ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ ᠬᠦᠴᠢᠷᠳᠡᠯᠲᠡᠶ ᠵᠡᠮᠳᠡᠭ᠌ᠴᠦᠳ᠎ᠢ ᠪᠣᠯᠭᠣᠭᠠᠨ ᠲᠣᠬᠣᠨᠢᠭᠤᠯᠪᠠ
2025-11-20 11:01:24
ᠵᠣᠬᠢᠶᠠᠭ᠍ᠴᠢ᠄
​ᠰᠠᠴᠤᠷᠠᠯ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠪᠠᠢᠴᠠᠭᠠᠨ ᠰᠤᠳᠤᠯᠬᠤ ᠳᠤᠭᠤᠢᠯᠠᠩ ᠤᠯᠠᠭᠠᠨᠴᠠᠪ ᠬᠤᠲᠠ᠎ᠶᠢᠨ ᠬᠤᠸᠠᠳᠧ ᠱᠢᠶᠠᠨ᠎ᠳᠤ ᠭᠦᠨᠵᠡᠭᠡᠢᠷᠡᠨ ᠬᠦᠴᠢᠷᠳᠡᠯᠲᠡᠶ ᠵᠡᠮᠳᠡᠭ᠌ᠴᠦᠳ᠎ᠢ ᠡᠷᠬᠢᠨ ᠦᠵᠡᠵᠦ᠍ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ᠃ 

 ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠬᠦᠴᠢᠷᠳᠡᠯᠲᠡᠢ ᠵᠡᠮᠳᠡᠭ᠌ᠴᠦᠳ ᠵᠢᠴᠢ ᠲᠡᠲᠡᠡ᠎ᠦ ᠭᠡᠷ ᠪᠦᠯᠢ᠎ᠶᠢᠨ ᠬᠢᠨ᠎ᠲᠡᠶ ᠳᠣᠲᠣᠨᠣ᠎ᠪᠠᠷ ᠶᠠᠷᠢᠯᠴᠠᠵᠤ᠂ ᠵᠡᠮᠳᠡᠭᠴᠤᠳ᠎ᠤᠨ ᠪᠡᠶ᠎ᠡ ᠮᠠᠬᠠᠪᠣᠳ᠎ᠤᠨ ᠪᠠᠢᠳᠠᠯ᠂ ᠭᠡᠷ ᠪᠦᠯᠢ᠎ᠶ᠋ᠢᠨ ᠠᠮᠢᠳᠤᠷᠠᠯ᠂ ᠡᠮ ᠡᠮᠨᠡᠯᠭᠡ᠎ᠶ᠋ᠢᠨ ᠪᠠᠲᠤᠯᠠᠭ᠎ᠠ ᠵᠢᠴᠢ ᠡᠯ᠎ᠡ ᠵᠦᠢᠯ᠎ᠦᠨ ᠵᠡᠮᠳᠡᠭ᠌ᠴᠦᠳ᠎ᠲᠦ ᠠᠱᠢᠭ ᠬᠦᠷᠲᠡᠭᠡᠬᠦ᠌ ᠲᠦᠷᠦ᠍᠎ᠶ᠋ᠢᠨ ᠪᠤᠲᠤᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠵᠢ ᠨᠠᠷᠢᠨ ᠠᠰᠠᠭᠤᠭ᠍ᠰᠠᠨ ᠪᠥᠭᠡᠳ ᠲᠣᠬᠣᠨᠢᠭᠤᠯᠬᠤ ᠮᠥᠩᠭᠥ᠌ ᠬᠦᠷᠭᠡᠵᠦ᠂ ᠲᠡᠳᠡᠨ᠎ᠢ ᠢᠳᠡᠪᠬᠢᠲᠡᠶ ᠪᠠᠶᠠᠰᠤᠩᠭᠤᠶ ᠣᠪᠣᠷ᠎ᠢᠶᠠᠷ ᠠᠮᠢᠳᠤᠷᠠᠯ᠎ᠳ᠋ᠠᠭᠠᠨ ᠵᠣᠷᠢᠭ᠍ᠲᠠᠶ ᠬᠠᠨᠳᠤᠬᠤ᠎ᠶ᠋ᠢ ᠵᠣᠷᠢᠭ᠍ᠵᠢᠭᠤᠯᠵᠠᠶ᠃ ᠡᠬᠦᠨ᠎ᠤ ᠳᠠᠷᠠᠭ᠎ᠠ ᠬᠤᠸᠠᠳᠧ ᠱᠢᠶᠠᠨ᠎ᠤ ᠵᠡᠮᠳᠡᠭ᠌ᠴᠦᠳ᠎ᠦᠨ ᠬᠠᠷᠢᠯᠴᠠᠨ ᠬᠠᠪᠰᠤᠷᠤᠯᠴᠠᠬᠤ ᠨᠡᠢᠭᠡᠮᠯᠢᠭ᠎ᠲᠦ ᠬᠦᠷᠴᠦ᠍᠂ ᠨᠡᠢᠭᠡᠮᠯᠢᠭ᠎ᠦᠨ ᠦᠢᠯᠡᠴᠢᠯᠡᠭᠡᠨ᠎ᠦ ᠲᠠᠯᠠᠪᠤᠷ᠂ ᠲᠥᠬᠥᠭᠡᠷᠦᠮᠵᠢ᠎ᠶ᠋ᠢᠨ ᠲᠤᠬᠢᠷᠠᠭᠤᠯᠤᠯᠳᠠ ᠵᠢᠴᠢ ᠡᠳᠦᠷ ᠲᠤᠳᠤᠮ᠎ᠤᠨ ᠡᠵᠡᠩᠨᠡᠯᠲᠡ᠎ᠶ᠋ᠢᠨ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠨᠡᠢᠭᠡᠮᠯᠢᠭ᠎ᠦᠨ ᠵᠡᠮᠳᠡᠭ᠌ᠴᠦᠳ᠎ᠢ ᠲᠤᠰᠠᠯᠠᠬᠤ ᠦᠢᠯᠡᠴᠢᠯᠡᠭᠡ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠂ ᠬᠠᠷᠢᠯᠴᠠᠨ ᠬᠠᠪᠰᠤᠷᠤᠯᠴᠠᠵᠤ ᠬᠠᠪᠰᠤᠷᠤᠨ ᠲᠡᠳᠬᠦᠬᠦ᠌ ᠵᠡᠷᠭᠡ ᠲᠠᠯ᠎ᠠ᠎ᠶ᠋ᠢᠨ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠭᠦᠨᠵᠡᠭᠡᠢ ᠤᠢ᠍ᠢᠯᠠᠭᠠᠭ᠍ᠰᠠᠠ ᠪᠥᠭᠡᠳ ᠨᠡᠢᠭᠡᠮᠯᠢᠭ᠎ᠦᠨ ᠵᠡᠮᠳᠡᠭ᠌ᠴᠦᠳ᠎ᠦᠨ ᠭᠣᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠬᠤ᠂ ᠬᠠᠷᠢᠯᠴᠠᠨ ᠬᠠᠪᠰᠤᠷᠤᠯᠴᠠᠵᠤ ᠬᠠᠮᠲᠤ᠎ᠪᠠᠷ ᠠᠭᠤᠰᠤᠯᠴᠠᠬᠤ᠎ᠶ᠋ᠢ ᠠᠬᠢᠭᠤᠯᠬᠤ ᠵᠠᠭ᠍ᠪᠤᠷ᠎ᠢ ᠭᠦᠢᠴᠡᠳ ᠨᠤᠲᠠᠯᠠᠪᠠ᠃

 ᠪᠠᠢᠴᠠᠭᠠᠨ ᠰᠤᠳᠤᠯᠤᠯᠲᠠ᠎ᠶᠢᠨ ᠳᠠᠷᠠᠭ᠎ᠠ᠂ ᠤᠯᠠᠨ ᠵᠢᠡᠷ ᠵᠢᠡᠨ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢᠨ ᠬᠤᠷᠠᠯ᠎ᠢ ᠡᠷᠭᠢᠯᠡᠵᠦ᠂ ᠵᠡᠮᠳᠡᠭ᠌ᠴᠦᠳ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠂ ᠠᠵᠢᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢᠨ ᠲᠣᠭᠣᠷᠢᠨ᠎ᠳᠤ ᠭᠦᠨᠵᠡᠭᠡᠶ ᠰᠤᠷᠤᠯᠴᠠᠵᠤ᠂ ᠬᠤᠸᠠᠳᠧ ᠰᠢᠶᠠᠨ᠎ᠤ ᠵᠡᠮᠳᠡᠭ᠌ᠴᠦᠳ᠎ᠦᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠵᠡᠮᠳᠡᠭ᠌ᠴᠦᠳ᠎ᠦᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠂ ᠵᠡᠮᠳᠡᠭ᠌ᠴᠦᠳ᠎ᠢ ᠲᠤᠰᠠᠯᠠᠬᠤ ᠦᠶ᠋ᠯᠡᠴᠢᠯᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠬᠦ᠌᠂ ᠵᠡᠮᠳᠡᠭ᠌ᠴᠦᠳ᠎ᠦᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠵᠥᠪᠯᠡᠬᠦ᠌ ᠰᠡᠳᠦᠪ᠎ᠤᠨ ᠲᠤᠭᠤᠷᠢᠨ᠎ᠳᠤ ᠶᠠᠷᠢᠯᠴᠠᠭ᠎ᠠ ᠬᠢᠵᠦ᠂ ᠲᠠᠷᠠᠭᠠᠴᠢ᠎ᠶ᠋ᠢᠨ ᠱᠠᠲᠤᠨ᠎ᠤ ᠠᠵᠢᠯ᠎ᠤᠨ ᠰᠡᠳᠭᠢᠮᠵᠢ ᠪᠣᠯᠤᠨ ᠭᠤᠤᠯᠳᠠᠯᠭ᠎ᠠ᠎ᠲᠠᠶ ᠡᠭᠦᠷᠭᠡ ᠪᠠᠨ ᠲᠣᠳᠣᠷᠬᠠᠢᠯᠠᠵᠤ᠂ ᠬᠤᠸᠠᠳᠧ ᠰᠢᠶᠠᠨ᠎ᠤ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠬᠤ ᠰᠠᠭᠤᠷᠢ᠎ᠶ᠋ᠢ ᠪᠠᠲᠤᠳᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号