ᠣᠨᠣᠯ᠎ᠤᠨ ᠰᠤᠷᠤᠯᠴᠠᠯᠭ᠎ᠠ᠎ᠶᠢ ᠴᠢᠩᠭᠠᠳᠬᠠᠨ ᠰᠦᠭ ᠰᠦᠨᠡᠰᠦ᠎ᠶ᠋ᠢ ᠱᠤᠭᠤᠵᠦ ᠴᠢᠳᠠᠪᠤᠷᠢ᠎ᠶᠢ ᠨᠡᠮᠡᠭᠳᠡᠬᠦᠯᠦᠨ᠎ᠡ
2025-11-20 10:59:58
ᠵᠣᠬᠢᠶᠠᠭ᠍ᠴᠢ᠄
​ ᠰᠠᠴᠤᠷᠠᠯ
ᠣᠩᠱᠢᠭ᠍ᠰᠠᠨ ᠣᠳᠠᠭ᠎ᠠ᠄
★★★☆☆

ᠱᠢᠨ᠎ᠡ ᠪᠡᠷ ᠠᠵᠢᠯ᠎ᠤᠨ ᠪᠠᠢᠷᠢ᠎ᠳᠦ ᠭᠠᠷᠤᠬᠰᠠᠨ ᠭᠠᠯ ᠤᠨᠲᠠᠷᠠᠭᠠᠬᠴᠢᠳ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠢ ᠦᠨᠡᠨ᠎ᠬᠦ᠌ ᠴᠢᠩᠭᠠᠳᠭᠠᠬᠤ᠎ᠵᠢᠨ ᠲᠦᠯᠦᠭᠡ᠂ ᠲᠦᠷᠦᠭᠦᠭᠡᠨ ᠦᠪᠦᠷ ᠮᠤᠩᠭᠤᠯ᠎ᠤᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠬᠢ ᠡᠴᠡ ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠪᠠᠶ ᠶᠦᠨ ᠵᠠᠮ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠶ᠋ᠢᠨ ᠤᠯᠤᠰ ᠲᠥᠷᠥ᠎ᠶ᠋ᠢᠨ ᠵᠢᠭᠠᠨ ᠵᠢᠯᠣᠭᠣᠳᠣᠭ᠍ᠴᠢ ᠸᠠᠩ ᠱᠧᠩ ᠽᠸ᠎ᠶᠢ ᠤᠷᠢᠵᠦ᠂ ᠱᠢᠨ᠎ᠡ ᠪᠡᠷ ᠠᠵᠢᠯ᠎ᠤᠨ ᠪᠠᠢᠷᠢ᠎ᠳᠦ ᠭᠠᠷᠤᠬᠰᠠᠨ ᠭᠠᠯ ᠤᠨᠲᠠᠷᠠᠭᠠᠭ᠍ᠴᠢᠳ᠎ᠲᠤ ᠲᠤᠰᠭᠠᠶ ᠰᠡᠳᠦᠪᠲᠦ ᠲᠠᠢᠯᠤᠮᠵᠢ ᠬᠢᠯᠭᠡᠪᠡ᠃ 

ᠲᠠᠢᠯᠤᠮᠵᠢ᠎ᠶᠢᠨ ᠠᠭᠤᠯᠭ᠎ᠠ ᠨᠢ 《ᠦᠨᠳᠦᠰᠦᠨ ᠣᠨᠣᠯ ᠎ᠢ᠋ ᠡᠵᠡᠮᠱᠢᠬᠦ᠌》 ᠪᠡᠷ ᠰᠡᠳᠦᠪᠯᠡᠵᠦ᠂ ᠨᠠᠮ᠎ᠤᠨ ᠴᠢᠬᠤᠯᠠ ᠣᠨᠣᠯ᠎ᠤᠨ ᠱᠢᠰᠲ᠋ᠧᠮ᠎ᠦᠨ ᠤᠯᠠᠮᠵᠢᠯᠠᠯ ᠪᠠ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠪᠡ᠃ ᠸᠠᠩ ᠱᠧᠩ ᠽᠸ ᠵᠢᠭᠠᠨ ᠵᠢᠯᠣᠭᠣᠳᠣᠭ᠍ᠴᠢ ᠠᠮᠢᠳᠤᠯᠢᠭ ᠪᠣᠳᠠᠲᠤ ᠵᠢᠱ᠌ᠢᠶ᠎ᠡ᠂ ᠨᠠᠷᠢᠨ ᠪᠣᠳᠠᠲᠠᠶ ᠬᠥᠭ᠌ᠵᠢᠯᠲᠡ᠎ᠶ᠋ᠢᠨ ᠲᠣᠭ᠎ᠠ ᠪᠠᠷᠢᠮᠲᠠ ᠡᠴᠡ ᠡᠰᠢ ᠲᠠᠲᠠᠵᠦ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠵᠢᠯ ᠪᠣᠯᠤᠨ ᠡᠩᠨᠡᠭᠡᠨ᠎ᠦ ᠪᠠᠢᠭᠤᠯᠤᠯᠲᠠ᠎ᠶ᠋ᠢᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠱᠢᠨ᠎ᠡ ᠪᠡᠷ ᠠᠵᠢᠯ᠎ᠤᠨ ᠪᠠᠢᠷᠢ᠎ᠳᠦ ᠭᠠᠷᠤᠬᠰᠠᠨ ᠭᠠᠯ ᠤᠨᠲᠠᠷᠠᠭᠠᠭ᠍ᠴᠢᠳ᠎ᠢ ᠬᠥᠲᠥᠯᠥᠨ ᠵᠢᠯᠣᠭᠣᠳᠴᠤ᠌ ᠨᠠᠮ᠎ᠤᠨ ᠬᠠᠷᠢᠴᠠᠯᠠᠰᠢ ᠦᠭᠡᠶ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢᠨ ᠴᠢᠬᠤᠯᠠ ᠴᠢᠨᠠᠷ᠎ᠢ ᠭᠦᠨᠵᠡᠭᠡᠶ ᠣᠢᠯᠠᠭᠠᠭᠤᠯᠵᠤ᠂ ᠮᠠᠨ᠎ᠤ ᠤᠯᠤᠰ᠎ᠤᠨ ᠬᠥᠭ᠌ᠵᠢᠯᠲᠡ᠎ᠵᠢᠨ ᠶᠠᠪᠤᠴᠠ᠎ᠳᠤ ᠤᠯᠤᠬᠰᠠᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ᠎ᠶ᠋ᠢᠨ ᠠᠷᠤ᠎ᠳᠠᠬᠢ ᠣᠨᠣᠯ᠎ᠤᠨ ᠲᠤᠯᠭᠠᠭᠤᠷᠢᠯᠡᠯ᠎ᠢ ᠲᠠᠨᠢᠭᠤᠯᠪᠠ᠃ ᠲᠡᠷᠡ ᠪᠠᠰᠠ ᠬᠠᠷᠢᠯᠴᠠᠨ ᠬᠥᠳᠡᠯᠦᠯᠴᠡᠬᠦ᠌ ᠭᠣᠭ᠍ᠴᠣᠭ᠎ᠠ ᠲᠤᠬᠢᠷᠠᠭᠤᠯᠵᠦ᠂ ᠱᠢᠨ᠎ᠡ ᠪᠡᠷ ᠠᠵᠢᠯ᠎ᠤᠨ ᠪᠠᠢᠷᠢ᠎ᠳᠦ ᠭᠠᠷᠤᠬᠰᠠᠨ ᠭᠠᠯ ᠤᠨᠲᠠᠷᠠᠭᠠᠭ᠍ᠴᠢᠳ᠎ᠤᠨ ᠤᠨᠤᠯ᠎ᠢ ᠪᠣᠳᠠᠲᠠᠢ᠎ᠲᠠᠶ ᠤᠶᠠᠯᠳᠤᠭᠤᠯᠬᠤ ᠲᠤᠬᠠᠢ ᠲᠥᠭᠡᠷᠢᠭ᠌ᠳᠡᠯ᠎ᠳᠦ ᠬᠠᠷᠢᠭᠤᠯᠲᠠ ᠥᠭ᠌ᠴᠦ᠂ ᠰᠡᠳᠭᠢᠬᠦ᠌ ᠤᠷᠮ᠎ᠠ ᠵᠣᠷᠢᠭ᠎ᠢ ᠨᠢ ᠬᠥᠭ᠌ᠵᠢᠭᠡᠪᠡ᠃ 

 ᠲᠤᠰ ᠤᠳᠠᠭ᠎ᠠ᠎ᠶ᠋ᠢᠨ ᠱᠢᠰᠲ᠋ᠧᠮ᠎ᠲᠡᠶ ᠰᠤᠷᠤᠯᠴᠠᠯᠭ᠎ᠠ᠎ᠪᠠᠷ ᠳᠠᠮᠵᠢᠨ᠂ ᠱᠢᠨ᠎ᠡ᠎ᠪᠡᠷ ᠠᠵᠢᠯ᠎ᠤᠨ ᠪᠠᠢᠷᠢ᠎ᠳᠦ ᠭᠠᠷᠤᠬᠰᠠᠨ ᠭᠠᠯ ᠤᠨᠲᠠᠷᠠᠭᠠᠭ᠍ᠴᠢᠳ ᠨᠠᠮ᠎ᠤᠨ ᠦᠨᠳᠦᠰᠦᠨ ᠤᠨᠤᠯ᠎ᠤᠨ ᠮᠡᠳᠡᠯᠭᠡ᠎ᠶ᠋ᠢᠨ ᠪᠤᠷᠤ ᠲᠦᠯᠦᠪ᠎ᠳᠤ ᠲᠣᠳᠣᠷᠬᠠᠢ ᠲᠠᠨᠢᠯᠲᠠ᠎ᠲᠠᠶ ᠪᠤᠯᠵᠤ ᠴᠢᠳᠠᠵᠠᠢ᠃ ᠬᠣᠢᠱᠢᠳᠠ᠂ ᠶᠡᠷᠦᠩᠬᠡᠢ ᠠᠩᠬᠢ᠎ᠶ᠋ᠢᠨ ᠬᠢᠨ ᠤᠨᠤᠯ᠎ᠤᠨ ᠰᠤᠷᠤᠯᠴᠠᠯᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ ᠪᠡᠷ ᠠᠵᠢᠯ᠎ᠤᠨ ᠪᠠᠢᠷᠢ᠎ᠳᠦ ᠭᠠᠷᠤᠬᠰᠠᠨ ᠭᠠᠯ ᠤᠨᠲᠠᠷᠠᠭᠠᠭ᠍ᠴᠢᠳ᠎ᠤᠨ ᠦᠨᠡᠨᠴᠢ ᠱᠢᠳᠤᠷᠭᠤ ᠨᠠᠢᠳᠠᠪᠤᠷᠢᠲᠠᠢ ᠪᠠᠢᠬᠤ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号