— ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠭᠤᠷᠪᠠᠨᠲᠠ ᠥᠭᠦᠯᠡᠬᠦ᠌ ᠨᠢ
ᠵᠣᠷᠢᠭ᠍ᠲᠠᠢ ᠪᠠᠷ ᠤᠷᠤᠰᠭᠠᠯ᠎ᠤᠨ ᠡᠮᠦᠨ᠎ᠡ ᠬᠤᠰᠢᠭᠤᠷᠠᠵᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠳᠠᠷᠪᠠᠭᠤᠯ ᠬᠡᠢᠰᠭᠡᠨ ᠱᠢᠨ᠎ᠡ ᠠᠶᠠᠨ᠎ᠢᠶᠠᠨ ᠡᠬᠢᠯᠡᠭᠦᠯᠦᠨ᠎ᠡ᠃ 《ᠠᠷᠪᠡᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭ᠎ᠠ ᠪᠣᠯ ᠮᠠᠨ ᠤ ᠤᠯᠤᠰ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠦᠭᠵᠢᠵᠤ᠂ ᠱᠢᠨ᠎ᠡ ᠵᠠᠮ ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠣᠷᠣᠨ ᠳᠠᠶᠠᠭᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠠᠳᠤ ᠡᠵᠡᠮᠳᠡᠨ᠂ ᠴᠢᠨᠠᠷ ᠰᠠᠢᠲᠠᠶ ᠬᠥᠭ᠌ᠵᠢᠯᠲᠡ ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠪᠣᠭᠣᠮᠢ ᠲᠦᠭ᠌ᠵᠢᠷᠡᠯ᠎ᠢ ᠲᠠᠰᠤᠷᠠᠯᠲᠠ ᠥᠬᠡᠶ ᠱᠢᠪᠲᠤᠯᠵᠤ᠂ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌ ᠬᠡᠷᠡᠭ᠌ᠲᠡᠶ᠃
ᠠᠵᠤ ᠦᠢᠯᠡᠰ ᠦᠨ ᠰᠠᠭᠤᠷᠢ᠎ᠶ᠋ᠢ ᠪᠡᠬᠢᠵᠢᠭᠦᠯᠵᠦ᠍᠂ ᠠᠵᠤ ᠦᠢᠯᠡᠰ᠎ᠦᠨ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠪᠡᠯ ᠰᠠᠶᠢ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠪᠡᠬᠢ ᠲᠤᠯᠭᠠᠭᠤᠷᠢᠯᠠᠯ ᠬᠠᠩᠭᠠᠵᠤ ᠴᠢᠳᠠᠨ᠎ᠠ᠃ ᠴᠢᠨᠠᠷ ᠰᠠᠢᠲᠠᠢ ᠬᠥᠭ᠌ᠵᠢᠯᠲᠡ ᠶ᠋ᠢ ᠡᠷᠡᠰ ᠭᠤᠢᠪᠢᠰᠢ ᠦᠭᠡᠢ ᠠᠬᠢᠭᠤᠯᠬᠤ᠎ᠳᠤ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠬᠡᠷᠡᠭ᠌ᠲᠡᠢ᠃ ᠤᠶᠤᠨᠴᠢᠯᠠᠬᠤ᠂ ᠪᠣᠬᠢᠷᠲᠤᠯ ᠥᠬᠡᠶ ᠪᠤᠯᠭᠠᠬᠤ᠂ ᠠᠭᠤᠰᠤᠯᠴᠠᠬᠤ ᠴᠢᠭ᠌ᠯᠡᠯ᠎ᠢ ᠪᠠᠷᠢᠮᠲᠠᠯᠠᠵᠤ᠂ ᠤᠯᠠᠮᠵᠢᠯᠠᠯᠲᠤ ᠠᠵᠤ ᠦᠶ᠋ᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠵᠦ᠍᠂ ᠢᠷᠡᠭᠡᠳᠦᠶ᠎ᠶ᠋ᠢᠨ ᠠᠵᠤ ᠦᠶ᠋ᠯᠡᠰ᠎ᠢ ᠤᠷᠢᠳᠴᠢᠯᠠᠨ ᠪᠠᠢᠷᠢᠱᠢᠭᠤᠯᠵᠤ᠂ ᠠᠵᠤ ᠦᠶ᠋ᠯᠡᠰ᠎ᠦᠨ ᠭᠦᠨᠵᠡᠭᠡᠶ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠲᠣᠭ᠍ᠲᠠᠪᠤᠷᠢᠲᠤ ᠴᠢᠨᠠᠷ ᠪᠠ ᠦᠷᠭᠦᠯᠵᠢᠯᠡᠬᠦ᠌ ᠬᠦᠴᠦᠨ᠎ᠢ ᠴᠢᠩᠭᠠᠷᠠᠭᠤᠯᠬᠤ ᠭᠡᠷᠡᠭᠳᠠᠢ᠃ ᠤᠯᠠᠮᠵᠢᠯᠠᠯᠲᠤ ᠠᠵᠤ ᠦᠶ᠋ᠯᠡᠰ ᠦᠨ ᠱᠢᠨ᠎ᠡ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠢ ᠪᠤᠵᠠᠭᠠᠢᠷᠠᠭᠤᠯᠬᠤ ᠪᠠ ᠢᠷᠡᠭᠡᠳᠦᠶ ᠶ᠋ᠢᠨ ᠠᠵᠤ ᠦᠶ᠋ᠯᠡᠰ᠎ᠢ ᠪᠣᠢᠵᠢᠭᠤᠯᠵᠤ᠂ ᠲᠣᠭᠠᠴᠢᠯᠠᠭ᠍ᠰᠠᠨ ᠥᠪᠥᠷ ᠮᠣᠩᠭᠣᠯ ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠦᠶ᠋ᠯᠡᠴᠢᠯᠡᠭᠡᠨ ᠦ ᠦᠶ᠋ᠯᠡᠰ᠎ᠦᠨ ᠴᠢᠨᠠᠷ ᠰᠠᠢᠲᠠᠶ ᠥᠨᠳᠥᠷ ᠪᠦᠲᠦᠮᠵᠢᠲᠡᠶ ᠬᠥᠭ᠌ᠵᠢᠯᠲᠡ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠦᠨ ᠲᠤᠯᠭᠠᠭᠤᠷᠢᠯᠠᠯ᠎ᠢ ᠴᠢᠩᠭᠠᠳᠭᠠᠬᠤ ᠬᠡᠷᠡᠭᠲᠡᠢ᠃
ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ᠌ ᠴᠡᠭ ᠮᠥᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌ ᠪᠣᠯ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠭᠣᠣᠯ ᠡᠯᠧᠮᠧᠨ᠋ᠲ ᠮᠥᠨ᠃ 《ᠭᠡᠳᠦᠢ ᠬᠥᠭ᠌ᠵᠢᠭᠡᠳᠦᠢ ᠭᠠᠵᠠᠷ ᠣᠷᠣᠨ᠎ᠳᠤ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠡᠳᠦᠢ ᠬᠡᠷᠡᠭ᠌ᠵᠢᠭᠦᠯᠬᠦ᠌ ᠴᠢᠬᠤᠯᠠᠲᠠᠢ ᠪᠠᠢᠬᠤ》 ᠤᠬᠠᠮᠰᠠᠷ ᠢ ᠴᠢᠩᠭᠠᠳᠭᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠬᠡᠷᠡᠭ᠌ᠲᠡᠢ᠃ ᠤᠨᠴᠠᠯᠢᠬ᠍ᠳᠤ ᠠᠵᠤ ᠦᠢᠯᠡᠰ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠠᠪᠠᠭᠤᠯᠢᠭ ᠲᠤᠪᠤᠢ᠌ᠮ᠎ᠠ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠥᠭ᠌ᠵᠢᠯᠲᠡ᠎ᠳᠦ ᠪᠠᠴᠢᠮ ᠱᠠᠭᠠᠷᠳᠠᠭ᠍ᠳᠠᠵᠤ ᠱᠢᠪᠲᠤᠯᠤᠯᠲᠠ ᠭᠠᠷᠭᠠᠬᠤ ᠴᠢᠬᠤᠯᠠ ᠶᠡᠬᠡ ᠪᠣᠭᠣᠮᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠤᠷᠢ ᠰᠤᠳᠤᠯᠭᠠᠨ ᠪᠠ ᠮᠡᠷᠭᠡᠵᠢᠯ ᠦᠨ ᠱᠢᠨ᠎ᠡ ᠡᠭᠦᠳᠦᠯᠲᠡ᠎ᠶ᠋ᠢ ᠴᠢᠩᠭᠠᠳᠭᠠᠵᠤ᠂ ᠬᠥᠭ᠌ᠵᠢᠯᠲᠡ ᠶ᠋ᠢᠨ ᠱᠢᠨ᠎ᠡ ᠬᠥᠳᠡᠯᠭᠡᠬᠦ᠌ ᠡᠨᠧᠷᠭᠢ ᠱᠢᠨ᠎ᠡ ᠳᠠᠪᠠᠭᠤᠯᠢᠭ᠎ᠢ ᠪᠤᠢ ᠪᠣᠯᠭᠠᠬᠤ ᠬᠡᠷᠡᠭ᠌ᠲᠡᠢ᠃ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠣᠷᠣᠨ ᠵᠠᠢ᠎ᠶ᠋ᠢ ᠲᠠᠰᠤᠷᠠᠯᠳᠠ ᠦᠭᠡᠢ ᠥᠷᠭᠡᠳᠭᠡᠵᠦ᠍ ᠥᠭ᠌ᠭᠦ ᠬᠡᠷᠡᠭᠲᠡᠢ᠃
ᠤᠯᠠᠨ᠎ᠤ ᠬᠦᠴᠦᠨ᠎ᠳᠤ ᠤᠪᠤᠭ᠎ᠠ ᠪᠤᠰᠤᠨ᠎ᠠ᠃ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠨᠡᠩ ᠰᠠᠢᠲᠤᠷ ᠠᠭᠤᠰᠤᠯᠴᠠᠨ ᠦᠢᠯᠡᠴᠢᠯᠡᠪᠡᠯ ᠰᠠᠶᠢ ᠬᠥᠭ᠌ᠵᠢᠯᠲᠡ᠎ᠶ᠋ᠢᠨ ᠣᠷᠣᠨ ᠵᠠᠢ᠎ᠪᠠᠨ ᠲᠠᠰᠤᠷᠠᠯᠳᠠ ᠦᠭᠡᠢ ᠥᠷᠭᠡᠳᠭᠡᠵᠦ᠍ ᠴᠢᠳᠠᠨ᠎ᠠ᠃ ᠠᠵᠤ ᠦᠶ᠋ᠯᠡᠰ᠎ᠦᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠪᠠᠷᠠᠭᠠᠨ᠎ᠤ ᠭᠦᠶ᠋ᠯᠭᠡᠭᠡᠨ᠎ᠦ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢ ᠤᠯᠤᠰ᠎ᠤᠨ ᠳᠣᠲᠣᠭᠠᠳᠤ᠎ᠶ᠋ᠢᠨ ᠲᠣᠮᠣ ᠵᠠᠬ᠎ᠠ ᠳᠡᠯᠭᠡᠭᠦᠷ᠎ᠯᠦᠭᠡ ᠪᠥᠬᠥ᠌ ᠲᠠᠯ᠎ᠠ᠎ᠪᠠᠷ ᠵᠣᠯᠭᠠᠭᠤᠯᠵᠤ᠂ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠡᠳ᠋ ᠪᠣᠳᠠᠰ ᠤ᠋ᠨ ᠪᠡᠯᠡ ᠤᠷᠤᠭᠤᠯᠤᠯᠲᠠ ᠪᠠ ᠴᠢᠳᠠᠪᠤᠷᠢᠳᠠᠨ ᠤ ᠤᠷᠤᠭᠤᠯᠤᠯᠲᠠ ᠵᠢ ᠨᠢᠭᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠡᠷᠡᠭ᠌ᠯᠡᠭᠡ ᠪᠠ ᠪᠠᠯᠠ ᠣᠷᠣᠭᠤᠯᠤᠯᠲᠠ᠂ ᠬᠠᠩᠭᠠᠯᠭ᠎ᠠ ᠪᠠ ᠬᠡᠷᠡᠭ᠌ᠴᠡᠭᠡ᠎ᠶ᠋ᠢᠨ ᠰᠠᠢᠨ ᠦᠶ᠋ᠯᠡᠳᠦᠯᠴᠡᠯᠢ ᠠᠬᠢᠭᠤᠯᠵᠤ᠂ ᠬᠡᠷᠡᠭ᠌ᠯᠡᠭᠡ᠎ᠶ᠋ᠢ ᠶᠡᠬᠡᠪᠡᠷ ᠬᠥᠭ᠌ᠵᠢᠭᠡᠨ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠵᠦ᠍᠂ ᠠᠵᠤ ᠠᠬᠤᠶ᠎ᠶ᠋ᠢᠨ ᠣᠷᠴᠢᠯ ᠢ ᠬᠢᠵᠠᠭᠠᠷᠯᠠᠵᠤ ᠪᠠᠢᠭ᠎ᠠ ᠬᠣᠷᠢᠭ᠎ᠠ ᠴᠡᠭ ᠲᠦᠭᠵᠢᠷᠡᠯ ᠴᠡᠭ᠎ᠢ ᠨᠡᠪᠲᠡᠷᠡᠭᠦᠯᠵᠦ᠍᠂ ᠠᠵᠤ ᠠᠬᠤᠶ᠎ᠶ᠋ᠢᠨ ᠲᠣᠭ᠍ᠲᠠᠭᠤᠨ ᠡᠷᠭᠢᠯᠲᠡ ᠪᠠ ᠰᠠᠢᠨ ᠣᠷᠴᠢᠯ᠎ᠢ ᠪᠡᠶᠡᠯᠡᠭᠦᠯᠬᠦ ᠬᠡᠷᠡᠭᠳᠠᠢ᠃
ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠲᠦᠷᠭᠡᠳᠭᠡᠬᠦ᠌᠂ ᠢᠯᠠᠩᠭᠤᠶ᠎ᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠬᠦᠴᠡᠯ ᠵᠡᠷᠭᠡ᠎ᠶ᠋ᠢ ᠱᠢᠯᠢᠳᠡᠭ᠌ᠵᠢᠭᠦᠯᠬᠦ᠌᠎ᠨᠢ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠥᠭᠡᠷᠡᠴᠢᠯᠡᠯᠲᠡ᠎ᠶ᠋ᠢᠨ ᠴᠢᠭ᠌ᠯᠡᠯ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠥᠭᠡᠷᠡᠴᠢᠯᠡᠯᠲᠡ᠎ᠶ᠋ᠢ ᠬᠥᠲᠥᠯᠥᠨ ᠳᠠᠭᠠᠭᠤᠯᠵᠤ᠂ ᠨᠠᠩ ᠲᠥᠪ ᠭᠤᠤᠯᠴᠢ᠂ ᠨᠠᠩ ᠠᠮᠢᠵᠢᠷᠠᠯ᠎ᠤᠨ ᠬᠦᠴᠦᠨ᠎ᠲᠡᠶ ᠵᠠᠬ᠎ᠠ ᠳᠡᠯᠭᠡᠭᠦᠷ ᠦᠨ ᠣᠷᠴᠢᠨ ᠢ ᠡᠭᠦᠳᠴᠦ᠍᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢᠨ ᠦᠷ᠎ᠡ ᠪᠦᠲᠦᠮᠵᠢ ᠶ᠋ᠢ ᠬᠠᠮᠤᠭ᠎ᠤᠨ ᠱᠢᠯᠢᠳᠡᠭ᠌ ᠪᠤᠯᠭᠠᠬᠤ ᠪᠠ ᠦᠷ᠎ᠡ ᠠᠱᠢᠭ᠎ᠢ ᠬᠠᠮᠤᠭ᠎ᠤᠨ ᠶᠡᠬᠡ ᠪᠣᠯᠭᠠᠬᠤ᠎ᠪᠠᠷ ᠴᠢᠷᠮᠠᠢᠬᠤ ᠬᠡᠷᠡᠭᠳᠠᠢ᠃ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠬ᠎ᠠ ᠳᠡᠯᠭᠡᠭᠦᠷᠴᠢᠯᠡᠭ᠌ᠰᠡᠨ ᠬᠠᠤᠯᠢ ᠪᠡᠷ ᠵᠠᠰᠠᠬᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠳᠠᠢ᠃
ᠱᠢᠨ᠎ᠡ ᠠᠶᠠᠨ᠎ᠳᠠᠬᠢ ᠱᠢᠯᠭᠠᠯᠲᠠ᠎ᠶ᠋ᠢᠨ ᠬᠠᠭᠤᠳᠠᠰᠤ᠎ᠶ᠋ᠢ ᠪᠣᠳᠠᠲᠠᠢ ᠠᠵᠢᠯᠯᠠᠬᠤ᠎ᠪᠠᠷ ᠳᠠᠮᠵᠢᠨ ᠬᠠᠷᠢᠭᠤᠯᠤᠨ᠎ᠠ; ᠴᠢᠨᠠᠷ ᠰᠠᠢᠲᠠᠢ ᠬᠥᠭ᠌ᠵᠢᠯᠲᠡ᠎ᠶ᠋ᠢᠨ ᠰᠦᠷᠯᠢᠭ ᠰᠠᠢᠬᠠᠨ ᠵᠢᠷᠤᠭ ᠲᠥᠰᠦᠪ᠎ᠢ ᠬᠠᠷᠢᠭᠤᠴᠠᠯᠭ᠎ᠠ ᠡᠭᠦᠷᠭᠡᠯᠡᠯ᠎ᠢᠶᠡᠷ ᠵᠢᠷᠤᠭ᠍ᠯᠠᠬᠤ ᠴᠢᠬᠤᠯᠠᠲᠠᠢ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠵᠢᠯᠣᠭᠣᠳᠤᠮᠵᠢ ᠪᠣᠯᠭᠠᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢᠶᠡᠷ ᠲᠤᠯᠭᠠᠭᠤᠷᠢᠯᠠᠯ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠪᠠᠯ ᠪᠢᠳᠡ ᠯᠠᠪᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠦᠢᠯᠡᠳᠦᠯᠭᠡ ᠳᠤᠮᠳᠠ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠪᠣᠯᠤᠨ᠎ᠠ᠃