ᠲᠦᠷᠦᠭᠦᠭᠡᠨ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠡᠴᠡ《ᠰᠤᠷᠤᠯᠴᠠᠯᠭ᠎ᠠ᠎ᠶᠢ ᠨᠡᠢᠭᠡᠮᠯᠢᠭ᠎ᠲᠦ ᠬᠦᠷᠭᠡᠬᠦ》 ᠨᠣᠮ ᠪᠢᠴᠢᠭ ᠬᠦᠷᠭᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠵᠤ ᠥᠷᠨᠢᠭᠦᠯᠵᠡᠢ᠃
ᠲᠣᠰ ᠤᠳᠠᠭᠠᠨ᠎ᠤ 《ᠰᠤᠷᠤᠯᠴᠠᠯᠭ᠎ᠠ᠎ᠶᠢ ᠨᠡᠢᠭᠡᠮᠯᠢᠭ᠎ᠲᠦ ᠬᠦᠷᠭᠡᠬᠦ》 ᠠᠵᠢᠯᠯᠠᠭ᠎ᠠ᠎ᠳᠤ 《ᠰᠢ᠎ᠶᠢᠨ ᠫᠢᠩ ᠲᠥᠷᠥ᠎ᠶᠢ ᠵᠠᠰᠠᠬᠤ ᠲᠤᠬᠠᠢ》 (ᠲᠠᠪᠤᠳᠤᠭᠠᠷ ᠪᠤᠲᠢ)᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠳᠦᠷᠢᠮ》᠂《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠰᠤᠷᠤᠯᠴᠠᠯᠭ᠎ᠠ ᠢ᠋ᠢᠨ ᠠᠰᠠᠭᠤᠯᠲᠠ ᠬᠠᠷᠢᠭᠤᠯᠲᠠ》 ᠵᠡᠷᠭᠡ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠤᠨ ᠲᠥᠷᠥᠯ᠎ᠦᠨ 2300 ᠭᠠᠷᠤᠢ ᠳᠡᠪᠲᠡᠷ ᠨᠣᠮ ᠪᠢᠴᠢᠭ᠎ᠢ ᠨᠠᠷᠢᠨ ᠰᠣᠩᠭᠣᠵᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《ᠬᠣᠶᠠᠷ ᠰᠢᠨ᠎ᠡ》 ᠠᠵᠢᠯ᠎ᠤᠨ ᠬᠣᠷᠢᠶ᠎ᠠ᠎ᠳᠤ ᠬᠠᠷᠢᠶᠠᠯᠠᠭᠳᠠᠬᠤ 10 ᠠᠵᠢᠯ ᠲᠥᠷᠥᠯ (ᠶᠡᠷᠦᠩᠬᠡᠢᠯᠡᠭᠰᠡᠨ) ᠤ᠋ᠨ ᠨᠠᠮ᠎ᠤᠨ ᠬᠣᠷᠢᠶ᠎ᠠ ᠪᠠ 575 ᠪᠥᠬᠥ ᠣᠷᠣᠨ᠎ᠤ ᠴᠢᠨᠠᠷᠲᠠᠢ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠳᠦ ᠪᠡᠯᠡᠭᠯᠡᠪᠡ᠃ ᠨᠠᠷᠢᠯᠢᠭ᠋ ᠣᠨᠣᠴᠠᠲᠠᠢ᠎ᠪᠠᠷ ᠰᠤᠷᠤᠯᠴᠠᠯᠭ᠎ᠠ ᠬᠦᠷᠭᠡᠬᠦ᠎ᠪᠡᠷ ᠳᠠᠮᠵᠢᠨ᠂ ᠨᠠᠮ᠎ᠤᠨ ᠭᠡᠰᠢᠭᠦᠨ ᠠᠵᠢᠯᠲᠠᠨ ᠠᠵᠢᠯᠴᠢᠨ᠎ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠣᠳᠬᠤ᠎ᠶᠢ ᠴᠢᠩᠭᠠᠳᠬᠠᠵᠤ᠂ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠶᠢ ᠠᠵᠢᠯ ᠲᠥᠷᠥᠯ᠎ᠦᠨ ᠦᠢᠯᠡᠴᠢᠯᠡᠭᠡᠨ᠎ᠦ ᠪᠥᠬᠥ ᠶᠠᠪᠤᠴᠠ᠎ᠳᠤ ᠠᠭᠤᠰᠬᠠᠨ ᠣᠷᠣᠭᠤᠯᠬᠤ᠎ᠶᠢ ᠠᠬᠢᠭᠤᠯᠵᠤ᠂ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ ᠢ᠋ ᠬᠥᠮᠥᠰ᠎ᠦᠨ ᠰᠡᠳᠬᠢᠯ᠎ᠳᠦ ᠭᠦᠨ ᠬᠠᠳᠠᠩᠰᠢᠭᠤᠯᠵᠤ᠂ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠶᠢᠨ ᠤᠬᠠᠮᠰᠠᠷ᠎ᠢ ᠴᠢᠨᠠᠬᠰᠢᠲᠠ ᠴᠢᠩᠭᠠᠷᠠᠭᠤᠯᠪᠠ᠃
ᠪᠡᠯᠡᠭᠯᠡᠭᠰᠡᠨ ᠨᠤᠮ ᠢ᠋ ᠬᠦᠯᠢᠶᠠᠨ ᠠᠪᠤᠬᠰᠠᠨ ᠨᠠᠮ᠎ᠤᠨ ᠬᠡᠰᠢᠭᠦᠨ ᠺᠠᠳ᠋ᠷᠴᠤᠳ᠂ ᠲᠣᠰ ᠤᠳᠠᠭᠠᠨ᠎ᠤ ᠠᠵᠢᠯᠯᠠᠭ᠎ᠠ ᠪᠣᠯ ᠨᠢᠭᠡ ᠤᠳᠠᠭᠠᠨ᠎ᠤ 《ᠴᠠᠬᠢᠯᠭᠠᠨ ᠴᠡᠨᠡᠭᠯᠡᠵᠦ ᠬᠦᠴᠦᠨ ᠣᠯᠭᠣᠬᠤ》 ᠬᠣᠪᠣᠷ ᠨᠠᠨᠳᠢᠨ ᠲᠣᠬᠢᠶᠠᠯ ᠮᠥᠨ᠂ ᠠᠵᠢᠯ᠎ᠤᠨ ᠳᠤᠮᠳᠠ᠎ᠪᠠᠨ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠦᠨᠡᠨ ᠬᠦ᠌ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠥᠭᠡᠷᠡᠴᠢᠯᠡᠯᠲᠡ ᠬᠥᠭᠵᠢᠯᠲᠡ᠎ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠠᠮᠢᠶᠠᠷᠤᠯᠲᠠ᠎ᠶᠢᠨ ᠴᠢᠳᠠᠪᠤᠷᠢ ᠪᠠ ᠦᠢᠯᠡᠴᠢᠯᠡᠭᠡᠨ᠎ᠦ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠢᠯᠡᠷᠬᠡᠢᠯᠡᠵᠡᠭᠡᠵᠡᠢ᠃ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠡᠴᠡ ᠲᠤᠰ ᠤᠳᠠᠭ᠎ᠠ᠎ᠶᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠠᠵᠢᠯ ᠲᠦᠷᠦᠯ᠎ᠦᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠦᠨ ᠣᠨᠴᠠᠯᠢᠭ᠋᠎ᠲᠤ ᠨᠡᠢᠴᠡᠭᠰᠡᠨ ᠤᠬᠠᠭᠤᠯᠵᠤ ᠬᠥᠲᠥᠯᠥᠨ ᠵᠢᠯᠤᠭᠣᠳᠬᠤ ᠪᠠ ᠰᠤᠷᠤᠯᠴᠠᠬᠤ ᠲᠣᠭᠲᠠᠴᠠ᠎ᠶᠢ ᠦᠷᠭᠦᠯᠵᠢᠯᠡᠨ ᠰᠦᠪᠡᠭᠴᠢᠯᠡᠵᠦ᠂ ᠠᠭᠤᠯᠭ᠎ᠠ᠎ᠶᠢ ᠪᠠᠶᠠᠯᠢᠭ᠍ᠵᠢᠭᠤᠯᠤᠨ᠂ ᠬᠡᠯᠪᠡᠷᠢ᠎ᠶᠢ ᠰᠢᠨᠡᠴᠢᠯᠡᠵᠦ᠂ ᠨᠠᠮ᠎ᠤᠨ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠢᠭ᠍ᠲᠠᠷᠠᠭᠤᠯᠬᠤ ᠬᠦᠴᠦᠨ ᠤᠷᠢᠶᠠᠯᠠᠬᠤ ᠬᠦᠴᠦᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠴᠢᠩᠭᠠᠳᠬᠠᠬᠤ ᠪᠤᠯᠤᠨ᠎ᠠ᠃