11 ᠰᠠᠷ᠎ᠠ᠎ᠶ᠋ᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠪᠡᠭᠡᠵᠢᠩ᠎ᠦᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠴᠧᠩ ᠵᠢᠶᠠᠨ ᠫᠢᠩ ᠨᠡᠷ ᠲᠡᠶ ᠠᠭᠤᠯᠵᠠᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ᠎ᠤᠨ ᠣᠷᠳᠣᠨ ᠪᠣᠯᠤᠨ ᠪᠡᠭᠡᠵᠢᠩ᠎ᠦᠨ ᠪᠠᠭ᠍ᠰᠢ᠎ᠶ᠋ᠢᠨ ᠶᠡᠬᠡ ᠰᠤᠷᠭᠠᠭᠤᠯᠢ ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠬᠤ ᠶ᠋ᠢ ᠬᠠᠮᠲᠤ᠎ᠪᠠᠷ ᠭᠡᠷᠡᠴᠢᠯᠡᠪᠡ᠃
ᠠᠭᠤᠯᠵᠠᠯᠲᠠ᠎ᠶ᠋ᠢᠨ ᠳᠤᠮᠳᠠ᠂ ᠬᠣᠶᠠᠷ ᠲᠠᠯ᠎ᠠ ᠪᠠᠷ᠎ᠢᠶᠠᠨ ᠰᠠᠭᠤᠷᠢ ᠰᠤᠷᠭᠠᠨ ᠬᠥᠮᠦᠵᠢᠯ᠎ᠦᠨ ᠬᠥᠭ᠌ᠵᠢᠯᠲᠡ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠭᠡᠨ ᠦ ᠰᠠᠯᠠᠭᠠᠨ᠎ᠤ ᠪᠠᠢᠭᠤᠯᠤᠯᠲᠠ᠂ ᠱᠢᠨᠵᠢᠯᠡᠬᠦ᠌ ᠤᠬᠠᠭᠠᠨ ᠤ ᠰᠤᠳᠤᠯᠭᠠᠨ᠎ᠤ ᠲᠥᠷᠥᠯ ᠵᠦᠶ᠋ᠯ ᠦᠨ ᠬᠠᠮᠲᠤᠷᠠᠯᠴᠠᠭ᠎ᠠ ᠵᠡᠷᠭᠡ᠎ᠶ᠋ᠢᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ ᠰᠤᠷᠭᠠᠭᠤᠯᠢ ᠣᠷᠣᠨ ᠨᠤᠲᠤᠭ᠎ᠤᠨ ᠬᠠᠮᠲᠤᠷᠠᠯᠴᠠᠭ᠎ᠠ ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠲᠣᠰ ᠲᠣᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠭᠠᠷ ᠬᠣᠯᠪᠣᠨ ᠱᠢᠨᠵᠢᠯᠡᠬᠦ᠌ ᠤᠬᠠᠭᠠᠨ ᠤ ᠰᠤᠳᠤᠯᠭᠠᠨ᠎ᠤ ᠪᠣᠭᠣᠮᠲᠠ ᠱᠢᠪᠲᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠠᠮᠲᠤ᠎ᠪᠠᠷ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠲᠠᠩ ᠢ ᠪᠤᠯᠤᠨ ᠪᠡᠭᠡᠵᠢᠩ᠎ᠦᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠰᠤᠷᠭᠠᠭᠤᠯᠢ᠎ᠶ᠋ᠢᠨ ᠳᠡᠳ᠋ ᠵᠠᠬᠢᠷᠤᠯ ᠺᠠᠩ ᠵᠧᠨ ᠬᠣᠶᠠᠷ ᠲᠠᠯ᠎ᠠ᠎ᠶ᠋ᠢ ᠲᠥᠯᠥᠭᠡᠯᠡᠨ ᠵᠥᠪᠯᠡᠯᠴᠡᠭᠡᠷ᠎ᠲᠦ ᠭᠠᠷᠤᠨ ᠥᠰᠥᠭ ᠵᠢᠷᠤᠪᠠ᠃ ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ ᠢᠶᠠᠨ 《ᠪᠠᠭ᠍ᠰᠢ᠎ᠶ᠋ᠢ ᠬᠦᠴᠦᠷᠬᠡᠭ᠌ᠵᠢᠭᠦᠯᠬᠦ᠌ ᠢᠨᠵᠧᠨᠧᠷᠢᠩ》 ᠢ᠋ ᠬᠡᠷᠡᠭ᠌ᠵᠢᠭᠦᠯᠬᠦ᠌᠂ ᠤᠨᠴᠠᠯᠢᠬ᠍ᠳᠤ ᠱᠢᠨᠵᠢᠯᠡᠭᠡᠨ ᠦ ᠰᠠᠯᠠᠭ᠎ᠠ ᠪᠠᠢᠭᠤᠯᠬᠤ᠂ ᠰᠠᠭᠤᠷᠢ ᠰᠤᠷᠭᠠᠨ ᠬᠥᠮᠦᠵᠢᠯ᠎ᠦᠨ ᠶᠠᠰᠤ ᠴᠢᠨᠠᠷ ᠢ ᠬᠢᠨᠠᠨ ᠬᠡᠮᠵᠢᠵᠦ᠍ ᠦᠨᠡᠯᠡᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ ᠢ ᠣᠨᠳᠣᠣᠱᠢᠭᠤᠯᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠷᠢᠯᠴᠠᠨ ᠠᠱᠢᠭ᠍ᠲᠠᠢ ᠬᠥᠭ᠌ᠵᠢᠯᠲᠡ ᠶ᠋ᠢ ᠥᠷᠨᠢᠭᠦᠯᠬᠦ᠌ ᠪᠣᠯᠤᠨ᠎ᠠ᠃