ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ ᠎ᠶ᠋ᠢ ᠪᠢᠴᠢᠭ᠌ᠯᠡᠰᠦᠭᠡᠢ
2025-11-20 10:24:22
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠲᠠᠪᠤᠨᠲᠠ ᠥᠭᠦᠯᠡᠬᠦ᠌ ᠨᠢ


ᠨᠢᠭᠡ ᠬᠤᠪᠢ᠎ᠶ᠋ᠢᠨ ᠪᠠᠢᠷᠢᠯᠠᠭᠤᠯᠤᠯᠲᠠ᠂ ᠶᠢᠰᠦᠨ ᠬᠤᠪᠢ ᠵᠢᠨ ᠨᠠᠢᠳᠠᠪᠤᠷᠢᠵᠢᠭᠤᠯᠤᠯᠲᠠ ᠭᠡᠳᠡᠭ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ᠎ᠡᠴᠡ ᠢᠷᠡᠭᠡᠳᠦᠢ᠎ᠶ᠋ᠢᠨ ᠲᠠᠪᠤᠨ ᠵᠢᠯ᠎ᠦᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠵᠢᠷᠤᠭ ᠲᠦᠰᠦᠪ ᠢ᠋ ᠵᠢᠷᠤᠭ᠍ᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌ ᠳᠠᠢ᠌ᠴᠢᠯᠠᠯᠳᠠ᠎ᠶ᠋ᠢᠨ ᠵᠠᠷᠯᠢᠭ᠎ᠢ ᠪᠠᠭᠤᠯᠭᠠᠪᠠ᠃ ᠵᠢᠷᠤᠭ ᠲᠥᠰᠦᠪ᠎ᠢ ᠵᠢᠷᠤᠭ᠍ᠯᠠᠵᠤ᠂ ᠬᠠᠷᠢᠭᠤᠴᠠᠯᠭ᠎ᠠ ᠡᠬᠦᠷᠭᠡᠯᠡᠨ ᠠᠶᠠᠨ ᠳ᠋ᠠᠭᠠᠨ ᠮᠤᠷᠳᠠᠨ᠎ᠠ᠂ ᠣᠳᠣᠬᠠᠨ᠎ᠤ ᠬᠠᠮᠤᠭ᠎ᠤᠨ ᠴᠢᠬᠤᠯᠠ ᠡᠭᠦᠷᠭᠡ ᠪᠣᠯ ᠬᠠᠨᠴᠤᠢ ᠱᠢᠮᠠᠯᠠᠨ ᠴᠢᠷᠮᠠᠢᠨ ᠠᠵᠢᠯᠯᠠᠵᠤ᠂ ᠪᠦᠬᠦᠳᠠ ᠬᠤᠷᠠᠯ᠎ᠡᠴᠡ ᠲᠣᠭ᠍ᠲᠠᠭᠠᠭ᠍ᠰᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠠᠪᠤᠳᠠᠯ ᠪᠣᠯᠤᠨ᠎ᠠ᠃

ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠵᠠᠩᠭᠢᠯᠠᠭ᠎ᠠ ᠨᠢ ᠨᠠᠮ᠎ᠳᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠪᠢᠳᠡ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠨᠠᠮ ᠎ᠤᠨ ᠥᠪᠡᠷ ᠪᠡᠶ᠎ᠡ ᠵᠢᠨ ᠬᠤᠪᠢᠰᠭᠠᠯ ᠬᠢᠬᠦ᠌ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ ᠎ᠶ᠋ᠢ ᠪᠤᠢ ᠪᠣᠯᠭᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ ᠬᠡᠷᠡᠭ᠌ᠲᠡᠢ᠃ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠺᠠᠳ᠋ᠷ ᠎ᠤᠨ ᠡᠩᠨᠡᠭᠡ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠤᠭᠴᠠᠯᠠᠯᠳᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠂ ᠨᠠᠮ᠎ᠤᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ 》  ᠤ᠋ᠨ ᠲᠥᠯᠥᠪᠵᠢᠭᠦᠯᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃

ᠪᠣᠳᠠᠲᠠᠢ ᠠᠵᠢᠯᠯᠠᠬᠤ ᠪᠣᠯ ᠬᠠᠮᠤᠭ᠎ᠤᠨ ᠰᠠᠢ᠌ᠨ ᠬᠠᠷᠢᠭᠤᠴᠠᠯᠭ᠎ᠠ ᠡᠭᠦᠷᠭᠡᠯᠡᠯ ᠮᠥᠨ᠂ ᠨᠠᠢᠳᠠᠪᠤᠷᠢᠵᠢᠭᠤᠯᠤᠯᠲᠠ ᠪᠣᠯ ᠬᠠᠮᠤᠭ᠎ᠤᠨ ᠰᠠᠢ᠌ᠨ ᠭᠠᠷᠤᠭ᠎ᠠ ᠮᠥᠨ᠃ ᠣᠷᠣᠨ ᠳᠠᠶᠠᠭᠠᠷ᠎ᠢᠶᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ᠎ᠪᠡᠨ ᠪᠣᠯᠭᠠᠵᠤ᠂ ᠦᠨᠡᠨ ᠬᠦ᠌ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠥᠷᠭᠡᠨ ᠎ᠢᠶᠡᠷ ᠤᠬᠠᠭᠤᠯᠤᠨ ᠲᠠᠢᠯᠪᠤᠷᠢᠯᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ᠃ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠡᠵᠡᠮᠳᠡᠨ ᠴᠥᠬᠥᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠪᠦᠬᠦ᠌ ᠬᠦᠴᠦᠨ᠎ᠢᠶᠡᠷ᠎ᠢᠶᠡᠨ ᠳᠠᠪᠠᠭᠤᠯᠢᠭ᠎ᠢᠶᠠᠨ  ᠪᠡᠬᠢᠵᠢᠭᠦᠯᠦᠨ ᠥᠷᠭᠡᠳᠭᠡᠵᠦ᠍᠂ ᠪᠣᠭᠣᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠨ ᠬᠦᠴᠦᠷᠬᠡᠭ᠌ᠵᠢᠭᠦᠯᠵᠦ᠍᠂ ᠬᠥᠭ᠌ᠵᠢᠯᠲᠡ᠎ᠶ᠋ᠢᠨ ᠦᠷ᠎ᠡ ᠠᠱᠢᠭ ᠪᠣᠯᠤᠨ ᠬᠥᠮᠦᠨ ᠳᠤᠮᠳᠠᠴᠢ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠪᠡᠷ ᠬᠦᠴᠦᠯᠡᠬᠦ᠌ ᠭᠣᠣᠯᠳᠠᠯᠭ᠎ᠠ ᠪᠣᠯᠭᠠᠵᠤ᠂ ᠬᠥᠭ᠌ᠵᠢᠯᠲᠡ᠎ᠶ᠋ᠢᠨ ᠶᠠᠰᠤ ᠴᠢᠨᠠᠷ᠂  ᠬᠥᠭ᠌ᠵᠢᠯᠲᠡ᠎ᠶ᠋ᠢᠨ ᠤᠶᠠᠨ ᠬᠠᠳᠠᠨ ᠴᠢᠨᠠᠷ᠎ᠢ ᠨᠡᠩ ᠴᠢᠬᠤᠯᠠᠴᠢᠯᠠᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠪᠣᠯᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠨᠡᠩ ᠴᠢᠬᠤᠯᠠᠴᠢᠯᠠᠬᠤ ᠬᠡᠷᠡᠭ᠌ᠲᠡᠢ᠃ ᠰᠠᠢ᠌ᠨ ᠰᠤᠷᠲᠠᠯ ᠪᠣᠯ ᠲᠠᠢ᠌ᠴᠢᠨ ᠬᠦᠴᠦᠨ᠂ ᠪᠠᠰᠠ ᠴᠤ᠌ ᠠᠬᠢᠭᠤᠯᠬᠤ ᠬᠦᠴᠦᠨ᠂ ᠨᠡᠩ ᠴᠤ᠌ ᠨᠢᠭ᠍ᠲᠠᠷᠠᠭᠤᠯᠬᠤ ᠬᠦᠴᠦᠨ ᠮᠥᠨ᠃ ᠱᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠯᠭ᠎ᠠ ᠵᠢ ᠶᠡᠬᠡ ᠪᠡᠷ ᠡᠷᠬᠢᠮᠯᠡᠬᠦ᠌᠂ ᠭᠦᠨᠵᠡᠭᠡᠶ ᠪᠠᠢᠴᠠᠭᠠᠨ ᠰᠤᠳᠤᠯᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ᠂ ᠠᠷᠢᠭᠤᠨ ᠴᠢᠬᠡᠴᠢ ᠪᠠᠢᠬᠤ᠎ᠶ᠋ᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ᠎ᠪᠠᠷ ᠰᠠᠢᠨ ᠰᠠᠢᠬᠠᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠪᠦᠷᠢᠯᠳᠦᠭᠦᠯᠬᠦ᠌ ᠵᠢ ᠬᠦᠳᠦᠯᠦᠨ ᠳᠠᠭᠠᠭᠤᠯᠬᠤ ᠬᠡᠷᠡᠭ᠌ᠲᠡᠶ᠃

ᠬᠡᠳᠦᠢ ᠶᠡᠬᠡ ᠬᠠᠷᠢᠭᠤᠴᠠᠯᠭ᠎ᠠ ᠡᠭᠦᠷᠭᠡᠯᠡᠯ ᠪᠠᠢᠪᠠᠯ ᠲᠡᠳᠦᠢ ᠶᠡᠬᠡ ᠦᠢᠯᠡᠰ᠎ᠢ ᠪᠦᠲᠦᠭᠡᠵᠦ᠍ ᠴᠢᠳᠠᠨ᠎ᠠ᠂ ᠬᠡᠳᠦᠢ ᠶᠡᠬᠡ ᠬᠠᠷᠢᠭᠤᠴᠠᠯᠭ᠎ᠠ ᠲᠠᠢ ᠪᠤᠯ ᠲᠡᠳᠦᠢ ᠶᠡᠬᠡ ᠠᠮᠵᠢᠯᠲᠠ ᠣᠯᠵᠤ ᠴᠢᠳᠠᠨ᠎ᠠ᠃ ᠥᠪᠥᠷ ᠮᠣᠩᠭᠣᠯ᠎ᠤᠨ ᠥᠨᠥᠳᠦᠷ᠎ᠢ ᠪᠤᠯ ᠪᠦᠬᠦ᠌ ᠣᠷᠣᠨ ᠎ᠤ ᠦᠨᠳᠦᠰᠦᠲᠡᠨ᠎ᠨᠦᠭᠦᠳ ᠎ᠦᠨ ᠺᠠᠳ᠋ᠷ ᠤᠯᠠᠨ ᠲᠦᠮᠡᠨ ᠪᠤᠤᠬᠢᠶ᠎ᠡ ᠳᠠᠮᠵᠢᠭᠤᠯᠤᠨ ᠲᠡᠮᠡᠴᠡᠵᠦ᠍ ᠪᠠᠢᠭᠠᠳ ᠣᠯᠤᠭ᠍ᠰᠠᠨ ᠶᠤᠮ᠂ ᠥᠪᠥᠷ ᠮᠣᠩᠭᠣᠯ᠎ᠤᠨ ᠮᠠᠷᠭᠠᠰᠢ ᠵᠢ ᠨᠡᠩ ᠴᠤ᠌ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠎ᠳᠦ ᠲᠦᠱᠢᠭ᠌ᠯᠡᠨ ᠡᠷᠡᠯᠬᠡᠭ᠌ᠯᠡᠨ ᠲᠡᠮᠡᠴᠡᠵᠦ᠍ ᠡᠭᠦᠳᠦᠨ ᠨᠡᠭᠡᠭᠡᠨ᠎ᠠ᠃ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠨᠢᠳᠦᠨ ᠳ᠋ᠤ ᠦᠵᠡᠭᠳᠡᠮ᠎ᠡ ᠰᠡᠳᠭᠢᠯ ᠳ᠋ᠤ ᠰᠠᠭᠤᠭᠳᠠᠮ᠎ᠠ ᠭᠠᠷ ᠲᠤ᠌ ᠪᠠᠷᠢᠭᠳᠠᠮ᠎ᠠ ᠠᠬᠢᠭᠤᠯᠵᠤ᠂ ᠦᠷᠭᠦᠯᠵᠢᠯᠡᠨ ᠬᠦᠴᠦᠯᠡᠵᠦ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠂ ᠡᠭᠦᠷᠭᠡ ᠬᠠᠷᠢᠭᠤᠴᠠᠯᠭ᠎ᠠ ᠵᠢ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠵᠤ ᠨᠠᠢᠳᠠᠪᠤᠷᠢᠵᠢᠭᠤᠯᠬᠤ ᠴᠤ᠌ ᠲᠡᠷᠡ᠂ ᠴᠢᠨᠠᠷ ᠰᠠᠢᠲᠠᠢ ᠬᠥᠭ᠌ᠵᠢᠯᠲᠡ ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠎ᠢ ᠲᠦᠷᠭᠡᠳᠭᠡᠨ ᠪᠠᠢᠭᠤᠯᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠴᠢᠨᠠᠷ ᠰᠠᠢᠲᠠᠢ ᠬᠥᠭ᠌ᠵᠢᠯᠲᠡ᠎ᠲᠡᠶ ᠵᠣᠬᠢᠴᠠᠭ᠍ᠰᠠᠨ ᠲᠦᠷᠢᠮ᠎ᠦᠨ ᠱᠢᠰᠲ᠋ᠧᠮ᠎ᠢ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠩ ᠥᠨᠳᠥᠷ ᠲᠦᠪᠱᠢᠨ᠎ᠳᠦ ᠬᠦᠷᠭᠡᠬᠦ᠌᠎ᠶ᠋ᠢ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠴᠠᠭ ᠲᠤᠬᠠᠢ᠎ᠳᠤᠨᠢ ᠪᠦᠲᠦᠮᠵᠢᠲᠡᠢ ᠱᠢᠢᠳᠪᠦᠷᠢᠯᠡᠵᠦ᠍᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠢ ᠠᠮᠤᠷ ᠲᠣᠭ᠍ᠲᠠᠭᠤᠨ ᠪᠠᠢᠬᠤ᠎ᠶ᠋ᠢ ᠪᠠᠲᠤᠯᠠᠬᠤ ᠴᠤ᠌ ᠲᠡᠷᠡ᠂ ᠴᠦᠮ《ᠠᠵᠢᠯᠯᠠᠬᠤ》ᠶ᠋ᠢ ᠲᠡᠷᠢᠭᠦᠨ᠎ᠳᠦ ᠲᠠᠯᠪᠢᠵᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠬᠤᠯᠠᠴᠢᠯᠠᠬᠤ ᠬᠡᠷᠡᠭ᠌ᠲᠡᠢ᠃ ᠣᠷᠣᠨ ᠳᠠᠶᠠᠭᠠᠷ᠎ᠢᠶᠠᠨ ᠬᠠᠷᠢᠭᠤᠴᠠᠯᠭ᠎ᠠ᠎ᠪᠠᠨ ᠮᠡᠳᠡᠵᠦ᠍᠂ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠬᠠᠷᠢᠭᠤᠴᠠᠯᠭ᠎ᠠ ᠎ᠪᠠᠨ ᠭᠦᠢᠴᠡᠳᠭᠡᠵᠦ᠍᠂ ᠵᠣᠷᠢᠭ᠍ᠲᠠᠢ ᠡᠭᠦᠷᠭᠡᠯᠡᠬᠦ᠌ ᠳᠦᠷᠢ ᠲᠥᠷᠬᠦ᠌᠎ᠪᠡᠷ᠂ ᠲᠡᠷᠢᠭᠦᠨ ᠤ᠋ ᠪᠤᠯᠬᠤ ᠤᠪᠤᠷ ᠵᠢᠡᠷ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭ᠌ᠲᠡᠢ᠃

ᠡᠭᠦᠷᠭᠡ ᠬᠦᠨᠳᠦ ᠵᠠᠮ ᠬᠤᠯᠠ ᠬᠦᠴᠢᠷ ᠪᠡᠷᠬᠡ ᠤᠯᠠᠨᠳᠠᠢ᠂ ᠲᠦᠷᠦᠭᠡ ᠴᠢᠨᠭᠭᠠᠯᠠᠨ ᠵᠤᠷᠢᠭ ᠵᠢᠡᠨ ᠬᠦᠪᠴᠢᠯᠡᠵᠦ ᠮᠡᠷᠡᠢᠨ ᠲᠡᠮᠡᠴᠡᠬᠦ ᠬᠡᠷᠡᠭᠳᠡᠢ᠃ ᠪᠢᠳᠡ ᠨᠠᠩ ᠴᠣᠭ ᠪᠠᠳᠠᠷᠠᠩᠭᠤᠶ ᠲᠡᠮᠡᠴᠡᠯ᠎ᠦᠨ ᠵᠣᠷᠢᠭ᠂ ᠨᠠᠩ ᠪᠣᠳᠠᠲᠠᠶ ᠎ᠶ᠋ᠢ ᠡᠷᠬᠢᠮᠯᠡᠬᠦ᠌ ᠰᠤᠷᠲᠠᠯ᠎ᠢᠶᠠᠷ ᠰᠡᠳᠭᠢᠯ᠎ᠢᠶᠡᠨ ᠨᠢᠭᠡᠳᠭᠡᠨ ᠬᠦᠴᠦ᠍ ᠎ᠪᠡᠨ ᠬᠠᠮᠲᠤᠳᠭᠠᠵᠤ᠂ ᠬᠦᠴᠢᠷ ᠎ᠢ ᠳᠤᠭᠤᠯᠤᠨ ᠪᠡᠷᠬᠡ᠎ᠶ᠋ᠢ ᠳᠠᠪᠠᠵᠤ᠂ ᠮᠠᠨ᠎ᠤ ᠣᠷᠣᠨ᠎ᠤ ᠡᠯ᠎ᠡ ᠵᠦᠶ᠋ᠯ ᠎ᠦᠨ ᠠᠵᠢᠯ ᠦᠶ᠋ᠯᠡᠰ ᠎ᠢ ᠠᠬᠢᠭᠤᠯᠤᠨ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠥᠬᠡᠶ ᠪᠢᠴᠢᠭ᠌ᠯᠡᠰᠤᠭᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号