— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠳᠦ ᠴᠢᠩᠭ᠎ᠠ ᠲᠤᠰᠭᠠᠯ ᠭᠠᠷᠪᠠ
11 ᠰᠠᠷ᠎ᠠ᠎ᠶ᠋ᠢᠨ 13 ᠡᠴᠡ 14 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥ᠌ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠺᠠᠳ᠋ᠷ ᠣᠯᠠᠨ ᠲᠦᠮᠡᠨ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ ᠪᠥᠬᠥᠳᠡ ᠬᠤᠷᠠᠯ ᠡᠴᠡ ᠲᠣᠭ᠍ᠲᠠᠭᠠᠭ᠍ᠰᠠᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ ᠠᠵᠢᠯ ᠤᠨ ᠳᠤᠮᠳᠠ᠎ᠪᠠᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠪᠠᠷ ᠴᠢᠷᠮᠠᠢᠵᠠᠭᠠᠵᠤ ᠪᠤᠢ᠃ ᠤᠯᠠᠨ᠎ᠢᠶᠠᠷ᠎ᠢᠶᠠᠨ᠂ ᠠᠵᠢᠯ ᠤᠨ ᠭᠠᠷᠳᠠᠬᠤ ᠴᠡᠭ᠂ ᠤᠶᠠᠯᠳᠤᠯ᠎ᠤᠨ ᠴᠡᠭ ᠪᠣᠯᠤᠨ ᠬᠦᠴᠦᠯᠡᠬᠦ᠌ ᠴᠡᠭ᠎ᠢ ᠣᠨᠣᠪᠴᠢᠲᠠᠢ ᠣᠯᠵᠤ᠂ ᠬᠠᠷᠠᠯᠲᠠ᠎ᠪᠠᠨ ᠡᠵᠡᠮᠳᠡᠵᠤ᠂ ᠢᠲᠡᠭᠡᠯ᠎ᠢᠶᠡᠨ ᠪᠠᠲᠤᠳᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠵᠡᠭᠡᠪᠡ᠃
ᠪᠦᠬᠦᠳᠡ ᠬᠤᠷᠠᠯ ᠡᠴᠡ 《ᠺᠠᠳ᠋ᠷ ᠤᠨ ᠡᠩᠨᠡᠭᠡ ᠪᠣᠯᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ 》 ᠲᠤᠬᠠᠢ ᠪᠠᠢᠷᠢᠯᠠᠭᠤᠯᠤᠯᠲᠠ ᠲᠤᠬᠢᠷᠠᠭᠤᠯᠤᠯᠳᠠ ᠬᠢᠵᠦ᠍᠂ ᠠᠬᠠᠮᠠᠳ ᠺᠠᠳ᠋ᠷᠴᠤᠳ ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ᠂ ᠠᠬᠠᠮᠠᠳ ᠺᠠᠳ᠋ᠷ᠎ᠤᠨ ᠲᠣᠪᠴᠢᠶᠠᠨ᠎ᠤ ᠳᠠᠷᠤᠭ᠎ᠠ ᠱᠢᠨ ᠱᠢᠶᠤᠤ ᠷᠦᠢ᠂ ᠪᠥᠬᠥ᠌ ᠣᠷᠣᠨ᠎ᠤ ᠡᠯ᠎ᠡ ᠱᠠᠲᠤᠨ᠎ᠤ ᠠᠬᠠᠮᠠᠳ ᠺᠠᠳ᠋ᠷ᠎ᠤᠨ ᠠᠵᠢᠯ᠎ᠤᠨ ᠰᠠᠯᠠᠭ᠎ᠠ ᠮᠥᠴᠢᠷ ᠪᠣᠯᠤᠨ ᠥᠷᠭᠡᠨ ᠣᠯᠠᠨ ᠠᠵᠢᠯ ᠡᠴᠡ᠎ᠪᠠᠨ ᠳᠠᠷᠬᠠᠯᠠᠭ᠍ᠳᠠᠵᠤ ᠠᠵᠢᠯ ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠳᠤᠮᠳᠠ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠵᠤ᠂ ᠲᠠᠷᠢᠬᠢᠨᠳᠤᠨᠢ ᠰᠠᠭᠤᠭ᠍ᠳᠠᠭᠤᠯᠵᠤ ᠰᠡᠳᠭᠢᠯ᠎ᠳᠦᠨᠢ ᠬᠠᠳᠠᠩᠰᠢᠭᠤᠯᠵᠤ ᠪᠣᠳᠠᠲᠠᠶ ᠦᠷ᠎ᠡ ᠪᠦᠲᠦᠮᠵᠢ ᠭᠠᠷᠭᠠᠨ᠎ᠠ; 《ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ 》 ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠥᠬᠥ᠌ ᠣᠷᠣᠨ ᠤ 《ᠵᠢᠷᠭᠤᠭᠠᠨ ᠰᠠᠢᠨ 》 ᠪᠠᠷᠢᠮᠵᠢᠶ᠎ᠠ ᠪᠥᠬᠥᠢ 《ᠤᠮᠠᠷᠠᠲᠤ ᠬᠢᠯᠢ᠎ᠶ᠋ᠢᠨ ᠪᠤᠭᠤᠷᠤᠯᠴᠤᠳ ᠤ᠋ᠨ ᠬᠣᠱᠢᠭᠤᠴᠢ 》 ᠨᠠᠮ᠎ᠤᠨ ᠡᠭᠦᠷ᠎ᠢ ᠡᠭᠦᠳᠦᠨ ᠪᠠᠢᠭᠤᠯᠬᠤ᠎ᠪᠠᠷ ᠭᠠᠷᠳᠠᠴᠠ ᠪᠣᠯᠭᠠᠵᠤ᠂ ᠠᠵᠢᠯ᠎ᠡᠴᠡ᠎ᠪᠠᠨ ᠳᠠᠷᠬᠠᠯᠠᠭ᠍ᠳᠠᠵᠤ ᠠᠵᠢᠯ᠎ᠡᠴᠡ᠎ᠪᠠᠨ ᠠᠮᠠᠷᠠᠭ᠍ᠰᠠᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠪᠦᠬᠦᠯᠢ ᠴᠣᠭ᠍ᠴᠠ᠎ᠪᠠᠷ᠎ᠨᠢ ᠳᠡᠭᠡᠭ᠌ᠰᠢᠯᠡᠭᠦᠯᠬᠦ᠌᠎ᠶ᠋ᠢ ᠵᠢᠱ᠌ᠢᠶ᠎ᠡ ᠦᠵᠡᠭᠦᠯᠦᠨ ᠳᠠᠢᠴᠢᠯᠠᠨ᠎ᠠ;ᠠᠵᠢᠯ᠎ᠡᠴᠡ᠎ᠪᠠᠨ ᠲᠠᠷᠬᠠᠯᠠᠬᠳᠠᠵᠤ ᠠᠵᠢᠯ ᠡᠴᠡ ᠪᠡᠨ ᠠᠮᠠᠷᠠᠭ᠍ᠰᠠᠨ ᠺᠠᠳ᠋ᠷ ᠨᠠᠮ᠎ᠤᠨ ᠭᠡᠱᠢᠭᠦᠨ ᠢᠯᠠᠩᠭᠤᠶ᠎ᠠ ᠨᠡᠭᠦᠳᠡᠯ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠠᠬᠠᠮᠠᠳ ᠨᠥᠬᠥᠳ᠎ᠢ ᠬᠥᠲᠥᠯᠥᠨ ᠵᠢᠯᠣᠭᠣᠳᠴᠤ᠌ ᠪᠠᠢᠭᠠᠳ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠭᠤᠯᠵᠤ᠂ ᠰᠦᠯᠵᠢᠶᠡᠨ᠎ᠦ ᠠᠵᠢᠯᠯᠠᠭ᠎ᠠ᠎ᠶ᠋ᠢ ᠵᠢᠷᠤᠮᠵᠢᠭᠤᠯᠤᠨ᠂ ᠨᠡᠢᠭᠡᠮ᠎ᠦᠨ ᠠᠮᠢᠳᠤᠷᠠᠯ ᠪᠠ ᠰᠦᠯᠵᠢᠶᠡᠨ᠎ᠦ ᠣᠷᠣᠨ ᠵᠠᠶ᠎ᠳᠤ ᠤᠬᠠᠮᠰᠠᠷ᠎ᠡᠴᠡ᠎ᠪᠠᠨ ᠢᠳᠡᠪᠬᠢ ᠬᠦᠴᠤᠨ ᠤ᠋ ᠦᠶ᠋ᠯᠡᠳᠦᠯ᠎ᠢᠶᠡᠨ ᠪᠠᠳᠠᠷᠠᠭᠤᠯᠬᠤ ᠪᠣᠯᠭᠠᠨ᠎ᠠ;《ᠠᠷᠪᠡᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠲᠠᠶ ᠨᠢᠭ᠍ᠲᠠ ᠤᠶᠠᠯᠳᠤᠭᠤᠯᠤᠨ᠂ 《ᠬᠣᠶᠠᠷ ᠬᠠᠯᠬᠠᠪᠴᠢ》᠂ 《 ᠬᠣᠶᠠᠷ ᠰᠠᠭᠤᠷᠢᠨ 》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠵᠡᠷᠭᠡ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《 ᠪᠤᠭᠤᠷᠤᠯᠴᠤᠳ ᠤᠮᠠᠷᠠᠲᠤ ᠬᠢᠯᠢ᠎ᠶ᠋ᠢ ᠭᠡᠢᠭᠦᠯᠬᠦ᠌ 》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠦᠨ᠂《 ᠪᠤᠭᠤᠷᠤᠯ ᠴᠢᠳᠠᠪᠤᠷᠢᠲᠠᠨ᠎ᠤ ᠬᠥᠮᠥᠷᠭᠡ 》 ᠶ᠋ᠢ ᠲᠠᠰ ᠲᠥᠷᠥᠯ ᠬᠤᠪᠢᠶᠠᠨ ᠪᠠᠢᠭᠤᠯᠵᠤ ᠬᠦᠴᠦᠷᠬᠡᠭ᠌ᠵᠢᠭᠦᠯᠦᠨ ᠰᠠᠢᠲᠤᠷ ᠬᠡᠷᠡᠭ᠌ᠯᠡᠵᠦ᠍᠂ ᠠᠬᠠᠮᠠᠳ ᠨᠥᠬᠥᠳ᠎ᠢ ᠵᠣᠬᠢᠶᠠᠨ ᠪᠠᠢᠭᠤᠯᠤᠨ ᠬᠥᠲᠥᠯᠦᠨ ᠵᠢᠯᠣᠭᠣᠳᠴᠤ᠌ ᠪᠠᠢᠭᠠᠳ ᠲᠤᠰᠭᠠᠶ ᠮᠡᠷᠭᠡᠵᠢᠯ᠎ᠦᠨ ᠳᠠᠪᠠᠭᠤᠯᠢᠭ᠎ᠢ᠎ᠨᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ ᠭᠡᠵᠤ ᠢᠯᠡᠳᠭᠡᠪᠡ᠃
ᠤᠯᠤᠰ᠎ᠤᠨ ᠭᠠᠢᠯᠢ᠎ᠶ᠋ᠢᠨ ᠶᠠᠪᠤᠳᠠᠯ ᠤᠨ ᠶᠡᠷᠦᠩᠬᠡᠶ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠱᠸᠨ᠂ ᠪᠥᠬᠥ᠌ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠱᠢᠰᠲ᠋ᠧᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠭᠠᠢᠯᠢ ᠲᠠᠲᠠᠪᠤᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠂ ᠨᠡᠢᠭᠡᠮ᠎ᠦᠨ ᠲᠥᠪ ᠭᠤᠤᠯᠴᠢ᠂ ᠵᠠᠬ᠎ᠠ ᠳᠡᠯᠭᠡᠭᠦᠷ᠎ᠢ ᠨᠢᠭᠡᠳᠭᠡᠬᠦ᠌ ᠵᠢ ᠠᠬᠢᠭᠤᠯᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ᠃ ᠨᠢᠭᠡ ᠲᠠᠯ᠎ᠠ᠎ᠪᠠᠷ᠂ ᠣᠳᠣᠬᠠᠨ᠎ᠤ ᠪᠠᠢᠳᠠᠯ᠎ᠳᠤ ᠰᠠᠭᠤᠷᠢᠯᠠᠬᠤ ᠪᠠ ᠠᠯᠤᠰ ᠬᠡᠲᠦ᠍᠎ᠶ᠋ᠢ ᠪᠣᠳᠣᠯᠬᠢᠯᠠᠬᠤ᠎ᠶ᠋ᠢ ᠬᠠᠷᠢᠯᠴᠠᠨ ᠨᠢᠭᠡᠳᠭᠡᠬᠦ᠌᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠂ ᠪᠠᠢᠭᠠᠯᠢ᠎ᠶ᠋ᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠣᠷᠢᠨ ᠵᠡᠷᠭᠡ ᠰᠠᠯᠠᠭ᠎ᠠ ᠮᠥᠴᠢᠷ᠎ᠯᠤᠭᠡ ᠬᠠᠮᠲᠤᠷᠠᠨ ᠠᠵᠢᠯ᠎ᠤᠨ ᠪᠠᠢᠴᠠᠭᠠᠨ ᠰᠤᠳᠤᠯᠤᠯᠲᠠ᠎ᠶ᠋ᠢ ᠲᠥᠪᠯᠡᠷᠡᠭᠦᠯᠦᠨ ᠥᠷᠨᠢᠭᠦᠯᠵᠦ᠍᠂ ᠪᠠᠢᠳᠠᠯ᠎ᠢ ᠲᠣᠳᠣᠷᠬᠠᠶ ᠤᠢᠯᠠᠭᠠᠨ᠂ ᠲᠣᠭ᠎ᠠ ᠪᠠᠷᠢᠮᠲᠠ᠎ᠶ᠋ᠢ ᠲᠥᠰᠦᠭᠡᠯᠡᠨ ᠪᠤᠳᠤᠵᠤ᠂ ᠰᠠᠨᠠᠯ ᠰᠤᠳᠤᠯᠤᠨ ᠳᠤᠷᠠᠳᠴᠤ᠌᠂ ᠭᠠᠢᠯᠢ ᠰᠦᠶ᠋ᠳᠭᠡᠯ᠎ᠦᠨ ᠬᠠᠷᠢᠴᠠᠭ᠎ᠠ᠎ᠶ᠋ᠢ ᠱᠢᠯᠤᠭᠤᠳᠭᠠᠨ᠂ ᠣᠷᠣᠨ ᠨᠤᠲᠤᠭ᠎ᠤᠨ ᠭᠠᠢᠯᠢ᠎ᠶ᠋ᠢᠨ ᠢᠷᠡᠯᠲᠡ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠵᠢᠷᠤᠮᠵᠢᠭ᠍ᠰᠠᠨ᠂ ᠲᠣᠭ᠍ᠲᠠᠭᠤᠨ᠂ ᠦᠷᠭᠦᠯᠵᠢᠯᠡᠬᠦ᠌ ᠣᠷᠣᠨ ᠨᠤᠲᠤᠭ᠎ᠤᠨ ᠭᠠᠢᠯᠢ᠎ᠶ᠋ᠢᠨ ᠱᠢᠰᠲ᠋ᠧᠮ ᠢ᠋ ᠠᠯᠬᠤᠮ ᠠᠯᠬᠤᠮ᠎ᠢᠶᠠᠷ ᠪᠠᠢᠭᠤᠯᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ; ᠨᠥᠭᠥᠭᠡ ᠲᠠᠯ᠎ᠠ᠎ᠪᠠᠷ᠂ ᠱᠢᠰᠲ᠋ᠧᠮ᠎ᠲᠡᠶ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠪᠠ ᠭᠤᠤᠯᠳᠠᠯᠭ᠎ᠠ᠎ᠲᠠᠶ ᠠᠬᠢᠭᠤᠯᠬᠤ᠎ᠶ᠋ᠢ ᠬᠠᠷᠢᠯᠴᠠᠨ ᠨᠢᠭᠡᠳᠭᠡᠬᠦ᠌᠎ᠶ᠋ᠢ ᠪᠠᠷᠢᠮᠲᠠᠯᠠᠵᠤ᠂ ᠭᠠᠢᠯᠢ᠎ᠳᠤ ᠬᠣᠯᠪᠣᠭ᠍ᠳᠠᠬᠤ ᠥᠭᠡᠷᠡᠴᠢᠯᠡᠯᠲᠡ᠎ᠶ᠋ᠢᠨ ᠡᠭᠦᠷᠭᠡ ᠬᠠᠷᠠᠯᠲᠠ᠎ᠶ᠋ᠢ ᠴᠢᠩᠭ᠎ᠠ ᠠᠩᠬᠠᠷᠴᠤ᠌᠂ ᠬᠤᠯᠪᠤᠬᠳᠠᠯ ᠪᠥᠬᠥᠶ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢᠨ ᠨᠥᠭᠡᠴᠡ᠎ᠶ᠋ᠢ ᠤᠷᠢᠳᠠᠴᠢ ᠴᠢᠨᠠᠷᠲᠠᠶ᠎ᠪᠠᠷ ᠰᠠᠢᠲᠤᠷ ᠬᠢᠵᠦ᠍᠂ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭ᠌ᠵᠢᠭᠦᠯᠬᠦ᠌ ᠵᠢᠴᠢ ᠪᠣᠬᠢᠷᠲᠤᠯ ᠥᠬᠡᠶ ᠬᠥᠭ᠌ᠵᠢᠯᠲᠡ᠎ᠶ᠋ᠢ ᠳᠡᠮᠵᠢᠬᠦ᠌ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠣᠨᠣᠴᠠᠳᠠᠢ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ ᠪᠠ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠬᠥᠭ᠌ᠵᠢᠭᠡᠨ᠎ᠡ ᠭᠡᠵᠤ ᠢᠯᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶ᠋ᠢ ᠠᠬᠢᠭᠤᠯᠬᠤ ᠵᠦᠪᠯᠡᠯ ᠤᠨ᠎ᠬᠢᠨ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠠᠷᠠᠯᠵᠢᠶ᠎ᠠ᠎ᠶ᠋ᠢ ᠠᠬᠢᠭᠤᠯᠬᠤ ᠠᠵᠢᠯ ᠦᠶ᠋ᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠯᠵᠢᠶ᠎ᠠ᠎ᠶ᠋ᠢ ᠠᠬᠢᠭᠤᠯᠬᠤ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠵᠦᠪᠯᠡᠯ᠎ᠦᠨ ᠳᠠᠷᠤᠭ᠎ᠠ ᠴᠢᠨ ᠶᠠᠨ᠂ ᠳᠣᠲᠣᠭᠠᠳᠤ ᠭᠠᠳᠠᠭᠠᠳᠤ ᠨᠡᠭᠡᠭᠡᠯᠲᠡ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠵᠠᠰᠠᠭ ᠠᠵᠤ ᠠᠬᠤᠢᠯᠠᠯ᠎ᠢ ᠬᠣᠯᠪᠣᠨ ᠨᠡᠪᠲᠡᠷᠡᠭᠦᠯᠬᠦ᠌᠂ ᠳᠣᠲᠣᠭᠠᠳᠤ ᠭᠠᠳᠠᠭᠠᠳᠤ ᠶ᠋ᠢ ᠠᠭᠤᠰᠤᠯᠴᠠᠭᠤᠯᠤᠨ ᠨᠡᠪᠲᠡᠷᠡᠭᠦᠯᠬᠦ᠌᠂ ᠬᠠᠩᠭᠠᠯᠭ᠎ᠠ ᠬᠡᠷᠡᠭ᠌ᠴᠡᠭᠡ᠎ᠶᠢᠨ ᠴᠢᠳᠠᠮᠵᠢ᠎ᠶ᠋ᠢ ᠱᠢᠯᠤᠭᠤᠳᠭᠠᠬᠤ ᠶ᠋ᠢ ᠪᠠᠳᠠᠷᠠᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠣᠯᠠᠨ ᠤᠯᠤᠰ᠎ᠤᠨ ᠬᠤᠳᠠᠯᠳᠤᠭᠠᠴᠢᠳ ᠤᠨ ᠨᠡᠢᠭᠡᠮᠯᠢᠭ᠎ᠦᠨ ᠵᠣᠬᠢᠶᠠᠨ ᠪᠠᠢᠭᠤᠯᠤᠯᠲᠠ ᠵᠢᠴᠢ ᠠᠷᠠᠯᠵᠢᠶ᠎ᠠ ᠪᠠᠯᠠ ᠣᠷᠣᠭᠤᠯᠤᠯᠲᠠ᠎ᠶ᠋ᠢ ᠠᠬᠢᠭᠤᠯᠬᠤ ᠪᠠᠢᠭᠤᠯᠤᠮᠵᠢ᠎ᠯᠤᠭ᠎ᠠ᠎ᠶ᠋ᠢᠨ ᠬᠠᠷᠢᠯᠴᠠᠭ᠎ᠠ᠎ᠪᠠᠨ ᠴᠢᠩᠭᠠᠳᠭᠠᠨ᠎ᠠ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠂ ᠴᠧᠩᠳᠥ᠋ ᠴᠦᠩᠴᠢᠩ ᠪᠣᠯᠤᠨ ᠵᠡᠭᠦᠨ ᠬᠤᠢᠳᠦ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠯᠤᠭ᠎ᠠ᠎ᠶ᠋ᠢᠨ ᠨᠡᠭᠡᠭᠡᠯᠲᠡ ᠬᠢᠵᠦ᠍ ᠬᠠᠮᠲᠤᠷᠠᠯᠴᠠᠬᠤ᠎ᠪᠠᠨ ᠴᠢᠩᠭᠠᠳᠭᠠᠵᠤ᠂ ᠱᠢᠶᠠᠩᠭᠠᠩ ᠣᠣᠮᠧᠨ ᠣᠷᠣᠨ᠎ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ᠎ᠪᠠᠨ ᠨᠢᠭ᠍ᠲᠠᠷᠠᠭᠤᠯᠵᠤ᠂《ᠤᠮᠠᠷᠠᠲᠤ ᠬᠢᠯᠢ᠎ᠶ᠋ᠢᠨ ᠭᠠᠳᠠᠭᠠᠳᠤ ᠠᠷᠠᠯᠵᠢᠶᠠᠨ᠎ᠤ ᠠᠶᠠᠯᠠᠯ》᠂ 《ᠤᠮᠠᠷᠠᠲᠤ ᠬᠢᠯᠢ᠎ᠶ᠋ᠢᠨ ᠠᠵᠤ ᠠᠬᠤᠢᠯᠠᠯ ᠤ᠋ᠨ ᠲᠡᠮᠳᠡᠭ᠌ᠯᠡᠯ》᠎ᠤ᠋ᠨ ᠲᠥᠷᠥᠯ ᠲᠡᠮᠳᠡᠭ᠌ᠲᠦ᠍᠎ᠶ᠋ᠢ ᠭᠦᠨᠵᠡᠭᠡᠶ ᠪᠣᠶ ᠪᠣᠯᠭᠠᠨ᠎ᠠ; ᠣᠯᠠᠨ ᠤᠯᠤᠰ ᠤᠨ ᠠᠷᠠᠯᠵᠢᠶ᠎ᠠ ᠪᠠᠯᠠ ᠣᠷᠣᠭᠤᠯᠤᠯᠲᠠ᠎ᠶ᠋ᠢᠨ ᠬᠠᠷᠢᠯᠴᠠᠨ ᠠᠬᠢᠭᠤᠯᠬᠤ᠎ᠶ᠋ᠢ ᠠᠬᠢᠭᠤᠯᠵᠤ᠂ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠌ ᠶ᠋ᠢ ᠢᠳᠡᠪᠬᠢᠲᠡᠶ ᠥᠷᠭᠡᠳᠭᠡᠨ᠂ ᠠᠵᠤ ᠠᠬᠤᠢᠯᠠᠯ ᠳ᠋ᠦ ᠦᠢᠯᠡᠴᠢᠯᠡᠬᠦ ᠲᠤᠤᠷ᠎ᠢ ᠦᠷᠭᠦᠯᠵᠢᠯᠡᠨ ᠨᠢᠭ᠍ᠲᠠ ᠰᠦᠯᠵᠢᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠦᠨ᠂《ᠥᠪᠥᠷ ᠮᠣᠩᠭᠣᠯ᠎ᠤᠨ ᠬᠤᠳᠠᠯᠳᠤᠭᠠᠴᠢᠨ᠎ᠢ ᠬᠡᠯᠬᠢᠶᠡᠵᠢᠭᠦᠯᠦᠯᠳᠦ ᠣᠷᠣᠭᠤᠯᠬᠤ》᠂ 《ᠥᠪᠥᠷ ᠮᠣᠩᠭᠣᠯ᠎ᠤᠨ ᠦᠶ᠋ᠯᠡᠳᠬᠦᠨ᠎ᠢ ᠭᠠᠳᠠᠭᠠᠳᠤ᠎ᠳᠤ ᠭᠠᠷᠭᠠᠬᠤ》 ᠪᠠᠷ ᠠᠷᠠᠯᠵᠢᠶᠠᠨ᠎ᠤ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠵᠤ᠂ ᠦᠶ᠋ᠯᠡᠴᠢᠯᠡᠭᠡᠨ᠎ᠦ ᠠᠷᠠᠯᠵᠢᠶ᠎ᠠ᠂ ᠲᠣᠭᠠᠴᠢᠯᠠᠭ᠍ᠰᠠᠨ ᠠᠷᠠᠯᠵᠢᠶ᠎ᠠ᠎ᠶ᠋ᠢ ᠶᠡᠬᠡ ᠪᠡᠷ ᠬᠥᠭ᠌ᠵᠢᠭᠦᠯᠦᠨ᠂ ᠬᠤᠤᠰ ᠴᠢᠭ᠌ᠯᠡᠯᠲᠦ ᠠᠷᠠᠯᠵᠢᠶᠠᠨ᠎ᠤ ᠪᠠᠯᠠ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠣᠷᠣᠨ ᠵᠠᠶ᠎ᠶ᠋ᠢ ᠥᠷᠭᠡᠳᠭᠡᠨ᠎ᠡ ᠭᠡᠵᠦ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ᠂ ᠪᠥᠬᠥ᠌ ᠣᠷᠣᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠯᠠᠭ᠎ᠠ ᠮᠥᠴᠢᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠦᠬᠦ ᠬᠦᠴᠦ᠎ᠪᠡᠷ᠎ᠢᠶᠠᠨ ᠴᠢᠷᠮᠠᠢᠵᠤ᠂ ᠴᠢᠳᠠᠯ᠎ᠤᠨ᠎ᠢᠶᠠᠨ ᠬᠢᠷᠢ᠎ᠪᠡᠷ ᠬᠢᠬᠦ ᠶ᠋ᠢ ᠪᠠᠷᠢᠮᠲᠠᠯᠠᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ᠎ᠶ᠋ᠢ ᠱᠠᠯᠠᠪᠳᠠᠨ ᠠᠳᠭᠤᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠣᠯᠠᠨ ᠳᠡᠰ ᠳᠠᠪᠬᠤᠷᠭ᠎ᠠ᠎ᠶ᠋ᠢᠨ ᠡᠮᠴᠢᠯᠡᠭᠡᠨ ᠦ ᠪᠠᠲᠤᠯᠠᠭ᠎ᠠ᠎ᠶ᠋ᠢᠨ ᠱᠢᠰᠲ᠋ᠧᠮ ᠢ ᠪᠦᠷᠢᠨᠱᠢᠭᠦᠯᠦᠨ᠂ ᠦᠨᠳᠦᠰᠦᠨ ᠡᠮ ᠡᠮᠨᠡᠯᠭᠡ᠎ᠶᠢᠨ ᠳᠠᠭᠠᠳᠭᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ᠎ᠶ᠋ᠢ ᠠᠬᠢᠭᠤᠯᠵᠤ᠂ ᠡᠮ᠎ᠦᠨ ᠵᠦᠢᠯᠡᠰ᠎ᠢ ᠴᠤᠭ᠍ᠯᠠᠭᠤᠯᠬᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠪᠠ ᠦᠯᠡᠳᠡᠪᠦᠷᠢ ᠪᠡᠯᠡ ᠮᠥᠩᠭᠥ᠎ᠶ᠋ᠢ ᠬᠡᠷᠡᠭ᠌ᠯᠡᠬᠦ᠌ ᠲᠥᠷᠥ᠎ᠶ᠋ᠢᠨ ᠪᠣᠳᠣᠯᠭ᠎ᠠ ᠶ᠋ᠢ ᠱᠢᠯᠢᠳᠡᠭ᠌ᠵᠢᠭᠦᠯᠦᠨ᠂ ᠪᠦᠬᠦ᠌ ᠬᠦᠴᠦᠨ᠎ᠢᠶᠡᠷ᠎ᠢᠶᠡᠨ 《ᠡᠪᠡᠳᠴᠢᠨ᠎ᠲᠡᠶ》 ᠶ᠋ᠢ ᠨᠢ ᠪᠠᠲᠤᠯᠠᠵᠤ᠂《ᠨᠢᠯᠬᠠᠰ》 ᠢ᠋ ᠨᠢ ᠬᠠᠮᠠᠭᠠᠯᠠᠵᠤ᠂ 《ᠦᠳᠡᠬᠦᠰ》 ᠢ᠋ ᠨᠢ ᠬᠠᠷᠠᠭᠠᠯᠵᠠᠵᠤ᠂《ᠪᠠᠭᠤᠷᠠᠶ》 ᠵᠢ ᠨᠢ ᠬᠠᠪᠰᠤᠷᠤᠨ ᠲᠡᠳᠬᠦᠵᠦ᠂ 《ᠬᠠᠭᠤᠷᠮᠠᠭ》 ᠲᠤ᠌ ᠴᠣᠬᠢᠯᠲᠠ ᠥᠭ᠌ᠴᠤ᠂《ᠱᠢᠨ᠎ᠡ》᠎ᠶ᠋ᠢ ᠳᠡᠮᠵᠢᠵᠦ᠂ ᠡᠮᠴᠢᠯᠡᠭᠡᠨ ᠦ ᠪᠠᠲᠤᠯᠠᠭ᠎ᠠ᠎ᠶ᠋ᠢᠨ ᠠᠷᠠᠳ᠎ᠤᠨ ᠠᠮᠢᠳᠤᠷᠠᠯ᠎ᠳᠤ ᠦᠶ᠋ᠯᠡᠴᠢᠯᠡᠬᠦ᠌ ᠪᠠ ᠠᠵᠤ ᠠᠬᠤᠶ᠎ᠶ᠋ᠢᠨ ᠬᠥᠭ᠌ᠵᠢᠯᠲᠡ ᠶ᠋ᠢ ᠠᠬᠢᠭᠤᠯᠬᠤ ᠳᠠᠪᠠᠭᠤᠯᠢᠭ ᠳᠠᠯᠳᠠ ᠬᠦᠴᠦᠨ᠎ᠢ ᠭᠦᠶ᠋ᠴᠡᠳ ᠪᠠᠳᠠᠷᠠᠭᠤᠯᠤᠨ᠂ ᠡᠮ ᠡᠮᠨᠡᠯᠭᠡ᠎ᠶ᠋ᠢᠨ ᠳᠠᠭᠠᠳᠭᠠᠯ ᠤᠨ ᠴᠢᠨᠠᠷ ᠰᠠᠢᠲᠠᠶ ᠬᠥᠭ᠌ᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃
《ᠪᠦᠬᠦᠳᠡ ᠬᠤᠷᠠᠯ᠎ᠡᠴᠡ᠂ 〈ᠥᠪᠥᠷ ᠮᠣᠩᠭᠣᠯ᠎ᠤᠨ ᠦᠪᠡᠷᠮᠢᠴᠡ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ ᠦᠨ ᠱᠢᠰᠲ᠋ᠧᠮ ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠤᠨ᠎ᠠ᠃ ᠤᠶᠤᠨᠴᠢᠯᠠᠬᠤ᠂ ᠪᠣᠬᠢᠷᠲᠤᠯ ᠥᠬᠡᠢᠵᠢᠬᠦᠯᠬᠦ᠂ ᠠᠭᠤᠰᠤᠯᠴᠠᠬᠤ ᠴᠢᠭ᠌ᠯᠡᠯ᠎ᠢ ᠪᠠᠷᠢᠮᠲᠠᠯᠠᠵᠤ᠂ ᠤᠯᠠᠮᠵᠢᠯᠠᠯᠲᠤ ᠠᠵᠤ ᠦᠶ᠋ᠯᠡᠰ ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠵᠦ᠍᠂ ᠢᠷᠡᠭᠡᠳᠦᠶ᠎ᠶ᠋ᠢᠨ ᠠᠵᠤ ᠦᠶ᠋ᠯᠡᠰ᠎ᠢ ᠤᠷᠢᠳᠴᠢᠯᠠᠨ ᠪᠠᠢᠷᠢᠱᠢᠭᠤᠯᠵᠤ᠂ ᠠᠵᠤ ᠦᠶ᠋ᠯᠡᠰ᠎ᠦᠨ ᠭᠦᠨᠵᠡᠭᠡᠶ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠲᠣᠭ᠍ᠲᠠᠪᠤᠷᠢᠲᠤ ᠴᠢᠨᠠᠷ ᠪᠠ ᠦᠷᠭᠦᠯᠵᠢᠯᠡᠬᠦ᠌ ᠬᠦᠴᠦᠨ᠎ᠢ ᠴᠢᠩᠭᠠᠷᠠᠭᠤᠯᠤᠨ᠎ᠠ〉 ᠭᠡᠵᠦ ᠳᠤᠷᠠᠳᠤᠬᠰᠠᠨ ᠨᠢ ᠪᠢᠳᠡᠨ᠎ᠦ ᠠᠵᠢᠯ᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠃ ᠪᠢᠳᠡ ᠭᠤᠤᠯᠳᠠᠯᠭ᠎ᠠ᠎ᠲᠠᠶ ᠠᠵᠤ ᠦᠶ᠋ᠯᠡᠰ ᠦᠨ ᠬᠦᠷᠢᠶᠡᠨ᠎ᠳᠦ ᠦᠷᠭᠦᠯᠵᠢᠯᠡᠨ ᠨᠠᠷᠢᠯᠢᠭ ᠣᠨᠣᠴᠠᠲᠠᠶ᠎ᠪᠠᠷ ᠱᠢᠨ᠎ᠡ᠎ᠶ᠋ᠢ ᠡᠭᠦᠳᠬᠦ᠌ ᠬᠡᠯᠬᠢᠶ᠎ᠡ ᠶ᠋ᠢ ᠪᠠᠢᠷᠢᠱᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠢ ᠱᠠᠲᠤᠯᠢᠭ᠎ᠢᠶᠠᠷ ᠪᠣᠢᠵᠢᠭᠤᠯᠬᠤ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠥᠷᠭᠡᠨ᠎ᠢᠶᠡᠷ ᠲᠥᠪᠯᠡᠷᠡᠭᠦᠯᠵᠦ᠍ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠪᠡᠯᠭᠡ ᠲᠡᠮᠳᠡᠭ᠎ᠦᠨ ᠴᠢᠨᠠᠷᠲᠠᠶ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢᠶᠡᠷ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠵᠤ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠭᠤᠤᠯ ᠨᠡᠮᠡᠭ᠌ᠳᠡᠯ᠎ᠦᠨ ᠲᠤᠢᠯ᠎ᠢ ᠪᠥᠬᠥ᠌ ᠬᠦᠴᠦᠨ᠎ᠢᠶᠡᠷ ᠴᠣᠭ᠍ᠴᠠᠯᠠᠨ᠎ᠠ》ᠭᠡᠵᠦ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠭᠠᠵᠠᠷ᠎ᠤᠨ ᠳᠠᠷᠤᠭ᠎ᠠ ᠯᠢᠦ ᠢᠦᠶ ᠮᠢᠩ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠰᠤᠳᠤᠯᠬᠤ ᠲᠠᠰᠤᠭ᠎ᠤᠨ ᠳᠡᠳ᠋ ᠡᠷᠬᠢᠯᠡᠭ᠌ᠴᠢ ᠸᠠᠩ ᠴᠧᠩ ᠪᠢᠨ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ ᠴᠢᠨᠠᠷ ᠰᠠᠢᠲᠠᠶ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠤᠨ᠎ᠠ ᠭᠡᠵᠦ ᠲᠣᠳᠣᠷᠬᠠᠶ ᠳᠤᠷᠠᠳᠪᠠ᠂ ᠡᠨᠡ ᠨᠢ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠵᠣᠬᠢᠶᠠᠨ ᠪᠠᠢᠭᠤᠯᠬᠤ ᠠᠵᠢᠯ᠎ᠳᠤ ᠨᠡᠩ ᠥᠨᠳᠥᠷ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠂ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠺᠠᠳ᠋ᠷ᠎ᠤᠨ ᠡᠨᠡ ᠬᠦ᠌ ᠱᠢᠢᠳᠪᠦᠷᠢᠯᠡᠭ᠌ᠴᠢ ᠴᠢᠨᠠᠷᠲᠠᠢ ᠬᠦᠴᠦᠨ ᠵᠦᠢᠯ᠎ᠢ ᠴᠢᠩᠭ᠎ᠠ ᠠᠳᠭᠤᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠤᠰᠭᠠᠶ ᠰᠡᠳᠦᠪᠲᠦ ᠪᠣᠯᠪᠠᠰᠤᠷᠠᠯ᠎ᠢ ᠴᠢᠨᠠᠷ ᠰᠠᠢᠲᠠᠶ ᠰᠠᠢᠲᠤᠷ ᠠᠳᠭᠤᠵᠤ᠂ ᠴᠢᠭ᠌ᠯᠡᠭᠦᠯᠦᠯᠲᠦ ᠴᠢᠨᠠᠷᠲᠠᠶ᠎ᠪᠠᠷ ᠺᠠᠳ᠋ᠷ᠎ᠤᠨ ᠴᠢᠳᠠᠪᠤᠷᠢ᠎ᠶ᠋ᠢᠨ ᠳᠤᠲᠠᠭᠤᠳᠠᠯ ᠪᠠᠭᠤᠷᠠᠶ ᠲᠠᠯ᠎ᠠ ᠵᠢ ᠲᠡᠭᠡᠭᠰᠢᠯᠡᠭᠦᠯᠵᠦ᠂ ᠢᠷᠡᠬᠦ᠌ ᠵᠢᠯ᠎ᠦᠨ ᠬᠣᠲᠠ ᠱᠢᠶᠠᠨ ᠱᠢᠶᠠᠩ᠎ᠤᠨ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ᠎ᠲᠠᠶ ᠨᠢᠭ᠍ᠲᠠ ᠤᠶᠠᠯᠳᠤᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ 《ᠳᠥᠷᠪᠡᠨ ᠣᠨᠴᠠᠭᠠᠶ》 ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠺᠠᠳ᠋ᠷ᠎ᠤᠨ ᠤᠯᠤᠰ ᠲᠥᠷᠥ᠎ᠶ᠋ᠢᠨ ᠬᠡᠪ ᠴᠢᠨᠠᠷ᠎ᠢ ᠱᠢᠯᠭᠠᠨ ᠪᠠᠢᠴᠠᠭᠠᠬᠤ ᠪᠠ ᠨᠠᠮᠴᠢ ᠴᠢᠨᠠᠷ᠎ᠢ ᠢᠯᠭᠠᠨ ᠳᠣᠲᠣᠯᠠᠬᠤ ᠶ᠋ᠢ ᠭᠦᠨᠵᠡᠭᠡᠶ ᠪᠣᠳᠠᠲᠠᠶ ᠬᠢᠵᠦ᠂ ᠺᠠᠳ᠋ᠷ᠎ᠤᠨ ᠡᠩᠨᠡᠭᠡᠨ᠎ᠦ ᠳᠣᠲᠣᠭᠠᠳᠤ ᠬᠥᠳᠡᠯᠭᠡᠬᠦ᠌ ᠬᠦᠴᠦᠨ ᠪᠠ ᠪᠦᠬᠦᠯᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭ᠌ᠵᠢᠭᠡᠵᠦ᠂《ᠰᠤᠷᠤᠯᠴᠠᠯᠭ᠎ᠠ ᠵᠢ ᠶᠡᠭᠡᠳᠠ ᠡᠷᠬᠢᠮᠯᠡᠬᠦ᠂ ᠭᠦᠨᠵᠡᠭᠡᠶ ᠪᠠᠢᠴᠠᠭᠠᠨ ᠰᠤᠳᠤᠯᠤᠯᠲᠠ ᠬᠢᠬᠦ᠂ ᠦᠨᠡᠨ ᠬᠦ᠌ ᠠᠳᠭᠤᠵᠤ ᠪᠣᠳᠠᠲᠠᠶ ᠬᠢᠬᠦ᠂ ᠠᠷᠢᠭᠤᠨ ᠴᠢᠬᠡᠴᠢ ᠪᠠᠢᠬᠤ》 ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠨ᠎ᠠ ᠭᠡᠵᠦ ᠢᠯᠡᠳᠭᠡᠪᠡ᠃