ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠰᠢ ᠵᠢᠨ ᠫᠢᠩ ᠲᠥᠷᠥ ᠵᠢ ᠵᠠᠰᠠᠬᠤ ᠲᠤᠬᠠᠶ》 ᠵᠡᠷᠭᠡ ᠪᠦᠳᠦᠭᠡᠯ᠎ᠢ ᠰᠤᠷᠤᠯᠴᠠᠬᠤ ᠤᠩᠱᠢᠯᠭ᠎ᠠ᠎ᠶ᠋ᠢᠨ ᠠᠩᠭᠢ ᠡᠷᠭᠢᠯᠡᠪᠡ
2025-11-20 10:33:07
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ 《ᠰᠢ ᠵᠢᠨ ᠫᠢᠩ ᠲᠥᠷᠥ ᠵᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠣᠲᠢ ᠪᠣᠯᠤᠨ 《ᠰᠢ ᠵᠢᠨ ᠫᠢᠩ᠎ᠦᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠶ ᠥᠭᠦᠯᠡᠯᠲᠡ᠎ᠶ᠋ᠢᠨ ᠲᠡᠭᠦᠪᠦᠷᠢ》 ᠶ᠋ᠢ ᠭᠦᠨᠵᠡᠭᠡᠶ ᠰᠤᠷᠤᠯᠴᠠᠬᠤ ᠤᠩᠱᠢᠯᠭ᠎ᠠ᠎ᠶ᠋ᠢᠨ ᠠᠩᠭᠢ ᠡᠷᠭᠢᠯᠡᠪᠡ᠃ ᠲᠢᠩᠬᠢᠮ᠎ᠦᠨ ᠪᠠᠢᠭᠤᠯᠭ᠎ᠠ ᠵᠢᠴᠢ ᠱᠢᠭᠤᠳ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠶ᠋ᠢᠨ ᠪᠥᠬᠥ᠌ ᠨᠠᠮ᠎ᠤᠨ ᠭᠡᠱᠢᠭᠦᠨ ᠺᠠᠳ᠋ᠷ ᠰᠤᠷᠤᠯᠴᠠᠯᠭ᠎ᠠ᠎ᠳᠤ ᠣᠷᠣᠯᠴᠠᠪᠠ᠃

ᠤᠩᠱᠢᠯᠭ᠎ᠠ ᠵᠢᠨ ᠠᠩᠭᠢ ᠨᠢ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ ᠪᠠ ᠲᠥᠪᠯᠡᠷᠡᠭᠦᠯᠦᠨ ᠰᠤᠷᠤᠯᠴᠠᠬᠤ᠎ᠶ᠋ᠢ ᠤᠶᠠᠯᠳᠤᠭᠤᠯᠵᠤ᠂ ᠠᠷᠠᠳ᠎ᠤᠨ ᠶᠠᠪᠤᠳᠠᠯ᠎ᠤᠨ ᠶᠠᠮᠤᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠲᠤᠰᠭᠠᠢ ᠮᠡᠷᠭᠡᠵᠢᠯᠲᠡᠨ᠎ᠢ ᠤᠷᠢᠵᠤ᠂ 《ᠰᠢ ᠵᠢᠨ ᠫᠢᠩ ᠲᠥᠷᠥ ᠵᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠤᠲᠢ ᠪᠣᠯᠤᠨ 《ᠰᠢ ᠵᠢᠨ ᠫᠢᠩ᠎ᠦᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠥᠭᠦᠯᠡᠯᠲᠡ᠎ᠶ᠋ᠢᠨ ᠲᠡᠭᠦᠪᠦᠷᠢ》ᠭᠡᠬᠦ᠌ ᠨᠣᠮ᠎ᠤᠨ ᠪᠠᠶᠠᠯᠢᠭ ᠠᠭᠤᠯᠤᠭ᠍ᠳᠠᠬᠤᠨ᠂ ᠭᠣᠣᠯ ᠴᠢᠬᠤᠯᠠ ᠠᠭᠤᠯᠭ᠎ᠠ᠂ ᠦᠶ᠋ᠯᠡᠳᠦᠯᠭᠡ᠎ᠶ᠋ᠢᠨ ᠱᠠᠭᠠᠷᠳᠠᠯᠭ᠎ᠠ ᠵᠠᠷᠭᠡ ᠲᠠᠯ᠎ᠠ ᠡᠴᠡ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠴᠤ᠂ ᠪᠦᠬᠦ᠌ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠬᠣᠶᠠᠷ ᠪᠦᠲᠦᠭᠡᠯ᠎ᠢ ᠲᠥᠪᠯᠡᠷᠡᠭᠦᠯᠦᠨ ᠰᠤᠷᠤᠯᠴᠠᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠳᠡᠭᠡᠷ᠎ᠡ ᠨᠢᠭᠡᠳᠭᠡᠬᠦ᠌᠎ᠶ᠋ᠢ ᠬᠥᠲᠥᠯᠥᠨ ᠵᠢᠯᠣᠭᠣᠳᠴᠤ᠂ 《ᠬᠣᠶᠠᠷ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》  ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠠᠬᠢᠭᠤᠯᠪᠠ᠃

ᠨᠠᠮ᠎ᠤᠨ ᠭᠡᠱᠢᠭᠦᠨ ᠺᠠᠳ᠋ᠷᠴᠤᠳ ᠡᠴᠡ᠂ ᠲᠣᠰ ᠤᠳᠠᠭᠠᠨ᠎ᠤ ᠤᠩᠱᠢᠯᠭ᠎ᠠ ᠵᠢᠨ ᠠᠩᠭᠢ᠎ᠶ᠋ᠢᠨ ᠰᠤᠷᠤᠯᠴᠠᠯᠭ᠎ᠠ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ ᠪᠠ ᠦᠶ᠋ᠯᠡᠳᠦᠯᠭᠡ᠎ᠶ᠋ᠢᠨ ᠠᠸ᠋ᠭ᠎ᠠ ᠬᠦᠴᠦᠨ᠎ᠢ ᠭᠦᠨᠵᠡᠭᠡᠶ ᠣᠢᠯᠠᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠰᠢ ᠵᠢᠨ ᠫᠢᠩ ᠲᠥᠷᠥ ᠵᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠣᠲᠢ ᠪᠣᠯᠤᠨ《ᠰᠢ ᠵᠢᠨ ᠫᠢᠩ᠎ᠦᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠶ ᠥᠭᠦᠯᠡᠯᠲᠡ᠎ᠶ᠋ᠢᠨ ᠲᠡᠭᠦᠪᠦᠷᠢ》 ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠱᠢᠨ᠎ᠡ᠎ᠶ᠋ᠢ ᠡᠭᠦᠳᠬᠦ᠌ ᠣᠨᠣᠯ᠎ᠢᠶᠠᠷ ᠲᠠᠷᠢᠬᠢ ᠲᠣᠯᠣᠭᠠᠶ᠎ᠪᠠᠨ ᠲᠠᠰᠤᠷᠠᠯᠲᠠ ᠥᠬᠡᠶ ᠵᠡᠪᠰᠡᠭ᠌ᠯᠡᠵᠤ᠂ ᠦᠢᠯᠡᠳᠦᠯᠭᠡ᠎ᠶ᠋ᠢ ᠵᠢᠯᠣᠭᠣᠳᠭᠤ᠂ ᠠᠵᠢᠯ᠎ᠢᠶᠠᠨ ᠠᠬᠢᠭᠤᠯᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌᠎ᠪᠡᠷ ᠠᠵᠢᠯ᠎ᠤᠨ ᠵᠣᠷᠢᠯᠲᠠ ᠪᠠ ᠲᠤᠰᠤᠯᠲᠠ ᠪᠣᠯᠭᠠᠵᠤ᠂ ᠢᠳᠡᠪᠬᠢᠲᠡᠶ ᠰᠠᠨᠠᠭᠠᠴᠢᠯᠠᠭ᠎ᠠ᠎ᠡᠴᠡ ᠪᠠᠨ ᠣᠯᠠᠨ ᠲᠦᠮᠡᠨ᠎ᠳᠤ ᠰᠠᠢᠨ ᠶᠠᠪᠤᠳᠠᠯ ᠬᠢᠵᠤ ᠦᠭᠴᠤ᠂ ᠠᠷᠠᠳ᠎ᠤᠨ ᠶᠠᠪᠤᠳᠠᠯ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠳ᠋ᠤ  ᠬᠦᠴᠤᠨ ᠨᠡᠮᠡᠷᠢᠯᠡᠨ᠎ᠠ  ᠬᠡᠵᠤ  ᠰᠠᠨᠠᠯ  ᠨᠢᠭᠡᠲᠡᠶ  ᠢᠯᠡᠷᠬᠡᠢᠯᠡᠵᠡᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号