— ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠪᠥᠬᠥ᠌ ᠬᠡᠯᠬᠢᠶᠡᠨ᠎ᠦ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠤᠭ᠍ᠰᠠᠨ ᠲᠤᠬᠠᠶ ᠪᠣᠳᠠᠲᠤ ᠲᠡᠮᠳᠡᠭ᠌ᠯᠡᠯ
11 ᠰᠠᠷ᠎ᠠ᠎ᠶ᠋ᠢᠨ 1 ᠤ᠋ ᠡᠳᠦᠷ᠂ ᠥᠪᠥᠷ ᠮᠣᠩᠭᠣᠯ᠎ᠤᠨ ᠬᠣᠩ ᠳ᠋ᠸ ᠨᠡᠢᠭᠡᠮᠪᠠᠢᠭᠠᠯᠢ ᠵᠢᠨ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠳ᠋ᠤ 《ᠠᠯᠲᠠᠨ ᠨᠠᠮᠤᠷ᠎ᠢ ᠠᠮᠵᠢᠨ ᠳᠠᠷᠪᠠᠭᠤᠯ ᠬᠡᠢᠰᠭᠡᠨ ᠠᠶᠠᠯᠠᠯ᠎ᠢᠶᠠᠨ ᠡᠬᠢᠯᠡᠭᠦᠯᠦᠶ᠎ᠡ》 2025 ᠣᠨ᠎ᠤ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶ᠋ᠢᠨ ᠤᠶᠤᠲᠠᠳ᠎ᠤᠨ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠨᠠᠮᠤᠷ᠎ᠤᠨ ᠤᠯᠠᠷᠢᠯ᠎ᠤᠨ ᠠᠵᠢᠯᠲᠠᠨ ᠠᠵᠢᠯᠴᠢᠨ ᠡᠯᠰᠡᠬᠦ᠌ ᠴᠤᠭᠯᠠᠭᠠᠨ ᠤ᠋ ᠲᠤᠬᠠᠶ᠎ᠶ᠋ᠢᠨ ᠲᠠᠯᠠᠪᠠᠶ᠎ᠳᠤ᠂ ᠰᠤᠷᠤᠭ᠍ᠴᠢᠳ ᠭᠠᠷ᠎ᠲᠠᠭᠠᠨ ᠨᠠᠷᠢᠨ ᠨᠢᠮᠪᠠᠶ ᠪᠡᠯᠡᠳᠭᠡᠭ᠌ᠰᠡᠨ ᠲᠣᠪᠴᠢ ᠨᠠᠮᠲᠠᠷ᠎ᠢᠶᠠᠨ ᠪᠠᠷᠢᠵᠤ᠂ ᠴᠤᠬᠯᠠᠭᠠᠨ ᠳ᠋ᠤ ᠤᠷᠤᠯᠴᠠᠬᠤ ᠪᠡᠷ ᠢᠷᠡᠵᠡᠭᠡᠭᠰᠡᠨ ᠪᠠᠢᠯ᠎ᠠ᠃
ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《2025 ᠣᠨ᠎ᠤ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶ᠋ᠢᠨ ᠤᠶᠤᠲᠠᠳ᠎ᠤᠨ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠦ ᠲᠤᠰᠭᠠᠶ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠠᠵᠢᠯᠯᠠᠭ᠎ᠠ》 ᠶ᠋ᠢ ᠲᠥᠪᠯᠡᠷᠡᠭᠦᠯᠦᠨ ᠥᠷᠨᠢᠭᠦᠯᠵᠦ᠍᠂ 《ᠡᠭᠦᠯᠡᠨ ᠦᠵᠦᠭᠦᠷᠯᠢᠭ》 ᠤ᠋ᠨ ᠠᠵᠢᠯ ᠣᠯᠭᠣᠯᠲᠠ᠎ᠶ᠋ᠢᠨ ᠲᠠᠪᠴᠠᠩ᠎ᠢ ᠪᠠᠢᠭᠤᠯᠬᠤ᠎ᠪᠠᠷ ᠳᠠᠮᠵᠢᠨ᠂ ᠰᠤᠷᠤᠭ᠍ᠴᠢᠳ᠎ᠢ ᠬᠠᠪᠰᠤᠷᠤᠨ ᠬᠡᠷ᠎ᠡᠴᠡ᠎ᠪᠡᠨ ᠭᠠᠷᠬᠤ ᠥᠬᠡᠶ᠎ᠪᠡᠷ ᠠᠵᠤ ᠠᠬᠤᠢᠯᠠᠯ᠎ᠲᠠᠶ ᠱᠢᠭᠤᠳ ᠶᠠᠷᠢᠯᠴᠠᠬᠤ᠂ ᠰᠠᠨᠠᠭᠠᠨ ᠳ᠋ᠠᠭᠠᠨ ᠬᠦᠷᠬᠦ ᠠᠵᠢᠯ ᠤᠯᠬᠤ ᠶ᠋ᠢ ᠪᠡᠶᠡᠯᠡᠭᠦᠯᠪᠡ᠃
ᠵᠠᠯᠠᠭᠤ ᠰᠤᠷᠤᠭ᠍ᠴᠢᠳ᠎ᠤᠨ ᠠᠵᠢᠯ ᠣᠯᠭᠣᠯᠲᠠ᠎ᠶ᠋ᠢᠨ 《ᠠᠩᠬᠠᠨ᠎ᠤ ᠠᠯᠬᠤᠮ》 ᠢ᠋ ᠰᠠᠢᠲᠤᠷ ᠠᠳᠭᠤᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠦᠵᠡᠯ ᠰᠠᠨᠠᠭ᠎ᠠ᠎ᠪᠠᠷ ᠬᠦᠳᠦᠯᠥᠨ ᠳᠠᠭᠠᠭᠤᠯᠬᠤ — ᠦᠢᠯᠡᠳᠦᠯᠭᠡ᠎ᠪᠡᠷ ᠴᠢᠳᠠᠪᠤᠷᠢ ᠣᠯᠭᠣᠬᠤ — ᠦᠢᠯᠡᠴᠢᠯᠡᠭᠡ᠎ᠪᠡᠷ ᠲᠤᠯᠭᠠᠭᠤᠷᠢᠯᠠᠯ ᠪᠣᠯᠭᠠᠬᠤ — ᠦᠢᠯᠡᠰ ᠪᠤᠰᠭᠠᠬᠤ᠎ᠶ᠋ᠢ ᠤᠷᠲᠤᠳᠭᠠᠬᠤ》 ᠪᠦᠬᠦ᠌ ᠬᠡᠯᠬᠢᠶᠡᠨ᠎ᠦ ᠠᠵᠢᠯ ᠣᠯᠭᠣᠬᠤ ᠦᠢᠯᠡᠰ ᠪᠤᠰᠭᠠᠬᠤ ᠱᠢᠰᠲ᠋ᠧᠮ᠎ᠢ ᠨᠠᠷᠢᠯᠢᠭ ᠴᠣᠭ᠍ᠴᠠᠯᠠᠵᠤ᠂ ᠵᠠᠯᠠᠭᠤ ᠨᠠᠰᠤᠨ᠎ᠤ ᠬᠥᠳᠡᠯᠭᠡᠬᠦ᠌ ᠡᠨᠧᠷᠭᠢ᠎ᠶ᠋ᠢ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠭᠦᠷᠪᠤᠯᠭᠠᠬᠤ ᠪᠣᠯᠤᠨ᠎ᠠ᠃
《ᠠᠵᠢᠯ ᠰᠣᠩᠭᠣᠬᠤ᠎ᠶ᠋ᠢᠨ ᠮᠥᠨ ᠴᠢᠨᠠᠷ ᠪᠣᠯ ᠬᠦᠮᠦᠨ ᠬᠢᠭᠡᠳ ᠠᠵᠢᠯ᠎ᠤᠨ ᠪᠠᠢᠷᠢ ᠳᠣᠭᠢᠷᠠᠯᠴᠠᠬᠤ ᠶᠠᠪᠤᠳᠠᠯ ᠪᠣᠯᠤᠨ᠎ᠠ᠂ ᠮᠡᠳᠡᠭᠡ ᠵᠠᠩᠭᠢ ᠲᠡᠩᠴᠡᠭᠦᠷᠢ ᠥᠬᠡᠶ ᠪᠠ ᠡᠬᠢ ᠪᠠᠶᠠᠯᠢᠭ ᠲᠠᠷᠠᠬᠠᠶ ᠪᠤᠲᠠᠷᠬᠠᠶ ᠪᠠᠢᠬᠤ ᠪᠣᠯ ᠵᠠᠯᠠᠭᠤᠴᠤᠳ᠎ᠲᠤ ᠲᠤᠯᠭᠠᠷᠠᠵᠤ ᠪᠠᠢᠭ᠎ᠠ ᠨᠢᠬᠡᠨ ᠬᠠᠷᠰᠢ ᠰᠠᠭᠠᠳ ᠮᠥᠨ᠃ 2023 ᠣᠨ᠎ᠡᠴᠡ ᠨᠠᠭᠠᠰᠢ᠂ ᠪᠢᠳᠡ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳ᠋ᠤ ᠨᠡᠢᠲᠡ 12.6 ᠲᠦᠮᠡᠨ ᠠᠵᠢᠯ᠎ᠤᠨ ᠪᠠᠢᠷᠢ ᠨᠡᠢᠲᠡᠯᠡᠵᠦ᠍᠂ ᠪᠥᠬᠥ᠌ ᠣᠷᠣᠨ᠎ᠤ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠲᠠᠶ ᠬᠣᠯᠪᠣᠭᠠᠯᠠᠨ 60 ᠲᠦᠮᠡᠨ ᠠᠵᠢᠯ᠎ᠤᠨ ᠪᠠᠢᠷᠢ ᠬᠠᠩᠭᠠᠵᠤ᠂ ᠠᠵᠢᠯ᠎ᠤᠨ ᠪᠠᠢᠷᠢ᠎ᠶ᠋ᠢᠨ ᠬᠠᠩᠭᠠᠯᠭ᠎ᠠ ᠪᠠ ᠵᠠᠯᠠᠭᠤᠴᠤᠳ᠎ᠤᠨ ᠬᠡᠷᠡᠭ᠌ᠴᠡᠭᠡ᠎ᠶ᠋ᠢ ᠣᠨᠣᠪᠴᠢᠲᠠᠶ ᠵᠣᠯᠭᠠᠭᠤᠯᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠳᠭᠡᠪᠡ᠃
ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ 《ᠬᠠᠮ ᠠᠷᠭ᠎ᠠ ᠬᠡᠮᠵᠢᠶ᠎ᠡ》 ᠶ᠋ᠢ ᠬᠡᠷᠡᠭ᠌ᠵᠢᠭᠦᠯᠵᠦ᠍᠂ ᠠᠵᠢᠯ ᠰᠣᠩᠭᠣᠬᠤ ᠲᠥᠭᠡᠷᠢᠭ᠌ᠳᠡᠯ ᠢ᠋ ᠠᠷᠢᠯᠭᠠᠪᠠ
ᠰᠤᠷᠭᠠᠭᠤᠯᠢ᠎ᠶ᠋ᠢᠨ ᠬᠦᠷᠢᠶᠡᠨ᠎ᠡᠴᠡ ᠨᠡᠢᠭᠡᠮ ᠲᠡᠬᠡᠷ᠎ᠡ ᠭᠠᠷᠬᠤ ᠬᠤᠪᠢᠷᠠᠯᠲᠠ᠎ᠶ᠋ᠢᠨ ᠡᠮᠦᠨ᠎ᠡ᠂ ᠴᠥᠭᠡᠨ ᠪᠤᠰᠤ ᠰᠤᠷᠤᠭ᠍ᠴᠢᠳ ᠲᠥᠭᠡᠷᠢᠭ᠌ᠳᠡᠯᠳ᠋ᠤ ᠤᠴᠠᠷᠠᠪᠠ᠃ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠨᠢᠭᠡᠨ ᠬᠢᠴᠢᠶᠡᠯ᠎ᠦᠨ ᠭᠡᠷ᠎ᠲᠦ᠂ 200 ᠭᠠᠷᠤᠢ ᠰᠤᠷᠤᠭ᠍ᠴᠢ ᠶᠠᠭ ᠠᠵᠢᠯ ᠣᠯᠬᠤ᠎ᠶ᠋ᠢ ᠵᠢᠯᠤᠭᠤᠳᠬᠤ ᠲᠤᠬᠠᠢ ᠲᠠᠢᠯᠤᠮᠵᠢ᠎ᠶ᠋ᠢ ᠰᠣᠨᠣᠰᠴᠤ᠌ ᠪᠠᠢᠯ᠎ᠠ᠃ ᠡᠨᠡ ᠪᠣᠯ ᠡᠨᠡ ᠵᠢᠯ᠎ᠡᠴᠡ ᠨᠠᠭᠠᠰᠢᠬᠢ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶ᠋ᠢᠨ ᠥᠷᠨᠢᠭᠦᠯᠦᠭ᠌ᠰᠡᠨ ᠠᠷᠪᠠᠨ ᠬᠣᠶᠠᠳᠤᠭᠠᠷ ᠲᠠᠯᠠᠪᠤᠷ 《ᠤᠶᠤᠲᠠᠳ᠎ᠤᠨ ᠠᠵᠢᠯ ᠣᠯᠬᠤ᠎ᠶ᠋ᠢ ᠵᠢᠯᠤᠭᠤᠳᠬᠤ ᠲᠥᠯᠥᠪᠯᠡᠭᠡ》 ᠶ᠋ᠢᠨ ᠱᠢᠷᠢᠰ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠪᠣᠯᠤᠨ᠎ᠠ᠃
《ᠰᠤᠷᠤᠬ᠍ᠴᠢ ᠨᠥᠬᠥᠳ ᠡ᠂ ᠮᠡᠳᠡᠭᠡ ᠵᠠᠩᠭᠢ᠎ᠶ᠋ᠢᠨ ᠵᠥᠷᠢᠶ᠎ᠡ ᠪᠣᠯ ᠶᠡᠷᠦ ᠨᠢ ᠨᠠᠰᠤ ᠬᠤᠷᠠᠭ᠍ᠴᠤᠤᠯᠤᠨ ᠬᠣᠭᠣᠷᠣᠨᠳᠣᠬᠢ ᠬᠠᠮᠤᠭ᠎ᠤᠨ ᠶᠡᠬᠡ ᠵᠥᠷᠢᠶ᠎ᠡ ᠪᠣᠯᠤᠨ᠎ᠠ᠂ ᠡᠷᠬᠡᠪᠰᠢ ᠤᠳᠠᠭ᠎ᠠ ᠪᠦᠷᠢ᠎ᠶ᠋ᠢᠨ ᠦᠰᠦᠨ ᠪᠣᠢᠵᠢᠬᠤ ᠠᠵᠠ ᠲᠣᠬᠢᠶᠠᠯ᠎ᠢ ᠡᠵᠡᠮᠳᠡᠬᠦ᠌ ᠬᠡᠷᠡᠭ᠌ᠲᠡᠢ》᠃ ᠶᠠᠷᠢᠶᠠᠨ᠎ᠤ ᠲᠠᠪᠴᠠᠩ ᠳᠡᠭᠡᠷ᠎ᠡ᠂ ᠱᠢᠯᠢᠳᠡᠭ ᠦᠢᠯᠡᠰ ᠪᠤᠰᠭᠠᠬ᠍ᠰᠠᠨ ᠬᠠᠮᠲᠤ ᠰᠤᠷᠤᠯᠭᠠᠲᠠᠨ ᠸᠠᠩ ᠷᠦᠩ ᠱᠢᠨ ᠲᠡᠭᠦᠨ᠎ᠦ ᠠᠵᠢᠯ ᠦᠢᠯᠡᠰ᠎ᠤᠨ᠎ᠢᠶᠡᠨ ᠲᠤᠬᠠᠢ ᠦᠯᠢᠬᠡᠷ᠎ᠢᠶᠡᠨ ᠶᠠᠷᠢᠵᠤ ᠪᠠᠢᠯ᠎ᠠ᠃ ᠲᠡᠷᠡ᠂ ᠶᠡᠬᠡ ᠰᠤᠷᠭᠠᠭᠤᠯᠢ᠎ᠶ᠋ᠢᠨ ᠬᠦᠷᠢᠶᠡᠨ ᠳ᠋ᠤ ᠪᠠᠢᠬᠤ ᠦᠶ᠎ᠡ᠎ᠳᠦ ᠪᠢ ᠰᠤᠷᠭᠠᠭᠤᠯᠢ᠎ᠶ᠋ᠢᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠠᠩᠭᠠᠭ᠍ᠰᠠᠨ ᠡᠯ᠎ᠡ ᠵᠦᠢᠯ᠎ᠦᠨ ᠠᠵᠢᠯᠯᠠᠭ᠎ᠠ᠎ᠶ᠋ᠢᠨ ᠲᠣᠬᠢᠶᠠᠯ᠎ᠢ ᠢᠳᠡᠪᠬᠢᠲᠡᠢ ᠠᠳᠭᠤᠵᠤ᠂ ᠠᠯᠬᠤᠮ ᠠᠯᠬᠤᠮ᠎ᠢᠶᠠᠷ ᠤᠶᠤᠳᠠᠨ ᠤ᠋ ᠠᠮᠢᠳᠤᠷᠠᠯ᠎ᠵᠢᠡᠨ ᠪᠠᠶᠠᠯᠢᠭᠵᠢᠭᠤᠯᠤᠬᠰᠠᠨ ᠶᠤᠮ ᠭᠡᠵᠦ ᠡᠷᠭᠢᠴᠡᠭᠦᠯᠪᠡ᠃ ᠡᠨᠡ ᠪᠣᠯ ᠲᠡᠭᠦᠨ᠎ᠦ ᠡᠨᠡ ᠵᠢᠯ᠎ᠦᠨ ᠬᠣᠶᠠᠳᠠᠬᠢ ᠤᠳᠠᠭ᠎ᠠ 《ᠤᠶᠤᠲᠠᠳ᠎ᠤᠨ ᠠᠵᠢᠯ ᠣᠯᠬᠤ᠎ᠶ᠋ᠢ ᠵᠢᠯᠤᠭᠤᠳᠬᠤ ᠲᠥᠯᠥᠪᠯᠡᠭᠡ》 ᠪᠡᠷ ᠳᠡᠮᠵᠢᠨ ᠡᠬᠡ ᠰᠤᠷᠭᠠᠭᠤᠯᠢ᠎ᠳᠠᠭᠠᠨ ᠪᠤᠴᠠᠵᠤ ᠪᠠᠢᠭ᠎ᠠ ᠶᠠᠪᠤᠳᠠᠯ ᠪᠣᠯᠤᠨ᠎ᠠ᠂ ᠲᠡᠷᠡ ᠥᠪᠡᠷ᠎ᠦᠨ ᠥᠩᠭᠡᠷᠡᠯᠲᠡᠪᠡᠷᠢᠶᠡᠨ ᠨᠠᠩ ᠣᠯᠠᠨ ᠨᠣᠮ᠎ᠤᠨ ᠳᠡᠭᠦᠦ᠍᠎ᠨᠡᠷ ᠤ᠋ᠨ ᠵᠢᠡᠨ ᠢᠷᠡᠭᠡᠳᠦᠶ᠎ᠶ᠋ᠢᠨ ᠵᠠᠮ᠎ᠢᠶᠠᠨ ᠲᠣᠳᠣᠷᠬᠠᠶ ᠲᠠᠨᠢᠵᠤ᠂ ᠵᠣᠷᠢᠭ᠍ᠲᠠᠶ᠎ᠪᠠᠷ ᠢᠷᠡᠭᠡᠳᠦᠶ ᠵᠦᠭ ᠲᠡᠮᠡᠦᠯᠬᠦ᠌᠎ᠶ᠋ᠢ ᠬᠦᠰᠡᠵᠦ᠍ ᠪᠠᠢᠨ᠎ᠠ ᠭᠡᠪᠡ᠃
ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠬᠤ ᠲᠤᠰᠭᠠᠶ ᠮᠡᠷᠭᠡᠵᠢᠯ᠎ᠦᠨ ᠳᠥᠷᠪᠡᠳᠦᠭᠡᠷ ᠣᠨ᠎ᠤ ᠣᠶᠤᠲᠠᠨ ᠯᠢᠦ ᠵᠢᠩ ᠲᠠᠢᠯᠤᠮᠵᠢ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠤᠤᠯ᠎ᠨᠢ ᠠᠰᠫᠢᠷᠠᠨᠲ ᠱᠢᠯᠭᠠᠬᠤ ᠪᠠ ᠠᠵᠢᠯ ᠣᠯᠬᠤ᠎ᠶ᠋ᠢᠨ ᠬᠣᠭᠣᠷᠣᠨᠳᠣ ᠲᠠᠳᠠᠭᠠᠯᠵᠠᠵᠤ ᠪᠠᠢᠵᠠᠶ᠂ ᠨᠣᠮ᠎ᠤᠨ ᠠᠬᠠᠡᠭᠡᠴᠢ ᠨᠠᠷ᠎ᠤ᠋ᠨ ᠦᠩᠬᠡᠷᠡᠯᠳᠡ ᠡᠴᠡ ᠪᠢ ᠥᠪᠡᠷ᠎ᠦᠨ ᠪᠡᠶ᠎ᠡ᠎ᠳᠡᠭᠡᠨ ᠳᠣᠭᠢᠷᠠᠬᠤ ᠰᠣᠩᠭᠣᠯᠲᠠ ᠵᠢ ᠲᠠᠨᠢᠵᠤ ᠤᠯᠵᠠᠢ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠠᠯᠤᠰ ᠬᠡᠲᠦ᠍᠎ᠶ᠋ᠢᠨ ᠲᠥᠰᠦᠪ᠎ᠢ ᠣᠢᠯᠠᠭᠠᠭ᠍ᠰᠠᠨ᠎ᠤ ᠳᠠᠷᠠᠭ᠎ᠠ᠂ ᠪᠢ ᠤᠷᠢᠳ᠎ᠢᠶᠡᠷ ᠠᠵᠢᠯ ᠣᠯᠵᠤ ᠲᠤᠷᠱᠢᠯᠭ᠎ᠠ ᠬᠤᠷᠠᠮᠳᠤᠭᠤᠯᠬᠤ᠎ᠪᠠᠷ ᠰᠢᠢᠳᠪᠡ》 ᠭᠡᠵᠡᠢ᠃
ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ 《ᠤᠶᠤᠲᠠᠳ᠎ᠤᠨ ᠠᠵᠢᠯ ᠣᠯᠬᠤ᠎ᠶ᠋ᠢ ᠵᠢᠯᠤᠭᠤᠳᠬᠤ ᠲᠥᠯᠥᠪᠯᠡᠭᠡ》 ᠶ᠋ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢ ᠬᠠᠮᠤᠷᠤᠭ᠍ᠰᠠᠨ 3 ᠲᠦᠮᠡᠨ ᠬᠤᠪᠢ ᠭᠦᠨᠵᠡᠭᠡᠶ ᠪᠠᠢᠴᠠᠭᠠᠨ ᠰᠤᠳᠤᠯᠤᠯᠲᠠ᠎ᠶ᠋ᠢᠨ ᠠᠰᠠᠭᠤᠯᠲᠠ ᠬᠠᠷᠢᠭᠤᠯᠳᠠ᠎ᠶ᠋ᠢᠨ ᠬᠠᠭᠤᠳᠠᠰᠤ᠎ᠳᠤ ᠰᠠᠭᠤᠷᠢᠯᠠᠨ᠂ ᠵᠠᠯᠠᠭᠤᠴᠤᠳ᠎ᠤᠨ ᠠᠵᠢᠯ ᠰᠣᠩᠭᠣᠬᠤ ᠵᠢᠷᠭᠤᠭᠠᠨ ᠶᠡᠬᠡ ᠬᠦᠴᠢᠷ ᠠᠰᠠᠭᠤᠳᠠᠯ᠎ᠢ ᠣᠨᠣᠪᠴᠢᠲᠠᠶ ᠱᠢᠶ᠋ᠳᠪᠦᠷᠢᠯᠡᠪᠡ᠃ ᠡᠨᠡ ᠬᠦ᠌ ᠰᠠᠭᠤᠷᠢᠨ ᠳᠡᠭᠡᠷ᠎ᠡ᠂ 《ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠡᠭᠦᠳᠦᠨ ᠪᠦᠲᠦᠭᠡᠭ᠌ᠰᠡᠨ ᠥᠯᠢᠭᠡᠷ》 ᠵᠢᠡᠷ ᠳᠠᠮᠵᠢᠨ ᠦᠶ᠋ᠯᠡᠰ ᠪᠤᠰᠬᠠᠬᠤ ᠦᠨᠡᠨ ᠪᠣᠳᠠᠲᠠᠶ ᠤᠯᠠ ᠮᠥᠷ᠎ᠢ ᠳᠡᠯᠭᠡᠨ ᠦᠵᠡᠭᠦᠯᠵᠦ᠍᠂ 《ᠲᠤᠰᠭᠠᠶ ᠮᠡᠷᠭᠡᠵᠢᠯᠲᠡᠨ ᠡᠷᠳᠡᠮᠲᠡᠳ ᠰᠤᠷᠭᠠᠭᠤᠯᠢ᠎ᠶ᠋ᠢᠨ ᠬᠦᠷᠢᠶᠡᠨ᠎ᠳᠦ ᠣᠷᠣᠵᠤ》 ᠣᠷᠣᠨ ᠪᠦᠰᠡ᠎ᠶ᠋ᠢᠨ ᠠᠵᠤ ᠦᠶ᠋ᠯᠡᠰ᠎ᠦᠨ ᠬᠠᠨᠳᠤᠰᠢ᠎ᠶ᠋ᠢ ᠵᠠᠳᠠᠯᠤᠨ ᠱᠢᠨᠵᠢᠯᠡᠪᠡ ᠁ ᠪᠥᠬᠥ᠌ ᠲᠠᠯ᠎ᠠ᠎ᠶ᠋ᠢᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡ ᠨᠢ ᠤᠶᠤᠲᠠᠳ᠎ᠤᠨ ᠮᠡᠳᠡᠭᠡ ᠵᠠᠩᠭᠢ᠎ᠶ᠋ᠢᠨ ᠵᠦᠷᠢᠶ᠎ᠡ ᠵᠢ ᠡᠪᠳᠡᠵᠦ᠍᠂ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠲᠣᠳᠣᠷᠬᠠᠶ ᠪᠣᠯᠭᠠᠪᠠ᠃
ᠦᠵᠡᠯ ᠰᠠᠨᠠᠭ᠎ᠠ᠎ᠪᠠᠷ ᠬᠥᠲᠥᠯᠦᠨ ᠳᠠᠭᠠᠭᠤᠯᠬᠤ᠎ᠡᠴᠡ ᠭᠠᠳᠠᠨ᠎ᠠ᠂ ᠦᠶ᠋ᠯᠡᠳᠦᠯᠭᠡ᠎ᠶ᠋ᠢᠨ ᠲᠠᠪᠴᠠᠩ ᠴᠤ᠌ ᠲᠠᠰᠤᠷᠠᠯᠲᠠ ᠥᠬᠡᠶ ᠥᠷᠭᠡᠵᠢᠵᠦ᠍ ᠪᠠᠢᠨ᠎ᠠ᠃ 2023 ᠣᠨ᠎ᠡᠴᠡ ᠨᠠᠭᠠᠰᠢ᠂ 《ᠳᠠᠷᠪᠠᠭᠤᠯ ᠬᠡᠢᠰᠭᠡᠨ ᠤᠷᠤᠭᠰᠢᠯᠠᠬᠤ ᠲᠥᠯᠥᠪᠯᠡᠭᠡ》 ᠨᠢ ᠵᠠᠰᠠᠭ᠎ᠤᠨ ᠶᠠᠪᠤᠳᠠᠯ᠂ ᠠᠵᠤ ᠠᠬᠤᠢᠯᠠᠯ᠂ ᠮᠥᠩᠭᠥᠨ ᠭᠦᠶ᠋ᠯᠭᠡᠭᠡᠨ ᠵᠡᠷᠭᠡ ᠭᠤᠷᠪᠠᠨ ᠶᠡᠬᠡ ᠬᠦᠷᠢᠶᠡᠨ᠎ᠳᠦ 9.8 ᠲᠦᠮᠡᠨ ᠳᠠᠳᠤᠯᠭ᠎ᠠ᠎ᠶ᠋ᠢᠨ ᠠᠵᠢᠯ᠎ᠤᠨ ᠪᠠᠢᠷᠢ ᠬᠠᠩᠭᠠᠵᠤ᠂ 4.7 ᠲᠦᠮᠡᠨ ᠤᠶᠤᠲᠠᠳ᠎ᠢ ᠬᠠᠪᠰᠤᠷᠤᠨ ᠰᠤᠷᠭᠠᠭᠤᠯᠢ᠎ᠶ᠋ᠢᠨ ᠬᠦᠷᠢᠶᠡᠨ᠎ᠡᠴᠡ ᠨᠡᠢᠭᠡᠮ᠎ᠳᠦ ᠭᠠᠷᠬᠤ 《ᠲᠦᠯᠬᠡᠨ ᠰᠢᠯᠵᠢᠯᠳᠠ》 ᠶ᠋ᠢ ᠪᠡᠶᠡᠯᠡᠭᠦᠯᠪᠡ᠃
ᠪᠦᠬᠦ᠌ ᠬᠡᠯᠬᠢᠶᠡᠨ᠎ᠦ ᠦᠢᠯᠡᠴᠢᠯᠡᠭᠡ ᠨᠢ ᠵᠠᠯᠠᠭᠤ ᠨᠠᠰᠤᠨ᠎ᠤ ᠬᠦᠰᠡᠯ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠬᠦᠴᠦᠨ ᠨᠡᠮᠡᠷᠢᠯᠡᠪᠡ
ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠨᠡᠢᠲᠡ 13 ᠲᠠᠯᠠᠪᠤᠷ ᠠᠵᠢᠯᠲᠠᠨ ᠠᠵᠢᠯᠴᠢᠨ ᠡᠯᠰᠡᠬᠦ᠌ ᠲᠤᠰᠭᠠᠶ ᠴᠤᠬᠯᠠᠭᠠᠨ᠎ᠢ ᠡᠷᠭᠢᠯᠡᠵᠦ᠍᠂ 4.3 ᠲᠦᠮᠡ ᠭᠠᠷᠤᠶ ᠠᠵᠢᠯ᠎ᠤᠨ ᠪᠠᠢᠷᠢ ᠬᠠᠩᠭᠠᠪᠠ; 23 ᠲᠠᠯᠠᠪᠤᠷ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠍᠂ 4.7 ᠲᠦᠮᠡᠨ ᠰᠤᠷᠤᠭ᠍ᠴᠢ ᠣᠷᠣᠯᠴᠠᠭ᠍ᠰᠠᠨ ᠪᠠᠢᠨ᠎ᠠ᠃
ᠥᠪᠥᠷ ᠮᠣᠩᠭᠣᠯ᠎ᠤᠨ ᠬᠣᠩ ᠳ᠋ᠸ ᠨᠡᠢᠭᠡᠮ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠠᠵᠢᠯᠳᠠᠨ ᠠᠵᠢᠯᠴᠢᠨ ᠡᠯᠰᠡᠬᠦ᠌ ᠴᠤᠬᠯᠠᠭᠠᠨ᠎ᠤ ᠲᠤᠬᠠᠢ᠎ᠶ᠋ᠢᠨ ᠲᠠᠯᠠᠪᠠᠢ᠎ᠳᠤ᠂ ᠡᠯ᠎ᠡ ᠦᠵᠡᠭᠦᠯᠭᠡ᠎ᠶ᠋ᠢᠨ ᠣᠷᠣᠨ ᠪᠠᠢᠷᠢ᠎ᠳ᠋ᠤ ᠰᠤᠷᠤᠭ᠍ᠴᠢᠳ ᠰᠢᠬᠠᠯᠳᠤᠨ ᠠᠵᠢᠯ᠎ᠤᠨ ᠪᠠᠢᠷᠢ ᠵᠢᠨ ᠲᠤᠬᠠᠢ ᠤᠢᠯᠠᠭᠠᠨ᠎ᠠ᠃ ᠥᠪᠥᠷ ᠮᠣᠩᠭᠣᠯ᠎ᠤᠨ ᠹᠠᠩ ᠱᠢᠩ ᠠᠵᠤ ᠠᠬᠤᠢᠯᠠᠯ᠎ᠤᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠠᠷᠢᠭᠤᠴᠠᠯᠭᠠᠲᠠᠨ ᠸᠠᠩ ᠳᠠᠭᠠᠭᠠᠮᠠᠯ ᠨᠢᠭᠡ ᠲᠠᠯ᠎ᠠ᠎ᠪᠠᠷ ᠵᠢᠡᠨ ᠤᠬᠠᠭᠤᠯᠭ᠎ᠠ᠎ᠶ᠋ᠢᠨ ᠳᠡᠪᠲᠡᠷ ᠲᠠᠷᠬᠠᠭᠠᠵᠤ᠂ ᠨᠥᠭᠥᠭᠡ ᠲᠠᠯ᠎ᠠ᠎ᠪᠠᠷ ᠰᠤᠷᠤᠭ᠍ᠴᠢᠳ᠎ᠤᠨ ᠠᠰᠠᠭᠤᠯᠲᠠ᠎ᠶ᠋ᠢ ᠬᠦᠯᠢᠴᠡᠩᠭᠦᠢ᠎ᠪᠡᠷ ᠬᠠᠷᠢᠭᠤᠯᠵᠤ ᠪᠠᠢᠯ᠎ᠠ᠃ ᠡᠨᠡ ᠬᠦ᠌ ᠠᠵᠤ ᠠᠬᠤᠢᠯᠠᠯ ᠨᠢ ᠬᠤᠳᠠᠯᠳᠤᠭᠠᠨ᠎ᠤ ᠶᠠᠪᠤᠳᠠᠯ᠎ᠤᠨ ᠦᠶ᠋ᠯᠡᠴᠢᠯᠡᠭᠡ᠎ᠳᠦ ᠠᠩᠬᠠᠷᠤᠯ᠎ᠢᠶᠠᠨ ᠬᠠᠨᠳᠤᠭᠤᠯᠵᠤ᠂ ᠡᠨᠡ ᠤᠳᠠᠭ᠎ᠠ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢᠨ ᠵᠢᠯᠣᠭᠣᠴᠢ ᠥᠬᠡᠶ ᠨᠢᠰᠭᠡᠯ᠂ ᠵᠣᠬᠢᠶᠠᠮᠠᠯ ᠣᠶᠤᠨ ᠴᠢᠳᠠᠪᠤᠷᠢ ᠵᠡᠷᠭᠡ ᠳ᠋ᠤ ᠬᠤᠯᠪᠤᠬᠳᠠᠬᠰᠠᠨ 7 ᠠᠵᠢᠯ᠎ᠤᠨ ᠪᠠᠢᠷᠢ ᠳ᠋ᠤ ᠬᠦᠮᠦᠨ ᠡᠯᠰᠡᠵᠤ᠂ 140 ᠬᠥᠮᠦᠨ ᠡᠯᠰᠡᠬᠦ ᠬᠡᠷᠡᠭ᠌ᠴᠡᠭᠡ ᠲᠠᠢ᠃ ᠠᠵᠢᠯᠲᠠᠨ ᠡᠯᠰᠡᠬᠦ᠌ ᠬᠠᠷᠢᠭᠤᠴᠠᠯᠭᠠᠲᠠᠨ᠄《ᠪᠢᠳᠡ ᠨᠢᠭᠡᠨᠲᠡ ᠬᠣᠶᠠᠷ ᠵᠢᠯ ᠳᠠᠷᠠᠭᠠᠯᠠᠨ ᠠᠵᠢᠯᠲᠠᠨ ᠡᠯᠰᠡᠬᠦ᠌ ᠠᠵᠢᠯᠯᠠᠭ᠎ᠠ᠎ᠳᠤ ᠣᠷᠣᠯᠴᠠᠵᠤ᠂ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠬᠥᠭᠥᠷᠭᠡ ᠬᠣᠯᠪᠣᠭᠠᠰᠤ᠎ᠪᠠᠷ ᠳᠡᠮᠵᠢᠨ 50 ᠭᠠᠷᠤᠶ ᠱᠢᠯᠢᠳᠡᠭ ᠲᠡᠭᠦᠰᠭᠦ ᠰᠣᠷᠣᠭ᠍ᠴᠢ᠎ᠶ᠋ᠢ ᠡᠯᠰᠡᠪᠡ》 ᠭᠡᠪᠡ᠃
ᠥᠪᠥᠷ ᠮᠣᠩᠭᠣᠯ᠎ᠤᠨ ᠬᠣᠩ ᠳ᠋ᠸ ᠨᠡᠢᠭᠡᠮ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠲᠡᠭᠦᠰᠭᠦ ᠰᠤᠷᠤᠭ᠍ᠴᠢ ᠸᠠᠩ ᠹᠠᠩ ᠰᠤᠷᠤᠬᠴᠢ ᠵᠢᠨ ᠪᠠᠢᠷᠢ ᠳ᠋ᠡᠭᠠᠨ 《ᠥᠪᠥᠷ ᠮᠣᠩᠭᠣᠯ᠎ᠤᠨ ᠵᠠᠯᠠᠭᠤᠴᠤᠳ᠎ᠤᠨ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠲᠠᠪᠴᠠᠩ》 ᠤ᠋ᠨ ᠵᠢᠵᠢᠭ ᠫᠷᠤᠭ᠌ᠷᠠᠮ᠎ᠢᠶᠠᠷ ᠳᠠᠮᠵᠢᠨ᠂ ᠰᠡᠳᠬᠢᠯ ᠬᠦᠳᠡᠯᠦᠭᠰᠡᠨ ᠠᠵᠤ ᠠᠬᠤᠢᠯᠠᠯᠳ᠋ᠠᠭᠠᠨ ᠲᠣᠪᠴᠢ ᠨᠠᠮᠲᠠᠷ᠎ᠢᠶᠠᠨ ᠳᠡᠪᠱᠢᠭᠦᠯᠪᠡ᠃ 《ᠬᠤᠷᠤᠭᠤ᠎ᠪᠠᠨ ᠬᠥᠳᠡᠯᠭᠡᠪᠡᠯ ᠲᠠᠷᠤᠢ ᠠᠵᠢᠯ ᠡᠷᠢᠴᠢᠬᠡᠨᠡ᠂ ᠦᠨᠡᠬᠡᠷ ᠳᠥᠭᠥᠮ》 ᠭᠡᠵᠦ᠍ ᠲᠡᠷᠡ ᠢᠨᠢᠶᠡᠮᠰᠦᠭ᠌ᠯᠡᠨ ᠬᠡᠯᠡᠪᠡ᠃ ᠣᠳᠣᠬᠠᠨ᠎ᠳᠤ᠂ ᠡᠨᠡ ᠬᠦ᠌ ᠵᠢᠵᠢᠭ ᠫᠷᠤᠭ᠌ᠷᠠᠮᠳ᠋ᠤ ᠳᠠᠩᠰᠠᠯᠠᠭᠤᠯᠤᠭ᠍ᠰᠠᠨ ᠬᠡᠷᠡᠭ᠌ᠯᠡᠭ᠌ᠴᠢ ᠨᠢᠭᠡᠨᠲᠡ 5 ᠲᠦᠮᠡ᠎ᠶ᠋ᠢ ᠳᠠᠪᠠᠵᠤ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠴᠢᠬᠤᠯᠠ ᠲᠣᠭᠠᠴᠢᠯᠠᠭ᠍ᠰᠠᠨ ᠲᠠᠪᠴᠠᠩ ᠪᠣᠯᠤᠭ᠍ᠰᠠᠨ ᠪᠠᠢᠨ᠎ᠠ᠃
ᠡᠭᠦᠨ᠎ᠦ ᠬᠠᠮᠲᠤ᠂ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠭᠡ ᠪᠡᠷ ᠠᠵᠢᠯ᠎ᠤᠨ ᠪᠠᠢᠷᠢ ᠲᠠᠨᠢᠯᠴᠠᠭᠤᠯᠬᠤ ᠠᠵᠢᠯᠯᠠᠭ᠎ᠠ ᠴᠤ᠌ ᠬᠥᠭ᠌ᠵᠢᠶᠡᠨ ᠲᠡᠶ ᠶᠠᠪᠤᠭ᠍ᠳᠠᠵᠤ ᠪᠠᠢᠨ᠎ᠠ᠃ 《ᠬᠤᠨᠤᠭ ᠪᠠᠭᠤᠳᠠᠯ᠎ᠢ ᠬᠠᠮᠢᠶᠠᠷᠤᠨ᠎ᠠ ᠦᠦ?》᠂《ᠲᠤᠰᠭᠠᠶ ᠮᠡᠷᠭᠡᠵᠢᠯ᠎ᠵᠢᠡᠷ ᠬᠢᠵᠠᠭᠠᠷᠯᠠᠨ᠎ᠠ ᠦᠦ?》 ᠭᠡᠵᠦ᠍ ᠤᠶᠤᠲᠠᠳ ᠳᠡᠯᠭᠡᠴᠨ ᠳᠡᠭᠡᠷ᠎ᠡ ᠠᠰᠠᠭᠤᠯᠲᠠ ᠠᠰᠠᠭᠤᠬᠤ᠎ᠳᠤ᠂ ᠠᠵᠤ ᠠᠬᠤᠢᠯᠠᠯ᠎ᠤᠨ HR ᠲᠡᠷᠡ ᠲᠤᠤᠷ᠎ᠠ ᠨᠢ ᠬᠠᠷᠢᠭᠤᠯᠲᠠ ᠦᠭᠭᠦᠨ᠎ᠡ᠂ ᠡᠢᠮᠦᠷᠬᠦᠥ ᠱᠢᠨ᠎ᠡ ᠰᠡᠪᠡᠭᠦᠨ ᠬᠠᠷᠢᠯᠴᠠᠨ ᠬᠦᠳᠡᠯᠦᠯᠴᠡᠬᠦ ᠬᠡᠯᠪᠡᠷᠢ᠎ᠨᠢ ᠶᠡᠬᠡ ᠬᠡᠮᠵᠢᠶᠡᠨ᠎ᠦ ᠰᠤᠷᠤᠭ᠍ᠴᠢᠳ᠎ᠤᠨ ᠠᠩᠬᠠᠷᠤᠯ᠎ᠢ ᠲᠠᠲᠠᠪᠠ᠃
ᠰᠦᠯᠵᠢᠶᠡᠨ ᠳᠡᠭᠡᠷ᠎ᠠ ᠪᠠ ᠠᠬᠤᠢ ᠲᠠᠯᠠᠪᠠᠢ᠎ᠶ᠋ᠢ ᠠᠭᠤᠰᠤᠯᠴᠠᠭᠤᠯᠤᠭ᠍ᠰᠠᠨ ᠦᠶ᠋ᠯᠡᠴᠢᠯᠡᠭᠡᠨ᠎ᠦ ᠵᠠᠭ᠍ᠪᠤᠷ᠎ᠨᠢ ᠠᠵᠢᠯ ᠣᠯᠭᠣᠬᠤ ᠦᠶ᠋ᠯᠡᠴᠢᠯᠡᠭᠡ᠎ᠶ᠋ᠢ ᠴᠠᠭ ᠬᠤᠭᠤᠴᠠᠭ᠎ᠠ ᠪᠠ ᠣᠷᠣᠨ ᠵᠠᠶ᠎ᠶ᠋ᠢᠨ ᠬᠢᠵᠠᠭᠠᠷᠯᠠᠯ᠎ᠡᠴᠡ ᠳᠠᠪᠠᠭᠤᠯᠵᠤ᠂ ᠲᠡᠭᠦᠰᠬᠦ ᠤᠶᠤᠲᠠᠳ᠎ᠲᠤ ᠥᠷᠭᠡᠨ ᠠᠭᠤᠳᠠᠮ ᠠᠵᠢᠯ ᠣᠯᠬᠤ ᠠᠷᠭ᠎ᠠ ᠵᠠᠮ ᠬᠠᠩᠭᠠᠪᠠ᠃ ᠦᠨᠳᠦᠰᠦᠨ ᠱᠠᠲᠤᠨ᠎ᠳᠤ ᠦᠶ᠋ᠯᠡᠴᠢᠯᠡᠬᠦ᠌ ᠬᠦᠰᠡᠯ᠎ᠲᠡᠶ ᠰᠤᠷᠤᠭ᠍ᠴᠢᠳ᠎ᠲᠤ ᠬᠠᠨᠳᠤᠭᠤᠯᠤᠨ᠂ ᠡᠪᠯᠡᠯ᠎ᠦᠨ ᠬᠣᠷᠢᠶ᠎ᠠ 《ᠤᠶᠤᠲᠠᠳ᠎ᠤᠨ ᠰᠠᠢᠨ ᠳᠤᠷ᠎ᠠ᠎ᠡᠴᠡ᠎ᠪᠠᠨ ᠪᠠᠷᠠᠭᠤᠨ ᠣᠷᠣᠨ᠎ᠳᠤ ᠦᠶ᠋ᠯᠡᠴᠢᠯᠡᠬᠦ᠌ ᠲᠥᠯᠥᠪᠯᠡᠭᠡ》 ᠶ᠋ᠢᠨ ᠲᠥᠷᠥᠯ ᠵᠦᠶ᠋ᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠤᠷᠤᠭ᠍ᠴᠢᠳ᠎ᠲᠤ ᠦᠨᠳᠦᠰᠦᠨ ᠱᠠᠲᠤᠨ᠎ᠤ ᠠᠵᠢᠯ ᠣᠯᠭᠣᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠪᠠ ᠠᠵᠢᠯ᠎ᠤᠨ ᠪᠠᠢᠷᠢ᠎ᠶ᠋ᠢᠨ ᠲᠠᠨᠢᠯᠴᠠᠭᠤᠯᠭ᠎ᠠ ᠬᠠᠩᠭᠠᠵᠤ᠂ ᠲᠡᠳᠡᠨ᠎ᠢ ᠡᠬᠡ ᠤᠯᠤᠰ᠎ᠤᠨ ᠬᠠᠮᠤᠭ᠎ᠤᠨ ᠬᠡᠷᠡᠭ᠌ᠴᠡᠭᠡ᠎ᠲᠡᠶ ᠭᠠᠵᠠᠷ᠎ᠲᠤ ᠬᠦᠷᠴᠦ᠍ ᠭᠠᠪᠢᠶ᠎ᠠ ᠪᠠᠢᠭᠤᠯᠤᠨ ᠦᠶ᠋ᠯᠡᠰ ᠪᠦᠲᠦᠭᠡᠬᠦ᠌᠎ᠶ᠋ᠢ ᠵᠣᠷᠢᠭ᠍ᠵᠢᠭᠤᠯᠪᠠ᠃
ᠥᠪᠥᠷ ᠮᠣᠩᠭᠣᠯ᠎ᠤᠨ ᠪᠠᠷᠠᠭᠤᠨ ᠣᠷᠣᠨ᠎ᠤ ᠲᠥᠯᠥᠪᠯᠡᠭᠡ᠎ᠶ᠋ᠢ 2003 ᠣᠨ᠎ᠡᠴᠡ ᠡᠬᠢᠯᠡᠨ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠨᠡᠢᠲᠡ 16831 ᠰᠠᠢᠨ ᠳᠤᠷᠠᠴᠤᠳ ᠦᠨᠳᠦᠰᠦᠨ ᠱᠠᠲᠤᠨ᠎ᠳᠤ ᠦᠶ᠋ᠯᠡᠴᠢᠯᠡᠵᠦ᠍᠂ ᠦᠢᠯᠡᠴᠢᠯᠡᠬᠦ ᠬᠤᠭᠤᠴᠠᠭ᠎ᠠ ᠨᠢ ᠬᠦᠢᠴᠡᠭᠰᠡᠡ 6300 ᠭᠠᠷᠤᠶ ᠰᠠᠢᠨ ᠳᠤᠷᠠᠴᠤᠳ ᠥᠪᠥᠷ ᠮᠣᠩᠭᠣᠯ᠎ᠳᠤ ᠦᠯᠡᠳᠡᠵᠦ᠂ ᠦᠨᠳᠦᠰᠦᠨ ᠱᠠᠲᠤᠨ᠎ᠤ ᠰᠤᠷᠭᠠᠨ ᠬᠥᠮᠦᠵᠢᠯ᠂ ᠡᠮ ᠡᠮᠨᠡᠯᠭᠡ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯᠯᠠᠭ᠍ᠴᠢ ᠬᠦᠴᠦᠨ ᠪᠣᠯᠤᠭ᠍ᠰᠠᠨ ᠪᠠᠢᠨ᠎ᠠ᠃
ᠰᠦᠯᠵᠢᠶᠡᠨ ᠳᠡᠭᠡᠷ᠎ᠠ ᠪᠠ ᠠᠬᠤᠢ ᠲᠠᠯᠠᠪᠠᠢ᠎ᠵᠢᠨ ᠠᠭᠤᠰᠤᠯᠴᠠᠯ᠂ ᠵᠠᠬ᠎ᠠ ᠳᠡᠯᠭᠡᠭᠦᠷ ᠪᠠ ᠦᠨᠳᠦᠰᠦᠨ ᠱᠠᠳᠤ᠎ᠶ᠋ᠢ ᠵᠡᠷᠭᠡ᠎ᠪᠡᠷ ᠠᠳᠭᠤᠬᠤ ᠨᠢ ᠵᠠᠯᠠᠭᠤᠴᠤᠳ᠎ᠤᠨ ᠠᠵᠢᠯ ᠣᠯᠬᠤ᠎ᠳᠤ ᠦᠢᠯᠡᠴᠢᠯᠡᠬᠦ᠌ ᠪᠣᠰᠣᠭ᠎ᠠ ᠴᠣᠭ᠍ᠴᠠᠲᠤ ᠲᠣᠣᠷ᠎ᠢ ᠬᠠᠮᠲᠤ᠎ᠪᠠᠷ ᠪᠦᠷᠢᠯᠳᠦᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠱᠢᠨ᠎ᠡ᠎ᠶ᠋ᠢ ᠡᠭᠦᠳᠴᠦ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠢ᠎ᠡ ᠪᠡᠷ᠂ 《ᠠᠵᠢᠯ ᠡᠷᠢᠬᠦ᠌᠎ᠳᠦ ᠬᠦᠴᠢᠷ》 ᠪᠣᠯᠤᠨ 《ᠠᠵᠢᠯᠳᠠᠨ ᠡᠯᠰᠡᠬᠦ᠎ᠳᠤ ᠬᠦᠴᠢᠷ》 ᠪᠦᠲᠦᠴᠡ᠎ᠶ᠋ᠢᠨ ᠴᠢᠨᠠᠷᠲᠠᠢ ᠵᠥᠷᠢᠴᠡᠯ᠎ᠢ ᠱᠢᠢᠳᠪᠦᠷᠢᠯᠡᠵᠦ᠍ ᠪᠠᠢᠬᠤ᠎ᠪᠠᠷ ᠪᠠᠷᠠᠬᠤ ᠦᠭᠡᠢ ᠨᠡᠩ ᠴᠤ᠌ ᠵᠠᠯᠠᠭᠤᠴᠤᠳ᠎ᠤᠨ ᠬᠤᠪᠢ ᠬᠥᠮᠦᠨ᠎ᠦ ᠬᠦᠰᠡᠯᠡᠩ᠎ᠢᠶᠡᠨ ᠨᠡᠢᠭᠡᠮ᠎ᠦᠨ ᠬᠥᠭ᠌ᠵᠢᠯᠲᠡ ᠪᠣᠯᠤᠨ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠠᠤᠭ᠎ᠠ ᠵᠢᠷᠤᠭ ᠲᠥᠯᠥᠪᠯᠡᠭᠡ᠎ᠳᠦ ᠠᠭᠤᠰᠤᠯᠴᠠᠭᠤᠯᠬᠤ᠎ᠶ᠋ᠢ ᠬᠦᠳᠦᠯᠦᠨ ᠵᠢᠯᠣᠭᠣᠳᠴᠤ᠌ ᠪᠠᠢᠨ᠎ᠠ᠃
ᠦᠢᠯᠡᠰ ᠪᠤᠰᠬᠠᠬᠤ᠎ᠶ᠋ᠢ ᠤᠷᠲᠤᠳᠬᠠᠵᠤ᠂ ᠤᠮᠠᠷᠠᠲᠤ ᠬᠢᠯᠢ᠎ᠶ᠋ᠢᠨ ᠵᠠᠯᠠᠭᠤ ᠨᠠᠰᠤᠨ᠎ᠤ ᠱᠢᠨ᠎ᠡ᠎ᠶ᠋ᠢ ᠡᠭᠦᠳᠬᠦ᠌ ᠬᠥᠳᠡᠯᠭᠡᠬᠦ ᠡᠨᠧᠷᠭᠢ᠎ᠶ᠋ᠢ ᠬᠥᠭ᠌ᠵᠢᠭᠡᠪᠡ
ᠪᠤᠭᠤᠲᠤ ᠬᠣᠲᠠ᠎ᠶ᠋ᠢᠨ ᠵᠠᠯᠠᠭᠤᠴᠤᠳ᠎ᠤᠨ ᠦᠶ᠋ᠯᠡᠰ ᠪᠤᠰᠭᠠᠬᠤ ᠨᠡᠪᠴᠢᠭᠦᠯᠬᠦ᠌ ᠰᠠᠭᠤᠷᠢᠨ᠎ᠤ ᠬᠠᠮᠲᠤ᠎ᠪᠠᠷ ᠡᠳ᠋ᠯᠡᠬᠦ᠌ ᠠᠯᠪᠠᠨ ᠬᠡᠷ᠎ᠦᠨ ᠣᠷᠣᠨ ᠵᠠᠶ᠎ᠳᠤ᠂ ᠶᠡᠷᠡᠭᠡᠳ ᠣᠨ᠎ᠳᠤ ᠲᠥᠷᠥᠭ᠌ᠰᠡᠨ ᠦᠶ᠋ᠯᠡᠰ ᠪᠣᠰᠭᠠᠭ᠍ᠴᠢ ᠡᠸ᠋ ᠸᠧᠶ ᠶᠠᠭ ᠪᠦᠯᠬᠦᠮ᠎ᠲᠡᠶ᠎ᠪᠡᠨ ᠱᠢᠨ᠎ᠡ ᠦᠶ᠋ᠯᠡᠳᠬᠦᠨ᠎ᠦ ᠵᠢᠷᠤᠭ ᠲᠥᠯᠥᠪᠯᠡᠭᠡ᠎ᠶ᠋ᠢᠨ ᠲᠥᠰᠦᠯ᠎ᠢ ᠬᠠᠯᠠᠭᠤᠨ᠎ᠢᠶᠠᠷ ᠶᠠᠷᠢᠯᠴᠠᠵᠤ ᠪᠠᠢᠯ᠎ᠠ᠃
《3 ᠵᠢᠯ᠎ᠦᠨ ᠡᠮᠦᠨ᠎ᠡ ᠪᠡᠭᠡᠵᠢᠩ᠎ᠡᠴᠡ ᠨᠤᠲᠤᠭ᠎ᠲᠠᠭᠠᠨ ᠪᠤᠴᠠᠵᠤ ᠢᠷᠡᠬᠡᠳ ᠦᠶ᠋ᠯᠡᠰ ᠪᠤᠰᠬᠠᠬᠤ ᠦᠶ᠎ᠡ᠎ᠳᠦ ᠪᠠᠯᠠ ᠮᠥᠩᠭᠥ᠌ ᠪᠠ ᠲᠠᠯᠠᠪᠤᠷ ᠭᠠᠵᠠᠷ᠎ᠤᠨ ᠠᠰᠠᠭᠤᠳᠠᠯ ᠬᠠᠮᠤᠭ᠎ᠤᠨ ᠬᠦᠴᠢᠷ ᠪᠠᠢᠪᠠ》᠃ ᠡᠸ᠋ ᠸᠧᠶ ᠡᠷᠭᠢᠴᠡᠭᠦᠯᠬᠦ᠌᠎ᠳᠡᠭᠡᠨ᠂ 《ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶ᠋ᠢᠨ ᠬᠠᠪᠰᠤᠷᠤᠯᠭ᠎ᠠ ᠳᠤᠤᠷ᠎ᠠ᠂ ᠪᠢᠳᠡ ᠡᠨᠡ ᠬᠦ᠌ ᠲᠦᠬᠦᠭᠡᠷᠦᠮᠵᠢ᠎ᠨᠢ ᠪᠦᠷᠢᠨ ᠲᠡᠭᠦᠯᠳᠡᠷ ᠨᠡᠪᠴᠢᠭᠦᠯᠬᠦ᠌ ᠰᠠᠭᠤᠷᠢᠨ᠎ᠳᠤ ᠢᠷᠡᠵᠤ ᠰᠠᠭᠤᠭ᠍ᠰᠠᠨ᠎ᠢᠶᠠᠷ ᠪᠠᠷᠠᠬᠤ ᠥᠬᠡᠶ ᠪᠠᠰᠠ 〈ᠵᠠᠯᠠᠭᠤᠴᠤᠳ᠎ᠤᠨ ᠦᠶ᠋ᠯᠡᠰ ᠪᠤᠰᠬᠠᠬᠤ ᠵᠢᠭᠡᠯᠡᠯᠭᠡ〉 ᠪᠠᠷ ᠳᠡᠮᠵᠢᠨ ᠦᠶ᠋ᠯᠡᠰ ᠪᠤᠰᠬᠠᠬᠤ ᠵᠢᠭᠡᠯᠡᠯᠭᠡ᠎ᠶ᠋ᠢ ᠣᠯᠤᠭ᠍ᠰᠠᠨ᠎ᠨᠢ ᠮᠠᠨᠤᠰ᠎ᠤᠨ ᠪᠠᠴᠢᠮ ᠲᠤᠯᠭᠠᠮ ᠠᠰᠠᠭᠤᠳᠠᠯ᠎ᠢ ᠰᠢᠢᠳᠪᠦᠷᠢᠯᠡᠵᠤ ᠦᠭᠴᠡᠢ》 ᠭᠡᠪᠡ᠃
ᠡᠢᠮᠦᠷᠬᠦᠥ ᠦᠶ᠋ᠯᠡᠰ ᠪᠤᠰᠬᠠᠭᠰᠠᠨ ᠥᠯᠢᠭᠡᠷ ᠥᠪᠥᠷ ᠮᠣᠩᠭᠣᠯ᠎ᠤᠨ ᠡᠯ᠎ᠡ ᠠᠢᠮᠠᠭ ᠬᠣᠲᠠ᠎ᠳᠤ ᠲᠠᠰᠤᠷᠠᠯᠲᠠ ᠥᠬᠡᠶ ᠡᠬᠦᠰᠴᠤ ᠪᠠᠢᠨ᠎ᠠ᠃ ᠵᠠᠯᠠᠭᠤᠴᠤᠳ᠎ᠤᠨ ᠦᠢᠯᠡᠰ ᠪᠤᠰᠭᠠᠬᠤ᠎ᠳᠤ ᠨᠡᠢᠳᠡᠮ ᠲᠤᠯᠭᠠᠷᠠᠵᠤ ᠪᠠᠢᠭ᠎ᠠ 《ᠪᠡᠯᠡ ᠮᠥᠩᠭᠥ᠌ ᠤᠯᠬᠤ ᠳ᠋ᠤ ᠬᠦᠴᠢᠷ᠂ ᠲᠠᠯᠠᠪᠤᠷ ᠭᠠᠵᠠᠷ ᠤᠯᠬᠤ ᠳ᠋ᠤ ᠬᠦᠴᠢᠷ᠂ ᠲᠤᠷᠱᠢᠯᠭ᠎ᠠ ᠳᠤᠲᠠᠮᠠᠭ》 ᠭᠤᠷᠪᠠᠨ ᠬᠦᠴᠢᠷ ᠠᠰᠠᠭᠤᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ 《ᠣᠷᠣᠨ ᠵᠠᠢ + ᠪᠡᠯᠡ ᠮᠥᠩᠭᠥ᠌ + ᠦᠢᠯᠡᠴᠢᠯᠡᠭᠡ + ᠱᠢᠨ᠎ᠡ ᠬᠦᠷᠢᠢ᠎ᠡ ᠬᠡᠪᠴᠢᠶ᠎ᠠ》 ᠵᠢᠨ ᠪᠦᠬᠦ᠌ ᠡᠯᠧᠮᠧᠨ᠋ᠲ᠎ᠦᠨ ᠲᠤᠯᠭᠠᠭᠤᠷᠢᠯᠠᠬᠤ ᠱᠢᠰᠲ᠋ᠧᠮ᠎ᠢ ᠪᠠᠢᠭᠤᠯᠵᠤ᠂ ᠵᠠᠯᠠᠭᠤᠴᠤᠳ᠎ᠤᠨ ᠦᠢᠯᠡᠰ ᠪᠤᠰᠭᠠᠬᠤ ᠬᠦᠰᠡᠯ ᠵᠡᠭᠦᠳᠦ᠍᠎ᠶ᠋ᠢ ᠲᠡᠷᠬᠡᠯᠰᠢᠬᠦᠯᠪᠡ᠃
ᠮᠥᠩᠭᠥᠨ ᠭᠦᠶ᠋ᠯᠭᠡᠭᠡᠨ᠎ᠤ ᠦᠢᠯᠡᠴᠢᠯᠡᠬᠡ ᠵᠢ ᠲᠡᠬᠦᠯᠳᠡᠷᠵᠢᠬᠦᠯᠵᠤ ᠦᠶ᠋ᠯᠡᠰ ᠪᠤᠰᠬᠠᠬᠤ ᠬᠦᠰᠡᠯ ᠵᠡᠭᠦᠳᠦ᠍᠎ᠶ᠋ᠢ ᠪᠣᠳᠠᠲᠤ ᠠᠬᠤᠶ ᠪᠣᠯᠭᠠᠨ ᠬᠤᠪᠢᠷᠠᠭᠤᠯᠵᠤ ᠪᠤᠢ᠃ 《ᠵᠠᠯᠠᠭᠤᠴᠤᠳ᠎ᠤᠨ ᠦᠶ᠋ᠯᠡᠰ ᠪᠤᠰᠬᠠᠬᠤ ᠵᠢᠭᠡᠯᠡᠯᠭᠡ》 ᠶ᠋ᠢᠨ ᠲᠥᠷᠥᠯ ᠵᠦᠶ᠋ᠯ 23 ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠲᠠᠶ ᠬᠣᠯᠪᠣᠭᠠᠯᠠᠵᠤ᠂ 2023 ᠣᠨ᠎ᠡᠴᠡ ᠣᠲᠣ ᠪᠣᠯᠲᠠᠯ᠎ᠠ ᠨᠢᠭᠡᠨᠲᠡ ᠵᠠᠯᠠᠭᠤᠴᠤᠳ᠎ᠤᠨ ᠦᠶ᠋ᠯᠡᠰ ᠪᠤᠰᠬᠠᠬᠤ᠎ᠳᠤ 1.32 ᠳ᠋ᠦᠩᠱᠢᠭᠤᠷ ᠲᠥᠭᠥᠷᠢᠭ᠎ᠦᠨ ᠲᠡᠮᠵᠢᠯᠭᠡ ᠦᠵᠡᠭᠦᠯᠵᠦ᠂ ᠵᠠᠯᠠᠭᠤᠴᠤᠳ᠎ᠤᠨ ᠦᠢᠯᠡᠰ ᠪᠤᠰᠬᠠᠬᠰᠠᠨ 213 ᠠᠵᠤ ᠠᠬᠤᠢᠯᠠᠯ᠎ᠳᠤ ᠠᠱᠢᠭ ᠬᠦᠷᠲᠡᠭᠡᠵᠡᠶ᠃
ᠱᠢᠨ᠎ᠡ ᠤᠷᠤᠯᠳᠤᠭᠠᠨ᠎ᠤ ᠵᠠᠮ᠎ᠤᠨ ᠪᠠᠢᠷᠢᠱᠢᠭᠤᠯᠤᠯᠲᠠ᠎ᠶ᠋ᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠡᠯᠧᠺᠲ᠋ᠷᠣᠨ ᠬᠤᠳᠠᠯᠳᠤᠭ᠎ᠠ᠎ᠪᠠᠷ ᠲᠠᠷᠢᠶᠠᠯᠠᠩ᠎ᠢ ᠲᠤᠰᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠴᠢᠩ ᠶᠦᠨ ᠤᠮᠠᠷᠠᠲᠤ ᠬᠢᠯᠢ》 ᠲᠠᠪᠴᠠᠩ᠎ᠢ ᠨᠠᠷᠢᠨ ᠨᠢᠮᠪᠠᠶ ᠴᠣᠭ᠍ᠴᠠᠯᠠᠪᠠ᠃ ᠬᠥᠯᠥᠨ ᠪᠤᠢ᠌ᠷ ᠬᠤᠳᠠ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠲᠤ᠂ ᠵᠠᠯᠠᠭᠤ ᠨᠡᠪᠲᠡᠷᠡᠭᠦᠯᠦᠭ᠌ᠴᠢ ᠲᠤᠬᠠᠢ᠎ᠶ᠋ᠢᠨ ᠭᠠᠵᠠᠷ᠎ᠤᠨ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠲᠠᠨᠢᠯᠴᠠᠭᠤᠯᠵᠤ ᠪᠠᠢᠯ᠎ᠠ᠄ 《ᠡᠨᠡ ᠪᠣᠯ ᠮᠠᠨ᠎ᠤ ᠬᠥᠯᠥᠨ ᠪᠤᠢ᠌ᠷ᠎ᠤᠨ ᠪᠣᠷᠴᠠ ᠪᠣᠯᠤᠨ ᠴᠠᠭᠠᠨ ᠢᠳᠡᠭᠡᠨ ᠪᠣᠯᠤᠨ᠎ᠠ᠂ ᠲᠦᠭᠦᠬᠡᠢ ᠡᠳ᠋ ᠨᠢ ᠰᠠᠢ᠌ᠨ᠂ ᠦᠨᠦᠷ ᠠᠮᠲᠠ ᠨᠢ ᠠᠩᠬᠢᠯᠤᠮ᠎ᠠ᠂ ᠤᠳᠤ ᠵᠠᠬᠢᠶᠠᠯᠠᠪᠠᠯ ᠪᠠᠰᠠ ᠬᠢᠮᠳᠠᠷᠠᠯ᠎ᠲᠠᠶ ᠁ 》᠃
ᠣᠳᠣᠬᠠᠨ ᠪᠣᠯᠲᠠᠯ᠎ᠠ᠂ 《ᠴᠢᠩ ᠶᠦᠨ ᠤᠮᠠᠷᠠᠲᠤ ᠬᠢᠯᠢ》 ᠲᠠᠪᠴᠠᠩ ᠳᠡᠭᠡᠷ᠎ᠡ ᠨᠢᠭᠡᠨᠲᠡ 4921 ᠲᠠᠯᠠᠪᠤᠷ ᠱᠢᠭᠤᠳ ᠨᠡᠪᠲᠡᠷᠡᠭᠦᠯᠭᠡ᠎ᠪᠡᠷ ᠲᠠᠷᠢᠶᠠᠯᠠᠩ᠎ᠢ ᠲᠤᠰᠠᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢ ᠨᠡᠢᠲᠡ 1.17 ᠳ᠋ᠦᠩᠱᠢᠭᠤᠷ ᠲᠥᠭᠥᠷᠢᠭ᠎ᠲᠦ ᠬᠦᠷᠭᠡᠪᠡ᠃ 《〈ᠪᠣᠳᠠᠲᠤ ᠠᠵᠢᠯᠯᠠᠭᠠᠨ᠎ᠤ ᠪᠣᠯᠪᠠᠰᠤᠷᠠᠯ + ᠱᠢᠭᠤᠳ ᠨᠡᠪᠲᠡᠷᠡᠭᠦᠯᠭᠡ᠎ᠵᠢᠨ ᠪᠣᠳᠠᠲᠤ ᠪᠠᠢᠯᠳᠤᠭᠠᠨ〉 ᠤ᠋ ᠵᠠᠭ᠍ᠪᠤᠷ᠎ᠢᠶᠠᠷ ᠳᠠᠮᠵᠢᠨ᠂ ᠪᠢᠳᠡ ᠵᠠᠯᠠᠭᠤᠴᠤᠳ᠎ᠢ ᠬᠠᠪᠰᠤᠷᠤᠨ ᠡᠯᠧᠺᠲ᠋ᠷᠣᠨ ᠬᠤᠳᠠᠯᠳᠤᠭᠠᠨ᠎ᠤ ᠤᠷ᠎ᠠ ᠴᠢᠳᠠᠪᠤᠷᠢ᠎ᠶ᠋ᠢ ᠡᠵᠡᠮᠱᠢᠭᠦᠯᠦᠭ᠌ᠰᠡᠨᠢᠶᠡᠷ ᠪᠠᠷᠠᠬᠤ ᠦᠭᠡᠢ᠂ ᠨᠡᠩ ᠴᠢᠬᠤᠯᠠ ᠨᠢ ᠥᠪᠥᠷ ᠮᠣᠩᠭᠣᠯ᠎ᠤᠨ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠳᠦ ᠱᠢᠨ᠎ᠡ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠨᠡᠭᠡᠭᠡᠵᠦ᠍ ᠥᠭ᠌ᠴᠡᠢ》 ᠭᠡᠵᠦ ᠲᠠᠪᠴᠠᠩ᠎ᠤᠨ ᠬᠠᠷᠢᠭᠤᠴᠠᠯᠭᠠᠲᠠᠨ ᠲᠠᠨᠢᠯᠴᠠᠭᠤᠯᠪᠠ᠃
ᠦᠢᠯᠡᠰ ᠪᠤᠰᠭᠠᠬᠤ ᠨᠡᠪᠴᠢᠭᠦᠯᠦᠭᠦᠷ᠎ᠡᠴᠡ ᠮᠥᠩᠭᠥᠨ ᠭᠦᠢᠯᠭᠡᠭᠡᠨ᠎ᠦ ᠳᠡᠮᠵᠢᠯᠭᠡ ᠬᠦᠷᠲᠡᠯ᠎ᠡ᠂ ᠤᠷᠤᠯᠳᠤᠭᠠᠨ᠎ᠢ ᠬᠦᠳᠦᠯᠥᠨ ᠳᠠᠭᠠᠭᠤᠯᠬᠤ᠎ᠡᠴᠡ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠬᠦ᠌ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠶᠠᠭ ᠪᠦᠬᠦ᠌ ᠲᠠᠯ᠎ᠠ᠎ᠶ᠋ᠢᠨ ᠦᠢᠯᠡᠰ ᠪᠤᠰᠭᠠᠬᠤ ᠦᠢᠯᠡᠴᠢᠯᠡᠭᠡ᠎ᠪᠡᠷ ᠥᠪᠥᠷ ᠮᠣᠩᠭᠣᠯ᠎ᠤᠨ ᠡᠬᠡ ᠭᠠᠵᠠᠷ᠎ᠲᠠᠬᠢ ᠵᠠᠯᠠᠭᠤ ᠨᠠᠰᠤᠨ᠎ᠤ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍ ᠪᠠᠢᠨ᠎ᠠ᠃ ᠡᠨᠳᠡ᠂ ᠦᠢᠯᠡᠰ ᠪᠤᠰᠭᠠᠬᠤ ᠨᠢ ᠭᠠᠭ᠍ᠴᠠᠭᠠᠷ᠎ᠢᠶᠠᠨ ᠪᠠᠢᠯᠳᠤᠬᠤ ᠭᠡᠨᠡᠨ ᠠᠵᠢᠯᠯᠠᠭ᠎ᠠ ᠪᠢᠰᠢ᠂ ᠬᠠᠷᠢᠨ ᠨᠢᠭᠡᠨ ᠪᠠᠲᠤ ᠴᠢᠩᠭ᠎ᠠ ᠥᠮᠥᠭ ᠲᠦᠱᠢᠭ᠎ᠲᠡᠶ ᠵᠠᠯᠠᠭᠤ ᠨᠠᠰᠤᠨ᠎ᠤ ᠠᠶᠠᠨ ᠲᠠᠢ᠌ᠨ ᠪᠣᠯᠤᠨ᠎ᠠ᠃
ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ᠎ᠶ᠋ᠢᠨ ᠪᠠᠢᠭᠤᠯᠤᠭ᠍ᠰᠠᠨ ᠪᠦᠬᠦ᠌ ᠬᠡᠯᠬᠢᠶᠡᠨ᠎ᠦ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠱᠢᠰᠲ᠋ᠧᠮ ᠨᠢ ᠵᠠᠯᠠᠭᠤᠴᠤᠳ᠎ᠲᠤ ᠰᠤᠷᠭᠠᠭᠤᠯᠢ᠎ᠶ᠋ᠢᠨ ᠬᠦᠷᠢᠶᠡᠨ᠎ᠡᠴᠡ ᠠᠵᠢᠯ᠎ᠤᠨ ᠪᠠᠢᠷᠢ ᠬᠦᠷᠲᠡᠯᠡᠬᠢ ᠪᠠᠲᠤ ᠪᠡᠬᠢ ᠬᠥᠭᠥᠷᠭᠡ᠎ᠶ᠋ᠢ ᠲᠠᠯᠪᠢᠵᠤ ᠥᠭ᠌ᠴᠦ ᠪᠠᠢᠨ᠎ᠠ᠃ ᠡᠨᠡ ᠬᠦ᠌ ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ᠎ᠢᠶᠡᠷ ᠪᠢᠯᠬᠠᠭ᠍ᠰᠠᠨ ᠬᠠᠯᠠᠭᠤᠨ ᠬᠥᠷᠥᠰᠥᠨ ᠳᠡᠭᠡᠷ᠎ᠡ᠂ ᠨᠢᠭᠡ ᠤᠳᠠᠭ᠎ᠠ᠎ᠶ᠋ᠢᠨ ᠵᠠᠯᠠᠭᠤ ᠨᠠᠰᠤ ᠪᠣᠯᠤᠨ ᠥᠪᠥᠷ ᠮᠣᠩᠭᠣᠯ᠎ᠤᠨ ᠦᠭᠡᠳᠡ ᠦᠭᠡᠳᠡ ᠡᠴᠡ ᠪᠠᠨ ᠲᠡᠮᠡᠤᠯᠬᠦ ᠠᠵᠢᠯᠯᠠᠭ᠎ᠠ ᠶᠠᠭ ᠢᠳᠡ ᠬᠦᠭ ᠲᠠᠢ ᠶᠠᠪᠤᠭ᠍ᠳᠠᠵᠤ ᠪᠠᠢᠨ᠎ᠠ᠃