ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ ᠎ᠤ ᠬᠤᠷᠢᠶ᠎ᠠ᠎ᠶᠢᠨ ᠪᠠᠢᠩᠭᠤ ᠎ᠶ᠋ᠢᠨ ᠬᠤᠷᠢᠶ᠎ᠠ ᠎ᠶᠢᠨ ᠠᠷᠪᠠᠨ ᠳᠥᠷᠪᠡᠳᠦᠭᠡᠷ ᠬᠤᠷᠠᠯ ᠡᠬᠢᠯᠡᠪᠡ
2025-11-19 09:51:16
ᠵᠣᠬᠢᠶᠠᠭ᠍ᠴᠢ᠄
ᠪᠠᠢ ᠳ᠋ᠠᠨ ᠵᠠᠩ ᠺᠦᠢ
ᠣᠩᠱᠢᠭ᠍ᠰᠠᠨ ᠣᠳᠠᠭ᠎ᠠ᠄
★★★☆☆

 ᠪᠦᠦ ᠭᠠᠩ ᠮᠡᠳᠡᠭᠦᠯᠦᠯᠲᠡ ᠬᠢᠵᠦ᠍  ᠵᠠᠩ ᠶᠠᠨ ᠺᠦᠨ ᠬᠤᠷᠠᠯ᠎ᠢ ᠡᠷᠬᠢᠯᠡᠵᠡᠢ 


11 ᠰᠠᠷ᠎ᠠ᠎ᠶ᠋ᠢᠨ 18 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍ ᠎ᠶ᠋ᠢᠨ ᠵᠥᠪᠯᠡᠯᠭᠡᠨ ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ ᠎ᠶᠢᠨ ᠠᠷᠪᠠᠨ ᠳᠥᠷᠪᠡᠳᠦᠭᠡᠷ ᠬᠤᠷᠠᠯ ᠬᠥᠬᠡᠬᠣᠲᠠ᠎ᠳᠤ ᠡᠬᠢᠯᠡᠵᠦ᠍᠂ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠪᠦᠬᠦ᠌ ᠤᠯᠤᠰ ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠠᠷᠪᠠᠨ ᠳᠥᠷᠪᠡᠳᠦᠭᠡᠷ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ ᠎ᠤ ᠠᠷᠪᠠᠳᠤᠭᠠᠷ ᠤᠳᠠᠭ᠎ᠠ ᠵᠢᠨ ᠪᠦᠬᠦᠳᠠ ᠬᠤᠷᠠᠯ ᠎ᠤᠨ ᠵᠣᠷᠢᠭ ᠰᠠᠨᠠᠭ᠎ᠠ᠎ᠶ᠋ᠢ ᠲᠤᠰᠭᠠᠢ ᠰᠡᠳᠦᠪ᠎ᠢᠶᠡᠷ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠤᠷᠢᠯᠭ᠎ᠠ᠎ᠪᠠᠷ ᠣᠷᠣᠯᠴᠠᠭ᠍ᠰᠠᠨ ᠪᠥᠭᠡᠳ ᠮᠡᠳᠡᠭᠦᠯᠦᠯᠲᠡ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ ᠎ᠤᠨ ᠱᠦᠵᠢ᠂ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠵᠡᠢ᠃

ᠪᠦᠦ ᠭᠠᠩ ᠮᠡᠳᠡᠭᠦᠯᠦᠯᠲᠡ᠎ᠳᠡᠭᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠠ ᠬᠤᠷᠠᠯ ᠪᠣᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠂ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠢ ᠲᠠᠢ᠌ᠴᠢᠯᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ ᠡᠷᠡᠯᠬᠡᠭ᠌ᠯᠡᠨ ᠲᠡᠮᠡᠴᠡᠬᠦ᠌ ᠎ᠳᠦ  ᠴᠢᠬᠤᠯᠠ   ᠶᠡᠬᠡ  ᠠᠴᠢ ᠬᠣᠯᠪᠣᠭ᠍ᠳᠠᠯ᠎ᠲᠠᠶ ᠶᠤᠮ᠃ 

ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠮᠠᠨ᠎ᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠵᠠ ᠲᠣᠬᠢᠶᠠᠯ ᠥᠷᠢᠰᠥᠯᠳᠦᠭᠡᠨ᠂ ᠶᠡᠷᠦᠩᠬᠡᠶ ᠱᠠᠭᠠᠷᠳᠠᠯᠭ᠎ᠠ᠂ ᠵᠠᠷᠴᠢᠮ ᠬᠠᠷᠠᠯᠲᠠ ᠪᠣᠯᠤᠨ ᠭᠤᠤᠯᠳᠠᠯᠭ᠎ᠠ᠎ᠲᠠᠶ ᠡᠭᠦᠷᠭᠡ ᠎ᠶ᠋ᠢ ᠣᠨᠣᠪᠴᠢᠲᠠᠶ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠥᠪᠥᠷ ᠮᠣᠩᠭᠣᠯ ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ ᠎ᠦᠨ ᠱᠢᠰᠲ᠋ᠸᠮ ᠎ᠢ ᠲᠦᠷᠭᠡᠳᠭᠡᠨ ᠪᠠᠢᠭᠤᠯᠵᠤ᠂ ᠬᠠᠮᠲᠤ ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《ᠰᠠᠨᠠᠭᠤᠯᠭ᠎ᠠ》 ᠶ᠋ᠢᠨ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠦᠳᠦᠯᠪᠦᠷᠢ ᠪᠣᠯᠤᠨ ᠲᠤᠰᠭᠠᠶ ᠵᠦᠢᠯ ᠎ᠦᠨ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠵᠤ᠂ ᠪᠣᠳᠠᠲᠠᠶ ᠲᠥᠷᠥᠯ ᠵᠦᠢᠯ ᠪᠣᠯᠤᠨ ᠠᠷᠭ᠎ᠠ ᠬᠡᠮᠵᠢᠶ᠎ᠡ᠎ᠶ᠋ᠢ ᠭᠦᠨᠵᠡᠭᠡᠶ ᠰᠦᠪᠡᠭ᠌ᠴᠢᠯᠡᠨ ᠪᠣᠳᠠᠲᠠᠢᠵᠢᠭᠤᠯᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠤ᠎ᠶ᠋ᠢᠨ ᠵᠥᠪᠯᠡᠯᠭᠡᠨ ᠳ᠋ᠤ᠎ᠴᠢᠳᠠᠪᠤᠷᠢᠲᠠᠨ ᠬᠤᠷᠠᠨ ᠴᠤᠭ᠍ᠯᠠᠷᠠᠵᠤ᠂ ᠤᠯᠠᠨ᠎ᠢᠶᠠᠷ᠎ᠢᠶᠠᠨ《ᠰᠠᠨᠠᠭᠤᠯᠭ᠎ᠠ》 ᠶ᠋ᠢ ᠨᠠᠢᠳᠠᠪᠤᠷᠢᠵᠢᠭᠤᠯᠬᠤ ᠪᠠ ᠲᠥᠯᠥᠪᠵᠢᠭᠦᠯᠭᠡ᠎ᠶ᠋ᠢᠨ ᠬᠦᠳᠦᠯᠪᠦᠷᠢ᠎ᠶ᠋ᠢ ᠨᠠᠢᠷᠠᠭᠤᠯᠤᠨ ᠵᠣᠬᠢᠶᠠᠬᠤ ᠵᠢᠨ ᠲᠣᠭᠣᠷᠢᠨ᠎ᠳᠤ᠂ ᠡᠷᠬᠢᠮ ᠨᠠᠨᠳᠢᠨ ᠰᠠᠨᠠᠯ᠎ᠢᠶᠠᠨ ᠢᠯᠡᠭᠦᠬᠡᠨ ᠳᠤᠷᠠᠳᠴᠤ᠌᠂ ᠤᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠶ ᠴᠧᠩ᠂ ᠶᠠᠩ ᠵᠢᠶᠸ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠦᠨ ᠳᠠᠷᠤᠭ᠎ᠠ ᠵᠧᠩ ᠳ᠋ᠦᠩ ᠪᠥᠸᠧ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃ ᠬᠥᠬᠡᠬᠣᠲᠠ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠯᠪᠠᠨ ᠲᠢᠩᠬᠢᠮ ᠪᠣᠯᠤᠨ ᠲᠤᠰᠭᠠᠶ ᠵᠥᠪᠯᠡᠯ᠎ᠦᠨ ᠬᠠᠷᠢᠭᠤᠴᠠᠯᠭᠠᠲᠠᠨ ᠨᠥᠬᠥᠳ᠂ ᠡᠯ᠎ᠡ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ᠂ ᠮᠠᠨᠵᠤᠤᠷ ᠬᠣᠲᠠ᠂ ᠡᠷᠢᠶᠡᠨ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ᠂ ᠬᠡᠰᠡᠭ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠣᠶᠤᠨ᠎ᠤ ᠬᠥᠮᠥᠷᠭᠡ᠎ᠶ᠋ᠢᠨ ᠲᠤᠰᠭᠠᠶ ᠮᠡᠷᠭᠡᠵᠢᠯᠲᠡᠨ ᠵᠢᠴᠢ ᠵᠥᠪᠯᠡᠬᠦ᠌ ᠠᠷᠠᠳᠴᠢᠯᠠᠯ ᠤ᠋ᠨ ᠵᠠᠯᠠᠭᠤᠴᠤᠳ ᠪᠠᠭᠠᠴᠤᠳ ᠤ᠋ᠨ ᠠᠵᠢᠭ᠍ᠯᠠᠭ᠍ᠴᠢ᠂ ᠡᠮᠡᠭ᠌ᠲᠡᠢᠴᠦᠳ᠎ᠦᠨ ᠠᠵᠢᠭ᠍ᠯᠠᠭ᠍ᠴᠢ᠎ᠨᠠᠷ ᠬᠤᠷᠠᠯ᠎ᠳᠤ ᠣᠷᠣᠯᠴᠠᠵᠠᠶ᠃ 9 ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠠ ᠨᠡᠢᠭᠡᠮ᠎ᠦᠨ ᠡᠯ᠎ᠡ ᠡᠲᠡᠭᠡᠳ᠎ᠦᠨ ᠲᠥᠯᠥᠭᠡᠯᠡᠭ᠌ᠴᠢ ᠬᠤᠷᠠᠯ ᠳᠡᠭᠡᠷ᠎ᠡ ᠦᠭᠡ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号