ᠠᠷᠠᠳ ᠎ᠤᠨ ᠠᠮᠢᠳᠤᠷᠠᠯ᠎ᠤᠨ ᠠᠵᠠ ᠵᠢᠷᠭᠠᠯ ᠎ᠢ ᠨᠠᠩ ᠥᠨᠳᠥᠷ ᠲᠦᠪᠱᠢᠨ᠎ᠳᠦ ᠬᠦᠷᠭᠡᠬᠦ᠌᠎ᠶ᠋ᠢ ᠠᠬᠢᠭᠤᠯᠰᠤᠭᠠᠢ
2025-11-19 10:27:11
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠳᠥᠷᠪᠡᠨᠲᠡ ᠥᠭᠦᠯᠡᠬᠦ᠌ ᠨᠢ


《ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢᠨ ᠱᠢᠨ᠎ᠡ ᠳᠡᠭᠡᠭ᠌ᠰᠢᠯᠡᠯᠲᠡ᠎ᠶ᠋ᠢ ᠪᠡᠶᠡᠯᠡᠭᠦᠯᠬᠦ ᠬᠡᠷᠡᠭᠳᠠᠢ 》 ᠂ 《 2035 ᠣᠨ ᠪᠣᠯᠬᠤ᠎ᠳᠤ ᠪᠦᠬᠦ᠌ ᠣᠷᠣᠨ᠎ᠤ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠢ᠋ ᠶᠡᠬᠡ᠎ᠪᠡᠷ ᠳᠡᠭᠡᠭ᠌ᠰᠢᠯᠡᠭᠦᠯᠵᠤ᠂ ᠬᠥᠮᠦᠨ ᠳᠤᠮᠳᠠᠴᠢ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠪᠣᠯᠤᠨ ᠰᠠᠭᠤᠭᠠᠯᠢ ᠠᠷᠠᠳ᠎ᠤᠨ ᠣᠷᠣᠯᠭ᠎ᠠ ᠵᠢ ᠨᠡᠩ ᠥᠨᠳᠥᠷ ᠳᠡᠭ᠌ᠲᠡᠷ᠎ᠲᠦ ᠭᠠᠷᠭᠠᠨ᠎ᠠ 》 ᠂ 《ᠠᠷᠠᠳ ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠠᠢ 》 ᠁ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠠᠯᠪᠠᠨ ᠮᠡᠳᠡᠭᠡ᠎ᠶ᠋ᠢ ᠨᠠᠷᠢᠨ ᠤᠩᠱᠢᠪᠠᠯ᠂ 《ᠠᠷᠠᠳ ᠲᠦᠮᠡᠨ》ᠭᠡᠬᠦ᠌ ᠬᠣᠶᠠᠷ ᠦᠰᠦᠭ ᠳᠠᠩᠳᠠ ᠬᠠᠷᠠᠭᠳᠠᠨ᠎ᠠ᠃ ᠪᠦᠭᠦᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠳᠤ᠂ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠢᠮᠠᠭ᠍ᠲᠠ ᠠᠷᠠᠳ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠨᠡᠩ ᠤᠯᠠᠨ ᠨᠡᠩ ᠡᠷᠬᠡ ᠲᠡᠭ᠌ᠰᠢ᠎ᠪᠡᠷ ᠬᠦᠷᠲᠡᠭᠡᠬᠦ᠌ ᠬᠡᠷᠡᠭ᠌ᠲᠡᠢ᠃

ᠤᠯᠤᠰ᠎ᠢ ᠵᠠᠰᠠᠬᠤᠢ ᠳ᠋ᠤᠷ ᠠᠷᠠᠳ᠎ᠲᠤ ᠠᠱᠢᠭ ᠬᠦᠷᠲᠡᠭᠡᠬᠦ᠌᠎ᠪᠡᠷ ᠦᠨᠳᠦᠰᠦ ᠪᠣᠯᠭᠠᠮᠤᠢ᠃ ᠮᠠᠨ᠎ᠤ ᠨᠠᠮ ᠥᠭᠡᠷᠡᠴᠢᠯᠡᠯᠲᠡ᠎ᠶ᠋ᠢ ᠠᠳᠭᠤᠵᠤ᠂ ᠬᠥᠭ᠌ᠵᠢᠯᠲᠡ᠎ᠶ᠋ᠢ ᠠᠬᠢᠭᠤᠯᠵᠤ ᠪᠠᠢᠭ᠎ᠠ ᠨᠢ ᠡᠴᠦᠰ᠎ᠦᠨ ᠡᠴᠦᠰ᠎ᠲᠡᠬᠡᠨ ᠠᠷᠠᠳ ᠲᠦᠮᠡᠨ᠎ᠢ ᠨᠡᠩ ᠰᠠᠢ᠌ᠳᠤᠷ ᠠᠮᠢᠳᠤᠷᠠᠭᠤᠯᠬᠤ᠎ᠶ᠋ᠢᠨ ᠲᠥᠯᠥᠭᠡ ᠶᠤᠮ᠃ 《ᠠᠷᠪᠠᠨ ᠳᠥᠷᠪᠡᠳᠦᠭᠡᠷ ᠲᠠᠪᠤᠨ ᠵᠢᠯ  》 ᠤ᠋ᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠥᠷ ᠮᠣᠩᠭᠣᠯ ᠢᠮᠠᠭ᠍ᠲᠠ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠰᠡᠳᠭᠢᠯ ᠳᠡᠯᠪᠢᠨ ᠬᠦᠴᠦ᠍ ᠤᠷᠤᠭᠤᠯᠤᠨ ᠰᠠᠢᠲᠤᠷ ᠱᠢᠶ᠋ᠳᠪᠦᠷᠢᠯᠡᠪᠡ᠃ ᠬᠤᠲᠠ ᠪᠠᠯᠭᠠᠰᠤᠨ᠎ᠤ ᠱᠢᠨ᠎ᠡ᠎ᠪᠡᠷ ᠠᠵᠢᠯ ᠣᠯᠭᠤᠭᠰᠠᠨ ᠬᠥᠮᠦᠨ᠎ᠦ ᠲᠣᠭ᠎ᠠ 103.8 ᠲᠦᠮᠡ᠎ᠳᠦ ᠬᠦᠷᠴᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠵᠥᠷᠢᠶ᠎ᠠ 2.26 ᠪᠣᠯᠤᠨ ᠪᠠᠭᠠᠰᠴᠤ᠌᠂ ᠪᠦᠬᠦ᠌ ᠤᠯᠤᠰ᠎ᠤᠨ ᠳᠤᠮᠳᠠᠴᠢ ᠲᠦᠪᠱᠢᠨ ᠡᠴᠡ ᠳᠠᠪᠠᠪᠠ; ᠦᠨᠳᠦᠰᠦᠨ ᠠᠷᠠᠳ ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠴᠥᠮ ᠪᠦᠬᠦ᠌ ᠤᠯᠤᠰ᠎ᠤᠨ ᠳᠤᠮᠳᠠᠴᠢ ᠲᠦᠪᠱᠢᠨ᠎ᠳᠦ ᠬᠦᠷᠭᠡᠭ᠌ᠰᠡᠨ ᠪᠤᠶᠤ ᠳᠠᠪᠠᠭᠤᠯᠪᠠ; ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠬᠥᠮᠦᠨ ᠳᠤᠮᠳᠠᠴᠢ ᠴᠡᠪᠡᠷ ᠣᠷᠣᠯᠭ᠎ᠠ ᠬᠣᠶᠠᠷ ᠣᠷᠣᠨᠲᠤ ᠲᠣᠭ᠎ᠠ᠎ᠶ᠋ᠢᠨ ᠨᠡᠮᠡᠭ᠌ᠳᠡᠯ᠎ᠢ ᠪᠠᠲᠤᠯᠠᠪᠠ ᠁ ᠦᠨᠡᠨ ᠪᠣᠳᠠᠲᠠᠢ ᠲᠣᠭ᠎ᠠ ᠨᠢᠭᠡᠪᠦᠷᠢ᠂ ᠨᠢᠳᠦᠨ᠎ᠳᠦ ᠦᠵᠡᠭ᠌ᠳᠡᠮ᠎ᠡ ᠭᠠᠷ᠎ᠲᠤ ᠪᠠᠷᠢᠭ᠍ᠳᠠᠮ᠎ᠠ ᠬᠤᠪᠢᠷᠠᠯᠲᠠ ᠨᠢᠭᠡᠪᠦᠷᠢ ᠨᠢ ᠠᠷᠠᠳ ᠲᠦᠮᠡᠨ ᠳ᠋ᠤ ᠤᠰᠤᠯᠳᠠᠬᠤ ᠦᠭᠡᠢ ᠡᠷᠡᠯᠬᠡᠭ ᠪᠠᠭᠠᠲᠤᠷᠯᠢᠭ ᠬᠠᠷᠢᠭᠤᠴᠠᠯᠭ᠎ᠠ ᠡᠭᠦᠷᠭᠡᠯᠡᠯ᠎ᠢ ᠲᠣᠳᠣᠷᠬᠠᠢᠯᠠᠵᠤ᠂ ᠠᠷᠠᠳ ᠲᠦᠮᠡᠨ᠎ᠳᠦ ᠪᠤᠶᠠᠨ ᠦᠢᠯᠡᠳᠦᠭ᠌ᠰᠡᠨ ᠬᠠᠯᠠᠭᠤᠨ ᠳᠤᠯᠠᠭᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠪᠡ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠠᠷᠠᠳ᠎ᠤᠨ ᠠᠮᠢᠳᠤᠷᠠᠯ᠎ᠢᠶᠠᠷ ᠦᠨᠳᠤᠰᠤ ᠪᠤᠯᠭᠠᠳᠠᠭ᠃ ᠤᠳᠠᠯ ᠦᠭᠡᠢ ᠡᠬᠢᠯᠡᠬᠦ᠌ ᠭᠡᠵᠦ᠍ ᠪᠠᠢᠭ᠎ᠠ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭ᠎ᠠ ᠪᠣᠯ ᠮᠠᠨ ᠎ᠤ ᠤᠯᠤᠰ ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃  ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠠᠵᠤ ᠠᠬᠤᠢ᠎ᠶ᠋ᠢ ᠬᠥᠭ᠌ᠵᠢᠭᠦᠯᠬᠦ᠌ ᠂ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠴᠤ᠌ ᠲᠡᠷᠡ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠨᠡᠭᠡᠭᠡᠯᠳᠠ᠎ᠶ᠋ᠢ ᠥᠷᠭᠡᠳᠭᠡᠬᠦ᠌ ᠴᠦ᠍ ᠲᠡᠷᠡ᠂ ᠴᠥᠮ ᠡᠷᠬᠡᠪᠰᠢ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠶ᠋ᠢ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠣᠷᠢᠯᠲᠠ ᠪᠠ ᠲᠤᠰᠤᠯᠳᠠ ᠪᠣᠯᠭᠠᠵᠤ᠂ ᠠᠷᠠᠳ ᠲᠦᠮᠡᠨ᠎ᠦ ᠠᠵᠠ ᠵᠢᠷᠭᠠᠯ᠎ᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ ᠎ᠦ ᠬᠠᠮᠳᠤ ᠪᠡᠷ ᠪᠠᠶᠠᠵᠢᠬᠤ ᠵᠢ ᠠᠬᠢᠭᠤᠯᠬᠤ ᠲᠠᠯ᠎ᠠ᠎ᠪᠠᠷ ᠨᠡᠩ ᠯᠠᠪᠳᠠᠭᠤᠨ ᠪᠠᠲᠤᠲᠠᠢ ᠠᠯᠬᠤᠮ ᠎ᠢ  ᠠᠯᠬᠤᠬᠤ ᠬᠡᠷᠡᠭ᠌ᠲᠡᠢ᠃

ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ᠌ ᠬᠠᠷᠠᠯᠲᠠ ᠮᠥᠨ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠤᠭ᠎ᠠ ᠲᠥᠰᠦᠪ᠎ᠢ ᠪᠠᠳᠤ ᠡᠵᠡᠮᠳᠡᠵᠦ᠂ ᠪᠥᠬᠥᠳᠡ ᠬᠤᠷᠠᠯ᠎ᠤᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠦᠭ ᠲᠦᠮᠡᠨ ᠠᠢᠯ ᠡᠷᠦᠬᠡ᠎ᠵᠢᠨ ᠠᠵᠤ ᠠᠮᠢᠳᠤᠷᠠᠯ ᠵᠢᠡᠷ ᠵᠣᠷᠢᠯᠲᠠ ᠪᠣᠯᠭᠠᠵᠤ᠂ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠱᠢᠢᠳᠪᠦᠷᠢᠯᠡᠬᠦ᠌᠎ᠪᠡᠷ ᠵᠠᠷᠯᠢᠭ ᠪᠣᠯᠭᠠᠵᠤ᠂ ᠠᠷᠠᠳ᠎ᠤᠨ ᠣᠶᠤᠨ ᠤᠬᠠᠭᠠᠨ ᠠᠷᠠᠳ᠎ᠤᠨ ᠬᠦᠴᠦᠨ ᠴᠢᠳᠠᠯ᠎ᠢᠶᠠᠷ ᠡᠬᠢ ᠰᠤᠷᠪᠤᠯᠵᠢ ᠪᠣᠯᠭᠠᠪᠠᠯ ᠰᠠᠶᠢ ᠨᠠᠩ ᠬᠠᠯᠠᠭᠤᠨ ᠳᠤᠯᠠᠭᠠᠨ ᠠᠷᠠᠳ᠎ᠤᠨ ᠠᠮᠢᠳᠤᠷᠠᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠴᠢᠳᠠᠨ᠎ᠠ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠪᠢᠳᠡ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ᠂ ᠴᠢᠳᠠᠯ᠎ᠤᠨ ᠵᠢᠡᠨ ᠬᠢᠷᠢ ᠪᠡᠷ ᠬᠢᠬᠦ᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠨ ᠣᠯᠠᠨ ᠨᠡᠢᠲᠡ ᠎ᠶ᠋ᠢᠨ ᠦᠶ᠋ᠯᠡᠴᠢᠯᠡᠭᠡ᠎ᠶ᠋ᠢᠨ ᠳᠡᠩᠴᠡᠬᠦᠷᠢᠱᠢᠯ ᠎ᠢ ᠯᠠᠪᠳᠠᠭᠤᠨ᠎ᠢᠶᠠᠷ ᠠᠬᠢᠭᠤᠯᠬᠤ ᠬᠡᠷᠡᠭ᠌ᠲᠡᠶ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠷᠠᠳ ᠲᠦᠮᠡᠨ ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠭᠢᠯᠡᠵᠦ᠍᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠎ᠢ ᠪᠦᠷᠢᠨᠱᠢᠬᠦᠯᠤᠨ᠂ ᠡᠷᠡᠭᠦᠯ ᠡᠩᠬᠡ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ ᠎ᠳᠤ ᠵᠣᠬᠢᠴᠠᠭᠤᠯᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠠᠩ ᠥᠨᠳᠥᠷ ᠲᠦᠪᠱᠢᠨ᠎ᠳᠦ ᠬᠦᠷᠭᠡᠬᠦ᠌᠎ᠶ᠋ᠢ ᠴᠥᠬᠥᠷᠡᠰᠢ ᠥᠬᠡᠶ ᠠᠬᠢᠭᠤᠯᠬᠤ ᠬᠡᠷᠡᠭ᠌ᠲᠡᠶ᠃

ᠠᠷᠠᠳ ᠲᠦᠮᠡᠨ ᠎ᠦ ᠲᠥᠯᠥᠭᠡ ᠬᠥᠭ᠌ᠵᠢᠪᠡᠯ ᠬᠦᠭᠵᠢᠯᠳᠠ ᠰᠠᠶᠢ ᠤᠳᠭ᠎ᠠ ᠠᠭᠤᠯᠭ᠎ᠠ᠎ᠲᠠᠶ; ᠠᠷᠠᠳ ᠲᠦᠮᠡᠨ᠎ᠳᠦ ᠲᠦᠱᠢᠭ᠌ᠯᠡᠨ ᠬᠥᠭ᠌ᠵᠢᠪᠡᠯ ᠬᠥᠭ᠌ᠵᠢᠯᠲᠡ ᠰᠠᠶᠢ ᠬᠥᠳᠡᠯᠭᠡᠬᠦ᠌ ᠬᠦᠴᠦᠨ᠎ᠲᠡᠶ ᠪᠣᠯᠤᠨ᠎ᠠ᠃《ᠠᠷᠪᠠᠨ ᠲᠠᠪᠤᠳᠤᠭᠠᠷ ᠲᠠᠪᠤᠨ ᠵᠢᠯ》ᠲᠡᠢᠰᠢ ᠤᠷᠤᠭ᠍ᠰᠢᠯᠠᠵᠤ᠂ ᠬᠠᠷᠠᠯᠲᠠ ᠡᠭᠦᠷᠭᠡ᠎ᠪᠡᠨ ᠲᠤᠬᠳᠠᠭᠠᠵᠤ᠂ ᠲᠡᠮᠡᠴᠡᠯ᠎ᠦᠨ ᠬᠦᠴᠦᠨ᠎ᠢᠶᠡᠨ ᠨᠢᠭ᠍ᠲᠠᠷᠠᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠦᠨᠳᠦᠰᠦᠨ ᠦᠷᠳᠡᠭ᠎ᠦᠨ ᠬᠠᠨᠳᠤᠰᠢ᠎ᠶ᠋ᠢ ᠪᠠᠲᠤ ᠡᠵᠡᠮᠳᠡᠵᠦ᠍᠂ ᠢᠮᠠᠭ᠍ᠲᠠ ᠠᠷᠠᠳ ᠲᠦᠮᠡᠨ᠎ᠦ ᠪᠤᠳᠤᠵᠤ ᠪᠠᠢᠭ᠎ᠠ ᠵᠦᠢᠯ᠎ᠢ ᠪᠣᠳᠣᠯᠬᠢᠯᠠᠵᠤ᠂ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠭᠦᠢᠴᠡᠳᠭᠡᠵᠦ᠍᠂ ᠨᠢᠭᠡᠳ ᠨᠢᠭᠡ ᠎ᠪᠡᠷ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠵᠢᠯ ᠳᠠᠷᠠᠭᠠᠯᠠᠨ ᠠᠵᠢᠯᠯᠠᠵᠤ᠂ ᠪᠣᠳᠠᠲᠤ ᠠᠮᠵᠢᠯᠲᠠ ᠪᠦᠲᠦᠮᠵᠢ᠎ᠪᠡᠷ ᠠᠷᠠᠳ᠎ᠤᠨ ᠵᠣᠪᠠᠭᠤᠷᠢ᠎ᠶ᠋ᠢ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍᠂ ᠠᠷᠠᠳ᠎ᠤᠨ ᠰᠡᠳᠭᠢᠯ᠎ᠢ ᠳᠤᠯᠠᠭᠠᠴᠠᠭᠤᠯᠪᠡᠯ᠂ ᠡᠨᠡ ᠬᠦ᠌ ᠠᠷᠠᠳ ᠲᠦᠮᠡᠨ᠎ᠦ ᠠᠵᠠ ᠵᠢᠷᠭᠠᠯ᠎ᠢᠶᠠᠷ ᠳᠡᠪᠢᠰᠭᠡᠷ ᠪᠣᠯᠭᠠᠭ᠍ᠰᠠᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ ᠠᠷᠠᠳ ᠲᠦᠮᠡᠨ ᠎ᠦ ᠠᠮᠢᠳᠤᠷᠠᠯ᠎ᠢ ᠨᠡᠩ ᠵᠣᠯ ᠵᠢᠷᠭᠠᠯ᠎ᠲᠠᠶ ᠰᠠᠢ᠌ᠨ ᠰᠠᠢᠬᠠᠨ ᠪᠣᠯᠭᠠᠬᠤ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号