— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠪᠥᠬᠥ᠌ ᠣᠷᠣᠨ᠎ᠤ ᠡᠯ᠎ᠡ ᠭᠠᠵᠠᠷ᠎ᠲᠤ ᠴᠢᠨᠭᠭ᠎ᠠ ᠲᠤᠰᠭᠠᠯ ᠭᠠᠷᠪᠠ
11 ᠰᠠᠷ᠎ᠠ᠎ᠶ᠋ᠢᠨ 13 ᠡᠴᠡ 14 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠡ ᠵᠢᠨ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥᠳᠡ ᠬᠤᠷᠠᠯ᠎ᠡᠴᠡ ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠶ ᠪᠠᠢᠷᠢᠯᠠᠭᠤᠯᠤᠯᠲᠠ ᠬᠢᠵᠦ᠍᠂ ᠪᠥᠬᠥ᠌ ᠣᠷᠣᠨ᠎ᠤ ᠡᠯ᠎ᠡ ᠭᠠᠵᠠᠷ᠎ᠲᠤ ᠴᠢᠨᠭᠭ᠎ᠠ ᠲᠤᠰᠭᠠᠯ ᠭᠠᠷᠪᠠ᠃ ᠤᠯᠠᠨ ᠵᠢᠡᠷ ᠵᠢᠡᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠷᠭᠦᠯᠵᠢᠯᠡᠨ ᠬᠦᠴᠦᠯᠡᠵᠦ᠍᠂ ᠤᠳᠠᠭᠠᠨ ᠳᠠᠭᠠᠭᠠᠮᠠᠭᠠᠶ ᠵᠢᠳᠬᠦᠯ ᠴᠢᠷᠮᠠᠢᠯᠭ᠎ᠠ ᠭᠠᠷᠭᠠᠵᠤ᠂ ᠪᠦᠬᠦ ᠤᠯᠤᠰ ᠲᠠᠢ ᠬᠠᠮᠳᠦ ᠪᠡᠷ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠨ᠎ᠡ ᠭᠡᠵᠦ᠍ ᠢᠯᠡᠳᠭᠡᠵᠡᠭᠡᠪᠡ᠃
ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠬᠢᠩᠭᠠᠨ ᠡᠮᠦᠨ᠎ᠡ ᠵᠠᠮ᠎ᠤᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠣᠷᠢᠶ᠎ᠠ ᠵᠢᠨ ᠳᠡᠳ᠋ ᠱᠦᠵᠢ᠂ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠼᠤᠤ᠎ᠶ᠋ᠢᠨ ᠬᠤᠢ᠄《ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ ᠨᠡᠩ ᠴᠤ᠌ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠠᠵᠢᠯᠯᠠᠬᠤ ᠡᠷᠴᠢ ᠵᠣᠷᠢᠭ ᠲᠡᠭᠦᠯᠳᠡᠷ ᠪᠠᠢᠨ᠎ᠠ᠃ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠵᠡᠭᠡᠯᠢ ᠭᠤᠳᠤᠮᠵᠢ᠎ᠶ᠋ᠢᠨ ᠪᠥᠬᠥ᠌ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠠᠷᠰᠢ ᠰᠠᠭᠠᠳ ᠢ᠋ ᠢᠯᠡᠨ ᠲᠠᠪᠠᠬᠤ ᠬᠠᠳᠠᠨ ᠵᠣᠷᠢᠭ᠎ᠢ ᠪᠠᠷᠢᠮᠲᠠᠯᠠᠵᠤ᠂ ᠬᠡᠳᠦᠶ ᠬᠦᠴᠢᠷ ᠪᠡᠷᠬᠡᠱᠢᠶᠡᠯ᠎ᠲᠡᠶ ᠪᠣᠯᠬᠤ ᠲᠤᠲᠤᠮ ᠲᠡᠳᠦᠶ ᠤᠷᠤᠭ᠍ᠰᠢᠯᠠᠬᠤ ᠡᠷᠴᠢ ᠵᠣᠷᠢᠭ᠎ᠢᠶᠠᠨ ᠪᠠᠲᠤᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦ ᠰᠠᠭᠤᠷᠢ᠎ᠶ᠋ᠢ ᠪᠡᠬᠢᠵᠢᠭᠦᠯᠬᠦ᠌᠎ᠶ᠋ᠢ ᠬᠥᠲᠥᠯᠥᠨ ᠳᠠᠭᠠᠭᠤᠯᠬᠤ᠌ᠶ᠋ᠢ ᠢᠮᠠᠭ᠍ᠲᠠ ᠪᠠᠷᠢᠮᠲᠠᠯᠠᠵᠤ᠂ ᠲᠤᠤᠷᠵᠢᠭᠤᠯᠤᠭ᠍ᠰᠠᠨ ᠵᠠᠰᠠᠯᠲᠠ᠎ᠶ᠋ᠢ ᠭᠦᠨᠵᠡᠭᠡᠢᠷᠡᠭᠦᠯᠦᠨ᠂ ᠱᠢᠯᠢᠳᠡᠭ ᠰᠤᠷᠲᠠᠯ ᠪᠣᠯᠤᠨ ᠪᠣᠳᠠᠲᠠᠶ ᠠᠵᠢᠯᠯᠠᠬᠤ ᠬᠠᠷᠢᠭᠤᠴᠠᠯᠭ᠎ᠠ ᠡᠭᠦᠷᠭᠡᠯᠡᠯ᠎ᠢᠶᠡᠷ ᠵᠠᠰᠠᠯᠲᠠ ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠢ ᠨᠡᠮᠡᠭ᠌ᠳᠡᠭᠦᠯᠬᠦ᠌ ᠬᠠᠷᠠᠯᠲᠠ᠎ᠶ᠋ᠢ ᠴᠢᠷᠮᠠᠢᠨ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ 》 ᠭᠡᠵᠤ ᠢᠯᠡᠳᠭᠡᠪᠡ᠃
ᠪᠤᠭᠤᠲᠤ᠎ᠶ᠋ᠢᠨ ᠬᠣᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠯᠢ ᡁᠢ ᠴᠢᠶᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ ᠢᠷᠡᠬᠦ᠌ ᠲᠠᠪᠤᠨ ᠵᠢᠯ᠎ᠦᠨ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠵᠦ᠍ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶ᠋ᠢᠨ ᠵᠢᠷᠤᠭ ᠲᠥᠯᠥᠪᠯᠡᠭᠡ ᠬᠢᠵᠦ᠍᠂ ᠱᠢᠨ᠎ᠡ ᠠᠶᠠᠨ ᠬᠥᠮᠦᠰ ᠢ ᠤᠷᠮᠠᠱᠢᠭᠤᠯᠤᠨ ᠵᠣᠷᠢᠭ᠍ᠵᠢᠭᠤᠯᠤᠨ᠎ᠠ᠃ ᠳᠠᠷᠠᠭᠠᠴᠢ ᠵᠢᠨ ᠠᠯᠬᠤᠮ ᠳ᠋ᠤ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠰᠤᠳᠤᠯᠭᠠᠨ᠎ᠤ ᠬᠦᠷᠢᠶᠡᠯᠡᠩ ᠨᠢ ᠪᠠᠶᠠᠠᠠᠤᠪᠤᠭ᠎ᠠ ᠵᠢᠨ ᠬᠣᠪᠣᠷ ᠱᠢᠷᠣᠶ᠎ᠶ᠋ᠢᠨ ᠡᠬᠢ ᠪᠠᠶᠠᠯᠢᠭ᠎ᠢ ᠰᠤᠳᠤᠯᠬᠤ ᠪᠠ ᠶᠡᠷᠦᠩᠬᠡᠢᠯᠡᠨ ᠠᠱᠢᠭ᠍ᠯᠠᠬᠤ ᠪᠥᠬᠥ᠌ ᠤᠯᠤᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠵᠡᠷᠭᠡ ᠱᠢᠨ᠎ᠡ᠎ᠶ᠋ᠢ ᠡᠭᠦᠳᠬᠦ᠌ ᠲᠠᠪᠴᠠᠩ᠎ᠤᠨ ᠡᠨᠧᠷᠭᠢ᠎ᠶ᠋ᠢᠨ ᠲᠠᠰ᠎ᠢ ᠳᠡᠭᠡᠭ᠌ᠰᠢᠯᠡᠭᠦᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠭᠦᠨᠵᠡᠭᠡᠢᠷᠡᠭᠦᠯᠵᠤ᠂ ᠪᠦᠬᠦ᠌ ᠤᠯᠤᠰ᠎ᠤᠨ ᠱᠢᠨ᠎ᠡ᠎ᠶ᠋ᠢ ᠡᠭᠦᠳᠬᠦ᠌ ᠳᠠᠪᠠᠭᠤᠯᠢᠭ ᠡᠬᠢ ᠪᠠᠶᠠᠯᠢᠭ᠎ᠢ ᠲᠥᠪᠯᠡᠷᠡᠭᠦᠯᠵᠤ᠂ ᠬᠣᠪᠣᠷ ᠱᠢᠷᠣᠶ᠎ᠶ᠋ᠢᠨ ᠦᠨᠳᠦᠰᠦᠨ ᠣᠨᠴᠠᠯᠢᠭ ᠱᠢᠨᠵᠢ᠎ᠳᠦ ᠰᠠᠭᠤᠷᠢᠯᠠᠭ᠍ᠰᠠᠨ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠭᠦᠨᠵᠡᠭᠡᠶ ᠥᠷᠨᠢᠭᠦᠯᠵᠤ᠂ ᠬᠣᠪᠣᠷ ᠱᠢᠷᠣᠶ᠎ᠶ᠋ᠢ ᠪᠣᠬᠢᠷᠲᠤᠯ ᠥᠬᠡᠶ᠎ᠪᠡᠷ ᠭᠠᠷᠭᠠᠨ ᠠᠪᠬᠤ ᠪᠠ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠢ ᠬᠡᠪᠱᠢᠭᠦᠯᠬᠦ᠌ ᠵᠡᠷᠭᠡ ᠨᠢᠭᠡ ᠪᠦᠯᠦᠭ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠪᠲᠤᠯᠵᠤ᠂ ᠬᠤᠪᠤᠷ ᠰᠢᠷᠤᠢ ᠵᠢ ᠡᠬᠢ ᠪᠠᠶᠠᠯᠢᠭ᠎ᠤᠨ ᠡᠨ᠋ᠸᠷᠬᠢ᠂ ᠠᠮᠢᠳᠤ ᠪᠣᠳᠠᠰ᠎ᠤᠨ ᠡᠮᠴᠢᠯᠡᠭᠡ᠂ ᠨᠡᠬᠡᠮᠡᠯ᠂ ᠥᠩᠭᠡᠲᠦ ᠵᠡᠷᠭᠡ ᠬᠦᠷᠢᠶᠡᠨ ᠳ᠋ᠡᠬᠢ ᠬᠡᠷᠡᠭ᠌ᠰᠡᠬᠦ᠌ ᠪᠦᠲᠦᠴᠡ᠎ᠶ᠋ᠢᠨ ᠴᠢᠳᠠᠮᠵᠢ ᠵᠢᠨ ᠱᠢᠨ᠎ᠡ ᠮᠠᠲ᠋ᠧᠷᠢᠶᠠᠯ ᠢ᠋ ᠦᠷᠭᠡᠳᠭᠡᠨ ᠨᠡᠭᠡᠭᠡᠵᠤ᠂ ᠮᠠᠨ᠎ᠤ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠪᠠ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠠ ᠭᠡᠵᠤ ᠬᠡᠯᠡᠪᠡ᠃
ᠬᠥᠯᠥᠨ ᠪᠣᠢᠷ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠯᠢ ᠭᠤᠸᠠᠩ ᠯᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠨᠢ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠭ᠌ᠯᠡᠯ᠎ᠢ ᠣᠨᠣᠪᠴᠢᠲᠠᠶ ᠵᠢᠭᠠᠵᠤ᠂ ᠠᠷᠭ᠎ᠠ ᠵᠠᠮ ᠢ ᠲᠣᠳᠣᠷᠬᠠᠶ ᠪᠣᠯᠭᠠᠵᠤ᠂ ᠬᠥᠯᠥᠨ ᠪᠣᠢᠷ᠎ᠲᠤ ᠨᠤᠲᠤᠭ᠍ᠰᠢᠭ᠍ᠰᠠᠨ ᠠᠵᠢᠯ ᠮᠡᠷᠭᠡᠵᠢᠯ᠎ᠦᠨ ᠪᠠᠭ᠍ᠰᠢ ᠨᠢᠭᠡᠪᠦᠷᠢ᠎ᠶ᠋ᠢ ᠲᠤᠢᠯ᠎ᠢᠶᠠᠷ ᠤᠷᠮᠠᠱᠢᠭᠤᠯᠪᠠ᠃ ᠳᠡᠭᠡᠳᠦ ᠰᠤᠷᠭᠠᠭᠤᠯᠢ ᠨᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ 《 ᠶᠠᠰᠤ ᠴᠢᠨᠠᠷ᠎ᠢᠶᠠᠷ ᠰᠤᠷᠭᠠᠭᠤᠯᠢ ᠪᠠᠢᠭᠤᠯᠬᠤ᠂ ᠣᠷᠣᠨ ᠨᠤᠲᠤᠭ᠎ᠲᠤ ᠦᠶ᠋ᠯᠡᠴᠢᠯᠡᠬᠦ᠌᠂ ᠮᠣᠷᠠᠯ ᠮᠡᠷᠭᠡᠵᠢᠯ᠎ᠢ ᠵᠡᠷᠭᠡ᠎ᠪᠡᠷ ᠴᠢᠬᠤᠯᠠᠴᠢᠯᠠᠬᠤ᠂ ᠪᠥᠬᠥ᠌ ᠲᠠᠯ᠎ᠠ᠎ᠪᠠᠷ ᠬᠥᠭ᠌ᠵᠢᠭᠦᠯᠬᠦ᠌ 》 ᠣᠨᠴᠠᠯᠢᠭᠲᠦ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠨ᠂ ᠠᠵᠢᠯ ᠮᠡᠷᠭᠡᠵᠢᠯ᠎ᠦᠨ ᠵᠢᠩᠬᠢᠨᠢ ᠠᠩᠭᠢ ᠪᠣᠯᠭᠠᠨ ᠳᠡᠪᠱᠢᠭᠦᠯᠬᠦ᠌ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ 》᠎ᠤ᠋ᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠢᠰᠲ᠋ᠧᠮ᠎ᠲᠡᠶ ᠤᠬᠠᠭᠠᠯᠠᠨ ᠲᠥᠯᠥᠪᠯᠡᠨ᠎ᠡ᠃ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠰᠤᠷᠭᠠᠭᠤᠯᠢ ᠡᠷᠬᠢᠯᠡᠬᠦ᠌ ᠵᠠᠭ᠍ᠪᠤᠷ᠎ᠤᠨ ᠠᠭᠤᠯᠤᠭ᠍ᠳᠠᠬᠤᠨ᠎ᠤ ᠱᠢᠨ᠎ᠡ᠎ᠶ᠋ᠢ ᠡᠭᠦᠳᠴᠦ᠍᠂ ᠬᠠᠮᠢᠶᠠᠷᠤᠯᠲᠠ᠎ᠶ᠋ᠢᠨ ᠪᠠᠢᠭᠤᠯᠤᠯ᠎ᠤᠨ ᠦᠢᠯᠡᠳᠦᠯ ᠴᠢᠳᠠᠪᠬᠢ᠎ᠶ᠋ᠢ ᠱᠢᠯᠢᠳᠡᠭ᠌ᠵᠢᠭᠦᠯᠦᠨ᠂ ᠪᠠᠳᠤᠯᠠᠭ᠎ᠠ ᠵᠢᠨ ᠲᠣᠭ᠍ᠲᠠᠴᠠ᠎ᠶ᠋ᠢᠨ ᠰᠠᠭᠤᠷᠢ᠎ᠶ᠋ᠢ ᠪᠡᠬᠢᠵᠢᠭᠦᠯᠦᠨ᠂ ᠣᠷᠣᠨ ᠪᠦᠰᠡ᠎ᠶ᠋ᠢᠨ ᠨᠥᠯᠥᠭᠡᠯᠡᠬᠦ᠌ ᠬᠦᠴᠦᠨ᠎ᠲᠡᠶ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠷᠥᠯ ᠲᠡᠮᠳᠡᠭ᠌᠎ᠢ ᠪᠥᠬᠥ᠌ ᠬᠦᠴᠦᠨ᠎ᠢᠶᠡᠷ᠎ᠢᠶᠡᠨ ᠪᠤᠢ ᠪᠣᠯᠭᠠᠨ᠎ᠠ᠃ ᠬᠥᠯᠥᠨ ᠪᠣᠢᠷ᠎ᠤᠨ ᠠᠵᠤ ᠦᠶ᠋ᠯᠡᠰ᠎ᠦᠨ ᠲᠠᠰ ᠳᠡᠪᠱᠢᠬᠦ᠌ ᠪᠠ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠢᠮᠠᠭ᠍ᠲᠠ ᠨᠢᠭ᠍ᠲᠠ ᠤᠶᠠᠯᠳᠤᠭᠤᠯᠤᠨ᠂ ᠴᠢᠳᠠᠪᠤᠷᠢᠲᠠᠨ᠎ᠢ ᠬᠥᠮᠦᠵᠢᠭᠦᠯᠬᠦ᠌ ᠱᠢᠮᠡᠳᠦ ᠬᠥᠷᠥᠰᠥ᠎ᠶ᠋ᠢ ᠭᠦᠨ ᠬᠠᠭᠠᠯᠪᠤᠷᠢᠯᠠᠵᠤ᠂ 《ᠮᠡᠷᠭᠡᠵᠢᠯ᠎ᠳᠦ ᠴᠠᠭᠠᠷᠠᠭ᠍ᠰᠠᠨ᠂ ᠱᠢᠨ᠎ᠡ᠎ᠶ᠋ᠢ ᠡᠭᠦᠳᠬᠦ᠌᠎ᠳᠡᠭᠡᠨ ᠴᠢᠳᠠᠮᠠᠭᠠᠶ᠂ ᠬᠠᠷᠢᠭᠤᠴᠠᠯᠭ᠎ᠠ ᠡᠭᠦᠷᠭᠡᠯᠡᠵᠦ᠍ ᠳᠡᠢᠯᠬᠦ᠌᠂ ᠬᠠᠷᠠᠮ ᠥᠬᠡᠶ ᠵᠣᠷᠢᠭᠤᠯᠬᠤ》ᠥᠨᠳᠥᠷ ᠬᠡᠪ ᠪᠤᠯᠪᠠᠰᠤᠷᠠᠯ᠎ᠲᠠᠶ ᠬᠠᠮ ᠮᠡᠷᠭᠡᠵᠢᠯ ᠤᠷ᠎ᠠ ᠴᠢᠳᠠᠪᠤᠷᠢ᠎ᠲᠠᠶ ᠴᠢᠳᠠᠪᠤᠷᠢᠲᠠᠨ ᠢ ᠬᠦᠴᠦᠯᠡᠨ ᠬᠥᠮᠦᠵᠢᠭᠦᠯᠵᠦ᠍᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠷ᠎ᠡ ᠪᠦᠲᠦᠭᠡᠯ ᠢ ᠠᠵᠤ ᠦᠶ᠋ᠯᠡᠰ ᠦᠨ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠪᠴᠢᠲᠠᠶ ᠵᠣᠯᠭᠠᠭᠤᠯᠵᠤ᠂ ᠣᠷᠣᠨ ᠨᠤᠲᠤᠭ᠎ᠤᠨ ᠬᠥᠭ᠌ᠵᠢᠯᠲᠡ᠎ᠳᠦ ᠦᠶ᠋ᠯᠡᠴᠢᠯᠡᠭᠦᠯᠦᠨᠡ ᠭᠡᠵᠦ ᠢᠯᠡᠳᠭᠡᠪᠡ᠃
《ᠪᠥᠬᠥᠳᠡ ᠬᠤᠷᠠᠯ᠎ᠡᠴᠡ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠠᠳᠠᠷᠠᠭᠤᠯᠤᠨ ᠦᠶ᠋ᠯᠡᠳᠦᠯᠭᠡᠵᠢᠭᠦᠯᠵᠦ᠍᠂ ᠰᠣᠶᠣᠯ᠎ᠤᠨ ᠦᠶ᠋ᠯᠡᠰ᠎ᠢ ᠶᠡᠬᠡᠪᠡᠷ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠠᠵᠤ ᠦᠶ᠋ᠯᠡᠰ᠎ᠢ ᠲᠦᠷᠭᠡᠳᠭᠡᠨ ᠬᠥᠭ᠌ᠵᠢᠭᠦᠯᠵᠦ᠍᠂ ᠰᠣᠶᠣᠯ᠎ᠤᠨ ᠳᠡᠯᠡᠬᠡᠶ᠎ᠳᠡᠬᠢ ᠳᠠᠮᠵᠢᠭᠤᠯᠭ᠎ᠠ᠎ᠵᠢ ᠱᠢᠨ᠎ᠡ᠎ᠶ᠋ᠢ ᠡᠭᠦᠳᠦᠨ ᠠᠬᠢᠭᠤᠯᠬᠤ ᠬᠡᠷᠡᠭ᠌ᠲᠡᠶ ᠭᠡᠵᠦ ᠳᠤᠷᠠᠳᠤᠨ ᠭᠠᠷᠭᠠᠪᠠ᠃ ᠡᠨᠡ ᠨᠢ ᠮᠠᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠲᠠᠪᠤᠨ ᠲᠦᠮᠡᠨ ᠵᠢᠯ᠎ᠦᠨ ᠡᠮᠦᠨ᠎ᠡ ᠪᠠᠯᠠᠷ ᠡᠷᠲᠡᠨ᠎ᠦ ᠬᠥᠮᠦᠨ ᠲᠥᠷᠥᠯᠬᠢᠲᠡᠨ᠎ᠦ ᠦᠢᠯᠡᠳᠦᠭ᠌ᠰᠡᠨ ᠴᠢᠯᠠᠭᠤᠨ ᠵᠡᠪᠰᠡᠭ᠎ᠡᠴᠡ ᠯᠢᠶᠣᠤ ᠤᠯᠤᠰ᠎ᠤᠨ ᠦᠶ᠎ᠡ᠎ᠶ᠋ᠢᠨ ᠤᠩᠭᠤᠨ᠎ᠤ ᠳᠤᠮᠳᠠᠬᠢ ᠦᠵᠡᠰᠭᠦᠯᠡᠩᠲᠦ ᠰᠠᠢᠬᠠᠨ ᠬᠠᠨ᠎ᠠ᠎ᠶ᠋ᠢᠨ ᠵᠢᠷᠤᠭ ᠬᠦᠷᠲᠡᠯ᠎ᠡ᠂ ᠲᠠᠬᠢᠭᠠᠳ ᠡᠳᠦᠭᠡ ᠪᠣᠯᠲᠠᠯ᠎ᠠ ᠤᠯᠠᠮᠵᠢᠯᠠᠭ᠍ᠳᠠᠭ᠍ᠰᠠᠨ ᠲᠠᠯ᠎ᠠ ᠨᠤᠲᠤᠭ᠎ᠤᠨ ᠨᠡᠭᠦᠳᠡᠯ ᠮᠠᠯᠵᠢᠯ᠎ᠤᠨ ᠤᠯᠠᠮᠵᠢᠯᠠᠯ ᠬᠦᠷᠲᠡᠯ᠎ᠡ᠂ ᠳᠠᠪᠬᠤᠷ ᠳᠠᠪᠬᠤᠷ ᠰᠣᠶᠣᠯ᠎ᠤᠨ ᠡᠷᠳᠡᠨᠢᠰ᠎ᠦᠨ ᠰᠠᠩ ᠨᠢ ᠠᠷᠤ ᠬᠣᠷᠴᠢᠨ᠎ᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠨᠢ ᠤᠳᠠᠭᠠᠨ ᠲᠡᠦᠬᠡ᠎ᠶ᠋ᠢ ᠭᠡᠷᠡᠴᠢᠯᠡᠵᠦ᠍ ᠪᠤᠢ᠃ ᠪᠢᠳᠡ ᠪᠥᠬᠥᠳᠡ ᠬᠤᠷᠠᠯ᠎ᠤᠨ ᠭᠤᠤᠯ ᠠᠭᠤᠯᠭ᠎ᠠ ᠴᠢᠬᠤᠯᠠ ᠤᠳᠭ᠎ᠠ ᠪᠣᠯᠤᠨ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠳᠡᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠯ᠎ᠢᠶᠠᠷ ᠵᠡᠪᠰᠡᠭ᠌ᠯᠡᠬᠦ᠌᠂ ᠰᠣᠨᠢᠨ ᠮᠡᠳᠡᠭᠡᠨ᠎ᠦ ᠤᠬᠠᠭᠤᠯᠭ᠎ᠠ᠂ ᠥᠷᠲᠡᠭ᠎ᠦᠨ ᠵᠢᠯᠣᠭᠣᠳᠤᠮᠵᠢ᠂ ᠰᠣᠶᠣᠯ᠎ᠤᠨ ᠴᠡᠴᠡᠭ᠌ᠯᠡᠯ ᠵᠡᠷᠭᠡ ᠡᠯ᠎ᠡ ᠵᠦᠶ᠋ᠯ᠎ᠦᠨ ᠠᠵᠢᠯ᠎ᠳᠤ ᠠᠭᠤᠰᠤᠯᠴᠠᠭᠤᠯᠬᠤ ᠬᠡᠷᠡᠭ᠌ᠲᠡᠶ᠃ ᠬᠦᠨᠳᠦ ᠶᠢᠨ ᠵᠢᠩ ᠲᠠᠢ᠂ ᠴᠢᠨᠠᠷ ᠰᠠᠢᠲᠠᠶ᠂ ᠭᠦᠨᠴᠡ᠎ᠲᠡᠶ᠂ ᠨᠥᠯᠥᠭᠡ᠎ᠲᠡᠶ ᠰᠣᠶᠣᠯ᠎ᠤᠨ ᠰᠡᠳᠦᠪ ᠢ ᠦᠷᠭᠦᠯᠵᠢᠯᠡᠨ ᠢᠯᠡᠷᠡᠭᠦᠯᠵᠦ᠍᠂ ᠴᠢᠨᠠᠷᠯᠢᠭ᠂ ᠨᠡᠷ᠎ᠠ ᠭᠠᠷᠴᠤ ᠳᠡᠢᠯᠬᠦ᠂ ᠤᠯᠠᠮᠵᠢᠯᠠᠭᠳᠠᠵᠤ ᠳᠡᠢᠯᠬᠦ᠌ ᠠᠷᠤ ᠬᠣᠷᠴᠢᠨ᠎ᠤ ᠰᠣᠶᠣᠯ ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠹᠷᠣᠨᠲ᠎ᠤᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠤᠯᠠᠭᠠᠨᠬᠠᠳᠠ ᠬᠤᠳᠠ᠎ᠶ᠋ᠢᠨ ᠠᠷᠤ ᠬᠣᠷᠴᠢᠨ ᠬᠣᠱᠢᠭᠤᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠴᠧᠨ ᠬᠤᠤ ᠭᠡᠯᠡᠪᠡ᠃
ᠱᠢᠯᠢᠩᠬᠤᠳᠠ᠎ᠶ᠋ᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠪᠤᠯᠤᠨ ᠱᠢᠨᠵᠢᠯᠡᠬᠦ᠌ ᠤᠬᠠᠭᠠᠨ ᠮᠡᠷᠭᠡᠵᠢᠯ ᠦᠨ ᠲᠣᠪᠴᠢᠶᠠᠨ᠎ᠤ ᠳᠠᠷᠤᠭ᠎ᠠ ᠵᠢᠷᠦᠬᠡ᠄ 《ᠪᠥᠬᠥᠳᠡ ᠬᠤᠷᠠᠯ᠎ᠡᠴᠡ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠳᠤᠷᠠᠳᠴᠤ᠌᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠤ ᠮᠠᠯ ᠠᠵᠤ ᠠᠬᠤᠶ᠎ᠲᠠᠷᠢᠶᠠᠯᠠᠩ᠎ᠤᠨ ᠠᠵᠢᠯ᠎ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠦ ᠦᠶ᠋ᠯᠡᠳᠪᠦᠷᠢᠯᠡᠯ᠎ᠦᠨ ᠰᠠᠭᠤᠷᠢᠨ᠎ᠢ ᠲᠦᠷᠭᠡᠳᠭᠡᠨ ᠪᠠᠢᠭᠤᠯᠵᠤ᠂ ᠨᠤᠲᠤᠭᠪᠡᠯᠴᠢᠭᠡᠷ ᠤ᠋ᠨ ᠮᠠᠯ ᠠᠵᠤ ᠠᠬᠤᠶ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠪᠠ ᠤᠯᠤᠰ᠎ᠤᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠬᠦᠷᠢᠶᠡᠯᠡᠩ᠎ᠦᠨ ᠲᠥᠷᠥᠯ ᠵᠦᠶ᠋ᠯ᠎ᠢ ᠴᠢᠷᠮᠠᠢᠨ ᠬᠡᠷᠡᠭ᠌ᠵᠢᠭᠦᠯᠵᠦ᠍᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠮᠠᠯ ᠠᠵᠤ ᠠᠬᠤᠶ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ; ᠠᠮᠤ ᠪᠤᠳᠠᠭᠠᠨ᠎ᠤ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠤᠶᠤᠨᠴᠢ ᠲᠠᠷᠢᠶᠠᠯᠠᠩ᠎ᠤᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠵᠡᠷᠭᠡ ᠭᠣᠣᠯᠳᠠᠯᠭ᠎ᠠ᠎ᠲᠠᠶ ᠲᠥᠷᠥᠯ ᠵᠦᠢᠯ᠎ᠢ ᠦᠷᠭᠦᠯᠵᠢᠯᠡᠨ ᠬᠡᠷᠡᠭ᠌ᠵᠢᠭᠦᠯᠵᠦ᠍᠂ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ; ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤᠨ ᠮᠠᠯ ᠠᠵᠤ ᠠᠬᠤᠶ ᠲᠠᠷᠢᠶᠠᠯᠠᠩ᠎ᠢ ᠨᠢᠭᠡᠳᠦᠯᠲᠡᠶ ᠲᠥᠯᠥᠪᠵᠢᠭᠦᠯᠦᠨ ᠬᠥᠭ᠌ᠵᠢᠭᠦᠯᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ᠂ ᠠᠮᠢ ᠠᠬᠤᠶ᠎ᠶ᠋ᠢᠨ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠡ; ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠡᠮᠬᠢ ᠵᠢᠷᠤᠮ᠎ᠲᠠᠶ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠳᠡᠭᠡᠭ᠌ᠰᠢᠯᠡᠭᠦᠯᠵᠦ᠍᠂ ᠠᠵᠢᠯᠯᠠᠵᠤ ᠠᠮᠢᠳᠤᠷᠠᠬᠤ᠎ᠳᠦ ᠲᠤᠬᠢᠳᠠᠢ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠨ᠎ᠡ》 ᠭᠡᠵᠦ ᠬᠡᠯᠡᠪᠡ᠃
《ᠪᠥᠬᠥᠳᠡ ᠬᠤᠷᠠᠯ᠎ᠡᠴᠡ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠵᠤ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ ᠭᠡᠵᠦ᠍ ᠳᠤᠷᠠᠳᠤᠭ᠍ᠰᠠᠨ ᠪᠠᠢᠨ᠎ᠠ ᠃ ᠮᠠᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠠᠪᠴᠤ᠌ ᠬᠡᠯᠡᠪᠡᠯ ᠡᠨᠡ ᠪᠣᠯ ᠳᠠᠷᠤᠶ ᠠᠵᠢᠯ ᠥᠷᠨᠢᠭᠦᠯᠬᠦ᠌ ᠠᠵᠢᠯᠯᠠᠭᠠᠨ᠎ᠤ ᠬᠥᠲᠥᠯᠪᠦᠷᠢ ᠮᠥᠨ᠃ ᠵᠢᠯ᠎ᠤᠨ ᠡᠬᠢᠨ᠎ᠡᠴᠡ ᠰᠠᠨ ᠳ᠋ᠤᠤ ᠺᠠᠨ ᠵᠡᠭᠡᠯᠢ ᠭᠤᠳᠤᠮᠵᠢ᠎ᠶ᠋ᠢᠨ ᠬᠢᠨ〈ᠵᠠᠭᠤᠨ ᠡᠷᠦᠬᠡ᠎ᠳᠦ ᠬᠦᠷᠴᠦ᠍᠂ ᠵᠠᠭᠤᠨ ᠡᠷᠦᠬᠡ ᠶ᠋ᠢᠨ ᠪᠠᠢᠳᠠᠯ᠎ᠢ ᠣᠢᠯᠠᠭᠠᠵᠤ᠂ ᠵᠠᠭᠤᠨ ᠡᠷᠦᠬᠡ᠎ᠶ᠋ᠢᠨ ᠬᠦᠴᠢᠷᠳᠡᠯ᠎ᠢ ᠱᠢᠢᠳᠪᠦᠷᠢᠯᠡᠬᠦ᠌〉ᠠᠵᠢᠯᠯᠠᠭ᠎ᠠ᠎ᠶ᠋ᠢ ᠶᠡᠬᠡᠪᠡᠷ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷ ᠡᠮᠦᠨ᠎ᠡ ᠹᠷᠣᠨᠲ᠎ᠲᠤ ᠭᠦᠨᠵᠡᠭᠡᠢᠷᠡᠨ᠂ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ ᠡᠴᠡ ᠠᠰᠠᠭᠤᠵᠤ᠂ ᠠᠷᠠᠳ᠎ᠤᠨ ᠠᠷᠭ᠎ᠠ ᠪᠤᠳᠤᠯᠭ᠎ᠠ᠎ᠶ᠋ᠢ ᠠᠷᠠᠳ ᠡᠴᠡ ᠠᠰᠠᠭᠤᠵᠤ᠂ ᠨᠠᠮ ᠤᠯᠠᠨ ᠲᠦᠮᠡᠨ᠎ᠦ ᠰᠡᠳᠭᠢᠯ᠎ᠢ ᠬᠣᠯᠪᠣᠬᠤ ᠬᠥᠭᠥᠷᠭᠡ᠎ᠶ᠋ᠢ ᠪᠤᠰᠭᠠᠵᠤ᠂ ᠰᠤᠷᠲᠠᠯ᠎ᠤᠨ ᠬᠤᠪᠢᠷᠠᠯᠲᠠ ᠪᠣᠯᠤᠨ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢ ᠵᠡᠷᠭᠡ᠎ᠪᠡᠷ ᠠᠬᠢᠭᠤᠯᠵᠠᠢ᠃ ᠲᠠᠷᠠᠭᠠᠴᠢ᠎ᠪᠡᠷ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠵᠤ᠂ ᠪᠥᠬᠥ᠌ ᠲᠠᠯ᠎ᠠ᠎ᠪᠠᠷ ᠲᠤᠭᠤᠰᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠨ ᠠᠳᠭᠤᠵᠤ᠂ ᠵᠡᠭᠡᠯᠢ ᠭᠤᠳᠤᠮᠵᠢ᠎ᠶ᠋ᠢᠨ ᠰᠠᠭᠤᠭᠠᠯᠢ ᠠᠷᠠᠳ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠳ᠋ᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠣᠨᠢᠨ ᠳᠡᠭᠡᠷ᠎ᠡ᠎ᠨᠢ ᠬᠦᠴᠦᠯᠡᠵᠦ᠍᠂ ᠲᠤᠤᠷᠵᠢᠭ᠍ᠰᠠᠨ ᠬᠠᠮᠢᠶᠠᠷᠤᠯᠲᠠ᠎ᠶ᠋ᠢᠨ ᠦᠶ᠋ᠯᠡᠴᠢᠯᠡᠭᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠭᠢᠯ ᠳᠡᠯᠪᠢᠨ ᠰᠠᠢᠲᠤᠷ ᠬᠢᠵᠦ᠍᠂ ᠨᠠᠩ ᠥᠨᠳᠥᠷ ᠲᠦᠪᠱᠢᠨ ᠪᠥᠬᠥᠶ ᠠᠮᠤᠷ ᠠᠮᠤᠭᠤᠯᠠᠩ ᠵᠡᠭᠡᠯᠢ ᠭᠤᠳᠤᠮᠵᠢ᠎ᠶ᠋ᠢ ᠪᠥᠲᠥᠭᠡᠨ ᠪᠠᠢᠭᠤᠯᠤᠨ᠎ᠠ》 ᠭᠡᠵᠦ ᠦᠬᠠᠢ ᠬᠤᠳᠠ᠎ᠶ᠋ᠢᠨ ᠤᠳᠠ᠎ᠶ᠋ᠢᠨ ᠲᠤᠬᠤᠢ ᠲᠣᠭᠣᠷᠢᠭ᠎ᠤᠨ ᠰᠠᠨ ᠳ᠋ᠤᠤ ᠺᠠᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯᠯᠠᠬᠤ ᠬᠣᠷᠢᠢ᠎ᠠ᠎ᠶ᠋ᠢᠨ ᠱᠦᠵᠢ᠂ ᠨᠠᠮ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠡᠷᠬᠢᠯᠡᠭ᠌ᠴᠢ ᠺᠠᠩ ᠨᠦᠸᠸ ᠬᠡᠯᠡᠪᠡ᠃