᠭᠦᠨ᠎ᠳᠦ ᠲᠠᠯᠪᠢᠬᠤ᠂ ᠣᠷᠣᠨ ᠵᠠᠶ ᠲᠡᠩᠴᠡᠭᠦᠷᠢᠳᠠᠢ᠂ ᠱᠢᠰᠲ᠋ᠧᠮ ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ᠌》 ᠤᠰᠤ ᠵᠠᠰᠠᠬᠤ ᠰᠡᠳᠭᠢᠴᠡ ᠪᠠ ᠤᠰᠤ ᠵᠠᠰᠠᠬᠤ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ ᠵᠢ ᠭᠦᠨᠵᠡᠭᠡᠶ ᠦᠶ᠋ᠯᠡᠳᠦᠯᠭᠡᠵᠢᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠰᠤᠨ ᠠᠱᠢᠭ᠍ᠯᠠᠯᠲᠠ᠎ᠶ᠋ᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠤᠰᠤᠨ᠎ᠤ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠰᠦᠪᠡᠭ᠌ᠴᠢᠯᠡᠵᠦ᠂ ᠤᠰᠤ ᠲᠠᠲᠠᠬᠤ᠂ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠭ᠍ᠰᠠᠨ ᠥᠭᠡᠷᠡᠴᠢᠯᠡᠯᠲᠡ᠂ ᠭᠣᠣᠯ ᠮᠥᠷᠡᠨ ᠨᠠᠭᠤᠷ ᠴᠥᠭᠥᠷᠥᠮ ᠎ᠢ ᠵᠠᠰᠠᠬᠤ᠂ ᠤᠰᠤᠨ᠎ᠤ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠵᠡᠷᠭᠡ ᠴᠢᠬᠤᠯᠠ ᠶᠡᠬᠡ ᠤᠰᠤᠨ ᠠᠱᠢᠭ᠍ᠯᠠᠯᠲᠠ᠎ᠶ᠋ᠢᠨ ᠲᠥᠷᠥᠯ ᠵᠦᠶ᠋ᠯ᠎ᠢ ᠰᠠᠢᠳᠤᠷ ᠭᠡᠷᠡᠭᠵᠢᠬᠦᠯᠵᠦ ᠪᠡᠷ ᠬᠦᠳᠦᠯᠦᠮᠵᠢ ᠪᠤᠯᠭᠠᠵᠦ᠂ ᠥᠪᠡᠷᠲᠡᠭᠡᠨ ᠵᠠᠰᠠᠬᠤ ᠣᠷᠣᠨ ᠤ᠋ 《ᠭᠤᠷᠪᠠᠨ ᠭᠤᠯᠳᠤ ᠲᠦᠷᠪᠡᠨ ᠬᠦᠨᠳᠡᠯᠡᠨ》 ᠤᠰᠤᠨ ᠲᠣᠣᠷ᠎ᠤᠨ ᠱᠢᠰᠲᠧᠮ ᠢ᠋ ᠲᠦᠷᠭᠡᠳᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌ ᠎ᠳᠦ ᠪᠠᠲᠤ ᠪᠡᠬᠢ ᠤᠰᠤᠨ᠎ᠤ ᠠᠮᠤᠷ ᠲᠦᠪᠱᠢᠨ᠎ᠦ ᠪᠠᠲᠤᠯᠠᠭ᠎ᠠ ᠬᠠᠩᠭᠠᠨ᠎ᠠ ᠭᠡᠵᠦ ᠢᠯᠡᠳᠭᠡᠪᠡ᠃

ᠪᠥᠬᠥᠳᠡ ᠬᠤᠷᠠᠯ᠎ᠡᠴᠡ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ ᠭᠡᠵᠦ ᠲᠤᠷᠠᠳᠤᠪᠠ᠃ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠬᠢᠨᠠᠯᠲᠠ ᠲᠠᠯᠪᠢᠬᠤ ᠲᠤᠰᠭᠠᠶ ᠲᠤᠱᠢᠶᠠᠯᠲᠠᠨ ᠤ᠌ᠤ ᠳ᠋ᠦᠩ᠂ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠱᠢᠰᠲ᠋ᠧᠮ᠎ᠦᠨ᠎ᠬᠢᠨ ᠠᠵᠢᠯᠯᠠᠬᠤ᠎ᠪᠠᠨ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ 《ᠠᠷᠪᠠᠳᠤᠭᠠᠷ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠢᠯ᠎ᠤᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠨᠤᠮᠢᠨ ᠤᠰᠤ ᠬᠥᠬᠡᠮᠳᠦᠭ ᠠᠭᠤᠯᠠ ᠤᠰᠤ ᠪᠣᠯ ᠠᠯᠲᠠᠠ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠠᠭᠤᠯᠠ ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠲᠤᠬᠠᠶ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠎ᠶ᠋ᠢ ᠡᠷᠡᠰ ᠨᠠᠢᠳᠠᠪᠤᠷᠢᠵᠢᠭᠤᠯᠵᠤ᠂ 《ᠤᠮᠠᠷᠠᠲᠤ ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠤᠭᠤᠮᠳᠠ ᠰᠢᠪᠳᠤᠯᠬᠤ ᠳᠠᠢᠯᠠᠯᠳᠤᠭᠠᠨ᠎ᠤ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ ᠎ᠤ ᠢᠯᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠤᠯᠬᠤ᠎ᠶ᠋ᠢ ᠦᠨᠡᠨ ᠬᠦ᠌ ᠪᠠᠲᠤᠯᠠᠨ᠎ᠠ᠃ ᠣᠶ ᠱᠢᠭᠤᠶ ᠡᠪᠡᠰᠦ ᠪᠡᠯᠴᠢᠭᠡᠷ᠎ᠢ ᠡᠪᠳᠡᠬᠦ ᠵᠡᠷᠭᠡ ᠬᠠᠤᠯᠢ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠥᠪᠡᠷᠲᠡᠭᠡᠨ ᠵᠠᠰᠠᠬᠤ ᠣᠷᠣᠨ ᠎ᠢ ᠣᠯᠠᠨ ᠵᠢᠯ ᠲᠦᠪᠡᠭ᠌ᠳᠡᠭᠦᠯᠵᠦ᠍ ᠪᠠᠢᠭ᠍ᠰᠠᠨ ᠬᠡᠳᠦᠷᠡᠳᠡᠯ᠎ᠡ ᠪᠡᠯᠴᠢᠭᠡᠷᠯᠡᠭᠦᠯᠬᠦ ᠠᠰᠠᠭᠤᠳᠠᠯ᠎ᠢ ᠪᠥᠬᠥ᠌ ᠲᠠᠯ᠎ᠠ᠎ᠪᠠᠷ ᠱᠢᠶ᠋ᠳᠪᠦᠷᠢᠯᠡᠵᠦ᠍᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠨᠠᠩ ᠪᠠᠲᠤ ᠪᠠᠬᠢ ᠪᠣᠯᠭᠠᠨ ᠪᠠᠢᠭᠤᠯᠤᠨ᠎ᠠ ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号