ᠦᠪᠦᠷ ᠮᠤᠩᠭᠤᠯ ᠨᠠᠮᠤᠷ ᠡᠪᠦᠯ ᠤ᠋ᠨ ᠤᠯᠠᠷᠢᠯ ᠤ᠋ᠨ ᠤᠢ ᠰᠢᠭᠤᠢ ᠨᠤᠲᠤᠭ ᠪᠡᠯᠴᠢᠭᠡᠷ ᠤ᠋ᠨ ᠲᠦᠢᠮᠡᠷ ᠢ᠋ ᠰᠡᠷᠭᠡᠢᠯᠡᠨ ᠤᠨᠲᠠᠷᠠᠭᠠᠬᠤ ᠡᠯᠡ ᠵᠦᠶ᠋ᠯ ᠤ᠋ᠨ ᠠᠷᠭᠠ ᠬᠡᠮᠵᠢᠶᠡ ᠶ᠋ᠢ ᠪᠣᠳᠠᠲᠠᠶ ᠨᠠᠷᠢᠯᠢᠭ ᠨᠠᠢᠳᠠᠪᠤᠷᠢᠵᠢᠭᠤᠯᠬᠤ ᠶ᠋ᠢ ᠪᠥᠬᠥ᠌ ᠬᠦᠴᠦᠨ ᠵᠢᠡᠷ ᠠᠬᠢᠭᠤᠯᠵᠤ᠂ ᠣᠶ ᠱᠢᠭᠤᠶ ᠨᠤᠲᠤᠭ ᠪᠡᠯᠴᠢᠭᠡᠷ ᠤ᠋ᠨ ᠲᠦᠶ᠋ᠮᠡᠷ ᠤ᠋ᠨ ᠠᠶᠤᠯᠤᠨ ᠲᠦᠭ᠌ᠰᠢᠭᠦᠷᠢ ᠶ᠋ᠢ ᠥᠨᠳᠥᠷ ᠪᠦᠲᠦᠮᠵᠢᠲᠡᠶ ᠪᠡᠷ ᠰᠡᠷᠭᠡᠢᠯᠡᠨ ᠠᠷᠢᠯᠭᠠᠪᠠ᠃ ᠣᠳᠣᠬᠠᠨ ᠪᠣᠯᠲᠠᠯᠠ᠂ ᠪᠥᠬᠥ᠌ ᠣᠷᠣᠨ ᠳ᠋ᠤ ᠲᠦᠶ᠋ᠮᠡᠷ ᠭᠠᠷᠤᠭ᠍ᠰᠠᠨ ᠥᠬᠡᠶ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠠᠵᠢᠯ ᠲᠣᠭ᠍ᠲᠠᠭᠤᠨᠤ ᠳᠤᠮᠳᠠ ᠰᠠᠢᠵᠢᠷᠠᠬᠤ ᠬᠠᠨᠳᠤᠰᠢ ᠪᠡᠨ ᠪᠠᠲᠤᠯᠠᠪᠠ᠃
ᠦᠪᠦᠷ ᠮᠤᠩᠭᠤᠯ ᠤ᠋ᠨ ᠣᠶ ᠱᠢᠭᠤᠶ ᠵᠢᠨ ᠬᠠᠮᠠᠭᠠᠯᠠᠯᠲᠠ ᠵᠢᠨ ᠵᠢᠯᠣᠭᠣᠳᠭᠤ ᠠᠯᠪᠠᠨ ᠬᠡᠷ 《ᠨᠠᠮᠤᠷ ᠡᠪᠦᠯ ᠤ᠋ᠨ ᠤᠯᠠᠷᠢᠯᠤᠨ ᠣᠶ ᠱᠢᠭᠤᠶ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠨ ᠤᠨᠲᠠᠷᠠᠭᠠᠬᠤ ᠠᠵᠢᠯ ᠢ᠋ ᠯᠠᠪᠳᠠᠭᠤᠨ ᠪᠠᠲᠤᠲᠠᠶ ᠰᠠᠢᠲᠤᠷ ᠬᠢᠬᠦ᠌ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ᠂ ᠡᠯᠡ ᠭᠠᠵᠠᠷᠤᠨᠬᠢᠨ ᠢ᠋ ᠵᠢᠯᠣᠭᠣᠳᠤᠨ ᠱᠢᠲᠠᠮᠠᠬᠠᠶ ᠪᠣᠳᠠᠰ ᠢ᠋ ᠴᠡᠪᠡᠷᠯᠡᠬᠦ᠌᠂ ᠲᠦᠶ᠋ᠮᠡᠷ ᠢ᠋ ᠰᠡᠷᠭᠡᠢᠯᠡᠬᠦ᠌ ᠤᠬᠠᠭᠤᠯᠭᠠ᠂ ᠲᠥᠯᠥᠪᠯᠡᠭᠡ ᠲᠡᠶ ᠪᠡᠷ ᠱᠢᠲᠠᠭᠠᠬᠤ᠂ ᠤᠷᠢᠳᠴᠢᠯᠠᠨ ᠰᠡᠷᠭᠡᠢᠯᠡᠬᠦ᠌ ᠵᠡᠷᠭᠡ ᠠᠵᠢᠯ ᠢ᠋ ᠢᠳᠡᠪᠬᠢᠲᠡᠶ ᠥᠷᠨᠢᠭᠦᠯᠪᠡ᠃
《ᠬᠡᠭᠡᠷᠡ ᠭᠠᠳᠠᠨᠠᠭᠠᠯᠤᠨ ᠡᠬᠢ ᠶ᠋ᠢ ᠰᠠᠢᠲᠤᠷ ᠬᠠᠮᠢᠶᠠᠷᠤᠨ ᠡᠵᠡᠮᠳᠡᠭ᠌ᠰᠡᠨ ᠥᠬᠡᠶ᠂ ᠠᠷᠠᠳ ᠲᠦᠮᠡᠨᠦ ᠰᠡᠷᠭᠡᠢᠯᠡᠯᠲᠡ ᠵᠢᠨ ᠱᠤᠭᠤᠮ ᠢ᠋ ᠪᠠᠲᠤ ᠴᠤᠭᠴᠠᠯᠠᠭᠰᠠᠨ ᠥᠬᠡᠶ》 ᠬᠣᠶᠠᠷ ᠨᠡᠢᠳᠡᠮ ᠤ᠋ᠨ ᠴᠢᠨᠠᠷᠲᠠᠶ ᠲᠣᠪᠣᠢᠮᠠ ᠠᠰᠠᠭᠤᠳᠠᠯ ᠢ᠋ ᠱᠢᠶ᠋ᠳᠪᠦᠷᠢᠯᠡᠬᠦ᠌ᠳᠦ ᠠᠩᠬᠠᠷᠤᠯ ᠵᠢᠡᠨ ᠲᠥᠪᠯᠡᠷᠡᠭᠦᠯᠵᠦ᠍᠂ ᠡᠯᠡ ᠭᠠᠵᠠᠷᠤᠨᠬᠢᠨ ᠵᠢᠵᠢᠭᠦᠷᠯᠡᠨ ᠰᠠᠬᠢᠬᠤ᠂ ᠤᠷᠢᠳᠴᠢᠯᠠᠨ ᠰᠡᠷᠡᠮᠵᠢᠯᠡᠭᠦᠯᠵᠦ᠍ ᠬᠢᠨᠠᠨ ᠬᠡᠮᠵᠢᠬᠦ᠌᠂ ᠤᠬᠠᠭᠤᠯᠵᠤ ᠰᠡᠷᠡᠮᠵᠢᠯᠡᠭᠦᠯᠬᠦ᠌᠂ ᠵᠥᠪᠳᠡᠯᠴᠡᠵᠦ᠍ ᠰᠤᠳᠤᠯᠤᠨ ᠮᠠᠭᠠᠳᠯᠠᠬᠤ᠂ ᠬᠡᠮ ᠰᠣᠭᠣᠭ ᠢ᠋ ᠵᠢᠭ᠍ᠰᠠᠭᠠᠨ ᠪᠠᠢᠴᠠᠭᠠᠬᠤ ᠵᠡᠷᠭᠡ ᠡᠬᠢ ᠡᠭᠦᠰᠦᠯ ᠡᠴᠡᠨᠢ ᠬᠠᠮᠢᠶᠠᠷᠤᠨ ᠡᠵᠡᠮᠳᠡᠬᠦ᠌ ᠠᠵᠢᠯ ᠢ᠋ ᠨᠢᠭᠡᠳᠦᠯᠲᠡᠶ ᠲᠥᠯᠥᠪᠵᠢᠭᠦᠯᠦᠨ ᠴᠢᠩᠭᠠᠳᠭᠠᠵᠤ᠂ 《ᠵᠢᠷᠭᠤᠭᠠ ᠶ᠋ᠢ ᠨᠢᠭᠡ ᠴᠣᠭ᠍ᠴᠠᠵᠢᠭᠤᠯᠬᠤ》 ᠠᠷᠭᠠ ᠪᠠᠷᠢᠯ ᠵᠢᠡᠷ ᠭᠠᠯᠤᠨ ᠪᠠᠢᠳᠠᠯ ᠢ᠋ ᠬᠢᠨᠠᠨ ᠬᠡᠮᠵᠢᠪᠡ᠃ ᠡᠯᠡ ᠭᠠᠵᠠᠷᠤᠨᠬᠢᠨ ᠴᠠᠷᠠᠭᠠ ᠭᠠᠷᠭᠠᠬᠤ ᠪᠠ ᠣᠶ ᠵᠢᠨ ᠳᠤᠤᠷᠠᠬᠢ ᠱᠢᠲᠠᠮᠠᠬᠠᠶ ᠪᠣᠳᠠᠰ ᠢ᠋ ᠴᠡᠪᠡᠷᠯᠡᠬᠦ᠌ ᠠᠵᠢᠯ ᠢ᠋ ᠱᠢᠨᠵᠢᠯᠡᠬᠦ᠌ ᠤᠬᠠᠭᠠᠨᠴᠢ ᠡᠮᠬᠢ ᠵᠢᠷᠤᠮᠲᠠᠶ ᠪᠡᠷ ᠠᠬᠢᠭᠤᠯᠵᠤ᠂ ᠨᠡᠢᠲᠡ 4021.56 ᠺᠢᠯᠣᠮᠧᠲ᠋ᠷ ᠠᠷᠢᠯᠭᠠᠨ᠂ 2139 ᠺᠢᠯᠣᠮᠧᠲ᠋ᠷ ᠬᠢᠯᠢ ᠵᠢᠨ ᠴᠠᠷᠠᠭᠠ ᠭᠠᠷᠭᠠᠨ᠂ 2449.28 ᠺᠢᠯᠣᠮᠧᠲ᠋ᠷ ᠣᠶ ᠵᠢᠨ ᠳᠤᠤᠷᠠᠬᠢ ᠱᠢᠲᠠᠮᠠᠬᠠᠶ ᠪᠣᠳᠠᠰ ᠢ᠋ ᠴᠡᠪᠡᠷᠯᠡᠬᠦ᠌ ᠪᠡᠷ ᠲᠥᠯᠥᠪᠯᠡᠵᠦ᠍᠂ ᠡᠨᠡ ᠡᠪᠦᠯ ᠢᠷᠡᠬᠦ᠌ ᠬᠠᠪᠤᠷᠤᠨ ᠣᠶ ᠱᠢᠭᠤᠶ ᠨᠤᠲᠤᠭ ᠪᠡᠯᠴᠢᠭᠡᠷ ᠤ᠋ᠨ ᠲᠦᠢᠮᠡᠷ ᠰᠡᠷᠭᠡᠢᠯᠡᠵᠦ᠍ ᠤᠨᠲᠠᠷᠠᠭᠠᠬᠤ ᠠᠵᠢᠯᠤᠨ ᠳᠠᠷᠤᠯᠲᠠ ᠶ᠋ᠢ ᠪᠦᠲᠦᠮᠵᠢᠲᠡᠶ ᠬᠥᠩᠭᠡᠷᠡᠭᠦᠯᠪᠡ᠃
ᠡᠯᠡ ᠭᠠᠵᠠᠷᠤᠨ ᠬᠢᠨ ᠢ᠋ ᠵᠢᠯᠣᠭᠣᠳᠤᠨ ᠶᠡᠬᠡ ᠲᠦᠢᠮᠡᠷᠤᠨ ᠭᠠᠮᠱᠢᠭᠤᠨ ᠲᠤᠰᠭᠠᠶ ᠵᠦᠶ᠋ᠯ ᠤ᠋ᠨ ᠪᠡᠯᠡᠳᠭᠡᠯ ᠲᠥᠰᠦᠯ ᠪᠣᠯᠤᠨ ᠣᠷᠣᠨ ᠪᠦᠰᠡ ᠵᠢᠨ ᠱᠢᠶ᠋ᠳᠪᠦᠷᠢᠯᠡᠬᠦ᠌ ᠲᠥᠰᠦᠯ ᠢ᠋ ᠤᠯᠠᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠡᠯᠡ ᠲᠥᠷᠥᠯ ᠤ᠋ᠨ ᠲᠣᠨᠣᠭ ᠲᠥᠬᠥᠭᠡᠷᠦᠮᠵᠢ ᠡᠳ᠋ ᠪᠠᠷᠠᠭᠠ ᠶ᠋ᠢ ᠭᠦᠶ᠋ᠴᠡᠳ ᠨᠦᠭᠡᠴᠡᠯᠡᠨ᠂ ᠭᠤᠤᠯᠳᠠᠯᠭᠠᠲᠠᠶ ᠣᠷᠣᠨ ᠪᠦᠰᠡ ᠵᠢᠨ ᠰᠡᠷᠭᠡᠢᠯᠡᠯᠲᠡ ᠶ᠋ᠢ ᠬᠡᠷᠡᠭ᠌ᠵᠢᠭᠦᠯᠪᠡ᠃ ᠬᠥᠬᠡᠬᠣᠲᠠ᠂ ᠬᠥᠯᠥᠨ ᠪᠤᠢᠷ᠂ ᠱᠢᠯᠢ ᠵᠢᠨ ᠭᠣᠣᠯ 4001 ᠬᠤᠪᠢ (ᠢᠵᠢ) ᠲᠦᠢᠮᠡᠷ ᠰᠡᠷᠭᠡᠢᠯᠡᠨ ᠤᠨᠲᠠᠷᠠᠭᠠᠬᠤ ᠡᠳ᠋ ᠪᠠᠷᠠᠭᠠ ᠲᠣᠨᠣᠭ ᠲᠥᠬᠥᠭᠡᠷᠦᠮᠵᠢ ᠨᠦᠭᠡᠴᠡᠯᠡᠪᠡ᠃ ᠦᠪᠦᠷ ᠮᠤᠩᠭᠤᠯ ᠤ᠋ᠨ 3.7 ᠲᠦᠮᠡᠨ ᠲᠤᠰᠭᠠᠶ ᠮᠡᠷᠭᠡᠵᠢᠯᠤᠨ ᠪᠠ ᠬᠠᠭᠠᠰ ᠲᠤᠰᠭᠠᠶ ᠮᠡᠷᠭᠡᠵᠢᠯᠤᠨ ᠡᠩᠨᠡᠭᠡ ᠪᠣᠯᠤᠨ ᠣᠶ ᠱᠢᠭᠤᠶ ᠵᠢᠨ ᠲᠦᠢᠮᠡᠷ ᠤᠨᠲᠠᠷᠠᠭᠠᠬᠤ ᠡᠩᠨᠡᠭᠡ ᠶ᠋ᠢ ᠵᠣᠬᠢᠶᠠᠨ ᠪᠠᠢᠭᠤᠯᠤᠨ ᠳᠡᠭᠡᠳᠦ ᠬᠡᠮᠵᠢᠶᠡ ᠪᠡᠷ ᠰᠡᠷᠡᠮᠵᠢᠯᠡᠭᠦᠯᠵᠦ᠍᠂ ᠪᠠᠴᠢᠮ ᠪᠠᠢᠳᠠᠯ ᠢ᠋ ᠠᠷᠭᠠᠴᠠᠭᠠᠬᠤ᠂ ᠣᠶ ᠱᠢᠭᠤᠶ ᠨᠤᠲᠤᠭ ᠪᠡᠯᠴᠢᠭᠡᠷ ᠤ᠋ᠨ 35 ᠨᠢᠰᠭᠡᠯ ᠲᠣᠭᠣᠷᠢᠨ ᠬᠠᠮᠠᠭᠠᠯᠠᠵᠤ ᠤᠨᠲᠠᠷᠠᠭᠠᠬᠤ ᠶ᠋ᠢ ᠨᠢᠭᠡᠳᠦᠯᠲᠡᠶ ᠲᠥᠯᠥᠪᠯᠡᠨ᠂ ᠣᠷᠣᠰ ᠮᠣᠩᠭᠣᠯᠤᠨ ᠬᠢᠯᠢ ᠵᠢᠨ ᠭᠠᠳᠠᠨᠠᠬᠢ ᠲᠦᠢᠮᠡᠷ ᠢ᠋ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠮᠤᠷ ᠡᠪᠦᠯ ᠤ᠋ᠨ ᠤᠯᠠᠷᠢᠯᠤᠨ ᠣᠶ ᠱᠢᠭᠤᠶ ᠨᠤᠲᠤᠭ ᠪᠡᠯᠴᠢᠭᠡᠷ ᠤ᠋ᠨ ᠲᠦᠢᠮᠡᠷ ᠰᠡᠷᠭᠡᠢᠯᠡᠨ ᠤᠨᠲᠠᠷᠠᠭᠠᠬᠤ ᠠᠵᠢᠯ ᠢ ᠪᠦᠬᠦ᠌ ᠲᠠᠯᠠ ᠪᠡᠷ ᠰᠠᠢᠲᠤᠷ ᠬᠢᠪᠡ᠃