ᠮᠠᠨ ᠤ᠋ ᠤᠷᠤᠨ ᠨᠠᠰᠤᠳᠠᠢᠴᠤᠳ ᠲᠤ᠌ ᠵᠤᠬᠢᠴᠠᠭᠤᠯᠤᠭᠰᠠᠨ ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠢ᠋ ᠵᠠᠬ᠎ᠠ ᠳᠡᠯᠭᠡᠭᠦᠷ ᠲᠤ᠌ ᠭᠠᠷᠭᠠᠵᠤ ᠡᠬᠢᠯᠡᠵᠠᠢ
2025-11-20 10:23:58
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠮᠠᠨ ᠤ᠋ ᠤᠷᠤᠨ ᠨᠠᠰᠤᠳᠠᠢᠴᠤᠳ ᠲᠤ᠌ ᠵᠤᠬᠢᠴᠠᠭᠤᠯᠤᠭᠰᠠᠨ ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠢ᠋ ᠵᠠᠬ᠎ᠠ ᠳᠡᠯᠭᠡᠭᠦᠷ ᠲᠤ᠌ ᠭᠠᠷᠭᠠᠵᠤ ᠡᠬᠢᠯᠡᠪᠡ᠃

ᠦᠩᠭᠡᠷᠡᠭᠰᠡᠨ ᠤ᠋ ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠤ᠋ᠨ ᠦᠰᠦᠭ ᠨᠢ ᠵᠢᠵᠢᠭ᠂ ᠠᠭᠤᠯᠭ᠎ᠠ ᠨᠢ ᠪᠤᠳᠤᠯᠢᠶᠠᠨᠳᠠᠢ ᠵᠡᠷᠭᠡ ᠪᠠᠢᠳᠠᠯ ᠲᠠᠢ ᠬᠠᠷᠢᠴᠠᠭᠤᠯᠪᠠᠯ᠂ ᠨᠠᠰᠤᠳᠠᠢᠴᠤᠳ ᠲᠤ᠌ ᠵᠤᠬᠢᠴᠠᠭᠤᠯᠤᠭᠰᠠᠨ ᠲᠤᠳᠤᠷᠬᠠᠢᠯᠠᠯᠳᠠ ᠶ᠋ᠢᠨ ᠪᠢᠴᠢᠭ ᠨᠢ ᠬᠡᠷᠡᠭᠯᠡᠬᠦ ᠠᠷᠭ᠎ᠠ ᠪᠠ ᠬᠡᠷᠡᠭᠯᠡᠬᠦ ᠬᠡᠮᠵᠢᠶ᠎ᠠ᠂ ᠭᠤᠤᠯ ᠦᠢᠯᠡᠳᠦᠯ᠂ ᠴᠡᠭᠡᠷᠯᠡᠬᠦ ᠵᠦᠢᠯ ᠪᠠ ᠬᠠᠷᠰᠢᠬᠤ ᠢᠯᠡᠷᠡᠯ ᠵᠡᠷᠭᠡ ᠭᠤᠤᠯ ᠮᠡᠳᠡᠭᠡ ᠵᠠᠩᠬᠢ ᠶ᠋ᠢ ᠲᠤᠪᠤᠢᠮ᠎ᠠ ᠢᠯᠡᠷᠡᠭᠦᠯᠵᠦ᠂ ᠡᠮ ᠤ᠋ᠨ ᠵᠦᠢᠯᠡᠰ ᠤ᠋ᠨ ᠬᠡᠷᠡᠭᠯᠡᠭᠡᠨ ᠤ᠋ ᠵᠢᠯᠤᠭᠤᠳᠤᠮᠵᠢ ᠶ᠋ᠢ ᠨᠡᠩ ᠢᠯᠡ ᠲᠤᠳᠤᠷᠬᠠᠢ ᠪᠤᠯᠭᠠᠵᠠᠢ᠃ 《ᠪᠢᠳᠡ ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠲᠤ᠌ ᠮᠡᠷᠭᠡᠨ ᠴᠤᠬᠤᠷ ᠳᠠᠭᠠᠯᠳᠤᠭᠤᠯᠵᠤ᠂ ᠨᠠᠰᠤᠳᠠᠢᠴᠤᠳ ᠭᠠᠷ ᠤᠳᠠᠰᠤ ᠪᠡᠷ ᠶ᠋ᠢᠡᠨ ᠮᠡᠷᠭᠡᠨ ᠴᠤᠬᠤᠷ ᠢ᠋ ᠰᠢᠷᠪᠢᠬᠦ ᠪᠡᠷ ᠳᠠᠮᠵᠢᠨ ᠦᠰᠦᠭ ᠢ᠋ ᠨᠢ ᠲᠤᠮᠤᠷᠠᠭᠤᠯᠤᠨ ᠦᠵᠡᠵᠦ ᠪᠤᠯᠤᠨ᠎ᠠ᠃ ᠡᠨᠡ ᠨᠢ ᠡᠮ ᠤ᠋ᠨ ᠵᠦᠢᠯᠡᠰ ᠢ᠋ ᠪᠤᠷᠤᠭᠤ ᠬᠡᠷᠡᠭᠯᠡᠬᠦ ᠪᠠ ᠬᠡᠷᠡᠭᠯᠡᠬᠦ ᠪᠡᠨ ᠮᠠᠷᠳᠠᠬᠤ ᠶ᠋ᠢ ᠰᠡᠷᠭᠡᠢᠯᠡᠵᠤ᠂ ᠡᠮ ᠤ᠋ᠨ ᠵᠦᠢᠯᠡᠰ ᠢ᠋ ᠠᠮᠦᠷ ᠲᠦᠪᠰᠢᠨ ᠬᠡᠷᠡᠭᠯᠡᠬᠦ ᠶ᠋ᠢ ᠨᠡᠩ ᠰᠠᠢᠳᠦᠷ ᠪᠠᠳᠤᠯᠠᠬᠤ ᠪᠤᠯᠤᠨ᠎ᠠ》 ᠭᠡᠵᠦ ᠦᠪᠦᠷ ᠮᠤᠩᠭᠤᠯ ᠤ᠋ᠨ ᠵᠢᠩ ᠰᠢᠨ ᠡᠮ ᠤ᠋ᠨ ᠵᠦᠢᠯᠡᠰ ᠤ᠋ᠨ ᠬᠢᠵᠠᠭᠠᠷᠳᠦ ᠺᠤᠮᠫᠠᠨᠢ ᠶ᠋ᠢᠨ ᠶᠡᠷᠦᠩᠬᠡᠢ ᠳᠠᠭᠠᠭᠠᠮᠠᠯ ᠬᠤ᠌ ᠸᠠᠨ ᠬᠡᠯᠡᠵᠦ ᠪᠠᠢᠯ᠎ᠠ᠃

ᠤᠢᠯᠠᠭᠠᠭᠰᠠᠨ ᠶ᠋ᠢᠡᠷ᠂ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ《ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠢ᠋ ᠨᠠᠰᠤᠳᠠᠢᠴᠤᠳ ᠲᠤ᠌ ᠵᠤᠬᠢᠴᠠᠭᠤᠯᠬᠤ ᠵᠢᠴᠢ ᠰᠠᠭᠠᠳ ᠦᠭᠡᠢ ᠪᠤᠯᠭᠠᠬᠤ ᠲᠤᠷᠰᠢᠯᠳᠠ ᠶ᠋ᠢᠨ ᠴᠡᠭ ᠤ᠋ᠨ ᠠᠵᠢᠯ ᠤ᠋ᠨ ᠲᠦᠰᠦᠯ》ᠢ᠋ ᠨᠡᠢᠳᠡᠯᠡᠭᠰᠡᠨ ᠤ᠋ ᠳᠠᠷᠠᠭ᠎ᠠ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠯ᠎ᠠ ᠬᠤᠯᠪᠤᠭᠳᠠᠯ ᠪᠦᠬᠦᠢ ᠨᠢᠭᠡᠴᠢ ᠲᠠᠢ ᠬᠠᠮᠵᠢᠯᠴᠠᠨ ᠲᠤᠷᠰᠢᠯᠳᠠ ᠶ᠋ᠢᠨ ᠴᠡᠭ ᠤ᠋ᠨ ᠠᠵᠢᠯ ᠢ᠋ ᠨᠢᠭᠡᠳᠦᠯᠳᠠᠢ ᠲᠦᠯᠦᠪᠵᠢᠭᠦᠯᠦᠨ ᠠᠬᠢᠭᠤᠯᠵᠤ᠂ ᠨᠠᠰᠤᠳᠠᠢᠴᠤᠳ ᠲᠤ᠌ ᠵᠤᠬᠢᠴᠠᠭᠤᠯᠤᠭᠰᠠᠨ ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠢ᠋ ᠵᠠᠬ᠎ᠠ ᠳᠡᠯᠭᠡᠭᠦᠷ ᠲᠤ᠌ ᠭᠠᠷᠭᠠᠬᠤ ᠶ᠋ᠢ ᠢᠳᠡᠪᠬᠢᠳᠠᠢ ᠠᠬᠢᠭᠤᠯᠵᠠᠢ᠃

ᠤᠳᠤᠬᠠᠨ ᠳ᠋ᠤ᠂ ᠤᠯᠤᠰ ᠤ᠋ᠨ ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠢ᠋ ᠨᠠᠰᠤᠳᠠᠢᠴᠤᠳ ᠲᠤ᠌ ᠵᠤᠬᠢᠴᠠᠭᠤᠯᠬᠤ ᠵᠢᠴᠢ ᠰᠠᠭᠠᠳ ᠦᠭᠡᠢ ᠪᠤᠯᠭᠠᠬᠤ ᠲᠤᠷᠰᠢᠯᠳᠠ ᠶ᠋ᠢᠨ ᠴᠡᠭ ᠤ᠋ᠨ ᠨᠢᠭᠡᠴᠢ ᠳ᠋ᠤ ᠰᠤᠩᠭᠤᠭᠳᠠᠭᠰᠠᠨ ᠦᠪᠦᠷ ᠮᠤᠩᠭᠤᠯ ᠤ᠋ᠨ 5 ᠠᠵᠤ ᠠᠬᠤᠢᠯᠠᠯ ᠤ᠋ᠨ ᠬᠢᠨ ᠰᠢᠩᠭᠡᠭᠡᠯᠳᠡ᠂ ᠵᠢᠷᠦᠬᠡ ᠴᠢᠰᠦᠨ ᠰᠤᠳᠠᠯ᠂ ᠮᠡᠳᠡᠷᠡᠯ ᠵᠡᠷᠭᠡ ᠨᠠᠰᠤᠳᠠᠢᠴᠤᠳ ᠲᠤ᠌ ᠪᠠᠢᠩᠭᠤ ᠳᠤᠬᠢᠶᠠᠯᠳᠤᠬᠤ ᠡᠪᠡᠳᠴᠢᠨ ᠳ᠋ᠤ ᠬᠡᠷᠡᠭᠯᠡᠬᠦ ᠭᠤᠤᠯ ᠪᠤᠯᠬᠤ ᠡᠮ ᠤ᠋ᠨ ᠵᠦᠢᠯᠡᠰ ᠤ᠋ᠨ ᠲᠤᠳᠤᠷᠬᠠᠢᠯᠠᠯᠳᠠ ᠶ᠋ᠢᠨ ᠪᠢᠴᠢᠭ ᠢ᠋ ᠨᠠᠰᠤᠳᠠᠢᠴᠤᠳ ᠲᠤ᠌ ᠵᠤᠬᠢᠴᠠᠭᠤᠯᠬᠤ ᠦᠭᠡᠷᠡᠴᠢᠯᠡᠯᠳᠡ ᠶ᠋ᠢ ᠨᠢᠭᠡᠨᠳᠡ ᠪᠡᠶᠡᠯᠡᠭᠦᠯᠪᠡ᠃ ᠰᠢᠨ᠎ᠠ ᠲᠤᠳᠤᠷᠬᠠᠢᠯᠠᠯᠳᠠ ᠶ᠋ᠢᠨ ᠪᠢᠴᠢᠭ ᠨᠢ ᠲᠤᠮᠤ ᠦᠰᠦᠭ ᠤ᠋ᠨ ᠬᠡᠪ᠂ ᠲᠦᠭᠦᠮᠴᠢᠯᠡᠭᠰᠡᠨ ᠬᠡᠪ ᠤ᠋ᠨ ᠴᠠᠭᠠᠰᠤ ᠪᠡᠷ ᠳᠠᠷᠤᠮᠠᠯᠯᠠᠭᠰᠠᠨ ᠲᠤᠳᠤᠷᠬᠠᠢᠯᠠᠯᠳᠠ ᠶ᠋ᠢᠨ ᠪᠢᠴᠢᠭ ᠪᠠᠢᠬᠤ ᠪᠦᠭᠡᠳ ᠪᠦᠷᠢᠨ ᠪᠦᠲᠦᠨ ᠲᠤᠳᠤᠷᠬᠠᠢᠯᠠᠯᠳᠠ ᠶ᠋ᠢᠨ ᠪᠢᠴᠢᠭ ᠤ᠋ᠨ ᠡᠯᠧᠺᠲᠷᠤᠨ ᠬᠡᠪ ᠢ᠋ ᠴᠤ᠌ ᠳᠠᠭᠠᠯᠳᠤᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号