ᠦᠪᠦᠷ ᠮᠤᠩᠭᠤᠯ᠎ᠤᠨ ᠠᠩᠬᠠᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠡᠷᠡᠭᠦᠯᠵᠢᠯ᠎ᠦᠨ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢᠨ ᠤᠷᠤᠯᠳᠤᠭᠠᠨ ᠶᠠᠪᠤᠭ᠍ᠳᠠᠵᠠᠢ
2025-11-20 10:36:48
ᠵᠣᠬᠢᠶᠠᠭ᠍ᠴᠢ᠄
​ᠰᠠᠴᠤᠷᠠᠯ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠵᠡᠮᠳᠡᠭ᠌ᠴᠦᠳ᠎ᠦᠨ ᠡᠷᠡᠭᠦᠯᠵᠢᠯ᠎ᠦᠨ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠬᠠᠬᠤ᠎ᠶᠢᠨ ᠲᠦᠯᠦᠭᠡ᠂ ᠤᠢᠷ᠎ᠠ᠎ᠳᠦ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠤᠯᠪᠤᠭ᠎ᠠ᠎ᠠᠴᠠ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠡᠷᠡᠭᠦᠯᠵᠢᠯ ᠬᠢᠭᠡᠳ ᠵᠡᠮᠳᠡᠭ ᠪᠣᠯᠬᠤ᠎ᠶ᠋ᠢ ᠤᠷᠢᠳᠴᠢᠯᠠᠨ ᠰᠡᠷᠭᠡᠢᠯᠡᠬᠦ᠌ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠭ᠌ᠰᠡᠨ ᠦᠪᠦᠷ ᠮᠤᠩᠭᠤᠯ᠎ᠤᠨ ᠠᠩᠬᠠᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠡᠷᠡᠭᠦᠯᠵᠢᠯ᠎ᠦᠨ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢᠨ ᠤᠷᠤᠯᠳᠤᠭᠠᠨ ᠬᠥᠬᠡᠬᠣᠲᠠ᠎ᠳᠤ ᠶᠠᠪᠤᠭ᠍ᠳᠠᠪᠠ᠃

ᠲᠣᠰ ᠤᠳᠠᠭᠠᠨ᠎ᠤ ᠤᠷᠤᠯᠳᠤᠭᠠᠨ᠎ᠳᠤ ᠣᠷᠣᠯᠴᠠᠭ᠍ᠰᠠᠨ ᠡᠩᠨᠡᠭᠡ ᠨᠢᠭᠡ ᠪᠦᠷᠢ᠎ᠨᠢ ᠬᠠᠷᠠᠭ᠎ᠠ᠂ ᠰᠣᠨᠣᠷ᠂ ᠮᠥᠴᠢ᠂ ᠣᠶᠤᠨ᠎ᠤ ᠲᠠᠯ᠎ᠠ᠎ᠪᠠᠷ ᠵᠡᠮᠳᠡᠭ ᠬᠡᠦᠬᠡᠳ ᠪᠠ ᠭᠠᠭ᠍ᠴᠠᠭᠠᠷᠳᠠᠬᠤ ᠬᠡᠮ᠎ᠲᠡᠶ ᠬᠡᠦᠬᠡᠳ᠎ᠦᠨ ᠡᠷᠡᠭᠦᠯᠵᠢᠯ᠎ᠦᠨ ᠪᠠᠭ᠍ᠰᠢ᠎ᠪᠠᠷ ᠪᠦᠷᠢᠯᠳᠦᠵᠦ᠍᠂ ᠪᠦᠯᠬᠦᠮ᠎ᠤᠨ ᠱᠠᠩᠨᠠᠯ ᠪᠠ ᠬᠤᠪᠢ ᠬᠥᠮᠦᠨ᠎ᠦ ᠤᠷᠤᠯᠳᠤᠭᠠᠨ ᠢ᠋ ᠲᠤᠬᠢᠷᠠᠭᠤᠯᠪᠠ᠃ ᠤᠷᠤᠯᠳᠤᠭᠠᠨ᠎ᠤ ᠠᠭᠤᠯᠭ᠎ᠠ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠣᠨᠣᠯ᠎ᠤᠨ ᠮᠡᠳᠡᠯᠭᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠦ ᠴᠤᠬᠴᠠᠯᠠᠬᠤ ᠣᠨᠣᠯ᠎ᠤᠨ ᠮᠡᠳᠡᠯᠭᠡ ᠪᠠ ᠵᠡᠮᠳᠡᠭ᠌ᠴᠦᠳ᠎ᠦᠨ ᠡᠷᠡᠭᠦᠯᠵᠢᠯ᠎ᠦᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠪᠠ ᠡᠷᠡᠭᠦᠯᠵᠢᠯ᠎ᠦᠨ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢ ᠬᠠᠮᠤᠷᠴᠠᠢ᠃ ᠤᠷᠤᠯᠳᠤᠭᠠᠨ᠎ᠤ ᠪᠡᠯᠡᠳᠭᠡᠯ ᠬᠤᠭᠤᠴᠠᠭᠠᠨ᠎ᠳᠦ᠂ ᠡᠯ᠎ᠡ ᠤᠷᠤᠯᠳᠤᠭᠠᠨ᠎ᠳᠤ ᠣᠷᠣᠯᠴᠠᠬᠤ ᠡᠩᠨᠡᠭᠡ ᠢᠳᠡᠪᠬᠢᠲᠡᠶ᠎ᠪᠡᠷ ᠪᠡᠯᠡᠳᠭᠡᠯ ᠠᠵᠢᠯ ᠬᠢᠵᠦ᠂ 《ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠦᠢᠯᠡᠳᠦᠯᠭᠡ᠎ᠶᠢᠨ ᠴᠢᠳᠠᠪᠤᠷᠢ᠎ᠶ᠋ᠢ ᠳᠡᠭᠡᠭᠰᠢᠯᠡᠬᠦᠯᠬᠦ》 ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢᠨ ᠲᠦᠪᠱᠢᠨ ᠪᠠ ᠡᠷᠡᠭᠦᠯᠵᠢᠯ᠎ᠦᠨ ᠦᠶ᠋ᠯᠡᠴᠢᠯᠡᠭᠡᠨ᠎ᠦ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠳᠦ ᠰᠠᠭᠤᠷᠢ᠎ᠳᠠᠯᠪᠢᠪᠠ᠃

ᠬᠤᠷᠴᠠ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ᠂ ᠬᠢᠩᠭᠠᠨ ᠠᠢᠮᠠᠭ᠎ᠤᠨ ᠲᠥᠯᠥᠭᠡᠯᠡᠭ᠌ᠴᠢᠳ᠎ᠦᠨ ᠠᠩᠭᠢ ᠪᠦᠯᠬᠦᠮ᠎ᠤᠨ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠍᠂ ᠦᠬᠠᠶ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠠ ᠤᠯᠠᠭᠠᠨᠬᠠᠳᠠ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠦᠯᠬᠦᠮ᠎ᠤᠨ ᠬᠣᠶᠠᠳᠤᠭᠠᠷ ᠳᠡᠰ᠎ᠤᠨ ᠱᠠᠩᠨᠠᠯ ᠭᠥᠷᠳᠡᠵᠦ᠍᠂ ᠪᠤᠭᠤᠲᠤ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ ᠬᠡᠦᠬᠡᠳ᠎ᠦᠨ ᠡᠷᠡᠭᠦᠯᠵᠢᠯ᠎ᠦᠨ ᠲᠥᠪ᠎ᠦᠨ ᠲᠥᠯᠥᠭᠡᠯᠡᠭ᠌ᠴᠢᠳ᠎ᠦᠨ ᠠᠩᠭᠢ ᠪᠠ ᠪᠠᠶᠠᠨᠨᠠᠭᠤᠷ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠪᠦᠯᠬᠦᠮ᠎ᠤᠨ ᠭᠤᠷᠪᠠᠳᠤᠭᠠᠷ ᠳᠡᠰ᠎ᠤᠨ ᠱᠠᠩᠨᠠᠯ ᠭᠥᠷᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号