ᠪᠦᠯᠬᠦᠮᠳᠡᠨ ᠲᠡᠮᠡᠴᠡᠵᠦ᠍ ᠱᠢᠨ᠎ᠡ ᠵᠠᠮ᠎ᠨᠡᠭᠡᠭᠡᠵᠦ᠍ ᠡᠷᠡᠮᠡᠭᠡᠢᠯᠡᠨ ᠴᠢᠷᠮᠠᠢᠵᠤ ᠳᠤᠮᠳᠠ ᠲᠦᠪᠰᠢᠨ ᠳ᠋ᠤ ᠤᠷᠤᠨ᠎ᠠ
2025-11-20 09:48:25
ᠵᠣᠬᠢᠶᠠᠭ᠍ᠴᠢ᠄
ᠭᠤᠤ ᠮᠢᠨ ᠨᠠ ᠱᠢᠤᠸᠠᠢ ᠢ ᠴᠢᠶᠦ᠋ᠨ ᠬᠠᠢ ᠵᠢᠶᠦ᠋ᠨ ᠪᠤᠶᠠᠠᠠᠨᠡᠷᠢᠯ ᠪᠦᠸᠸ ᠵᠢᠨ ᠹᠸᠩ ᠲᠡᠬᠦᠰᠪᠢᠯᠢᠭ ᠯᠢᠦ ᠬᠣᠩ ᠵᠠᠩ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠪᠥᠬᠥ᠌ ᠣᠷᠣᠨ᠎ᠤ ᠡᠯ᠎ᠡ ᠭᠠᠵᠠᠷ᠎ᠲᠤ ᠴᠢᠨᠭᠭ᠎ᠠ ᠲᠤᠰᠭᠠᠯ ᠭᠠᠷᠪᠠ


11 ᠰᠠᠷ᠎ᠠ᠎ᠶ᠋ᠢᠨ 13  ᠡᠴᠡ 14 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠤᠷᠢᠶ᠎ᠡ ᠵᠢᠨ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥᠳᠡ ᠬᠤᠷᠠᠯ᠎ᠡᠴᠡ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ᠎ᠶ᠋ᠢ ᠳᠤᠷᠠᠳᠤᠭ᠍ᠰᠠᠨ ᠪᠥᠭᠡᠳ ᠴᠢᠬᠤᠯᠠ ᠪᠠᠢᠷᠢᠯᠠᠭᠤᠯᠤᠯᠲᠠ ᠬᠢᠵᠦ᠍᠂ ᠪᠥᠬᠥ᠌ ᠣᠷᠣᠨ᠎ᠤ ᠡᠯ᠎ᠡ ᠭᠠᠵᠠᠷ᠎ᠲᠤ ᠴᠢᠩᠭ᠎ᠠ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠬᠠᠷᠠᠯᠲᠠ᠎ᠪᠠᠨ ᠡᠵᠡᠮᠳᠡᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ ᠭᠡᠵᠦ᠍ ᠢᠯᠡᠳᠭᠡᠵᠡᠭᠡᠪᠡ᠃

《 ᠬᠤᠷᠠᠯ ᠎ᠡᠴᠡ 〈ᠡᠨᠧᠷᠭᠢ᠎ᠶ᠋ᠢᠨ ᠬᠤᠪᠢᠰᠭᠠᠯ᠎ᠢ ᠭᠦᠨᠵᠡᠭᠡᠢ ᠠᠬᠢᠭᠤᠯᠤᠨ᠎ᠠ〉 ᠂ 〈ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠳᠤ᠂ ᠠᠮᠤᠷ ᠲᠦᠪᠱᠢᠨ ᠥᠨᠳᠥᠷ ᠪᠦᠲᠦᠮᠵᠢᠲᠡᠢ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲᠸᠮ᠎ᠢ ᠪᠠᠢᠭᠤᠯᠤᠨ᠎ᠠ 〉᠂ 〈ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ〉 ᠭᠡᠵᠦ᠍ ᠳᠤᠷᠠᠳᠴᠠᠢ᠃ ᠡᠳᠡᠭᠡᠷ ᠱᠠᠭᠠᠷᠳᠠᠯᠭ᠎ᠠ ᠨᠢ ᠬᠢᠩᠭᠠᠨ ᠠᠢᠮᠠᠭ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠳᠡ᠎ᠶ᠋ᠢᠨ ᠲᠣᠭᠣᠷᠢᠭ᠎ᠤᠨ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ ᠪᠠᠢᠭ᠎ᠠ ᠪᠣᠬᠢᠷᠲᠤᠯ ᠦᠭᠡᠢ ᠡᠨᠧᠷᠭᠢ᠎ᠶ᠋ᠢᠨ ᠠᠵᠤ ᠦᠢᠯᠡᠰ ᠎ᠦᠨ ᠲᠦᠷᠦᠯ ᠵᠦᠢᠯ᠎ᠲᠡᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠨ᠎ᠠ᠃  ᠣᠳᠣᠬᠠᠨ ᠎ᠳᠤ ᠬᠢᠩᠭᠠᠨ ᠠᠢᠮᠠᠭ᠎ᠤᠨ ᠵᠢᠨ ᠹᠸᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠯᠬᠢᠨ ᠬᠦᠴᠦᠨ ᠎ᠦ  ᠴᠠᠬᠢᠯᠭᠠᠨ᠎ᠤ ᠤᠰᠤᠲᠥ᠋ᠷᠥᠭ᠌ᠴᠢ ᠦᠢᠯᠡᠳᠬᠦ (ᠬᠣᠶᠠᠳᠤᠭᠠᠷ ᠬᠤᠭᠤᠴᠠᠭ᠎ᠠ ) ᠲᠥᠷᠥᠯ ᠵᠦᠶ᠋ᠯ ᠵᠢᠩᠬᠢᠨᠢ ᠎ᠪᠡᠷ ᠳᠠᠩᠰᠠᠯᠠᠬᠳᠠᠪᠠ᠂ ᠲᠣᠰ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠰᠠᠯᠬᠢᠨ ᠬᠦᠴᠦᠨ᠎ᠦ ᠴᠠᠬᠢᠯᠭᠠᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ ᠬᠤᠪᠢᠷᠠᠭᠤᠯᠬᠤ ᠵᠢ ᠪᠡᠶᠡᠯᠡᠭᠦᠯᠵᠦ᠍᠂ ᠣᠷᠣᠨ ᠪᠦᠰᠡ᠎ᠶ᠋ᠢᠨ ᠪᠤᠬᠢᠷᠳᠤᠯ ᠦᠭᠡᠢ ᠤᠰᠤᠲᠥ᠋ᠷᠥᠭ᠌ᠴᠢ᠎ᠶ᠋ᠢᠨ ᠬᠠᠩᠭᠠᠯᠭ᠎ᠠ᠎ᠳᠤ ᠪᠠᠲᠤ ᠴᠢᠨᠭᠭ᠎ᠠ ᠪᠠᠲᠤᠯᠠᠭ᠎ᠠ ᠬᠠᠩᠭᠠᠬᠤ ᠪᠣᠯᠤᠨ᠎ᠠ᠃ ᠲᠦᠷᠦᠭᠦᠬᠡᠨ ᠨᠢᠭᠡᠳᠤᠭᠡᠷ ᠬᠤᠭᠤᠴᠠᠭᠠᠨ ᠎ᠤ ᠮᠡᠷᠭᠡᠵᠢᠯ ᠨᠢ ᠱᠢᠯᠭᠠᠨ ᠪᠠᠲᠤᠯᠠᠭᠳᠠᠭᠰᠠᠨ ᠵᠢᠨ ᠹᠧᠩ ᠪᠤᠬᠢᠷᠳᠤᠯ ᠦᠭᠡᠢ ᠡᠨ᠋ᠸᠷᠬᠢ ᠵᠢᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠪᠣᠬᠢᠷᠲᠤᠯ ᠦᠭᠡᠢ ᠮᠧᠲ᠋ᠢᠯ ᠠᠯᠺᠣᠣᠯ᠎ᠤᠨ ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ᠎ᠳᠤ ᠲᠤᠢᠯ᠎ᠤᠨ ᠦᠨ᠎ᠡ ᠦᠷᠳᠡᠭ᠎ᠲᠡᠶ ᠬᠢᠩᠭᠠᠨ ᠎ᠤ ᠦᠯᠢᠭᠡᠷ ᠬᠡᠪ᠎ᠢ ᠬᠠᠩᠭᠠᠵᠠᠢ᠃ ᠪᠢᠳᠡ 〈 ᠠᠷᠪᠡᠨ ᠲᠠᠪᠤᠳᠤᠭᠠᠷ ᠲᠠᠪᠤᠨ ᠵᠢᠯ 〉 ᠤ᠋ᠨ ᠵᠠᠩᠭᠢᠯᠠᠭ᠎ᠠ᠎ᠶ᠋ᠢᠨ ᠬᠤᠭᠤᠴᠠᠭ᠎ᠠ᠎ᠶ᠋ᠢ ᠴᠢᠩᠭ᠎ᠠ ᠠᠳᠭᠤᠵᠤ᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠠ ᠪᠠᠢᠯᠳᠤᠬᠤ ᠪᠣᠳᠣᠯᠭ᠎ᠠ ᠎ᠶ᠋ᠢᠨ ᠡᠬᠢ ᠪᠠᠶᠠᠯᠢᠭ ᠎ᠢ ᠭᠦᠨᠵᠡᠭᠡᠶ ᠬᠤᠪᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠢᠨ ᠹᠧᠩ ᠲᠥᠷᠥᠯ ᠵᠦᠶ᠋ᠯ ᠎ᠢᠶᠡᠷ ᠲᠠᠭᠠᠭᠤᠯᠤᠬᠴᠢ ᠪᠣᠯᠭᠠᠭ᠍ᠰᠠᠨ ᠪᠣᠬᠢᠷᠲᠤᠯ ᠥᠬᠡᠶ ᠡᠨᠧᠷᠭᠢ᠎ᠶ᠋ᠢᠨ ᠠᠵᠤ ᠦᠶ᠋ᠯᠡᠰ᠎ᠦᠨ ᠪᠦᠯᠦᠭᠵᠢᠯ ᠤ᠋ᠨ ᠬᠥᠭ᠌ᠵᠢᠬᠦ᠌᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠎ᠤ〈ᠬᠣᠶᠠᠷ ᠰᠠᠭᠤᠷᠢᠨ〉 ᠢ᠋ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》ᠭᠡᠵᠤ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠤᠭᠤᠷᠢᠭ ᠤ᠋ᠨ ᠨᠠᠮ ᠎ᠤᠨ ᠠᠵᠢᠯᠯᠠᠬᠤ ᠬᠣᠷᠢᠶ᠎ᠠ᠎ᠶ᠋ᠢᠨ ᠳᠡᠳ᠋ ᠱᠦᠵᠢ᠂ ᠬᠠᠮᠢᠶᠠᠷᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠭᠤᠤ ᠲᠢᠶᠠᠨ ᠢᠦᠶ ᠢᠯᠡᠳᠭᠡᠪᠡ᠃

ᠪᠥᠬᠥᠳᠡ ᠬᠤᠷᠠᠯ ᠎ᠡᠴᠡ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠌᠂ ᠤᠯᠤᠰ᠎ᠤᠨ ᠴᠢᠬᠤᠯᠠ ᠮᠠᠯ ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ ᠎ᠶ᠋ᠢᠨ ᠲᠣᠭᠣᠷᠢᠨ᠎ᠳᠤ ᠨᠠᠷᠢᠯᠢᠭ ᠣᠨᠣᠪᠴᠢᠲᠠᠶ ᠱᠢᠰᠲ᠋ᠧᠮ᠎ᠲᠡᠶ ᠠᠵᠢᠯ᠎ᠤᠨ ᠪᠠᠢᠷᠢᠯᠠᠭᠤᠯᠤᠯᠲᠠ ᠬᠢᠵᠦ᠍᠂ ᠪᠥᠬᠥ᠌ ᠣᠷᠣᠨ ᠎ᠤ ᠮᠠᠯ ᠠᠵᠤ ᠠᠬᠤᠶ ᠲᠠᠷᠢᠶᠠᠯᠠᠩ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠶ ᠵᠢᠭᠠᠵᠤ᠂ ᠵᠢᠷᠤᠮᠯᠠᠯ ᠬᠠᠩᠭᠠᠵᠠᠶ᠃ ᠡᠨᠡ᠎ᠨᠢ ᠲᠦᠩᠯᠢᠶᠣᠤ ᠬᠣᠲᠠ ᠎ᠶ᠋ᠢᠨ ᠺᠠᠢᠯᠦ᠍ ᠱᠢᠶᠠᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠤᠷᠤᠨ ᠎ᠤ ᠲᠣᠪᠴᠢᠶ᠎ᠠ᠎ᠶ᠋ᠢᠨ ᠳᠡᠳ᠋ ᠳᠠᠷᠤᠭ᠎ᠠ ᠰᠥᠩ ᠶᠠᠨ᠎ᠢ ᠮᠠᠰᠢ ᠤᠷᠮᠠᠱᠢᠭᠤᠯᠪᠠ᠃ ᠲᠡᠷᠡ᠂ ᠲᠤᠬᠠᠶ᠎ᠶ᠋ᠢᠨ ᠭᠠᠵᠠᠷ᠎ᠤᠨ᠎ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ 2030 ᠣᠨ ᠪᠣᠯᠬᠤ᠎ᠳᠤ ᠡᠭᠦᠷᠢᠳᠡ᠎ᠶ᠋ᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠢᠭᠤᠯᠬᠤ᠎ᠪᠠᠷ ᠴᠢᠷᠮᠠᠢᠵᠤ᠂ ᠲᠠᠷᠢᠶᠠᠯᠠᠩ᠎ᠤᠨ ᠦᠷ᠎ᠡ ᠠᠱᠢᠭ᠎ᠢ ᠨᠡᠮᠡᠭ᠌ᠳᠡᠭᠦᠯᠬᠦ᠌᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭ᠌ᠭᠦᠨ᠎ᠡ ᠭᠡᠵᠦ᠍ ᠢᠯᠡᠳᠭᠡᠪᠡ᠃

ᠤᠯᠠᠭᠠᠨᠴᠠᠪ ᠬᠤᠳᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠠᠢ ᠱᠠᠩ ᠾᠦᠸᠸ ᠯᠢ ᠲᠠᠷᠢᠵᠤ ᠲᠡᠵᠢᠭᠡᠬᠦ᠌ ᠲᠤᠰᠭᠠᠢ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠶᠠᠩ ᠯᠢ᠄《ᠪᠦᠬᠦᠳᠡ ᠬᠤᠷᠠᠯ᠎ᠡᠴᠡ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠌ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠮᠠᠨ᠎ᠤ ᠦᠨᠳᠦᠰᠦᠨ ᠱᠠᠲᠤᠨ᠎ᠤ ᠲᠠᠷᠢᠶᠠᠯᠠᠩ᠎ᠤᠨ ᠦᠢᠯᠡᠰ᠎ᠤᠨ ᠠᠵᠢᠯᠲᠠᠳ᠎ᠲᠤ ᠢᠲᠡᠭᠡᠯ ᠵᠣᠷᠢᠭ ᠣᠯᠭᠣᠪᠠ᠃ ᠪᠥᠬᠥᠳᠡ ᠬᠤᠷᠠᠯ᠎ᠡᠴᠡ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠳᠤᠷᠠᠳᠴᠤ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠪᠣᠬᠢᠷᠲᠤᠯ ᠥᠬᠡᠶ᠂ ᠶᠠᠰᠤ ᠴᠢᠨᠠᠷ ᠲᠠᠢ᠂ ᠲᠦᠷᠦᠯ ᠲᠡᠮᠳᠡᠭ᠌ᠲᠦ ᠮᠠᠯ ᠠᠵᠤ ᠠᠬᠤᠶ ᠲᠠᠷᠢᠶᠠᠯᠠᠩ᠎ᠢ ᠨᠢᠭᠡᠳᠦᠯᠲᠡᠶ ᠲᠥᠯᠥᠪᠵᠢᠭᠦᠯᠦᠨ ᠬᠥᠭ᠌ᠵᠢᠭᠦᠯᠬᠦ᠌᠎ᠶ᠋ᠢ ᠴᠢᠬᠤᠯᠠᠴᠢᠯᠠᠪᠠ᠃   

ᠡᠨᠡ᠎ᠨᠢ ᠮᠠᠨ᠎ᠤ ᠬᠣᠷᠱᠢᠶ᠎ᠠ᠎ᠶ᠋ᠢᠨ ᠣᠯᠠᠨ ᠵᠢᠯ᠎ᠦᠨ ᠲᠤᠷᠰᠢ ᠬᠠᠢᠨ ᠰᠦᠪᠡᠭ᠌ᠴᠢᠯᠡᠭ᠌ᠰᠡᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠠᠷᠭ᠎ᠠ ᠵᠠᠮ᠎ᠲᠠᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠨ᠎ᠠ᠃ ᠪᠢᠳᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂〈ᠰᠠᠢ ᠱᠠᠩ ᠾᠦᠸᠸ ᠯᠢ〉ᠲᠥᠷᠥᠯ ᠲᠡᠮᠳᠡᠭ᠎ᠦᠨ ᠪᠥᠲᠥᠭᠡᠨ ᠪᠠᠢᠭᠤᠯᠤᠯᠲᠠ᠎ᠪᠠᠷ ᠭᠠᠷᠳᠡᠴᠡ ᠪᠣᠯᠭᠠᠵᠤ᠂ ᠪᠣᠭᠣᠮᠲᠠ᠎ᠶ᠋ᠢᠨ ᠭᠠᠳᠠᠨᠠᠬᠢ ᠴᠠᠰᠤᠨ ᠤᠳᠪᠠᠯᠠ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠠᠷ᠎ᠠ ᠪᠣᠭᠣᠳᠠᠶ᠎ᠶ᠋ᠢᠨ ᠭᠤᠯᠢᠷ ᠵᠡᠷᠭᠡ ᠤᠨᠴᠠᠯᠢᠬ᠍ᠳᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠬᠦ᠌ ᠪᠣᠯᠤᠨ᠎ᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠳᠡᠭᠡᠳᠦ ᠰᠤᠷᠭᠠᠭᠤᠯᠢ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠠᠵᠤ ᠦᠶ᠋ᠯᠡᠰ᠎ᠦᠨ ᠬᠡᠯᠬᠢᠶ᠎ᠠ᠎ᠶ᠋ᠢ ᠡᠷᠡᠭᠦᠯᠵᠢᠯ᠎ᠦᠨ ᠪᠦᠳᠦᠭᠡᠭᠳᠡᠬᠦᠨ ᠎ᠤ ᠬᠦᠷᠢᠶ᠎ᠡ ᠴᠠᠷᠠᠭ᠎ᠠ ᠳᠡᠢᠰᠢ ᠤᠷᠲᠤᠳᠭᠠᠬᠤ᠎ᠶ᠋ᠢ ᠠᠬᠢᠭᠤᠯᠤᠨ᠎ᠠ᠃ ᠡᠭᠦᠨ᠎ᠦ ᠬᠠᠮᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠣᠨᠴᠠ ᠲᠣᠮᠢᠯᠠᠭ᠍ᠳᠠᠭ᠍ᠴᠢ᠎ᠶ᠋ᠢᠨ ᠠᠵᠢᠯ᠎ᠤᠨ ᠥᠷᠲᠡᠭᠡ᠎ᠳᠦ ᠲᠦᠱᠢᠭ᠌ᠯᠡᠨ ᠪᠣᠬᠢᠷᠲᠤᠯ ᠥᠬᠡᠶ ᠣᠷᠭᠠᠨᠢᠭ ᠲᠠᠷᠢᠮᠠᠯ᠎ᠤᠨ ᠮᠡᠷᠭᠡᠵᠢᠯ ᠎ᠢ ᠳᠡᠯᠭᠡᠷᠡᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠨᠠᠩ ᠣᠯᠠᠨ ᠲᠠᠷᠢᠶᠠᠴᠢᠨ ᠡᠷᠦᠬᠡ᠎ᠶ᠋ᠢ ᠳᠠᠢᠴᠢᠯᠠᠨ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠬᠥᠭ᠌ᠵᠢᠭᠦᠯᠵᠦ᠍᠂ ᠭᠠᠷᠤᠯᠲᠠ᠎ᠪᠠᠨ ᠨᠡᠮᠡᠭ᠌ᠳᠡᠭᠦᠯᠵᠦ᠍ ᠣᠷᠣᠯᠭ᠎ᠠ᠎ᠪᠠᠨ ᠨᠡᠮᠡᠭ᠌ᠳᠡᠭᠦᠯᠬᠦ᠌ ᠪᠠ ᠠᠮᠢ ᠠᠬᠤᠶ᠎ᠶ᠋ᠢ ᠬᠠᠮᠠᠭᠠᠯᠠᠬᠤ ᠬᠤᠤᠰ ᠠᠮᠵᠢᠯᠲᠠ᠎ᠶ᠋ᠢ ᠪᠡᠶᠡᠯᠡᠭᠦᠯᠵᠦ᠍᠂ ᠮᠠᠯ ᠠᠵᠤ ᠠᠬᠤᠶ ᠲᠠᠷᠢᠶᠠᠯᠠᠩ᠎ᠤᠨ ᠬᠦᠴᠦᠷᠬᠡᠭ ᠣᠷᠣᠨ ᠪᠠ ᠠᠵᠢᠯᠯᠠᠵᠤ ᠠᠮᠢᠳᠤᠷᠠᠬᠤ᠎ᠳᠤ ᠲᠣᠬᠢᠲᠠᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ᠎ᠳᠤ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ》ᠭᠡᠵᠦ᠍ ᠬᠡᠯᠡᠪᠡ᠃

《ᠪᠥᠬᠥᠳᠡ ᠬᠤᠷᠠᠯ᠎ᠡᠴᠡ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ ᠭᠡᠵᠦ᠍ ᠳᠤᠷᠠᠳᠴᠠᠶ᠂ ᠡᠨᠡ᠎ᠨᠢ ᠮᠠᠯᠴᠢᠳ᠎ᠤᠨ ᠰᠡᠳᠭᠢᠯ ᠰᠠᠨᠠᠭ᠎ᠠ᠎ᠶ᠋ᠢ ᠮᠠᠰᠢ ᠲᠠᠢᠪᠤᠩ ᠪᠣᠯᠭᠠᠵᠤ᠂ ᠡᠷᠴᠢ ᠵᠣᠷᠢᠭ᠎ᠢ ᠬᠥᠪᠴᠢᠯᠡᠪᠡ!ᠨᠤᠲᠤᠭ ᠪᠡᠯᠴᠢᠭᠡᠷ ᠪᠣᠯ ᠪᠢᠳᠡᠨ ᠎ᠤ  ᠦᠨᠳᠦᠰᠦ ᠪᠠ ᠰᠥᠭ ᠰᠦᠨᠡᠰᠦ ᠮᠥᠨ᠂ ᠡᠲᠡᠭᠡᠷ ᠵᠢᠯ᠎ᠦᠳ᠎ᠲᠦ ᠲᠥᠷᠥ᠎ᠶ᠋ᠢᠨ ᠪᠣᠳᠣᠯᠭ᠎ᠠ᠎ᠪᠠᠷ ᠣᠶ ᠱᠢᠭᠤᠶ ᠡᠪᠡᠰᠦ ᠪᠡᠯᠴᠢᠭᠡᠷ᠎ᠢ ᠬᠠᠮᠠᠭᠠᠯᠠᠬᠤ᠎ᠶ᠋ᠢ ᠳᠠᠭᠠᠯᠳᠤᠨ ᠡᠯᠡᠰᠦᠵᠢᠭ᠌ᠰᠡᠨ ᠭᠠᠵᠠᠷ ᠱᠢᠷᠣᠶ ᠪᠠᠭᠠᠰᠴᠤ᠌᠂ ᠡᠪᠡᠰᠦ ᠪᠡᠯᠴᠢᠭᠡᠷ ᠨᠠᠩ ᠰᠠᠢᠨ ᠤᠷᠭᠤᠵᠤ᠂ ᠦᠬᠡᠷ ᠬᠣᠨᠢᠨ᠎ᠤ ᠲᠠᠷᠭᠤ ᠬᠦᠴᠦ᠍ ᠶᠠᠪᠤᠬᠤ ᠲᠤᠲᠤᠮ ᠰᠠᠢᠵᠢᠷᠠᠵᠤ᠂ ᠣᠷᠣᠯᠭ᠎ᠠ ᠴᠤ᠌ ᠳᠠᠭᠠᠯᠳᠤᠨ ᠨᠡᠮᠡᠭ᠌ᠳᠡᠪᠡ᠃ ᠬᠣᠢᠱᠢᠳᠠ ᠪᠢᠳᠡ ᠲᠠᠯ᠎ᠠ ᠨᠤᠲᠤᠭ᠎ᠤᠨ ᠰᠠᠢᠨ ᠬᠠᠮᠠᠭᠠᠯᠠᠭ᠍ᠴᠢ ᠪᠣᠯᠵᠣ᠂ ᠪᠣᠳᠠᠲᠤ ᠠᠵᠢᠯᠯᠠᠭ᠎ᠠ᠎ᠪᠠᠷ᠎ᠢᠶᠠᠨ ᠪᠥᠬᠥᠳᠡ ᠬᠤᠷᠠᠯ᠎ᠤᠨ ᠤᠷᠢᠶᠠᠯᠠᠭ᠎ᠠ᠎ᠶ᠋ᠢ ᠴᠤᠤᠷᠢᠶᠠᠲᠤᠨ ᠳᠠᠭᠠᠵᠤ᠂ ᠨᠤᠲᠤᠭ ᠤᠰᠤᠨ᠎ᠤ᠎ᠪᠠᠨ ᠠᠮᠢ ᠠᠬᠤᠶ ᠎ᠶ᠋ᠢ ᠤᠯᠠᠮ ᠰᠠᠢᠵᠢᠷᠠᠭᠤᠯᠵᠤ᠂ ᠠᠮᠢᠳᠤᠷᠠᠯ᠎ᠢᠶᠠᠨ ᠤᠯᠠᠮ ᠥᠭᠡᠳᠡᠯᠡᠭᠦᠯᠬᠦ᠌ ᠬᠡᠷᠡᠭ᠌ᠲᠡᠶ!》 ᠭᠡᠵᠦ ᠣᠷᠳᠣᠰ ᠬᠣᠲᠠ᠎ᠶ᠋ᠢᠨ ᠦᠦᠱᠢᠨ ᠬᠣᠱᠢᠭᠤᠨ᠎ᠤ ᠰᠦᠯᠳᠡ ᠰᠤᠮᠤ᠎ᠶ᠋ᠢᠨ ᠱᠠᠷᠯᠢᠭ ᠭᠠᠴᠡᠭᠠᠨ᠎ᠤ ᠮᠠᠯᠴᠢᠨ ᠪᠠᠭᠠᠲᠤᠷ ᠰᠡᠳᠭᠢᠯ ᠲᠤᠭᠳᠤᠯᠤᠨ ᠬᠡᠯᠡᠪᠡ᠃

ᠪᠥᠬᠥᠳᠡ ᠬᠤᠷᠠᠯ᠎ᠡᠴᠡ ᠠᠮᠢ ᠠᠬᠤᠶ ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠮᠠᠨ ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ ᠭᠡᠵᠦ ᠲᠤᠷᠠᠳᠪᠠ᠃ ᠪᠠᠶᠠᠨᠨᠠᠭᠤᠷ ᠬᠤᠳᠠ᠎ᠶ᠋ᠢᠨ ᠳ᠋ᠸᠩᠺᠸᠤ ᠱᠢᠶᠠᠨ᠎ᠤ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠲᠣᠪᠴᠢᠶᠠᠨ᠎ᠤ ᠳᠠᠷᠤᠭ᠎ᠠ ᠡᠸ᠋ ᠶᠠᠨ ᠵᠢᠶ᠍ᠸ 《ᠡᠨᠡ ᠬᠦ᠌ ᠪᠠᠢᠷᠢᠯᠠᠭᠤᠯᠤᠯᠲᠠ ᠨᠢ ᠤᠯᠠᠭᠠᠨᠪᠤᠬ᠎ᠠ ᠵᠢᠨ ᠡᠯᠡᠰᠦ᠎ᠶ᠋ᠢ ᠵᠠᠰᠠᠬᠤ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠺᠠᠳ᠋ᠷ ᠠᠵᠢᠯᠳᠠᠨ ᠠᠵᠢᠯᠴᠢᠨ᠎ᠢ ᠲᠤᠢᠯ᠎ᠤᠨ ᠶᠡᠬᠡ᠎ᠪᠡᠷ ᠵᠣᠷᠢᠭ᠍ᠵᠢᠭᠤᠯᠪᠠ᠃ ᠳ᠋ᠸᠩᠺᠸᠤ ᠱᠢᠶᠠᠨ ᠬᠠᠳᠤᠨ ᠭᠣᠣᠯ᠎ᠤᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠣᠷᠣᠨ᠎ᠤ ᠭᠣᠣᠯ ᠪᠠᠢᠷᠢᠨ᠎ᠳᠤ ᠣᠷᠣᠱᠢᠵᠤ ᠪᠤᠢ᠃ ᠪᠢᠳᠡ ᠲᠡᠰᠪᠦᠷᠢ ᠬᠠᠲᠠᠭᠤᠵᠢᠯᠲᠠᠢ ᠲᠡᠮᠡᠴᠡᠬᠦ᠌᠂ ᠬᠠᠷᠠᠮ ᠦᠭᠡᠢ ᠵᠣᠷᠢᠭᠤᠯᠬᠤ᠂ ᠰᠢᠳᠠᠷᠠᠰᠢ ᠦᠭᠡᠢ ᠴᠢᠷᠮᠠᠢᠬᠤ᠂ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠬᠤ 〈ᠤᠮᠠᠷᠠᠲᠤ᠎ᠶ᠋ᠢᠨ ᠭᠤᠷᠪᠠᠨ ᠣᠷᠣᠨ〉 ᠤ᠋ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠡᠯ᠎ᠡ ᠵᠦᠢᠯ᠎ᠦᠨ ᠡᠯᠡᠰᠦ᠎ᠶ᠋ᠢ ᠵᠠᠰᠠᠵᠤ ᠣᠢᠵᠢᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠨ᠎ᠠ᠃ ᠣᠷᠣᠨ ᠪᠦᠰᠡ ᠠᠯᠤᠰᠯᠠᠨ ᠬᠠᠮᠵᠢᠯᠴᠠᠨ ᠵᠠᠰᠠᠬᠤ᠎ᠶ᠋ᠢ ᠭᠦᠨᠵᠡᠭᠡᠢᠷᠡᠭᠦᠯᠦᠨ᠂ ᠡᠷᠭᠢᠨ ᠲᠣᠭᠣᠷᠢᠨ᠎ᠤ ᠠᠢᠮᠠᠭ ᠬᠣᠲᠠ᠎ᠯᠤᠭ᠎ᠠ ᠬᠠᠮᠵᠢᠯᠴᠠᠨ ᠬᠠᠮᠲᠤᠷᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠲᠣᠷᠤᠭ ᠮᠣᠳᠣ ᠪᠤᠲᠠ ᠮᠣᠳᠣ ᠡᠪᠡᠰᠦ᠎ᠶ᠋ᠢ ᠬᠠᠷᠢᠯᠴᠠᠨ ᠤᠶᠠᠯᠳᠤᠭᠤᠯᠤᠭ᠍ᠰᠠᠨ ᠪᠣᠰᠣᠭ᠎ᠠ ᠴᠣᠭ᠍ᠴᠠᠲᠤ ᠰᠡᠷᠭᠡᠢᠯᠡᠨ ᠬᠠᠮᠠᠭᠠᠯᠠᠬᠤ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ ᠡᠭᠦᠨ᠎ᠦ ᠬᠠᠮᠲᠤ᠂ 〈ᠬᠡᠷᠡᠯᠴᠢ ᠴᠡᠨᠡᠭ + ᠡᠯᠡᠰᠦᠨ᠎ᠦ ᠠᠵᠤ ᠦᠶ᠋ᠯᠡᠰ〉 ᠤ᠋ᠨ ᠭᠦᠨᠵᠡᠭᠡᠶ ᠠᠭᠤᠰᠤᠯᠴᠠᠯ ᠎ᠢ ᠢᠳᠡᠪᠬᠢᠲᠡᠶ ᠠᠬᠢᠭᠤᠯᠵᠤ᠂ ᠵᠠᠭ᠂ ᠳᠥᠷᠪᠡᠨ ᠮᠦᠴᠢᠷᠳᠦ ᠭᠠᠭᠤᠳᠠᠢ ᠵᠡᠷᠭᠡ ᠤᠷᠭᠤᠬᠤ ᠎ᠳᠤ ᠳᠣᠭᠢᠷᠠᠬᠤ ᠤᠷᠭᠤᠮᠠᠯ᠎ᠤᠨ ᠳᠠᠷᠢᠬᠤ ᠬᠡᠪᠴᠢᠶ᠎ᠡ᠎ᠶ᠋ᠢ ᠥᠷᠭᠡᠳᠭᠡᠬᠦ᠌᠎ᠶ᠋ᠢᠨ ᠬᠠᠮᠲᠤ ᠬᠡᠷᠡᠯ ᠴᠡᠨᠡᠭ ᠎ᠤᠨ ᠬᠠᠪᠲᠠᠰᠤᠨ᠎ᠤ ᠳᠤᠤᠷ᠎ᠠ ᠴᠠᠭᠠᠨ ᠭᠣᠶᠣᠣ ᠲᠠᠷᠢᠬᠤ ᠵᠡᠷᠭᠡ ᠤᠨᠴᠠᠯᠢᠭ᠍ᠳᠤ ᠡᠯᠡᠰᠦᠨ᠎ᠦ ᠠᠵᠤ ᠠᠬᠤᠶ᠎ᠶ᠋ᠢᠨ ᠲᠠᠷᠢᠮᠠᠯ ᠳᠠᠷᠢᠵᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠨ᠎ᠡ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠬᠤ ᠦᠢᠯᠡᠳᠦᠯ᠎ᠢ ᠦᠷᠭᠦᠯᠵᠢᠯᠡᠨ ᠴᠢᠩᠭᠠᠳᠭᠠᠵᠤ᠂ ᠤᠷᠭᠤᠮᠠᠯ᠎ᠤᠨ ᠬᠤᠴᠢᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠂ ᠠᠮᠢ ᠠᠬᠤᠢ᠎ᠶ᠋ᠢᠨ ᠤᠰᠤ ᠬᠡᠷᠡᠭ᠌ᠯᠡᠬᠦ᠌ ᠪᠣᠭᠣᠮᠢ᠎ᠶ᠋ᠢ ᠦᠨᠡᠨ ᠬᠦ᠌ ᠡᠪᠳᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》ᠭᠡᠵᠦ ᠢᠯᠡᠳᠭᠡᠪᠡ᠃

ᠠᠯᠠᠱᠠ ᠠᠢᠮᠠᠭ ᠎ᠤᠨ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠠᠢᠮᠠᠭ ᠎ᠤᠨ  ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ ᠎ᠤᠨ ᠱᠦᠵᠢ᠂ ᠡᠷᠬᠢᠯᠡᠭ᠌ᠴᠢ ᠬᠤ᠌ ᠺᠠᠢ ᠦ᠋᠄《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ ᠭᠡᠵᠦ ᠲᠤᠷᠠᠳᠪᠠ᠃ ᠠᠯᠠᠱᠠ ᠠᠢᠮᠠᠭ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠱᠢᠰᠲ᠋ᠧᠮ ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠶ ᠨᠡᠪᠲᠡᠷᠡᠭᠦᠯᠵᠦ᠍᠂ ᠨᠢᠭᠡ ᠴᠤᠬ᠍ᠴᠠᠵᠢᠭᠤᠯᠤᠨ ᠠᠬᠢᠭᠤᠯᠤᠨ᠎ᠠ᠃〈157〉ᠬᠥᠭ᠌ᠵᠢᠯᠲᠡ ᠎ᠶ᠋ᠢᠨ ᠰᠡᠳᠭᠢᠴᠡ ᠎ᠶ᠋ᠢ ᠭᠦᠨᠵᠡᠭᠡᠶ ᠨᠠᠢᠳᠠᠪᠤᠷᠢᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠦᠨ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠤᠨ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ ᠎ᠢ ᠦᠷᠭᠦᠯᠵᠢᠯᠡᠨ ᠪᠡᠬᠢᠵᠢᠭᠦᠯᠵᠦ᠍᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ ᠎ᠢ ᠪᠠᠶᠠᠵᠢᠭᠤᠯᠬᠤ ᠠᠵᠢᠯᠯᠠᠭ᠎ᠠ ᠎ᠶ᠋ᠢ ᠰᠠᠢᠲᠤᠷ ᠬᠡᠷᠡᠭ᠌ᠵᠢᠭᠦᠯᠦᠨ᠂ ᠦᠨᠳᠦᠰᠦᠲᠡᠨ᠎ᠨᠦᠭᠦᠳ᠎ᠦᠨ ᠭᠦᠨ ᠭᠦᠨᠵᠡᠭᠡᠶ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠠᠢᠮᠠᠭ ᠎ᠢ ᠪᠥᠲᠥᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号